ᠰᠦ᠍ ᠯᠢ ᠵᠢᠶᠦ᠋ᠨ ᠬᠣᠷᠢᠶᠠᠨ ᠳᠠᠷᠤᠭ᠎ᠠ ᠭᠦᠢᠴᠡᠳᠬᠡᠬᠦ ᠲᠣᠪᠴᠢᠶᠠᠨ  ᠳᠦ ᠬᠦᠷᠴᠦ ᠪᠠᠢᠴᠠᠭᠠᠨ ᠰᠤᠳᠤᠯᠤᠯᠲᠠ ᠬᠢᠵᠠᠢ
2023.10.07 ᠲᠣᠰ ᠥᠷᠲᠡᠭᠡᠨ᠎ᠦ ᠨᠠᠢᠷᠠᠭᠤᠯᠤᠭᠴᠢ

    ᠬᠠᠯᠠᠭᠤᠨ  ᠳᠤᠲᠤᠨᠦ ᠨᠠᠢᠳᠠᠯᠭ᠎ᠠ  ᠨᠢ ᠴᠡᠷᠢᠭ ᠤᠨ ᠰᠦᠷ ᠢ ᠣᠮᠤᠭᠰᠢᠭᠤᠯᠵᠤ᠂ ᠦᠭᠡ ᠶᠠᠷᠢᠶ᠎ᠠ ᠪᠦᠷᠢ ᠨᠢ  ᠺᠠᠲᠷ  ᠴᠠᠭᠳᠠᠭ᠎ᠠ ᠶᠢᠨ ᠰᠡᠳᠭᠢᠯ ᠢ ᠳᠤᠯᠠᠭᠠᠴᠠᠭᠤᠯᠤᠨ᠎ᠠ -- ᠰᠦ᠍ ᠯᠢ ᠵᠢᠶᠦ᠋ᠨ ᠬᠣᠷᠢᠶᠠᠨ ᠳᠠᠷᠤᠭ᠎ᠠ ᠭᠦᠢᠴᠡᠳᠬᠡᠬᠦ ᠲᠣᠪᠴᠢᠶᠠᠨ  ᠳᠦ ᠬᠦᠷᠴᠦ ᠪᠠᠢᠴᠠᠭᠠᠨ ᠰᠤᠳᠤᠯᠤᠯᠲᠠ ᠬᠢᠵᠠᠢ

    ᠰᠢᠭᠦᠬᠦ ᠬᠣᠷᠢᠶᠠᠨ ᠤ᠋ ᠡᠩᠨᠡᠭᠡ ᠶ᠋ᠢᠨ ᠪᠠᠢᠭᠤᠯᠤᠯᠲᠠ ᠶ᠋ᠢ ᠴᠢᠩᠭᠠᠳᠬᠠᠵᠤ ᠂ ᠭᠦᠢᠴᠡᠳᠬᠡᠬᠦ ᠺᠠᠲᠷ ᠴᠠᠭᠳᠠᠭ᠎ᠠ ᠶ᠋ᠢᠨ ᠠᠵᠢᠯ ᠬᠢᠵᠦ ᠦᠢᠯᠡᠰ ᠪᠦᠲᠦᠭᠡᠬᠦ ᠬᠠᠯᠠᠭᠤᠨ ᠰᠡᠳᠬᠢᠯᠭᠡ ᠶ᠋ᠢ ᠬᠥᠭᠵᠢᠭᠡᠬᠦ ᠶ᠋ᠢᠨ ᠲᠥᠯᠥᠭᠡ ᠂ 9 ᠰᠠᠷ᠎ᠠ ᠶ᠋ᠢᠨ 20 ᠤ᠋ ᠡᠳᠦᠷ ᠤᠨ ᠦᠳᠡ ᠶ᠋ᠢᠨ ᠬᠣᠢᠨ᠎ᠠ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠭᠦᠢᠴᠡᠳᠬᠡᠬᠦ ᠲᠣᠪᠴᠢᠶ᠎ᠠ ᠳ᠋ᠤ᠌ ᠬᠦᠷᠴᠦ ᠪᠠᠢᠴᠠᠭᠠᠨ ᠰᠤᠳᠤᠯᠤᠯᠲᠠ ᠠᠵᠢᠯ ᠤᠨ ᠵᠢᠯᠤᠭᠤᠳᠤᠯᠭ᠎ᠠ ᠬᠢᠭᠰᠡᠨ ᠪᠥᠭᠡᠳ ᠰᠠᠭᠤᠳᠠᠯ ᠤᠨ ᠬᠤᠷᠠᠯ ᠬᠤᠷᠠᠯᠳᠤᠪᠠ ᠃ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠸᠠᠩ ᠯᠢᠶᠠᠩ ᠂ ᠳᠡᠳ᠋ ᠳᠠᠷᠤᠭ᠎ᠠ ᠾᠧ ᠶᠠᠨ ᠴᠦᠨ ᠂ ᠭᠦᠢᠴᠡᠳᠬᠡᠬᠦ ᠲᠣᠪᠴᠢᠶᠠᠨ ᠤ᠋ ᠪᠦᠬᠦ ᠺᠠᠲᠷ ᠴᠠᠭᠳᠠᠭ᠎ᠠ ᠨᠠᠷ ᠰᠠᠭᠤᠳᠠᠯ ᠤ᠋ᠨ ᠬᠤᠷᠠᠯ ᠳ᠋ᠤ᠌ ᠣᠷᠣᠯᠴᠠᠪᠠ ᠃

 

 

    ᠰᠠᠭᠤᠳᠠᠯ ᠤ᠋ᠨ ᠬᠤᠷᠠᠯ ᠳᠡᠭᠡᠷ᠎ᠡ ᠭᠦᠢᠴᠡᠳᠬᠡᠬᠦ ᠺᠠᠲᠷ ᠴᠠᠭᠳᠠᠭ᠎ᠠ ᠨᠠᠷ ᠥᠪᠡᠷ ᠦ᠋ᠨ ᠠᠵᠢᠯ ᠤ᠋ᠨ ᠪᠠᠢᠷᠢ ᠲᠠᠢ ᠪᠡᠨ  ᠤᠶᠠᠯᠳᠤᠭᠤᠯᠤᠨ ᠣᠢᠷ᠎ᠠ ᠶ᠋ᠢᠨ ᠬᠤᠭᠤᠴᠠᠭᠠᠨ ᠤ᠋ ᠠᠵᠢᠯ ᠤ᠋ᠨ ᠪᠠᠢᠳᠠᠯ  ᠢᠶᠡᠨ ᠨᠠᠷᠢᠨ ᠨᠢᠮᠪᠠᠢ ᠬᠠᠷᠢᠭᠤ ᠮᠡᠳᠡᠭᠦᠯᠵᠦ ᠂ ᠭᠦᠢᠴᠡᠳᠬᠡᠬᠦ ᠠᠵᠢᠯ ᠤ᠋ᠨ ᠳᠤᠮᠳᠠ ᠲᠣᠬᠢᠶᠠᠯᠳᠤᠭᠰᠠᠨ ᠪᠡᠷᠬᠡᠳᠡᠯ ᠂ ᠠᠮᠢᠳᠤᠷᠠᠯ ᠤ᠋ᠨ ᠳᠤᠮᠳᠠ ᠲᠣᠬᠢᠶᠠᠯᠳᠤᠭᠰᠠᠨ ᠬᠦᠴᠢᠷᠳᠡᠯ ᠳ᠋ᠦ᠍ ᠴᠢᠭᠯᠡᠭᠦᠯᠦᠨ ᠬᠠᠷᠢᠭᠤ ᠮᠡᠳᠡᠭᠦᠯᠦᠯᠲᠡ ᠬᠢᠵᠦ ᠂ ᠭᠦᠢᠴᠡᠳᠬᠡᠬᠦ ᠠᠵᠢᠯ ᠢ᠋ ᠲᠦᠯᠬᠢᠨ ᠠᠬᠢᠭᠤᠯᠬᠤ ᠶ᠋ᠢᠨ ᠪᠡᠷᠬᠡ ᠠᠰᠠᠭᠤᠳᠠᠯ ᠪᠠ ᠲᠦᠭᠵᠢᠮᠡᠯ ᠪᠠᠢᠳᠠᠯ ᠢ᠋ ᠬᠠᠮᠲᠤ ᠪᠠᠷ ᠰᠤᠳᠤᠯᠵᠤ ᠂ ᠶᠠᠷᠢᠯᠴᠠᠬᠤ ᠬᠤᠷᠠᠯ ᠤ᠋ᠨ ᠠᠭᠤᠷ ᠠᠮᠢᠰᠬᠤᠯ ᠶᠡᠬᠡ ᠬᠥᠭᠵᠢᠶᠡᠨᠲᠡᠢ ᠶᠠᠪᠤᠭᠳᠠᠭᠰᠠᠨ ᠪᠠᠢᠨ᠎ᠠ᠃

    ᠰᠦ ᠯᠢ  ᠵᠢᠶᠦ᠋ᠨ ᠬᠣᠷᠢᠶᠠᠨ  ᠳᠠᠷᠤᠭ᠎ᠠ ᠣᠯᠠᠨ ᠤ᠋ ᠬᠠᠷᠢᠭᠤ ᠮᠡᠳᠡᠭᠦᠯᠦᠯᠲᠡ ᠶ᠋ᠢ ᠨᠠᠷᠢᠨ ᠬᠢᠨᠠᠮᠠᠭᠠᠢ ᠰᠣᠨᠣᠰᠴᠤ ᠂ ᠭᠦᠢᠴᠡᠳᠬᠡᠬᠦ ᠠᠵᠢᠯ ᠳ᠋ᠤ᠌ ᠨᠡᠢᠭᠡᠮ ᠦ᠋ᠨ ᠬᠠᠯᠠᠮᠰᠠᠭ ᠤ᠋ᠨ ᠬᠡᠮᠵᠢᠶ᠎ᠡ ᠥᠨᠳᠥᠷ ᠪᠠᠢᠨ᠎ᠠ ᠂ ᠭᠦᠢᠴᠡᠳᠬᠡᠬᠦ ᠬᠡᠷᠡᠭ ᠦᠷᠭᠦᠯᠵᠢᠯᠡᠨ ᠨᠡᠮᠡᠭᠳᠡᠵᠦ ᠪᠠᠢᠭ᠎ᠠ ᠪᠠᠢᠳᠠᠯ ᠤ᠋ᠨ ᠳᠣᠣᠷ᠎ᠠ ᠂ ᠪᠥᠬᠦ ᠭᠦᠢᠴᠡᠳᠬᠡᠬᠦ ᠺᠠᠲᠷ ᠴᠠᠭᠳᠠᠭ᠎ᠠ ᠨᠠᠷ ᠬᠡᠷᠡᠭ ᠣᠯᠠᠨ ᠬᠥᠮᠦᠨ ᠴᠥᠭᠡᠨ ᠪᠠᠢᠬᠤ  ᠡᠯ᠎ᠡ ᠵᠦᠢᠯ ᠦ᠋ᠨ ᠬᠦᠴᠢᠷᠳᠡᠯ ᠢ᠋ ᠢᠯᠠᠨ ᠳᠠᠪᠠᠵᠤ ᠂ ᠭᠦᠢᠴᠡᠳᠬᠡᠬᠦ ᠳ᠋ᠦ᠍ ᠪᠡᠷᠬᠡᠲᠡᠢ ᠠᠵᠢᠯ ᠢ᠋ ᠦᠨᠡᠨ ᠬᠦ᠌ ᠰᠢᠢᠳᠪᠦᠷᠢᠯᠡᠬᠦ ᠳᠤᠮᠳᠠ ᠠᠯᠬᠤᠴᠠ ᠪᠡᠨ ᠯᠠᠪᠳᠠᠭᠤᠨ ᠪᠠᠲᠤᠲᠠᠢ ᠪᠠᠢᠯᠭᠠᠵᠦ ᠂ ᠰᠢᠷᠭᠠᠭᠤ ᠬᠠᠲᠠᠭᠤᠵᠢᠯᠲᠠᠢ ᠴᠢᠷᠮᠠᠢᠯᠭ᠎ᠠ ᠪᠠ ᠬᠦᠴᠦᠨ ᠭᠠᠷᠭᠠᠵᠤ ᠭᠦᠢᠴᠡᠳᠬᠡᠬᠦ ᠠᠵᠢᠯ ᠢ᠋ ᠠᠬᠢᠭᠤᠯᠬᠤ ᠳ᠋ᠤ᠌ ᠨᠡᠯᠢᠶᠡᠳ ᠰᠠᠢᠨ ᠦᠷ᠎ᠡ ᠪᠦᠲᠦᠮᠵᠢ  ᠣᠯᠤᠭᠰᠠᠨ ᠳᠦ ᠂ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠢ ᠲᠥᠯᠦᠭᠡᠯᠡᠵᠦ ᠭᠦᠢᠴᠡᠳᠬᠡᠬᠦ ᠲᠣᠪᠴᠢᠶᠠᠨ ᠤ᠋ ᠠᠵᠢᠯ ᠳ᠋ᠤ᠌ ᠨᠤᠲᠠᠯᠠᠯᠲᠠ ᠪᠠ ᠲᠠᠯᠠᠷᠬᠠᠯ ᠢ᠋ᠶ᠋ᠠᠨ ᠢᠯᠡᠷᠬᠡᠢᠯᠡᠵᠡᠢ ᠃ ᠡᠭᠦᠨ ᠦ᠌  ᠬᠠᠮᠲᠦ ᠂ ᠣᠳᠣᠬᠠᠨ ᠤ᠋ ᠭᠦᠢᠴᠡᠳᠬᠡᠬᠦ ᠠᠵᠢᠯ ᠳ᠋ᠤ᠌ ᠮᠠᠰᠢ ᠣᠯᠠᠨ ᠰᠢᠨ᠎ᠡ ᠰᠢᠯᠭᠠᠯᠲᠠ ᠲᠤᠯᠭᠠᠷᠠᠵᠤ ᠪᠠᠢᠨ᠎ᠠ ᠂ ᠪᠣᠳᠠᠲᠤ ᠪᠠᠢᠳᠠᠯ ᠳ᠋ᠤ᠌ ᠰᠠᠭᠤᠷᠢᠯᠠᠨ ᠂ ᠬᠠᠷᠠᠴᠠ ᠪᠡᠨ ᠬᠤᠯᠠ ᠲᠠᠯᠪᠢᠵᠦ ᠂ ᠭᠦᠢᠴᠡᠳᠬᠡᠬᠦ ᠠᠵᠢᠯ ᠤ᠋ᠨ ᠰᠢᠨ᠎ᠡ ᠠᠷᠭ᠎ᠠ ᠮᠠᠶᠢᠭ ᠢ᠋ ᠦᠷᠭᠦᠯᠵᠢᠯᠡᠨ ᠭᠦᠨᠵᠡᠭᠡᠢ ᠰᠦᠪᠡᠭᠴᠢᠯᠡᠵᠦ ᠂ ᠭᠦᠢᠴᠡᠳᠬᠡᠬᠦ ᠠᠵᠢᠯ ᠢ᠋ ᠲᠦᠯᠬᠢᠨ ᠠᠬᠢᠭᠤᠯᠵᠤ ᠨᠡᠩ ᠰᠠᠢᠨ ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠭᠦᠢᠴᠡᠳᠬᠡᠬᠦ ᠠᠵᠢᠯ ᠳ᠋ᠤ᠌ ᠬᠡᠳᠦᠨ ᠱᠠᠭᠠᠷᠳᠠᠯᠭ᠎ᠠ  ᠳᠤᠷᠠᠳᠤᠭᠰᠠᠨ ᠪᠠᠢᠨ᠎ᠠ ᠄

    ᠨᠢᠭᠡ ᠳ᠋ᠦ᠍᠂ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠂ ᠤᠯᠤᠰ ᠲᠥᠷᠥ ᠶ᠋ᠢᠨ ᠬᠥᠲᠥᠯᠦᠨ ᠳᠠᠭᠠᠭᠤᠯᠬᠤ ᠶ᠋ᠢ ᠴᠢᠩᠭᠠᠳᠬᠠᠬᠤ ᠬᠡᠷᠡᠭᠲᠡᠢ ᠃ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠ ᠰᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠬᠢᠨᠠᠮᠠᠭᠠᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠨᠠᠮ ᠤ᠋ᠨ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠳ᠋ᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶ᠋ᠢ ᠪᠠᠷᠢᠮᠲᠠᠯᠠᠨ ᠂ ᠢᠮᠠᠭᠲᠠ ᠨᠠᠮ ᠤ᠋ᠨ ᠲᠥᠷᠥ ᠪᠠᠷᠢᠬᠤ ᠦᠨᠳᠦᠰᠦᠨ ᠵᠣᠭᠰᠣᠯᠲᠠ ᠪᠠᠨ ᠪᠡᠬᠢᠵᠢᠭᠦᠯᠬᠦ ᠲᠠᠯ᠎ᠠ  ᠳᠡᠭᠡᠷ᠎ᠡ ᠵᠤᠭᠰᠤᠵᠦ ᠣᠯᠠᠨ ᠲᠦᠮᠡᠨ ᠦ᠌ ᠵᠠᠷᠭᠤ ᠢᠯᠠᠬᠤ ᠡᠷᠬᠡ ᠠᠰᠢᠭ ᠢ᠋  ᠪᠡᠶᠡᠯᠡᠭᠦᠯᠬᠦ ᠬᠡᠷᠡᠭᠲᠡᠢ ᠃

    ᠬᠣᠶᠠᠷ ᠲᠤ᠌᠂ ᠥᠨᠳᠥᠷ ᠪᠦᠲᠦᠮᠵᠢᠲᠡᠢ ᠪᠡᠷ ᠬᠡᠷᠡᠭᠵᠢᠭᠦᠯᠬᠦ ᠶ᠋ᠢ ᠪᠠᠷᠢᠮᠲᠠᠯᠠᠵᠤ ᠂ ᠣᠯᠠᠨ ᠲᠦᠮᠡᠨ ᠦ᠌ ᠬᠠᠨᠤᠮᠵᠢ ᠶᠢᠨ ᠬᠡᠮᠵᠢᠶ᠎ᠡ ᠶ᠋ᠢ ᠳᠡᠭᠡᠭᠰᠢᠯᠡᠭᠦᠯᠬᠦ ᠬᠡᠷᠡᠭᠲᠡᠢ ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠂ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠂ ᠦᠷ᠎ᠡ ᠪᠦᠲᠦᠮᠵᠢ ᠪᠡᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ ᠂ ᠬᠡᠷᠡᠭ ᠦ᠋ᠨ ᠵᠣᠭᠣᠰ ᠢ᠋ ᠲᠠᠷᠬᠠᠭᠠᠬᠤ ᠂ ᠭᠦᠢᠴᠡᠳᠬᠡᠬᠦ ᠳ᠋ᠦ᠍ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢ ᠰᠢᠢᠳᠪᠦᠷᠢᠯᠡᠬᠦ ᠵᠡᠷᠭᠡ ᠭᠣᠣᠯᠳᠠᠯᠭ᠎ᠠ ᠲᠠᠢ ᠠᠵᠢᠯ ᠢ᠋ ᠦᠨᠡᠨᠬᠦ ᠰᠠᠢᠲᠤᠷ ᠬᠢᠵᠦ ᠂ ᠠᠷᠠᠳ ᠣᠯᠠᠨ ᠤ᠋ ᠭᠦᠢᠴᠡᠳᠬᠡᠬᠦ ᠠᠵᠢᠯ  ᠳ᠋ᠡᠬᠢ   ᠬᠠᠨᠤᠮᠵᠢ ᠶᠢᠨ ᠬᠡᠮᠵᠢᠶ᠎ᠡ ᠶ᠋ᠢ ᠲᠠᠰᠤᠷᠠᠯᠲᠠ ᠦᠭᠡᠢ  ᠳᠡᠭᠡᠭᠰᠢᠯᠡᠭᠦᠯᠬᠦ ᠬᠡᠷᠡᠭᠲᠡᠢ ᠃

    ᠭᠤᠷᠪᠠ ᠳ᠋ᠤ᠌᠂ ᠭᠦᠢᠴᠡᠳᠬᠡᠬᠦ ᠴᠢᠨᠠᠷ ᠴᠢᠨᠰᠠᠭ᠎ᠠ ᠪᠣᠯᠤᠨ ᠦᠷ᠎ᠡ ᠠᠰᠢᠭ ᠢ᠋ ᠴᠢᠩᠭ᠋ᠠᠳᠬᠠᠵᠤ ᠂ ᠭᠦᠢᠴᠡᠳᠬᠡᠬᠦ  ᠲᠣᠭ᠎ᠠ ᠶᠢᠨ ᠤᠬᠠᠮᠰᠠᠷ  ᠢᠶᠡᠨ ᠨᠡᠮᠡᠭᠳᠡᠭᠦᠯᠬᠦ ᠬᠡᠷᠡᠭᠲᠡᠢ ᠃ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ  ᠭᠣᠣᠯ  ᠬᠠᠷᠢᠭᠤᠴᠠᠯᠭ᠎ᠠ ᠭᠣᠣᠯ ᠦᠢᠯᠡᠰ ᠢ᠋ ᠬᠦᠴᠦᠲᠡᠢ ᠠᠳᠬᠤᠵᠤ ᠂ ᠭᠣᠣᠯᠳᠠᠯᠭ᠎ᠠ ᠲᠠᠢ ᠬᠢᠨᠠᠨ ᠰᠢᠯᠭᠠᠬᠤ ᠭᠦᠢᠴᠡᠳᠬᠡᠬᠦ ᠲᠣᠭ᠎ᠠ ᠶ᠋ᠢ ᠴᠢᠩᠭ᠎ᠠ ᠠᠩᠬᠠᠷᠴᠤ ᠂ ᠭᠦᠢᠴᠡᠳᠬᠡᠬᠦ ᠠᠵᠢᠯ ᠤ᠋ᠨ ᠬᠢᠷᠢ ᠬᠡᠮᠵᠢᠶ᠎ᠡ ᠶ᠋ᠢ ᠪᠦᠬᠦᠯᠢ ᠴᠣᠭᠴᠠ ᠪᠠᠷ ᠨᠢ ᠰᠠᠢᠨ ᠲᠡᠢᠰᠢ ᠪᠣᠯᠭᠠᠬᠤ ᠶ᠋ᠢ ᠲᠦᠯᠬᠢᠨ ᠠᠬᠢᠭᠤᠯᠬᠤ ᠬᠡᠷᠡᠭᠲᠡᠢ ᠃ ᠬᠠᠤᠯᠢ ᠶᠣᠰᠣᠭᠠᠷ ᠬᠡᠷᠡᠭ ᠰᠢᠢᠳᠪᠦᠷᠢᠯᠡᠬᠦ ᠶ᠋ᠢ ᠴᠢᠩᠭᠠᠳᠭᠠᠵᠤ ᠂ ᠭᠣᠣᠯᠳᠠᠯᠭ᠎ᠠ ᠲᠠᠢ ᠬᠡᠷᠡᠭ ᠲᠦ᠍ ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠷᠠᠭᠤᠯᠤᠨ ᠂ ᠭᠦᠢᠴᠡᠳᠬᠡᠬᠦ ᠠᠵᠢᠯ ᠤ᠋ᠨ ᠵᠢᠷᠤᠮᠵᠢᠯᠲᠠ ᠶ᠋ᠢᠨ ᠬᠢᠷᠢ ᠬᠡᠮᠵᠢᠶ᠎ᠡ ᠪᠡᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃

    ᠳᠥᠷᠪᠡ ᠳ᠋ᠦ᠍ ᠂ ᠡᠩᠨᠡᠭᠡᠨ ᠦ᠌ ᠪᠠᠢᠭᠤᠯᠤᠯᠲᠠ ᠪᠠᠨ ᠴᠢᠩᠭᠠᠳᠬᠠᠵᠤ ᠂ ᠭᠦᠢᠴᠡᠳᠬᠡᠬᠦ ᠳᠤᠤᠷᠠᠳᠦ ᠪᠠᠷᠢᠮᠵᠢᠶ᠎ᠠ ᠶᠢ ᠳᠦᠷᠢᠮᠵᠢᠭᠦᠯᠬᠦ ᠬᠡᠷᠡᠭᠲᠡᠢ ᠃  ᠠᠵᠢᠯ ᠤ᠋ᠨ ᠲᠤᠷᠰᠢᠯᠭ᠎ᠠ ᠶ᠋ᠢᠨ 《 ᠤᠯᠠᠮᠵᠢᠯᠠᠬᠤ ᠬᠠᠪᠰᠤᠷᠬᠤ ᠳᠠᠭᠠᠭᠤᠯᠬᠤ 》 ᠦᠢᠯᠡᠳᠦᠯ ᠢ᠋ ᠳᠣᠪᠣᠢᠯᠭᠠᠨ ᠬᠡᠷᠡᠭᠵᠢᠭᠦᠯᠵᠦ ᠂ ᠭᠦᠢᠴᠡᠳᠬᠡᠬᠦ ᠡᠩᠨᠡᠭᠡ ᠶ᠋ᠢᠨ ᠪᠠᠢᠭᠤᠯᠤᠯᠲᠠ ᠶ᠋ᠢ ᠴᠢᠩᠭᠠᠳᠬᠠᠵᠤ ᠂ 《ᠬᠢᠨᠠᠮᠠᠭᠠᠢ ᠂ ᠨᠠᠷᠢᠯᠢᠭ ᠂ ᠯᠠᠪᠳᠠᠭᠤᠨ》 ᠣᠪᠣᠷ ᠢ᠋ᠶ᠋ᠠᠷ ᠭᠦᠢᠴᠡᠳᠬᠡᠬᠦ ᠡᠩᠨᠡᠭᠡ ᠶ᠋ᠢ ᠳᠠᠪᠲᠠᠨ  ᠪᠣᠯᠪᠠᠰᠤᠷᠠᠭᠤᠯᠬᠤ ᠬᠡᠷᠡᠭᠲᠡᠢ ᠃ ᠴᠢᠬᠡᠴᠢ ᠵᠠᠰᠠᠭ ᠤ᠋ᠨ ᠪᠠᠢᠭᠤᠯᠤᠯᠲᠠ ᠶ᠋ᠢ ᠴᠢᠩᠭᠠᠳᠬᠠᠵᠤ ᠂ ᠺᠠᠲᠷ ᠴᠠᠭᠳᠠᠭ᠎ᠠ ᠶ᠋ᠢ ᠬᠥᠮᠦᠵᠢᠭᠦᠯᠦᠨ  ᠳᠤᠤᠷᠠᠳᠦ ᠪᠠᠷᠢᠮᠵᠢᠶ᠎ᠠ ᠶᠢ ᠮᠡᠳᠡᠭᠦᠯᠵᠦ ᠂ ᠢᠯᠡ ᠤᠯᠠᠭᠠᠨ ᠱᠤᠭᠤᠮ ᠢ᠋ ᠮᠡᠳᠡᠭᠦᠯᠵᠦ ᠂ ᠬᠠᠲᠠᠭᠤ ᠰᠢᠷᠦᠭᠦᠨ ᠪᠠᠢᠯᠳᠤᠭᠠᠨ ᠢ᠋ ᠬᠢᠵᠦ ᠴᠢᠳᠠᠬᠤ ᠂ ᠲᠡᠢᠨ ᠳ᠋ᠦ᠍ ᠢᠯᠠᠯᠲᠠ ᠣᠯᠵᠤ ᠴᠢᠳᠠᠬᠤ ᠨᠢᠭᠡᠨ ᠰᠠᠯᠠᠭ᠎ᠠ ᠭᠦᠢᠴᠡᠳᠬᠡᠬᠦ ᠲᠡᠮᠦᠷ ᠵᠠᠮ ᠤ᠋ᠨ ᠴᠡᠷᠢᠭ ᠢ᠋ ᠳᠠᠪᠲᠠᠨ ᠪᠣᠯᠪᠠᠰᠤᠷᠠᠭᠤᠯᠬᠤ ᠬᠡᠷᠡᠭᠲᠡᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )