〔ᠨᠡᠷ᠎ᠡ ᠬᠠᠲᠠᠭᠰᠠᠨ ᠵᠣᠬᠢᠶᠠᠯ 〕ᠠᠷᠠᠳ ᠤ᠋ᠨ ᠰᠢᠭᠦᠬᠦ ᠬᠣᠷᠢᠶᠠᠨ ᠤ᠋ ᠰᠣᠨᠢᠨ -- ᠰᠦ ᠯᠢ ᠵᠢᠶᠦ᠋ᠨ ᠄ ᠰᠢᠨ᠎ᠡ ᠴᠠᠭ ᠦᠶ᠎ᠡ ᠶ᠋ᠢᠨ ᠠᠷᠠᠳ ᠤ᠋ᠨ ᠰᠢᠭᠦᠬᠦ ᠬᠣᠷᠢᠶᠠᠨ ᠤ᠋ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠢ᠋ ᠰᠠᠢᠲᠤᠷ ᠬᠢᠶ᠎ᠡ
2023.10.07 ᠲᠣᠰ ᠥᠷᠲᠡᠭᠡᠨ᠎ᠦ ᠨᠠᠢᠷᠠᠭᠤᠯᠤᠭᠴᠢ

   

 

    ᠵᠠᠬᠢᠳᠠᠯ ᠰᠤᠷᠪᠤᠯᠵᠢᠯᠠᠯ ᠤ᠋ᠨ ᠠᠵᠢᠯ ᠪᠣᠯ ᠨᠠᠮ ᠤ᠋ᠨ ᠣᠯᠠᠨ ᠲᠦᠮᠡᠨ ᠦ᠌ ᠠᠵᠢᠯ ᠤ᠋ᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠨᠡᠢᠭᠡᠮ ᠦ᠋ᠨ ᠪᠠᠢᠳᠠᠯ ᠠᠷᠠᠳ ᠤ᠋ᠨ ᠰᠠᠨᠠᠭ᠎ᠠ ᠶ᠋ᠢ ᠣᠢᠯᠠᠭᠠᠬᠤ ᠴᠢᠬᠤᠯᠠ ᠴᠣᠩᠬᠣ ᠪᠣᠯᠤᠨ᠎ᠠ ᠃ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠢᠯᠡᠳᠬᠡᠯ ᠳ᠋ᠦ᠍ ᠠᠷᠠᠳ ᠤ᠋ᠨ ᠵᠠᠬᠢᠳᠠᠯ ᠰᠤᠷᠪᠤᠯᠵᠢᠯᠠᠯ ᠤ᠋ᠨ ᠠᠵᠢᠯ ᠢ᠋ ᠴᠢᠩᠭᠠᠳᠬᠠᠨ ᠰᠠᠢᠵᠢᠷᠠᠭᠤᠯᠵᠤ ᠂ ᠣᠯᠠᠨ ᠲᠦᠮᠡᠨ ᠦ᠌ ᠭᠣᠮᠣᠳᠠᠯ ᠱᠠᠭᠠᠷᠳᠠᠯᠭ᠎ᠠ ᠪᠠᠨ ᠢᠯᠡᠳᠬᠡᠬᠦ ᠂ ᠠᠰᠢᠭ ᠲᠤᠰᠠ ᠪᠠᠨ ᠵᠣᠬᠢᠴᠠᠭᠤᠯᠬᠤ ᠂ ᠡᠷᠬᠡ ᠠᠰᠢᠭ ᠢ᠋ᠶ᠋ᠠᠨ ᠪᠠᠲᠤᠯᠠᠬᠤ ᠵᠠᠮ ᠢ᠋ ᠰᠠᠭᠠᠳ ᠥᠬᠡᠢ ᠨᠡᠪᠲᠡᠷᠡᠭᠦᠯᠬᠦ ᠪᠠ ᠵᠢᠷᠤᠮᠵᠢᠭᠤᠯᠤᠨ᠎ᠠ ᠭᠡᠵᠦ ᠲᠣᠳᠣᠷᠬᠠᠢ ᠳᠤᠷᠠᠳᠤᠨ ᠭᠠᠷᠭᠠᠪᠠ ᠃ ᠡᠨᠡ ᠨᠢ ᠰᠢᠨ᠎ᠡ ᠴᠠᠭ ᠦᠶ᠎ᠡ ᠶ᠋ᠢᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠢ᠋ ᠰᠠᠢᠲᠤᠷ ᠬᠢᠬᠦ ᠳ᠋ᠦ᠍ ᠤᠷᠤᠭᠰᠢᠯᠠᠯᠲᠠ ᠶ᠋ᠢᠨ ᠴᠢᠭᠯᠡᠯ ᠢ᠋ ᠲᠣᠳᠣᠷᠬᠠᠢ ᠵᠢᠭᠠᠵᠤ ᠦᠭᠭᠦᠭᠰᠡᠨ ᠪᠠᠢᠨ᠎ᠠ ᠃ ᠠᠷᠠᠳ ᠤ᠋ᠨ ᠰᠢᠭᠦᠬᠦ ᠬᠣᠷᠢᠶ᠎ᠠ ᠨᠢ ᠲᠥᠷᠥ ᠶ᠋ᠢᠨ ᠰᠢᠭᠦᠨ ᠲᠠᠰᠤᠯᠬᠤ ᠪᠠᠢᠭᠤᠯᠭ᠎ᠠ ᠪᠣᠯᠤᠭᠰᠠᠨ ᠤ᠋ ᠬᠤᠪᠢ ᠳ᠋ᠤ᠌ ᠰᠢᠨ᠎ᠡ ᠴᠠᠭ ᠦᠶ᠎ᠡ ᠶ᠋ᠢᠨ ᠠᠷᠠᠳ ᠤ᠋ᠨ ᠰᠢᠭᠦᠬᠦ ᠬᠣᠷᠢᠶᠠᠨ ᠤ᠋ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠢ᠋ ᠰᠠᠢᠲᠤᠷ ᠬᠢᠬᠦ ᠳ᠋ᠦ᠍ ᠡᠷᠬᠡᠪᠰᠢ ᠠᠷᠠᠳ ᠲᠦᠮᠡᠨ ᠦ᠌ ᠰᠡᠳᠬᠢᠯᠭᠡ ᠶ᠋ᠢ ᠪᠠᠲᠤ ᠰᠠᠬᠢᠵᠤ ᠂ ᠤᠯᠤᠰ ᠲᠥᠷᠥ ᠶ᠋ᠢᠨ ᠬᠠᠷᠢᠭᠤᠴᠠᠯᠭ᠎ᠠ ᠶ᠋ᠢ ᠪᠠᠲᠤ ᠴᠡᠭᠡᠵᠢᠯᠡᠵᠦ ᠂ ᠣᠯᠠᠨ ᠲᠦᠮᠡᠨ ᠦ᠌ ᠬᠠᠤᠯᠢ ᠶᠣᠰᠣᠨ ᠤ᠋ ᠵᠦᠢ ᠵᠣᠬᠢᠰᠲᠠᠢ ᠬᠦᠰᠡᠯ ᠱᠠᠭᠠᠷᠳᠠᠯᠭ᠎ᠠ ᠳ᠋ᠤ᠌ ᠴᠠᠭ ᠲᠤᠬᠠᠢ ᠳ᠋ᠤᠨᠢ ᠬᠠᠷᠢᠭᠤᠯᠲᠠ ᠥᠭᠴᠦ ᠂ ᠣᠯᠠᠨ ᠲᠦᠮᠡᠨ ᠦ᠌ ᠬᠠᠤᠯᠢ ᠶᠣᠰᠣᠨ ᠤ᠋ ᠡᠷᠬᠡ ᠠᠰᠢᠭ ᠢ᠋ ᠬᠠᠤᠯᠢ ᠶᠣᠰᠣᠭᠠᠷ ᠬᠠᠮᠠᠭᠠᠯᠠᠵᠤ ᠂ ᠨᠡᠢᠭᠡᠮ ᠦ᠋ᠨ ᠡᠶ᠎ᠡ ᠵᠣᠬᠢᠴᠠᠯ ᠪᠠ ᠲᠣᠭᠲᠠᠭᠤᠨ ᠪᠠᠢᠳᠠᠯ ᠢ᠋ ᠴᠢᠷᠮᠠᠢᠨ ᠠᠬᠢᠭᠤᠯᠬᠤ ᠬᠡᠷᠡᠭᠲᠡᠢ ᠃

    ᠨᠢᠭᠡ᠂ ᠤᠯᠤᠰ ᠲᠥᠷᠦ ᠶᠢᠨ ᠤᠳᠤᠷᠢᠳᠤᠯᠭ᠎ᠠ ᠶᠢ ᠲᠡᠷᠢᠭᠦᠨ ᠤ ᠤᠳᠤᠷᠢᠳᠤᠯᠭ᠎ᠠ ᠪᠣᠯᠭᠠᠬᠤ ᠶᠢ ᠪᠠᠷᠢᠮᠲᠠᠯᠠᠨ᠎ᠠ

    ᠰᠢᠨ᠎ᠡ ᠴᠠᠭ ᠦᠶ᠎ᠡ ᠶᠢᠨ ᠠᠷᠠᠳ ᠤᠨ ᠰᠢᠭᠦᠬᠦ ᠬᠣᠷᠢᠶ᠎ᠠ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠤᠯᠤᠰ ᠲᠥᠷᠥ ᠶ᠋ᠢᠨ ᠬᠠᠭᠤᠳᠠᠰᠤ  ᠳᠦ ᠰᠠᠢᠨ ᠬᠠᠷᠢᠭᠤᠯᠤᠯᠲᠠ ᠥᠭᠭᠦᠨ᠎ᠡ

    ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠲᠤᠬᠠᠢ ᠨᠠᠮ ᠤ᠋ᠨ ᠪᠥᠬᠥ ᠲᠠᠯ᠎ᠠ ᠶ᠋ᠢᠨ ᠤᠳᠤᠷᠢᠳᠤᠯᠭ᠎ᠠ ᠶ᠋ᠢ ᠴᠢᠩᠭᠠᠳᠬᠠᠬᠤ ᠬᠡᠷᠡᠭᠲᠡᠢ ᠃ ᠨᠠᠮ ᠤ᠋ᠨ ᠪᠥᠬᠥ ᠲᠠᠯ᠎ᠠ ᠶ᠋ᠢᠨ ᠤᠳᠤᠷᠢᠳᠤᠯᠭ᠎ᠠ ᠶ᠋ᠢ ᠪᠠᠷᠢᠮᠲᠠᠯᠠᠵᠤ ᠴᠢᠩᠭᠠᠳᠬᠠᠬᠤ ᠪᠣᠯ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠢᠮᠠᠭᠲᠠ ᠵᠥᠪ ᠤᠯᠤᠰ ᠲᠥᠷᠥ ᠶ᠋ᠢᠨ ᠴᠢᠭᠯᠡᠯ ᠢ᠋ᠶ᠋ᠡᠷ ᠤᠷᠤᠭᠰᠢᠯᠠᠬᠤ ᠶ᠋ᠢᠨ ᠦᠨᠳᠦᠰᠦᠨ ᠪᠠᠲᠤᠯᠠᠭ᠎ᠠ ᠮᠥᠨ ᠃ ᠠᠷᠠᠳ ᠤ᠋ᠨ ᠰᠢᠭᠦᠬᠦ ᠬᠣᠷᠢᠶ᠎ᠠ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠬᠤ ᠶ᠋ᠢ ᠪᠠᠷᠢᠮᠲᠠᠯᠠᠵᠤ ᠂ ᠶᠡᠷᠦᠩᠬᠡᠢ ᠱᠦᠵᠢ ᠰᠢ ᠵᠢᠨ ᠫᠢᠩ ᠦ᠋ᠨ ᠠᠷᠠᠳ ᠤ᠋ᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠢ᠋ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠠᠷᠠᠳ ᠤ᠋ᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠢ᠋ ᠴᠢᠩᠭᠠᠳᠬᠠᠨ ᠰᠠᠢᠵᠢᠷᠠᠭᠤᠯᠬᠤ ᠵᠠᠷᠴᠢᠮ ᠤ᠋ᠨ ᠵᠣᠭᠰᠣᠯᠲᠠ ᠂ ᠠᠷᠭ᠎ᠠ ᠵᠠᠮ ᠪᠠ ᠦᠢᠯᠡᠳᠦᠯᠭᠡ ᠶ᠋ᠢᠨ ᠱᠠᠭᠠᠷᠳᠠᠯᠭ᠎ᠠ ᠶ᠋ᠢ ᠣᠨᠣᠪᠴᠢᠲᠠᠢ ᠣᠢᠯᠠᠭᠠᠨ ᠡᠵᠡᠮᠰᠢᠵᠦ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠡᠯ᠎ᠡ ᠲᠠᠯ᠎ᠠ ᠪᠠ ᠪᠦᠬᠦ ᠶᠠᠪᠤᠴᠠ ᠳ᠋ᠤ᠌ ᠦᠨᠡᠨ ᠬᠦ᠌ ᠲᠤᠤᠱᠯᠠᠭᠤᠯᠵᠤ ᠂ ᠠᠷᠠᠳ ᠤ᠋ᠨ ᠰᠢᠭᠦᠬᠦ ᠬᠣᠷᠢᠶᠠᠨ ᠤ᠋ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠵᠥᠪ ᠣᠨᠣᠪᠴᠢᠲᠠᠢ ᠤᠯᠤᠰ ᠲᠥᠷᠥ ᠶ᠋ᠢᠨ ᠴᠢᠭᠯᠡᠯ ᠢ᠋ ᠦᠨᠡᠨ ᠬᠦ᠌ ᠪᠠᠲᠤᠯᠠᠬᠤ ᠬᠡᠷᠡᠭᠲᠡᠢ ᠃

   ᠡᠭᠦᠷᠭᠡ ᠬᠠᠷᠢᠭᠤᠴᠠᠯᠭ᠎ᠠ ᠪᠡᠨ ᠴᠢᠩᠭᠠᠳᠭᠠᠵᠤ᠂ ᠥᠷᠦᠴᠡ ᠴᠡᠭᠡᠵᠢᠨ ᠳ᠋ᠡᠭᠡᠨ ᠢᠮᠠᠭᠲᠠ《 ᠤᠯᠤᠰ ᠠᠨᠦ ᠶᠡᠬᠡ 》 ᠶᠢ ᠪᠤᠳᠤᠵᠦ ᠪᠠᠢᠬᠤ ᠬᠡᠷᠡᠭᠲᠡᠢ᠃

ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠪᠥᠬᠥ ᠲᠠᠯ᠎ᠠ ᠪᠠᠷ ᠰᠤᠷᠤᠯᠴᠠᠨ ᠂ ᠪᠥᠬᠥ ᠲᠠᠯ᠎ᠠ ᠪᠠᠷ ᠡᠵᠡᠮᠳᠡᠨ ᠨᠠᠢᠳᠠᠪᠤᠷᠢᠵᠢᠭᠤᠯᠵᠤ ᠂ ᠰᠢᠨ᠎ᠡ ᠴᠠᠭ ᠦᠶ᠎ᠡ ᠶ᠋ᠢᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠢ᠋ ᠰᠠᠢᠲᠤᠷ ᠬᠢᠬᠦ ᠶᠡᠷᠦᠩᠬᠡᠢ ᠱᠠᠭᠠᠷᠳᠠᠯᠭ᠎ᠠ ᠪᠠ ᠭᠣᠣᠯ ᠡᠭᠦᠷᠭᠡ ᠶ᠋ᠢ ᠨᠠᠷᠢᠨ ᠣᠨᠣᠪᠴᠢᠲᠠᠢ ᠣᠢᠯᠠᠭᠠᠨ ᠂ ᠶᠡᠬᠡ ᠪᠠᠢᠳᠠᠯ ᠢ᠋ ᠠᠵᠢᠭᠯᠠᠨ ᠪᠦᠬᠦ ᠲᠠᠯ᠎ᠠ ᠶ᠋ᠢ ᠪᠣᠳᠣᠯᠬᠢᠯᠠᠵᠤ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠢ᠋ ᠰᠠᠢᠲᠤᠷ ᠬᠢᠬᠦ ᠪᠠᠷᠠᠯᠠᠯᠲᠦ ᠴᠢᠨᠠᠷ ᠂ ᠰᠢᠰᠲ᠋ᠸᠮᠲᠤ ᠴᠢᠨᠠᠷ ᠪᠠ ᠬᠠᠨᠳᠤᠯᠭᠠᠲᠤ ᠴᠢᠨᠠᠷ ᠢ᠋ ᠲᠠᠰᠤᠷᠠᠯᠲᠠ ᠦᠭᠡᠢ ᠴᠢᠩᠭᠠᠳᠬᠠᠵᠤ ᠂ 《 ᠬᠣᠶᠠᠷ ᠢ᠋ ᠲᠣᠭᠲᠠᠭᠠᠬᠤ 》 ᠶ᠋ᠢᠨ ᠰᠢᠢᠳᠪᠦᠷᠢᠯᠡᠭᠴᠢ ᠠᠴᠢ ᠬᠣᠯᠪᠣᠭᠳᠠᠯ ᠢ᠋ ᠭᠦᠨᠵᠡᠭᠡᠢ ᠣᠢᠯᠠᠭᠠᠵᠤ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠢ᠋ ᠤᠬᠠᠮᠰᠠᠷ ᠠ᠋ᠴᠠ ᠪᠠᠨ ᠨᠠᠮ ᠪᠠ ᠤᠯᠤᠰ ᠤ᠋ᠨ ᠠᠵᠢᠯ ᠤ᠋ᠨ ᠶᠡᠬᠡ ᠲᠠᠯ᠎ᠠ ᠳ᠋ᠤ᠌ ᠲᠠᠯᠪᠢᠨ ᠲᠥᠯᠥᠪᠯᠡᠨ ᠠᠬᠢᠭᠤᠯᠵᠤ ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶ᠋ᠢᠨ ᠲᠠᠯ᠎ᠠ ᠪᠠᠷ ᠤᠬᠠᠮᠰᠠᠷ ᠠ᠋ᠴᠠ ᠪᠠᠨ ᠰᠢ ᠵᠢᠨ ᠫᠢᠩ ᠨᠥᠬᠥᠷ ᠢ᠋ᠶ᠋ᠡᠷ ᠭᠣᠣᠯ ᠪᠣᠯᠭᠠᠭᠰᠠᠨ ᠨᠠᠮ ᠤ᠋ᠨ ᠲᠥᠪ ᠬᠣᠷᠢᠶ᠎ᠠ ᠲᠠᠢ ᠳᠡᠭᠡᠳᠦ ᠬᠡᠮᠵᠢᠶ᠎ᠡ ᠪᠡᠷ ᠨᠢᠭᠡᠳᠦᠯᠲᠡᠢ ᠪᠠᠢᠬᠤ ᠬᠡᠷᠡᠭᠲᠡᠢ ᠃

    ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠢᠷᠡᠭᠦᠯᠵᠦ ᠂ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠳᠦᠷᠢᠮ ᠢ᠋ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠬᠤ ᠬᠡᠷᠡᠭᠲᠡᠢ᠃《 ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠳᠦᠷᠢᠮ 》 ᠪᠣᠯ ᠰᠢᠨ᠎ᠡ ᠴᠠᠭ ᠦᠶ᠎ᠡ ᠶ᠋ᠢᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠦᠨᠳᠦᠰᠦᠨ ᠵᠢᠷᠤᠮᠯᠠᠯ ᠮᠥᠨ ᠂ ᠠᠷᠠᠳ ᠤ᠋ᠨ ᠰᠢᠭᠦᠬᠦ ᠬᠣᠷᠢᠶ᠎ᠠ ᠲᠡᠭᠦᠨ ᠦ᠌ ᠴᠢᠬᠤᠯᠠ ᠶᠡᠬᠡ ᠠᠴᠢ ᠬᠣᠯᠪᠣᠭᠳᠠᠯ ᠢ᠋ ᠭᠦᠢᠴᠡᠳ ᠲᠠᠨᠢᠵᠤ ᠂ ᠲᠡᠭᠦᠨ ᠦ᠌ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ᠋ ᠭᠦᠨᠵᠡᠭᠡᠢ ᠣᠢᠯᠠᠭᠠᠵᠤ ᠂ ᠲᠡᠭᠦᠨ ᠦ᠌ ᠭᠣᠣᠯ ᠠᠭᠤᠯᠭ᠎ᠠ ᠶ᠋ᠢ ᠣᠨᠣᠪᠴᠢᠲᠠᠢ ᠡᠵᠡᠮᠰᠢᠨ ᠂ ᠡᠨᠡᠬᠦ ᠳᠦᠷᠢᠮ ᠢ᠋ ᠲᠤᠤᠱᠯᠠᠭᠤᠯᠤᠨ ᠨᠠᠢᠳᠠᠪᠤᠷᠢᠵᠢᠭᠤᠯᠬᠤ ᠶᠠᠪᠤᠳᠠᠯ ᠢ᠋ ᠨᠢᠭᠡᠨ ᠵᠦᠢᠯ ᠦ᠋ᠨ ᠴᠢᠬᠤᠯᠠ ᠶᠡᠬᠡ ᠤᠯᠤᠰ ᠲᠥᠷᠥ ᠶ᠋ᠢᠨ ᠡᠭᠦᠷᠭᠡ ᠂ ᠨᠠᠮ ᠤ᠋ᠨ ᠲᠥᠪ ᠬᠣᠷᠢᠶ᠎ᠠ ᠠ᠋ᠴᠠ ᠪᠦᠷᠢᠨ ᠲᠠᠨᠢᠬᠤ ᠪᠣᠳᠠᠲᠠᠢ ᠠᠵᠢᠯᠯᠠᠭ᠎ᠠ ᠪᠣᠯᠭᠠᠵᠤ ᠂ ᠰᠤᠷᠤᠯᠴᠠᠬᠤ ᠂ ᠤᠬᠠᠭᠤᠯᠬᠤ ᠂ ᠲᠤᠤᠱᠯᠠᠭᠤᠯᠬᠤ ᠤᠬᠠᠮᠰᠠᠷᠲᠤ ᠴᠢᠨᠠᠷ ᠂ ᠰᠠᠨᠠᠭᠠᠴᠢᠯᠠᠭᠠᠲᠤ ᠴᠢᠨᠠᠷ ᠪᠠ ᠡᠷᠡᠰ ᠪᠠᠲᠤ ᠴᠢᠨᠠᠷ ᠢ᠋ᠶ᠋ᠠᠨ ᠪᠥᠬᠥ ᠲᠠᠯ᠎ᠠ ᠪᠠᠷ ᠴᠢᠩᠭᠠᠳᠬᠠᠵᠤ ᠂ ᠲᠤᠰ ᠳᠦᠷᠢᠮ ᠦ᠋ᠨ ᠲᠤᠰᠬᠠᠢ ᠰᠡᠳᠦᠪᠲᠦ ᠰᠤᠷᠤᠯᠴᠠᠯᠭ᠎ᠠ ᠂ ᠪᠦᠬᠦ ᠠᠵᠢᠯᠲᠠᠨ ᠤ᠋ ᠪᠣᠯᠪᠠᠰᠣᠷᠠᠭᠤᠯᠤᠯ ᠂ ᠰᠣᠯᠢᠯᠴᠠᠨ ᠰᠤᠳᠤᠯᠤᠨ ᠶᠠᠷᠢᠯᠴᠠᠬᠤ ᠪᠠ ᠲᠥᠪᠯᠡᠷᠡᠩᠭᠦᠢ ᠤᠬᠠᠭᠤᠯᠭ᠎ᠠ ᠶ᠋ᠢ ᠯᠠᠪᠳᠠᠭᠤᠨ ᠪᠠᠲᠤᠲᠠᠢ ᠰᠠᠢᠲᠤᠷ ᠬᠢᠵᠦ ᠂ ᠰᠢᠪᠠᠳᠠᠨ ᠪᠠᠢᠴᠠᠭᠠᠬᠤ ᠵᠡᠷᠭᠡ ᠠᠵᠢᠯ ᠢ᠋ ᠰᠠᠢᠲᠤᠷ ᠨᠠᠢᠳᠠᠪᠤᠷᠢᠵᠢᠭᠤᠯᠵᠤ ᠂ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠲᠤᠬᠠᠢ ᠨᠠᠮ ᠤ᠋ᠨ ᠲᠥᠪ ᠬᠣᠷᠢᠶᠠᠨ ᠤ᠋ ᠴᠢᠭᠯᠡᠯᠲᠡ ᠲᠥᠷᠥ ᠶ᠋ᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠠᠷᠠᠳ ᠤ᠋ᠨ ᠰᠢᠭᠦᠬᠦ ᠬᠣᠷᠢᠶᠠᠨ ᠳ᠋ᠤ᠌ ᠪᠣᠳᠠᠲᠤ ᠭᠠᠵᠠᠷ ᠲᠤᠨᠢ ᠨᠠᠢᠳᠠᠪᠤᠷᠢᠵᠢᠭᠤᠯᠬᠤ ᠶ᠋ᠢ ᠪᠥᠬᠥ ᠬᠦᠴᠦᠨ ᠢ᠋ᠶ᠋ᠡᠷ ᠲᠦᠯᠬᠢᠨ ᠠᠬᠢᠭᠤᠯᠬᠤ ᠬᠡᠷᠡᠭᠲᠡᠢ ᠃

    ᠬᠤᠶᠠᠷ᠂ ᠠᠷᠠᠳ ᠲᠦᠮᠡᠨ ᠢ᠋ ᠳᠡᠭᠡᠳᠦᠯᠡᠬᠦ ᠶ᠋ᠢ ᠪᠠᠷᠢᠮᠲᠠᠯᠠᠬᠤ ᠬᠡᠷᠡᠭᠲᠡᠢ

    ᠰᠢᠨ᠎ᠡ ᠴᠠᠭ ᠦᠶ᠎ᠡ ᠶ᠋ᠢᠨ ᠠᠷᠠᠳ ᠤ᠋ᠨ ᠰᠢᠭᠦᠬᠦ ᠬᠣᠷᠢᠶ᠎ᠠ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ 《 ᠬᠠᠷᠢᠭᠤᠴᠠᠯᠭ᠎ᠠ ᠶ᠋ᠢᠨ ᠬᠠᠭᠤᠳᠠᠰᠤ ᠰᠠᠢᠲᠤᠷ ᠬᠠᠷᠢᠭᠤᠯᠤᠶ᠎ᠠ

    ᠬᠠᠯᠠᠮᠵᠢᠯᠠᠬᠤ ᠰᠡᠳᠭᠢᠯᠭᠡ ᠪᠡᠷ ᠠᠷᠠᠳ ᠤᠨ ᠰᠠᠨᠠᠯ ᠢ ᠰᠤᠨᠤᠰᠴᠦ᠂ ᠠᠷᠠᠳ ᠤᠨ ᠪᠠᠢᠳᠠᠯ ᠢ ᠣᠢᠯᠭᠠᠨ ᠠᠷᠠᠳ ᠤᠨ ᠰᠡᠳᠭᠢᠯ ᠢ ᠳᠤᠯᠠᠭᠠᠴᠠᠭᠤᠯᠤᠨ᠎ᠠ ᠃ ᠠᠷᠠᠳ ᠣᠯᠠᠨ ᠤ᠋ ᠬᠦᠰᠡᠯ ᠱᠠᠭᠠᠷᠳᠠᠯᠭ᠎ᠠ ᠶ᠋ᠢ 《 ᠨᠢᠭᠡᠳᠦᠭᠡᠷ ᠳᠣᠬᠢᠶ᠎ᠠ 》 ᠪᠣᠯᠭᠠᠵᠤ ᠂ ᠣᠯᠠᠨ ᠲᠦᠮᠡᠨ ᠦ᠌ ᠬᠡᠷᠡᠭᠴᠡᠭᠡ ᠱᠠᠭᠠᠷᠳᠠᠯᠭ᠎ᠠ ᠶ᠋ᠢ 《 ᠨᠢᠭᠡᠳᠦᠭᠡᠷ ᠰᠣᠩᠭᠣᠯᠲᠠ 》 ᠪᠣᠯᠭᠠᠨ ᠂ ᠤᠳᠤᠷᠢᠳᠬᠤ ᠺᠠᠲᠷ ᠤ᠋ᠨ 《 ᠡᠭᠦᠳᠡ ᠪᠡᠨ ᠨᠡᠭᠡᠭᠡᠵᠦ ᠰᠤᠷᠪᠤᠯᠵᠢᠯᠠᠭ᠎ᠠ ᠬᠦᠯᠢᠶᠡᠬᠦ᠂ ᠬᠡᠷᠡᠭ ᠢᠶᠡᠨ ᠠᠪᠴᠦ ᠳᠣᠷᠤᠭᠰᠢ ᠪᠠᠭᠤᠬᠤ᠂ ᠭᠡᠷ ᠲᠦ ᠨᠢ ᠬᠦᠷᠴᠦ ᠰᠤᠷᠪᠤᠯᠵᠢᠯᠠᠬᠤ᠂ ᠰᠠᠨᠠᠭᠠᠴᠢᠯᠠᠯᠭ᠎ᠠ ᠡᠴᠡ ᠪᠣᠯᠵᠤᠨ ᠰᠤᠷᠪᠤᠯᠵᠢᠯᠠᠬᠤ᠂ ᠰᠦᠯᠵᠢᠶᠡᠨ ᠳᠡᠭᠡᠷ᠎ᠡ ᠠᠰᠠᠭᠤᠨ ᠰᠤᠷᠪᠤᠯᠵᠢᠯᠠᠬᠤ 》 ᠲᠠᠪᠤᠨ ᠶᠡᠬᠡ ᠢᠨᠵᠧᠨᠧᠷᠢᠩ  ᠢ ᠪᠥᠬᠥ ᠲᠠᠯ᠎ᠠ ᠪᠠᠷ ᠪᠡᠶᠡᠴᠢᠯᠡᠵᠦ ᠠᠬᠢᠭᠤᠯᠤᠨ ᠂ ᠤᠯᠠᠨ ᠲᠠᠯ᠎ᠠ᠂ ᠭᠦᠨ ᠳᠠᠪᠬᠤᠷᠭ᠎ᠠ ᠢᠶᠡᠷ《ᠵᠠᠬᠢᠳᠠᠯ ᠰᠤᠷᠪᠤᠯᠵᠢᠯᠠᠭ᠎ᠠ ᠶᠢ ᠯᠠᠪᠲᠠᠢ ᠬᠠᠷᠢᠭᠤᠯᠬᠤ 》 ᠠᠵᠢᠯ ᠢ ᠬᠢᠵᠦ᠂ ᠣᠯᠠᠨ ᠲᠦᠮᠡᠨ ᠦ᠌ ᠬᠦᠰᠡᠯ ᠱᠠᠭᠠᠷᠳᠠᠯᠭ᠎ᠠ ᠶ᠋ᠢ ᠦᠨᠡᠨᠴᠢ ᠰᠢᠳᠤᠷᠭᠤ ᠪᠡᠷ ᠣᠢᠯᠭᠠᠨ ᠯᠠᠪᠯᠠᠵᠦ ᠂ ᠦᠨᠡᠨ ᠰᠡᠳᠭᠢᠯ ᠦᠨᠡᠨ ᠰᠠᠨᠠᠭ᠎ᠠ ᠪᠡᠷ ᠠᠷᠠᠳ ᠲᠦᠮᠡᠨ ᠤ ᠬᠦᠴᠢᠷ ᠵᠣᠪᠠᠯᠠᠩ ᠢ ᠬᠠᠯᠠᠮᠵᠢᠯᠠᠵᠦ ᠂ᠠᠷᠠᠳ ᠲᠦᠮᠡᠨ ᠤ ᠬᠠᠯᠠᠭᠤᠨ ᠬᠦᠢᠳᠡᠨ ᠢ ᠰᠡᠳᠭᠢᠯ  ᠢᠶᠡᠷ ᠢᠶᠡᠨ ᠮᠡᠳᠡᠵᠦ᠂ ᠠᠷᠠᠳ ᠲᠦᠮᠡᠨ ᠲᠠᠢ ᠳᠣᠲᠤᠨᠤᠰᠤᠭ ᠢᠶᠡᠷ ᠵᠤᠭᠤᠭᠳᠠᠵᠦ᠂ ᠨᠢᠭᠤᠷᠳᠠᠨ ᠬᠠᠯᠠᠮᠵᠢᠯᠠᠬᠤ ᠶᠢᠨ ᠳᠠᠭᠠᠤ ᠳᠦ ᠬᠠᠤᠯᠢ ᠶᠣᠰᠤ ᠶᠢ ᠲᠠᠢᠯᠪᠤᠷᠢᠯᠠᠨ ᠂  ᠬᠡᠷᠡᠭ ᠶᠠᠪᠤᠳᠠᠯ ᠢ ᠲᠣᠳᠤᠷᠬᠠᠢ ᠶᠠᠷᠢᠵᠦ᠂ ᠤᠴᠢᠷ ᠶᠣᠰᠤ ᠶᠢ ᠨᠡᠪᠳᠡ ᠲᠠᠢᠯᠪᠥᠷᠢᠯᠠᠨ᠂ ᠣᠯᠠᠨ ᠲᠦᠮᠡᠨ ᠦ᠌ ᠰᠠᠨᠠᠭ᠎ᠠ ᠰᠡᠳᠬᠢᠯ ᠢ᠋ ᠰᠡᠷᠭᠦᠭᠡᠵᠦ ᠂ ᠰᠡᠳᠬᠢᠯ ᠦ᠋ᠨ ᠬᠠᠨ᠎ᠠ ᠶ᠋ᠢ ᠠᠷᠢᠯᠭᠠᠵᠤ ᠂ ᠰᠡᠳᠬᠢᠯ ᠳᠣᠲᠤᠷᠠᠬᠢ ᠥᠰᠢᠶ᠎ᠡ ᠬᠣᠷᠤᠰᠤᠯ ᠢ ᠰᠢᠢᠳᠪᠦᠷᠢᠯᠡᠬᠦ ᠬᠡᠷᠡᠭᠲᠡᠢ᠃

    ᠥᠪᠡᠷ ᠦ᠋ᠨ ᠰᠡᠳᠬᠢᠯᠭᠡ ᠪᠡᠷ ᠢ᠋ᠶ᠋ᠡᠨ ᠠᠷᠠᠳ ᠤ᠋ᠨ ᠵᠣᠪᠠᠨᠢᠯ ᠢ᠋ ᠠᠷᠢᠯᠭᠠᠵᠤ ᠂ ᠠᠷᠠᠳ ᠤ᠋ᠨ ᠭᠣᠮᠣᠳᠠᠯ ᠢ ᠲᠠᠢᠯᠤᠨ᠂ ᠠᠷᠠᠳ ᠤᠨ ᠰᠡᠳᠭᠢᠯ ᠢ ᠠᠮᠤᠷᠵᠢᠭᠤᠯᠬᠤ ᠬᠡᠷᠡᠭᠲᠡᠢ ᠃ ᠤᠳᠤᠷᠢᠳᠬᠤ ᠺᠠᠲᠷᠴᠤᠳ 《 ᠠᠷᠠᠳ ᠲᠦᠮᠡᠨ 》 ᠭᠡᠬᠦ ᠬᠣᠶᠠᠷ ᠦᠭᠡ ᠶ᠋ᠢ ᠪᠠᠲᠤ ᠴᠡᠭᠡᠵᠢᠯᠡᠵᠦ ᠂ ᠥᠪᠡᠷ ᠢ᠋ ᠪᠡᠨ ᠦᠨᠡᠨ ᠬᠦ᠌ ᠣᠯᠠᠨ ᠲᠦᠮᠡᠨ ᠦ᠌ ᠨᠢᠭᠡ ᠭᠡᠰᠢᠭᠦᠨ ᠪᠣᠯᠭᠠᠨ ᠂ ᠠᠷᠠᠳ ᠢᠷᠭᠡᠳ  ᠲᠠᠢ ᠨᠢᠭᠡ ᠲᠠᠯ᠎ᠠ ᠳ᠋ᠤ᠌ ᠰᠠᠭᠤᠵᠤ ᠂ ᠣᠯᠠᠨ ᠲᠦᠮᠡᠨ ᠦ᠌ 《 ᠵᠠᠩᠭᠢᠯᠠᠭ᠎ᠠ ᠶ᠋ᠢᠨ  ᠪᠠᠭ᠎ᠠ ᠶᠠᠪᠤᠳᠠᠯ 》 ᠢ᠋ ᠥᠪᠡᠷ ᠦ᠋ᠨ 《 ᠲᠡᠷᠢᠭᠦᠨ ᠵᠡᠷᠭᠡ ᠶ᠋ᠢᠨ ᠶᠡᠬᠡ ᠶᠠᠪᠤᠳᠠᠯ 》 ᠪᠣᠯᠭᠠᠨ ᠂ ᠰᠡᠳᠭᠢᠯ ᠡᠴᠡ ᠪᠡᠨ ᠠᠷᠠᠳ ᠤᠨ ᠲᠥᠯᠦᠭᠡ ᠮᠠᠷᠭᠤᠯᠳᠤᠭᠠᠨ ᠢ ᠵᠣᠭᠰᠤᠭᠠᠵᠤ᠂ ᠵᠢᠭᠤᠷᠠᠯᠳᠤᠭᠠᠨ ᠢ ᠡᠶᠡᠳᠡᠭᠦᠯᠬᠦ《 ᠦᠢᠯᠡᠴᠢᠯᠡᠭᠴᠢ 》 ᠦᠨᠡᠨ ᠪᠣᠳᠠᠲᠠᠢ ᠬᠢᠵᠦ ᠂ ᠠᠷᠠᠳ ᠤ᠋ᠨ ᠲᠥᠯᠥᠭᠡ  ᠶᠠᠪᠤᠳᠠᠯ ᠰᠢᠢᠳᠪᠦᠷᠢᠯᠡᠬᠦ 《 ᠪᠣᠳᠠᠲᠠᠢ ᠠᠵᠢᠯᠯᠠᠭᠴᠢ 》 ᠪᠤᠯᠵᠦ ᠂ ᠬᠡᠷᠡᠭ ᠦ᠋ᠨ ᠪᠠᠢᠳᠠᠯ ᠢ᠋ ᠪᠦᠬᠦ ᠲᠠᠯ᠎ᠠ ᠪᠠᠷ ᠪᠤᠰᠤᠳᠴᠢ ᠪᠠᠷ ᠣᠢᠯᠠᠭᠠᠨ ᠂ ᠲᠥᠪ ᠭᠣᠣᠯᠴᠢ ᠥᠨᠳᠦᠷ ᠠᠰᠢᠭᠯᠠᠮᠵᠢᠲᠠᠢ ᠪᠡᠷ ᠬᠥᠮᠦᠨ ᠪᠣᠯᠤᠨ ᠬᠡᠷᠡᠭ ᠢ᠋ ᠪᠠᠢᠴᠠᠭᠠᠬᠤ ᠂ ᠬᠡᠷᠡᠭ ᠢ᠋ ᠬᠢᠨᠠᠨ ᠪᠠᠢᠴᠠᠭᠠᠬᠤ ᠠᠵᠢᠯ ᠤ᠋ᠨ ᠠᠬᠢᠴᠠ ᠶ᠋ᠢ ᠴᠠᠭ ᠲᠤᠬᠠᠢ ᠳ᠋ᠤᠨᠢ ᠬᠠᠷᠢᠭᠤ ᠲᠤᠰᠬᠠᠬᠤ ᠂ ᠬᠠᠷᠢᠭᠤᠴᠠᠯᠭ᠎ᠠ ᠶ᠋ᠢ ᠲᠥᠪ ᠴᠢᠩᠭ᠎ᠠ ᠪᠠᠷ ᠨᠡᠬᠡᠮᠵᠢᠯᠡᠬᠦ ᠵᠡᠷᠭᠡ ᠭᠣᠣᠯᠳᠠᠯᠭ᠎ᠠ ᠲᠠᠢ ᠠᠵᠢᠯ ᠢ᠋ ᠰᠠᠢᠲᠤᠷ ᠬᠢᠵᠦ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠢ᠋ ᠣᠯᠠᠨ ᠲᠦᠮᠡᠨ ᠦ᠌ ᠰᠡᠳᠬᠢᠯ ᠰᠠᠨᠠᠭᠠᠨ ᠤ᠋ ᠲᠠᠯ᠎ᠠ ᠳ᠋ᠤ᠌ ᠦᠨᠡᠨ ᠪᠣᠳᠠᠲᠠᠢ ᠬᠢᠵᠦ ᠂ ᠣᠯᠠᠨ ᠲᠦᠮᠡᠨ ᠦ᠌ ᠵᠦᠢ ᠶᠣᠰᠣᠨ ᠤ᠋ ᠬᠦᠰᠡᠯ ᠱᠠᠭᠠᠷᠳᠠᠯᠭ᠎ᠠ ᠶ᠋ᠢ ᠰᠠᠢᠲᠤᠷ ᠰᠢᠢᠳᠪᠦᠷᠢᠯᠡᠵᠦ ᠂ ᠣᠯᠠᠨ ᠲᠦᠮᠡᠨ ᠦ᠌ ᠤᠷᠮ᠎ᠠ ᠰᠡᠳᠬᠢᠯᠭᠡ ᠶ᠋ᠢ ᠬᠥᠲᠦᠯᠦᠨ ᠵᠢᠯᠤᠭᠤᠳᠴᠤ ᠂ ᠬᠡᠷᠡᠭ ᠤᠴᠢᠷ ᠢ᠋ ᠬᠣᠶᠠᠷ ᠰᠢᠢᠳᠪᠦᠷᠢᠯᠡᠵᠦ ᠂ ᠬᠡᠷᠡᠭ ᠤᠴᠢᠷ ᠢ᠋ ᠰᠢᠢᠳᠪᠦᠷᠢᠯᠡᠨ ᠳᠠᠭᠤᠰᠬᠠᠵᠤ ᠂ ᠵᠠᠷᠭᠤ ᠰᠤᠷᠪᠤᠯᠵᠢᠯᠠᠭ᠎ᠠ ᠶ᠋ᠢ ᠵᠣᠭᠰᠣᠭᠠᠯᠭᠠᠬᠤ ᠶᠠᠪᠤᠳᠠᠯ ᠢ᠋ ᠠᠬᠢᠭᠤᠯᠬᠤ ᠬᠡᠷᠡᠭᠲᠡᠢ ᠃

    ᠬᠦᠨᠳᠦᠳᠭᠡᠬᠦ ᠰᠡᠳᠭᠢᠯᠭᠡ ᠪᠡᠷ ᠠᠷᠠᠳ ᠤᠨ ᠰᠠᠨᠠᠭ᠎ᠠ ᠲᠠᠢ ᠨᠡᠢᠴᠡᠬᠦ ᠴᠢᠨᠠᠷ ᠢᠶᠡᠨ ᠳᠡᠭᠡᠭᠰᠢᠯᠡᠭᠦᠯᠵᠦ ᠂ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠂ ᠠᠷᠠᠳ  ᠤᠨ ᠰᠡᠳᠭᠢᠯ ᠢ ᠲᠠᠭᠠᠯᠠᠮᠵᠢᠲᠠᠢ ᠪᠠᠢᠯᠭᠠᠬᠤ ᠬᠡᠷᠡᠭᠲᠡᠢ᠃ ᠣᠯᠠᠨ ᠲᠦᠮᠡᠨ ᠢ᠋ ᠢᠮᠠᠭᠲᠠ ᠰᠡᠳᠬᠢᠯ ᠵᠢᠷᠦᠬᠡᠨ ᠦ᠌ ᠪᠡᠨ ᠬᠠᠮᠤᠭ ᠤ᠋ᠨ ᠳᠡᠭᠡᠳᠦ ᠪᠠᠢᠷᠢᠨ ᠳ᠋ᠤ᠌ ᠲᠠᠯᠪᠢᠵᠤ ᠂ 《 ᠠᠷᠠᠳ ᠤ᠋ᠨ ᠵᠠᠬᠢᠳᠠᠯ ᠰᠤᠷᠪᠤᠯᠵᠢᠯᠠᠭ᠎ᠠ ᠠᠷᠠᠳ ᠲᠦᠮᠡᠨ ᠦ᠌ ᠲᠥᠯᠥᠭᠡ 》 ᠭᠡᠬᠦ ᠠᠵᠢᠯ ᠤ᠋ᠨ ᠣᠢᠯᠠᠭᠠᠭᠳᠠᠬᠤᠨ ᠢ᠋ ᠤᠬᠠᠮᠰᠠᠷ ᠠ᠋ᠴᠠ ᠪᠠᠨ ᠦᠢᠯᠡᠳᠦᠯᠭᠡᠵᠢᠭᠦᠯᠵᠦ ᠂ ᠴᠠᠭ ᠢᠮᠠᠭᠲᠠ ᠬᠠᠢᠷ᠎ᠠ ᠰᠡᠳᠬᠢᠯᠭᠡ ᠪᠠ ᠬᠠᠷᠢᠭᠤᠴᠠᠯᠭ᠎ᠠ ᠡᠭᠦᠷᠭᠡᠯᠡᠯ ᠲᠦ ᠰᠡᠳᠭᠢᠯᠭᠡ ᠪᠡᠷ《 ᠬᠡᠪ ᠪᠣᠯᠪᠠᠰᠤᠷᠠᠯ ᠢ᠋ ᠴᠢᠩᠭᠠᠳᠬᠠᠵᠤ ᠂ ᠬᠡᠪ ᠰᠤᠷᠲᠠᠯ ᠢ᠋ ᠰᠠᠢᠵᠢᠷᠠᠭᠤᠯᠤᠨ ᠂ ᠦᠷ᠎ᠡ ᠪᠦᠲᠦᠮᠵᠢ ᠶ᠋ᠢ ᠳᠡᠭᠡᠭᠰᠢᠯᠡᠭᠦᠯᠵᠦ ᠂ ᠳᠦᠷᠢ ᠲᠦᠷᠬᠦ ᠶ᠋ᠢ ᠪᠣᠢ ᠪᠣᠯᠭᠠᠬᠤ 》 ᠳᠥᠷᠪᠡᠨ ᠪᠦᠲᠦᠭᠡᠨ ᠪᠠᠢᠭᠤᠯᠤᠯᠲᠠ ᠶ᠋ᠢ ᠰᠠᠢᠲᠤᠷ ᠠᠳᠬᠤᠵᠤ ᠂ ᠤᠳᠤᠷᠢᠳᠬᠤ ᠺᠠᠲᠷ ᠤ᠋ᠨ ᠠᠷᠠᠳ ᠲᠦᠮᠡᠨ ᠳ᠋ᠦ᠍ ᠦᠢᠯᠡᠴᠢᠯᠡᠬᠦ ᠤᠬᠠᠮᠰᠠᠷ ᠂ ᠠᠷᠠᠳ ᠲᠦᠮᠡᠨ ᠲᠡᠢ ᠬᠠᠷᠢᠯᠴᠠᠬᠤ ᠴᠢᠳᠠᠪᠤᠷᠢ ᠂ ᠠᠷᠠᠳ  ᠢ ᠬᠠᠪᠰᠤᠷᠴᠤ ᠵᠢᠭᠤᠷᠠᠯᠳᠤᠭᠠᠨ ᠢ᠋ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠂  ᠠᠷᠠᠳ ᠢ ᠳᠡᠮᠵᠢᠵᠦ ᠵᠣᠪᠠᠯᠠᠩ ᠢ ᠠᠷᠢᠯᠭᠠᠬᠤ ᠴᠢᠳᠠᠪᠤᠷᠢ ᠶ᠋ᠢ ᠪᠥᠬᠥ ᠲᠠᠯ᠎ᠠ ᠪᠠᠷ ᠳᠡᠭᠡᠭᠰᠢᠯᠡᠭᠦᠯᠵᠦ ᠂ ᠨᠠᠮ ᠳ᠋ᠠᠭᠠᠨ ᠦᠨᠡᠨᠴᠢ ᠰᠢᠳᠤᠷᠭᠤ ᠂  ᠴᠢᠭᠡᠴᠢ ᠵᠠᠰᠠᠭ ᠪᠠᠷᠢᠬᠤ ᠂ ᠠᠷᠠᠳ ᠲᠦᠮᠡᠨ ᠳ᠋ᠦ᠍ ᠦᠢᠯᠡᠴᠢᠯᠡᠬᠦ ᠰᠠᠢᠨ ᠰᠠᠢᠬᠠᠨ ᠳᠦᠷᠢ ᠲᠦᠷᠬᠦ ᠶ᠋ᠢ ᠪᠣᠢ ᠪᠣᠯᠭᠠᠵᠤ ᠂ ᠰᠢᠯᠭᠠᠯᠲᠠ ᠳᠦ ᠣᠷᠤᠬᠤ ᠪᠡᠷ ᠬᠦᠴᠦᠯᠡᠨ ᠴᠢᠷᠮᠠᠢᠬᠤ ᠰᠡᠳᠭᠢᠯᠭᠡ ᠂ ᠠᠮᠢ ᠴᠥᠯᠡᠨ ᠲᠡᠮᠡᠴᠡᠬᠦ ᠣᠪᠣᠷ ᠪᠠᠢᠳᠠᠯ᠂ ᠴᠢᠷᠮᠠᠢᠨ ᠤᠷᠤᠭᠰᠢᠯᠠᠬᠤᠳᠦᠷᠢ ᠪᠠᠢᠳᠠᠯ ᠢ᠋ᠶ᠋ᠠᠷ ᠠᠷᠠᠳ ᠣᠯᠠᠨ ᠤ᠋ ᠬᠠᠤᠯᠢ ᠴᠠᠭᠠᠵᠠ ᠶ᠋ᠢᠨ ᠬᠦᠷᠢᠶᠡᠨ ᠳ᠋ᠡᠬᠢ ᠪᠠᠴᠢᠮ ᠬᠦᠴᠢᠷ ᠠᠰᠠᠭᠤᠳᠠᠯ ᠢ᠋ ᠰᠠᠢᠲᠤᠷ ᠰᠢᠢᠳᠪᠦᠷᠢᠯᠡᠵᠦ ᠂ ᠠᠷᠠᠳ ᠣᠯᠠᠨ ᠤ᠋ ᠡᠷᠬᠡ ᠲᠡᠭᠰᠢ ᠲᠥᠪ ᠭᠣᠣᠯᠴᠢ ᠰᠢᠳᠤᠷᠭᠤ ᠶᠣᠰᠣᠨ ᠤ᠋ ᠲᠤᠬᠠᠢ ᠨᠡᠩ ᠥᠨᠳᠥᠷ ᠱᠠᠭᠠᠷᠳᠠᠯᠭ᠎ᠠ ᠶ᠋ᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ ᠭᠡᠵᠡᠢ ᠃

    ᠭᠤᠷᠪᠠ᠂ ᠡᠶ᠎ᠡ ᠵᠣᠬᠢᠴᠠᠯ ᠲᠠᠢ ᠲᠣᠭᠲᠠᠭᠤᠨ ᠪᠠᠢᠯᠭᠠᠬᠤ ᠶᠠᠪᠤᠳᠠᠯ ᠢ᠋ᠶ᠋ᠠᠷ ᠬᠠᠷᠠᠯᠲᠠ ᠪᠣᠯᠭᠠᠬᠤ ᠶ᠋ᠢ ᠪᠠᠷᠢᠮᠲᠠᠯᠠᠬᠤ ᠬᠡᠷᠡᠭᠲᠡᠢ᠃

    ᠰᠢᠨ᠎ᠡ ᠴᠠᠭ ᠦᠶ᠎ᠡ ᠶ᠋ᠢᠨ ᠠᠷᠠᠳ ᠤ᠋ᠨ ᠰᠢᠭᠦᠬᠦ ᠬᠣᠷᠢᠶ᠎ᠠ  ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠬᠥᠭᠵᠢᠯᠲᠡ ᠶ᠋ᠢᠨ ᠬᠠᠭᠤᠳᠠᠰᠤ  ᠶᠢ ᠰᠠᠢᠲᠤᠷ ᠬᠠᠷᠢᠭᠤᠯᠤᠶ᠎ᠠ

    《 ᠡᠬᠢ ᠭᠡᠰᠡᠨ ᠦᠭᠡ  ᠪᠡᠷ ᠤᠬᠠᠭᠠᠯᠢᠭ ᠪᠣᠯᠭᠠᠵᠤ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠵᠥᠷᠢᠴᠡᠯ ᠢ᠋ ᠡᠬᠢ ᠡᠭᠦᠰᠦᠯ ᠡᠴᠡ ᠨᠢ ᠵᠠᠰᠠᠬᠤ ᠶ᠋ᠢ ᠭᠦᠨᠵᠡᠭᠡᠢᠷᠡᠭᠦᠯᠬᠦ ᠬᠡᠷᠡᠭᠲᠡᠢ ᠃ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠦ᠋ᠨ 《 ᠡᠬᠢ ᠰᠤᠷᠪᠤᠯᠵᠢ ᠶ᠋ᠢ ᠰᠤᠷᠪᠤᠯᠵᠢᠯᠠᠬᠤ 》 ᠶ᠋ᠢ ᠵᠠᠰᠠᠬᠤ ᠤᠬᠠᠮᠰᠠᠷ ᠢ᠋ ᠪᠠᠲᠤ ᠪᠡᠬᠢ ᠪᠣᠢ ᠪᠣᠯᠭᠠᠵᠤ ᠂ 《 ᠡᠬᠢ ᠰᠤᠷᠪᠤᠯᠵᠢ ᠶ᠋ᠢ ᠰᠤᠷᠪᠤᠯᠵᠢᠯᠠᠬᠤ 》 ᠵᠠᠰᠠᠯᠲᠠ ᠶ᠋ᠢᠨ ᠬᠡᠪ ᠵᠠᠭᠪᠤᠷ ᠢ᠋ ᠰᠢᠯᠢᠳᠡᠭᠵᠢᠭᠦᠯᠬᠦ ᠬᠡᠷᠡᠭᠲᠡᠢ ᠃ ᠡᠬᠢ ᠡᠭᠦᠰᠦᠯ ᠡᠴᠡ ᠨᠢ ᠰᠡᠷᠭᠡᠢᠯᠡᠬᠦ ᠲᠠᠯ᠎ᠠ ᠪᠠᠷ ᠂ ᠬᠡᠷᠡᠭ ᠦ᠋ᠨ ᠴᠢᠨᠠᠷ ᠴᠢᠨᠰᠠᠭ᠎ᠠ ᠂ ᠲᠦᠭᠰᠢᠭᠦᠷᠢ ᠶ᠋ᠢ ᠰᠡᠷᠭᠡᠢᠯᠡᠬᠦ ᠂ ᠬᠠᠤᠯᠢ ᠴᠠᠭᠠᠵᠠ ᠶ᠋ᠢᠨ ᠠᠵᠢᠯ ᠤ᠋ᠨ ᠰᠤᠷᠲᠠᠯ ᠵᠡᠷᠭᠡ 《 ᠭᠤᠷᠪᠠᠨ ᠪᠣᠭᠣᠮᠲᠠ 》 ᠶ᠋ᠢ ᠴᠢᠩᠭ᠎ᠠ ᠠᠳᠬᠤᠵᠤ ᠂ ᠬᠠᠤᠯᠢ ᠲᠠᠢᠯᠪᠤᠷᠢᠯᠠᠨ ᠶᠣᠰᠣ ᠤᠴᠢᠷ ᠢ᠋ ᠲᠣᠳᠣᠷᠬᠠᠢᠯᠠᠵᠤ ᠂ ᠰᠢᠭᠦᠨ ᠲᠠᠰᠤᠯᠤᠭᠰᠠᠨ ᠤ᠋ ᠳᠠᠷᠠᠭ᠎ᠠ ᠲᠠᠢᠯᠤᠯᠲᠠ ᠬᠢᠬᠦ 《 ᠬᠣᠶᠠᠷ ᠵᠠᠩᠭᠢᠯᠠᠭ᠎ᠠ 》 ᠶ᠋ᠢ ᠰᠠᠢᠲᠤᠷ ᠠᠳᠬᠤᠵᠤ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠵᠥᠷᠢᠴᠡᠯ ᠡᠭᠦᠰᠬᠦ ᠶ᠋ᠢ ᠢᠳᠡᠪᠬᠢᠲᠡᠢ ᠬᠣᠷᠢᠭᠯᠠᠬᠤ ᠬᠡᠷᠡᠭᠲᠡᠢ ︔ ᠲᠡᠷᠢᠭᠦᠨ ᠤ ᠬᠡᠰᠡᠭ ᠢ ᠡᠶᠡᠳᠡᠭᠦᠯᠦᠨ ᠰᠢᠢᠳᠪᠦᠷᠢᠯᠡᠬᠦ ᠲᠠᠯ᠎ᠠ ᠳᠡᠭᠡᠷ᠎ᠡ ᠂ ᠹᠧᠩ ᠴᠢᠶᠣᠤ ᠮᠠᠶᠢᠭ ᠤ᠋ᠨ ᠠᠷᠠᠳ ᠤ᠋ᠨ ᠰᠢᠭᠦᠬᠦ ᠲᠢᠩᠬᠢᠮ ᠵᠡᠷᠭᠡ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠪᠡᠬᠢᠯᠡᠯᠲᠡ ᠶᠢᠨ ᠭᠠᠵᠠᠷ ᠤ᠋ᠨ ᠪᠠᠢᠭᠤᠯᠤᠯᠲᠠ ᠶ᠋ᠢ ᠦᠷᠭᠦᠯᠵᠢᠯᠡᠨ ᠴᠢᠩᠭᠠᠳᠬᠠᠵᠤ ᠂ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠂ ᠣᠯᠠᠨ ᠡᠰᠢᠲᠦ ᠵᠢᠭᠤᠷᠠᠯᠳᠤᠭᠠᠨ ᠢ᠋ ᠰᠢᠢᠳᠪᠦᠷᠢᠯᠡᠬᠦ ᠪᠠ ᠵᠠᠷᠭᠤ ᠶ᠋ᠢᠨ ᠦᠢᠯᠡᠴᠢᠯᠡᠭᠡᠨ ᠦ᠌ ᠰᠢᠰᠲ᠋ᠧᠮ ᠦ᠋ᠨ ᠪᠠᠢᠭᠤᠯᠤᠯᠲᠠ ᠶ᠋ᠢᠨ ᠦᠷ᠎ᠡ ᠪᠦᠲᠦᠭᠡᠯ ᠢ᠋ ᠦᠷᠭᠦᠯᠵᠢᠯᠡᠨ ᠪᠡᠬᠢᠵᠢᠭᠦᠯᠦᠨ ᠳᠡᠭᠡᠭᠰᠢᠯᠡᠭᠦᠯᠵᠦ ᠂ ᠨᠠᠮ ᠤ᠋ᠨ ᠬᠣᠷᠢᠶᠠᠨ ᠤ᠋ ᠤᠳᠤᠷᠢᠳᠤᠯᠭ᠎ᠠ ᠳᠣᠣᠷ᠎ᠠ ᠬᠠᠤᠯᠢ ᠴᠠᠭᠠᠵᠠ ᠂ ᠲᠥᠷᠥ ᠶ᠋ᠢᠨ ᠪᠣᠳᠣᠯᠭ᠎ᠠ ᠂ ᠠᠵᠤ ᠠᠬᠤᠢ ᠂ ᠵᠠᠰᠠᠭ ᠵᠠᠬᠢᠷᠭ᠎ᠠ ᠵᠡᠷᠭᠡ ᠠᠷᠭ᠎ᠠ ᠪᠠᠷᠢᠯ ᠢ᠋ ᠶᠡᠷᠦᠩᠬᠡᠢᠯᠡᠨ ᠬᠡᠷᠡᠭᠯᠡᠵᠦ ᠂ ᠬᠠᠨᠳᠤᠯᠭᠠᠲᠤ ᠴᠢᠨᠠᠷ ᠂ ᠬᠡᠯᠪᠡᠷᠢᠯ ᠦ᠋ᠨ ᠴᠢᠨᠠᠷᠲᠠᠢ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠰᠠᠭᠤᠳᠠᠯ ᠢ᠋ ᠴᠠᠭ ᠲᠤᠬᠠᠢ ᠳ᠋ᠤᠨᠢ ᠰᠠᠢᠲᠤᠷ ᠰᠢᠢᠳᠪᠦᠷᠢᠯᠡᠨ ᠂ ᠠᠰᠠᠭᠤᠳᠠᠯ ᠢ᠋ ᠡᠷᠲᠡ ᠢᠯᠡᠷᠡᠭᠦᠯᠵᠦ ᠂ ᠤᠷᠢᠳᠴᠢᠯᠠᠨ ᠰᠡᠷᠭᠡᠢᠯᠡᠵᠦ ᠂ ᠪᠠᠭ᠎ᠠ ᠬᠡᠮᠵᠢᠶᠡᠨ ᠳ᠋ᠦ᠍ ᠬᠦᠷᠲᠡᠯ᠎ᠡ ᠰᠢᠢᠳᠪᠦᠷᠢᠯᠡᠬᠦ ᠬᠡᠷᠡᠭᠲᠡᠢ ᠃

    《 ᠨᠠᠷᠢᠯᠢᠭ 》ᠭᠡᠬᠦ ᠦᠰᠦᠭ ᠳᠡᠭᠡᠷ᠎ᠡ ᠬᠦᠴᠦ ᠲᠠᠯᠪᠢᠵᠤ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠲᠣᠭᠲᠠᠴᠠ ᠶ᠋ᠢᠨ ᠰᠢᠨ᠎ᠡ ᠶ᠋ᠢ ᠡᠭᠦᠳᠬᠦ ᠶ᠋ᠢ ᠲᠦᠯᠬᠢᠨ ᠠᠬᠢᠭᠤᠯᠬᠤ ᠬᠡᠷᠡᠭᠲᠡᠢ ᠃《 ᠤᠴᠢᠷ ᠶᠠᠪᠤᠳᠠᠯ ᠢ᠋ ᠰᠢᠢᠳᠪᠦᠷᠢᠯᠡᠬᠦ 》 ᠳᠦ ᠠᠷᠠᠳ ᠤ᠋ᠨ ᠲᠥᠯᠥᠭᠡ ᠦᠢᠯᠡᠴᠢᠯᠡᠬᠦ ᠣᠢᠯᠠᠭᠠᠭᠳᠠᠬᠤᠨ ᠢ᠋ ᠪᠠᠷᠢᠮᠲᠠᠯᠠᠵᠤ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠵᠥᠷᠢᠴᠡᠯ ᠢ᠋ ᠠᠷᠢᠯᠭᠠᠬᠤ 《 ᠪᠥᠬᠥ ᠠᠮᠢ ᠨᠠᠰᠤᠨ ᠤ᠋ ᠦᠶᠡᠯᠡᠯ 》 ᠤ᠋ᠨ ᠬᠡᠷᠡᠭᠴᠡᠭᠡ ᠪᠣᠯᠤᠨ 《 ᠬᠥᠮᠦᠨ ᠂ ᠬᠡᠷᠡᠭ 》 ᠬᠣᠶᠠᠷ ᠲᠠᠯ᠎ᠠ ᠳ᠋ᠤ᠌ ᠠᠩᠬᠠᠷᠤᠯ ᠢ᠋ᠶ᠋ᠠᠨ ᠲᠥᠪᠯᠡᠷᠡᠭᠦᠯᠵᠦ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠦ᠋ᠨ ᠡᠮᠦᠨᠡᠬᠢ ᠬᠤᠭᠤᠴᠠᠭᠠᠨ ᠤ᠋ ᠰᠡᠷᠡᠮᠵᠢᠯᠡᠭᠦᠯᠦᠯ ᠂ ᠬᠦᠯᠢᠶᠡᠨ ᠠᠪᠴᠤ ᠰᠢᠢᠳᠪᠦᠷᠢᠯᠡᠬᠦ ᠂ ᠭᠣᠮᠣᠳᠠᠯ ᠱᠠᠭᠠᠷᠳᠠᠯᠭ᠎ᠠ ᠶ᠋ᠢ ᠰᠢᠭᠤᠳ ᠰᠢᠢᠳᠪᠦᠷᠢᠯᠡᠬᠦ ᠂ ᠣᠯᠠᠨ ᠲᠠᠯ᠎ᠠ ᠪᠠᠷ ᠨᠠᠮᠳᠠᠭᠤᠯᠬᠤ ᠵᠡᠷᠭᠡ ᠳᠦᠷᠢᠮ ᠲᠣᠭᠲᠠᠴᠠ ᠶ᠋ᠢ ᠨᠠᠷᠢᠯᠢᠭ ᠣᠨᠣᠪᠴᠢᠲᠠᠢ ᠪᠠᠢᠭᠤᠯᠵᠤ ᠂ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠳᠦᠷᠢᠮᠵᠢᠯᠲᠡ ᠂ ᠵᠢᠷᠤᠮᠵᠢᠯᠲᠠ ᠂  ᠰᠢᠰᠲ᠋ᠧᠮᠴᠢᠯᠡᠭᠰᠡᠨ ᠂ ᠬᠠᠤᠯᠢᠵᠢᠯᠲᠠ ᠶ᠋ᠢᠨ ᠲᠦᠪᠰᠢᠨ ᠢ᠋ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ ᠃ ᠡᠭᠦᠨ ᠦ᠌ ᠬᠠᠮᠲᠤ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠰᠢᠢᠳᠪᠦᠷᠢᠯᠡᠬᠦ ᠲᠠᠯ᠎ᠠ ᠪᠠᠷ ᠪᠠᠰᠠ ᠤᠳᠤᠷᠢᠳᠤᠯᠭ᠎ᠠ ᠬᠡᠷᠡᠭ ᠢ᠋ ᠳᠠᠭᠠᠭᠠᠬᠤ ᠂ ᠬᠡᠷᠡᠭ ᠢ᠋ ᠦᠨᠡᠯᠡᠨ ᠪᠠᠢᠴᠠᠭᠠᠬᠤ ᠂ ᠢᠯᠡ ᠪᠡᠷ ᠭᠡᠷᠡᠴᠢᠯᠡᠯᠲᠡ ᠰᠣᠨᠣᠰᠬᠤ ᠂ ᠬᠠᠤᠯᠢ ᠴᠠᠭᠠᠵᠠ  ᠪᠡᠷ ᠠᠪᠤᠷᠠᠨ ᠲᠤᠰᠠᠯᠠᠬᠤ ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠢᠵᠢ ᠪᠦᠷᠢᠳᠦᠭᠰᠡᠨ ᠲᠣᠭᠲᠠᠴᠠ ᠶ᠋ᠢ ᠶᠡᠷᠦᠩᠬᠡᠢᠯᠡᠨ ᠬᠡᠷᠡᠭᠯᠡᠵᠦ ᠂ ᠪᠦᠬᠦ ᠶᠠᠪᠤᠴᠠ ᠂ ᠪᠦᠬᠦ ᠡᠯᠧᠮᠧᠨ᠋ᠲ ᠂ ᠪᠦᠬᠦ ᠬᠡᠯᠬᠢᠶ᠎ᠡ ᠶ᠋ᠢᠨ ᠨᠠᠷᠢᠯᠢᠭᠵᠢᠭᠤᠯᠤᠭᠰᠠᠨ ᠳᠦᠷᠢᠮ ᠦ᠋ᠨ ᠪᠠᠲᠤᠯᠠᠭ᠎ᠠ ᠪᠠᠷ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶ᠋ᠢ ᠳᠡᠭᠡᠭᠰᠢᠯᠡᠭᠦᠯᠬᠦ ᠬᠡᠷᠡᠭᠲᠡᠢ ᠃

    《 ᠪᠦᠲᠦᠮᠵᠢ ᠭᠡᠬᠦ ᠦᠭᠡ  ᠶᠢᠨ ᠲᠠᠯ᠎ᠠ ᠪᠠᠷ ᠰᠢᠪᠲᠤᠯᠤᠯᠲᠠ ᠭᠠᠷᠭᠠᠵᠤ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠲᠣᠭ᠎ᠠ ᠬᠡᠮᠵᠢᠶ᠎ᠡ ᠳᠦ ᠡᠨᠧᠷᠭᠢ ᠣᠯᠭᠤᠬᠤ ᠠᠯᠬᠤᠴᠠ ᠪᠠᠨ ᠲᠦᠷᠭᠡᠳᠬᠡᠬᠦ ᠬᠡᠷᠡᠭᠲᠡᠢ ᠃ ᠮᠡᠳᠡᠭᠡ ᠵᠠᠩᠭᠢᠴᠢᠯᠠᠯᠲᠠ ᠂ ᠲᠤᠭᠤᠴᠢᠯᠠᠯᠲᠠ  ᠪᠡᠷ ᠰᠢᠨ᠎ᠡ ᠴᠠᠭ ᠦᠶ᠎ᠡ ᠶ᠋ᠢᠨ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠴᠢᠬᠤᠯᠠ ᠲᠤᠯᠭᠠᠭᠤᠷᠢᠯᠠᠯ ᠪᠣᠯᠭᠠᠵᠤ ᠂ ᠲᠦᠭᠰᠢᠭᠦᠷᠢ ᠶ᠋ᠢ ᠰᠡᠷᠭᠡᠢᠯᠡᠨ  ᠰᠢᠢᠳᠪᠦᠷᠢᠯᠡᠬᠦ ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠷᠠᠯᠲᠠ ᠶ᠋ᠢ ᠪᠡᠶᠡᠯᠡᠭᠦᠯᠬᠦ ᠡᠴᠡ ᠭᠠᠷᠳᠠᠨ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠲᠠᠪᠴᠠᠩ ᠵᠡᠷᠭᠡ ᠮᠡᠳᠡᠭᠡ ᠵᠠᠩᠭᠢᠵᠢᠯᠲᠠ ᠶ᠋ᠢᠨ ᠰᠢᠰᠲ᠋ᠧᠮ ᠢ᠋ ᠶᠡᠬᠡᠪᠡᠷ ᠬᠡᠷᠡᠭᠯᠡᠨ ᠰᠢᠯᠢᠳᠡᠭᠵᠢᠭᠦᠯᠵᠦ ᠂ ᠵᠠᠬᠢᠳᠠᠯ ᠰᠤᠷᠪᠤᠯᠵᠢᠯᠠᠭ᠎ᠠ ᠶ᠋ᠢ ᠣᠶᠤᠨᠴᠢ ᠪᠠᠷ ᠬᠦᠯᠢᠶᠡᠨ ᠠᠪᠬᠤ ᠂ ᠣᠶᠤᠨᠴᠢ ᠪᠠᠷ ᠰᠢᠢᠳᠪᠦᠷᠢᠯᠡᠬᠦ ᠂ ᠣᠶᠤᠨᠴᠢ ᠪᠠᠷ ᠬᠡᠷᠡᠭ ᠬᠠᠮᠢᠶᠠᠷᠬᠤ ᠂ ᠣᠶᠤᠨᠴᠢ ᠪᠠᠷ ᠤᠷᠢᠳᠴᠢᠯᠠᠨ ᠰᠡᠷᠡᠮᠵᠢᠯᠡᠭᠦᠯᠬᠦ ᠂ ᠣᠶᠤᠨᠴᠢ ᠪᠠᠷ ᠵᠠᠳᠠᠯᠬᠤ ᠵᠡᠷᠭᠡ ᠰᠦᠯᠵᠢᠶᠡᠨ ᠳᠡᠭᠡᠷ᠎ᠡ ᠬᠡᠷᠡᠭᠯᠡᠬᠦ ᠪᠦᠲᠦᠭᠡᠨ ᠪᠠᠢᠭᠤᠯᠤᠯᠲᠠ ᠶ᠋ᠢ ᠪᠥᠬᠥ ᠲᠠᠯ᠎ᠠ ᠪᠠᠷ ᠠᠬᠢᠭᠤᠯᠵᠤ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠲᠣᠭᠠᠴᠢᠯᠠᠭᠰᠠᠨ ᠠᠵᠢᠯᠯᠠᠭᠠᠨ ᠢ᠋ ᠢᠳᠡᠪᠬᠢᠲᠡᠢ ᠬᠡᠷᠡᠭᠯᠡᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠪᠦᠬᠦᠯᠢ ᠴᠣᠭᠴᠠ ᠶ᠋ᠢᠨ ᠦᠷ᠎ᠡ ᠪᠦᠲᠦᠮᠵᠢ ᠶ᠋ᠢ ᠨᠡᠮᠡᠭᠳᠡᠭᠦᠯᠬᠦ ᠬᠡᠷᠡᠭᠲᠡᠢ ᠃

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )