ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ
2023.10.07 ᠲᠣᠰ ᠥᠷᠲᠡᠭᠡᠨ᠎ᠦ ᠨᠠᠢᠷᠠᠭᠤᠯᠤᠭᠴᠢ

    ᠥᠨᠳᠥᠷ ᠦᠷ᠎ᠡ ᠪᠦᠲᠦᠮᠵᠢᠲᠡᠢ ᠭᠦᠢᠴᠡᠳᠬᠡᠬᠦ ᠠᠵᠢᠯ ᠢ ᠵᠢᠪᠦᠯᠲᠦ ᠮᠠᠶᠢᠭ ᠢᠶᠡᠷ ᠪᠡᠶ᠎ᠡ ᠪᠡᠷ ᠢᠶᠡᠨ ᠣᠢᠯᠭᠠᠵᠤ - ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠣᠲᠠ ᠶ᠋ᠢᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠂ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠨ ᠢ᠋ ᠤᠷᠢᠵᠤ ᠭᠡᠷᠡᠴᠢᠯᠡᠭᠦᠯᠦᠨ ᠭᠦᠢᠴᠡᠳᠭᠡᠪᠡ

 

    ᠭᠦᠢᠴᠡᠳᠬᠡᠬᠦ ᠠᠵᠢᠯ ᠤ᠋ᠨ ᠢᠯᠡ ᠲᠣᠳᠣ ᠶ᠋ᠢᠨ ᠬᠡᠮᠵᠢᠶ᠎ᠡ ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠭᠦᠢᠴᠡᠳᠬᠡᠬᠦ ᠬᠢᠨᠠᠯᠲᠠ ᠲᠠᠯᠪᠢᠬᠤ ᠪᠠᠨ ᠴᠢᠩᠭᠠᠳᠬᠠᠬᠤ ᠶ᠋ᠢᠨ ᠲᠥᠯᠥᠭᠡ ᠂ 9 ᠰᠠᠷ᠎ᠠ ᠶ᠋ᠢᠨ 19 ᠦ᠌ ᠡᠳᠦᠷ ᠂ ᠣᠷᠳᠣᠰ ᠬᠣᠲᠠ ᠶ᠋ᠢᠨ  ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢᠭᠡ ᠪᠥᠯᠦᠭ ᠬᠣᠲᠠ ᠶ᠋ᠢᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠂ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠨ ᠢ᠋ ᠤᠷᠢᠵᠤ ᠭᠡᠷ ᠪᠠᠢᠰᠢᠩ ᠨᠤᠷᠠᠭᠠᠵᠤ ᠨᠡᠭᠦᠯᠭᠡᠬᠦ ᠲᠥᠪᠬᠢᠨᠡᠭᠦᠯᠬᠦ ᠨᠥᠬᠥᠪᠥᠷᠢ ᠭᠡᠷ᠎ᠡ ᠶ᠋ᠢᠨ ᠵᠢᠭᠤᠷᠠᠯᠳᠤᠭᠠᠨ ᠠ᠋ᠴᠠ ᠪᠣᠯᠤᠭᠰᠠᠨ ᠭᠦᠢᠴᠡᠳᠬᠡᠬᠦ ᠬᠡᠷᠡᠭ  ᠤᠨ ᠪᠦᠬᠦ ᠶᠠᠪᠤᠴᠠ ᠳ᠋ᠤ᠌ ᠂ ᠭᠡᠷᠡᠴᠢᠯᠡᠬᠦ ᠂ ᠬᠢᠨᠠᠯᠲᠠ ᠲᠠᠯᠪᠢᠭᠤᠯᠵᠤ ᠂ ᠭᠦᠢᠴᠡᠳᠬᠡᠭᠳᠡᠭᠴᠢ ᠶ᠋ᠢᠨ ᠦᠢᠯᠡᠳᠪᠦᠷᠢᠯᠡᠯ ᠦ᠋ᠨ ᠲᠠᠰᠤᠭ ᠲᠤ᠌ ᠮᠠᠰᠢᠨ ᠲᠥᠬᠥᠭᠡᠷᠦᠮᠵᠢ ᠶ᠋ᠢ ᠲᠣᠭᠠᠯᠠᠨ ᠪᠥᠷᠢᠳᠬᠡᠬᠦ ᠵᠡᠷᠭᠡ ᠠᠵᠢᠯ ᠢ ᠶᠠᠪᠤᠭᠳᠠᠭᠤᠯᠵᠦ᠂ ᠭᠤᠶᠤᠴᠢᠯᠠᠭᠴᠢ ᠶ᠋ᠢᠨ ᠬᠠᠤᠯᠢ ᠶᠣᠰᠣᠨ ᠤ᠋ ᠡᠷᠬᠡ ᠠᠰᠢᠭ ᠢ᠋ ᠭᠦᠢᠴᠡᠳ ᠪᠠᠲᠤᠯᠠᠵᠠᠢ ᠃

 

 

    ᠲᠤᠰ ᠬᠡᠷᠡᠭ ᠢ᠋ ᠭᠦᠢᠴᠡᠳᠬᠡᠬᠦ ᠶᠠᠪᠤᠴᠠ ᠳ᠋ᠤ᠌ ᠂ ᠭᠦᠢᠴᠡᠳᠬᠡᠭᠴᠢ ᠰᠢᠭᠦᠭᠴᠢ ᠬᠠᠤᠯᠢ ᠶᠣᠰᠣᠭᠠᠷ ᠭᠦᠢᠴᠡᠳᠭᠡᠭᠳᠡᠭᠴᠢ ᠳᠦ ᠨᠢᠭᠡᠨ ᠮᠠᠰᠢᠨ ᠲᠡᠷᠭᠡᠨ ᠦ᠌ ᠪᠦᠯᠦᠭᠯᠡᠯ ᠦ᠋ᠨ ᠬᠢᠵᠠᠭᠠᠷᠲᠤ ᠺᠣᠮᠫᠠᠨᠢ ᠳ᠋ᠤ᠌ ᠭᠦᠢᠴᠡᠳᠬᠡᠬᠦ ᠮᠡᠳᠡᠭᠳᠡᠯ ᠦ᠋ᠨ ᠪᠢᠴᠢᠭ᠌ ᠪᠣᠯᠤᠨ ᠡᠳ᠋ ᠬᠥᠷᠥᠩᠭᠡ ᠶ᠋ᠢᠨ ᠮᠡᠳᠡᠭᠦᠯᠦᠯᠲᠡ ᠶ᠋ᠢᠨ ᠵᠠᠷᠯᠢᠭ ᠪᠠᠭᠤᠯᠭᠠᠵᠤ ᠂ ᠭᠦᠢᠴᠡᠳᠬᠡᠭᠳᠡᠭᠴᠢ ᠶ᠋ᠢ ᠬᠦᠴᠦᠨ ᠲᠡᠢ ᠪᠣᠯᠤᠭᠰᠠᠨ ᠬᠠᠤᠯᠢ ᠴᠠᠭᠠᠵᠠ ᠶ᠋ᠢᠨ ᠪᠢᠴᠢᠭ᠌ ᠮᠠᠲ᠋ᠧᠷᠢᠶᠠᠯ ᠳ᠋ᠤ᠌ ᠲᠣᠭᠲᠠᠭᠠᠭᠰᠠᠨ ᠡᠭᠦᠷᠭᠡ ᠶ᠋ᠢ ᠭᠦᠢᠴᠡᠳᠭᠡᠭᠦᠯᠬᠦ ᠪᠡᠷ ᠵᠠᠷᠯᠢᠭᠳᠠᠵᠠᠢ ᠂ ᠭᠡᠪᠡᠴᠦ ᠭᠦᠢᠴᠡᠳᠬᠡᠭᠳᠡᠭᠴᠢ ᠦᠯᠦ ᠬᠠᠢᠬᠤᠷᠤᠭᠰᠠᠨ ᠪᠠᠢᠵᠦ᠂ ᠭᠦᠢᠴᠡᠳᠬᠡᠭᠴᠢ ᠰᠢᠭᠦᠭᠴᠢ ᠲᠡᠭᠦᠨ ᠦ᠌ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠲᠡᠢ ᠬᠠᠷᠢᠯᠴᠠᠵᠤ ᠳᠡᠢᠯᠬᠦ ᠦᠭᠡᠢ ᠪᠠᠢᠳᠠᠯ ᠳᠣᠣᠷ᠎ᠠ ᠂ ᠭᠦᠢᠴᠡᠳᠬᠡᠭᠳᠡᠭᠴᠢ ᠶ᠋ᠢᠨ ᠦᠢᠯᠡᠳᠪᠦᠷᠢᠯᠡᠯ ᠦ᠋ᠨ ᠲᠠᠰᠤᠭ ᠲᠤ᠌ ᠬᠦᠷᠴᠦ ᠲᠤᠬᠠᠢ ᠶ᠋ᠢᠨ ᠲᠠᠯᠠᠪᠠᠢ  ᠳᠦ ᠮᠠᠰᠢᠨ ᠲᠥᠬᠥᠭᠡᠷᠦᠮᠵᠢ ᠲᠣᠭᠠᠯᠠᠨ ᠪᠥᠷᠢᠳᠬᠡᠬᠦ ᠵᠡᠷᠭᠡ ᠠᠵᠢᠯ ᠢ᠋ ᠬᠢᠬᠦ ᠪᠡᠷ ᠳᠤᠭᠲᠠᠵᠦ᠂ ᠳᠠᠷᠠᠭᠠᠴᠢ ᠶᠢᠨ ᠠᠵᠢᠯ ᠢᠶᠡᠨ ᠬᠢᠬᠦ ᠳᠦ ᠳᠥᠭᠦᠮ ᠪᠣᠯᠭᠠᠭᠰᠠᠨ ᠪᠠᠢᠨ᠎ᠠ ᠃

    ᠭᠡᠷᠡᠴᠢᠯᠡᠬᠦ ᠶ᠋ᠢ ᠭᠦᠢᠴᠡᠳᠬᠡᠬᠦ ᠲᠥᠯᠥᠭᠡᠯᠡᠭᠴᠢ ᠂ ᠭᠡᠰᠢᠭᠦᠳ ᠢᠯᠡᠳᠬᠡᠬᠦ ᠳ᠋ᠡᠭᠡᠨ ᠡᠨᠡ ᠤᠳᠠᠭᠠᠨ ᠤ᠋ ᠭᠦᠢᠴᠡᠳᠬᠡᠬᠦ ᠠᠵᠢᠯ ᠳ᠋ᠤ᠌ ᠣᠷᠣᠯᠴᠠᠨ ᠭᠡᠷᠡᠴᠢᠯᠡᠭᠴᠢ ᠪᠣᠯᠤᠭᠰᠠᠨ ᠨᠢ ᠂ ᠰᠢᠭᠦᠬᠦ ᠬᠣᠷᠢᠶᠠᠨ ᠤ᠋ 《ᠴᠢᠳᠠᠮᠠᠭᠠᠢ ᠬᠠᠤᠯᠢ ᠴᠠᠭᠠᠵᠠ 》 ᠠᠵᠢᠯ ᠤ᠋ᠨ ᠣᠢᠯᠠᠭᠠᠭᠳᠠᠬᠤᠨ ᠢ᠋ ᠮᠡᠳᠡᠷᠡᠵᠦ ᠂ ᠭᠦᠢᠴᠡᠳᠬᠡᠬᠦ ᠰᠢᠭᠦᠭᠴᠢ ᠲᠤᠰᠢᠶᠠᠯᠲᠠᠨ ᠲᠤᠬᠠᠢ ᠶ᠋ᠢᠨ ᠬᠥᠮᠦᠨ ᠦ᠌ 《 ᠵᠣᠭᠤᠰ ᠮᠥᠩᠭᠥ 》 ᠶ᠋ᠢ ᠪᠡᠶᠡᠯᠡᠭᠦᠯᠬᠦ ᠳ᠋ᠦ᠍  ᠠᠮᠤᠷ ᠦᠭᠡᠢ ᠪᠠ ᠬᠦᠴᠢᠷ ᠪᠡᠷᠬᠡ ᠭᠡᠳᠡᠭ ᠢ᠋ ᠣᠢᠯᠠᠭᠠᠵᠤ ᠂ ᠰᠢᠭᠦᠬᠦ ᠬᠣᠷᠢᠶ᠎ᠠ ᠶᠢᠨ ᠬᠣᠢᠰᠢᠳᠠ ᠶ᠋ᠢᠨ ᠭᠦᠢᠴᠡᠳᠬᠡᠬᠦ ᠠᠵᠢᠯ ᠤ᠋ᠨ ᠳᠤᠮᠳᠠ ᠪᠠᠨ ᠲᠥᠪ ᠭᠣᠣᠯᠴᠢ ᠰᠢᠳᠤᠷᠭᠤ ᠶᠣᠰᠣ ᠶ᠋ᠢ ᠪᠡᠶᠡᠯᠡᠭᠦᠯᠬᠦ 《 ᠬᠠᠮᠤᠭ ᠡᠴᠦᠰ ᠦ᠋ᠨ ᠵᠠᠮ 》 ᠢ᠋ ᠦᠷᠭᠦᠯᠵᠢᠯᠡᠨ ᠨᠡᠪᠲᠡᠷᠡᠭᠦᠯᠬᠦ ᠶ᠋ᠢ ᠬᠦᠰᠡᠵᠦ ᠪᠠᠢᠨ᠎ᠠ ᠭᠡᠵᠡᠢ ᠃

    ᠳᠠᠷᠠᠭᠠᠴᠢ ᠶ᠋ᠢᠨ ᠠᠯᠬᠤᠮ ᠳ᠋ᠤ᠌ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠦᠷᠭᠦᠯᠵᠢᠯᠡᠨ《  ᠭᠡᠷᠡᠴᠢᠯᠡᠵᠦ ᠭᠦᠢᠴᠡᠳᠬᠡᠬᠦ 》ᠠᠵᠢᠯᠯᠠᠭ᠎ᠠ ᠶ᠋ᠢ ᠪᠠᠢᠢᠩᠭᠤᠵᠢᠭᠤᠯᠬᠤ ᠲᠣᠭᠲᠠᠴᠠ ᠳ᠋ᠤ᠌ ᠣᠷᠣᠭᠤᠯᠵᠤ ᠂ ᠲᠥᠯᠥᠭᠡᠯᠡᠭᠴᠢᠳ ᠂ ᠭᠡᠰᠢᠭᠦᠳ ᠪᠣᠯᠤᠨ ᠨᠡᠢᠭᠡᠮ ᠦ᠋ᠨ ᠡᠯ᠎ᠡ ᠡᠲᠡᠭᠡᠳ ᠲᠦ᠍ ᠭᠦᠢᠴᠡᠳᠬᠡᠬᠦ ᠠᠵᠢᠯ ᠤ᠋ᠨ ᠣᠳᠣᠬᠢ ᠪᠠᠢᠳᠠᠯ ᠢ᠋ ᠭᠦᠢᠴᠡᠳ ᠣᠢᠯᠠᠭᠠᠭᠤᠯᠵᠤ ᠂ ᠭᠦᠢᠴᠡᠳᠬᠡᠬᠦ ᠠᠵᠢᠯ ᠳ᠋ᠤ᠌ ᠬᠢᠨᠠᠯᠲᠠ ᠲᠠᠯᠪᠢᠬᠤ ᠂ ᠣᠷᠣᠯᠴᠠᠬᠤ ᠂ ᠣᠢᠯᠠᠭᠠᠬᠤ ᠂ ᠳᠡᠮᠵᠢᠯᠭᠡ ᠦᠵᠡᠭᠦᠯᠵᠦ ᠂ 《 ᠭᠦᠢᠴᠡᠳᠬᠡᠬᠦ ᠳ᠋ᠦ᠍ ᠬᠦᠴᠢᠷ ᠢ ᠰᠢᠢᠳᠪᠦᠷᠢᠯᠡᠬᠦ ᠶᠢ ᠪᠠᠲᠤᠵᠢᠭᠤᠯᠬᠤ  》 ᠡᠨᠡᠬᠦ ᠬᠠᠲᠠᠭᠤ ᠰᠢᠷᠦᠭᠦᠨ ᠲᠡᠢᠨ ᠳ᠋ᠦ᠍ ᠢᠯᠠᠯᠲᠠ ᠣᠯᠬᠤ ᠳ᠋ᠤ᠌ ᠰᠠᠢᠨ ᠰᠠᠭᠤᠷᠢ ᠲᠠᠯᠪᠢᠶ᠎ᠠ ᠭᠡᠰᠡᠨ ᠪᠠᠢᠨ᠎ᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )