ᠪᠦᠬᠦ ᠬᠣᠲᠠ ᠶ᠋ᠢᠨ ᠠᠩᠬᠠᠳᠠᠭᠴᠢ ᠠᠮᠢ ᠠᠬᠤᠢ ᠶ᠋ᠢᠨ ᠣᠷᠴᠢᠨ ᠲᠣᠭᠣᠷᠢᠨ ᠢ᠋ ᠬᠠᠮᠠᠭᠠᠯᠠᠬᠤ ᠬᠠᠤᠯᠢ ᠴᠠᠭᠠᠵᠠ
2023.10.08 ᠲᠣᠰ ᠥᠷᠲᠡᠭᠡᠨ᠎ᠦ ᠨᠠᠢᠷᠠᠭᠤᠯᠤᠭᠴᠢ

    ᠪᠦᠬᠦ ᠬᠣᠲᠠ ᠶ᠋ᠢᠨ ᠠᠩᠬᠠᠳᠠᠭᠴᠢ ᠠᠮᠢ ᠠᠬᠤᠢ ᠶ᠋ᠢᠨ ᠣᠷᠴᠢᠨ ᠲᠣᠭᠣᠷᠢᠨ ᠢ᠋ ᠬᠠᠮᠠᠭᠠᠯᠠᠬᠤ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠬᠥᠮᠦᠵᠢᠯ ᠦ᠋ᠨ ᠪᠣᠢᠵᠢᠭᠤᠯᠵᠤ ᠬᠥᠮᠦᠵᠢᠭᠦᠯᠬᠦ ᠰᠠᠭᠤᠷᠢᠨ ᠭᠠᠵᠠᠷ ᠤ᠋ᠨ ᠫᠠᠢᠰᠠ ᠰᠡᠬᠦᠪᠡ

 

    9 ᠰᠠᠷ᠎ᠠ ᠶ᠋ᠢᠨ 19 ᠦ᠌ ᠡᠳᠦᠷ ᠂ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠂ ᠬᠣᠲᠠ ᠶ᠋ᠢᠨ ᠠᠷᠠᠳ ᠤ᠋ᠨ ᠪᠠᠢᠴᠠᠭᠠᠬᠤ ᠬᠣᠷᠢᠶ᠎ᠠ ᠂ ᠬᠣᠲᠠ ᠶ᠋ᠢᠨ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠂ ᠣᠷᠳᠣᠰ ᠤ᠋ᠨ ᠠᠮᠢ ᠠᠬᠤᠢ ᠶ᠋ᠢᠨ ᠣᠷᠴᠢᠨ ᠲᠣᠭᠣᠷᠢᠨ ᠤ᠋ ᠠᠵᠢᠯ ᠮᠡᠷᠭᠡᠵᠢᠯ  ᠤ᠋ᠨ ᠳᠡᠭᠡᠳᠦ ᠰᠤᠷᠭᠠᠭᠤᠯᠢ ᠬᠠᠮᠲᠤᠷᠠᠨ ᠪᠠᠢᠭᠤᠯᠤᠭᠰᠠᠨ ᠪᠦᠬᠦ ᠬᠣᠲᠠ ᠶ᠋ᠢᠨ ᠠᠩᠬᠠᠳᠠᠭᠴᠢ 《 ᠠᠮᠢ ᠠᠬᠤᠢ ᠶ᠋ᠢᠨ ᠣᠷᠴᠢᠨ ᠲᠣᠭᠣᠷᠢᠨ ᠢ᠋ ᠬᠠᠮᠠᠭᠠᠯᠠᠬᠤ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠬᠥᠮᠦᠵᠢᠯ ᠦ᠋ᠨ ᠪᠣᠢᠵᠢᠭᠤᠯᠵᠤ ᠬᠥᠮᠦᠵᠢᠭᠦᠯᠬᠦ ᠰᠠᠭᠤᠷᠢᠨ ᠭᠠᠵᠠᠷ》 ᠨᠢ ᠣᠷᠳᠣᠰ ᠤ᠋ᠨ ᠠᠮᠢ ᠠᠬᠤᠢ ᠶ᠋ᠢᠨ ᠣᠷᠴᠢᠨ ᠲᠣᠭᠣᠷᠢᠨ ᠤ᠋ ᠠᠵᠢᠯ ᠮᠡᠷᠭᠡᠵᠢᠯ  ᠤ᠋ᠨ ᠳᠡᠭᠡᠳᠦ ᠰᠤᠷᠭᠠᠭᠤᠯᠢ ᠳ᠋ᠤ᠌ ᠫᠠᠢᠰᠠ ᠰᠡᠬᠦᠵᠦ ᠪᠠᠢᠭᠤᠯᠤᠭᠳᠠᠵᠠᠢ ᠃ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠂ ᠬᠣᠲᠠ ᠶ᠋ᠢᠨ ᠠᠷᠠᠳ ᠤ᠋ᠨ ᠪᠠᠢᠴᠠᠭᠠᠬᠤ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠪᠠᠢᠴᠠᠭᠠᠬᠤ ᠳᠠᠷᠤᠭ᠎ᠠ ᠶᠠᠩ ᠱᠢ ᠯᠢᠨ ᠂ ᠣᠷᠳᠣᠰ ᠤ᠋ᠨ ᠠᠮᠢ ᠠᠬᠤᠢ ᠶ᠋ᠢᠨ ᠣᠷᠴᠢᠨ ᠲᠣᠭᠣᠷᠢᠨ ᠤ᠋ ᠠᠵᠢᠯ ᠮᠡᠷᠭᠡᠵᠢᠯ  ᠤ᠋ᠨ ᠳᠡᠭᠡᠳᠦ ᠰᠤᠷᠭᠠᠭᠤᠯᠢ ᠶ᠋ᠢᠨ ᠨᠠᠮ ᠤ᠋ᠨ ᠬᠣᠷᠢᠶᠠᠨ ᠤ᠋ ᠱᠦᠵᠢ ᠸᠠᠩ ᠰᠢᠦᠸᠠᠢ ᡁᠢ ᠂ ᠨᠠᠮ ᠤ᠋ᠨ ᠬᠣᠷᠢᠶᠠᠨ ᠤ᠋ ᠳᠡᠳ᠋ ᠱᠦᠵᠢ ᠂ ᠬᠣᠷᠢᠶᠠᠨ ᠳᠠᠷᠤᠭ᠎ᠠ ᠸᠠᠩ ᠳ᠋ᠸ ᠴᠢᠶᠠᠩ ᠵᠢᠴᠢ ᠬᠠᠮᠢᠶ᠎ᠠ ᠪᠦᠬᠦᠢ ᠨᠢᠭᠡᠴᠡ ᠶ᠋ᠢᠨ ᠤᠳᠤᠷᠢᠳᠤᠯᠭ᠎ᠠ ᠂ ᠠᠵᠤ ᠠᠬᠤᠢᠯᠠᠯ ᠤ᠋ᠨ ᠲᠥᠯᠥᠭᠡᠯᠡᠭᠴᠢ ᠂ ᠨᠡᠢᠲᠡ ᠶ᠋ᠢᠨ ᠠᠰᠠᠷᠠᠮᠵᠢ ᠶ᠋ᠢᠨ ᠵᠣᠬᠢᠶᠠᠨ ᠪᠠᠢᠭᠤᠯᠤᠯᠲᠠ ᠶ᠋ᠢᠨ ᠲᠥᠯᠥᠭᠡᠯᠡᠭᠴᠢ ᠫᠠᠢᠰᠠ ᠰᠡᠬᠦᠬᠦ ᠶᠣᠰᠣᠯᠠᠯ ᠳ᠋ᠤ᠌ ᠣᠷᠣᠯᠴᠠᠪᠠ ᠃

 

 

    ᠫᠠᠢᠰᠠ ᠰᠡᠬᠦᠬᠦ ᠶᠣᠰᠣᠯᠠᠯ ᠳᠡᠭᠡᠷ᠎ᠡ ᠂ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠂ ᠬᠣᠲᠠ ᠶ᠋ᠢᠨ ᠠᠷᠠᠳ ᠤ᠋ᠨ ᠪᠠᠢᠴᠠᠭᠠᠬᠤ ᠬᠣᠷᠢᠶ᠎ᠠ ᠂ ᠬᠣᠲᠠ ᠶ᠋ᠢᠨ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠂ ᠬᠣᠲᠠ ᠶ᠋ᠢᠨ ᠠᠮᠢ ᠠᠬᠤᠢ ᠣᠷᠴᠢᠨ ᠲᠣᠭᠣᠷᠢᠨ ᠤ᠋ ᠲᠣᠪᠴᠢᠶ᠎ᠠ ᠂ ᠬᠣᠲᠠ ᠶ᠋ᠢᠨ ᠤᠰᠤᠨ ᠠᠰᠢᠭᠯᠠᠯᠲᠠ ᠶ᠋ᠢᠨ ᠲᠣᠪᠴᠢᠶ᠎ᠠ ᠂ ᠬᠣᠲᠠ ᠶ᠋ᠢᠨ ᠪᠠᠢᠭᠠᠯᠢ ᠶ᠋ᠢᠨ ᠡᠬᠢ ᠪᠠᠶᠠᠯᠢᠭ ᠤ᠋ᠨ ᠲᠣᠪᠴᠢᠶ᠎ᠠ ᠂ ᠬᠣᠲᠠ ᠶ᠋ᠢᠨ ᠣᠢ ᠰᠢᠭᠤᠢ ᠪᠣᠯᠤᠨ ᠲᠠᠯ᠎ᠠ ᠨᠤᠲᠤᠭ ᠤ᠋ᠨ ᠲᠣᠪᠴᠢᠶ᠎ᠠ ᠵᠡᠷᠭᠡ 7 ᠨᠢᠭᠡᠴᠡ ᠬᠠᠮᠲᠤᠪᠠᠷ 《 ᠣᠷᠳᠣᠰ ᠬᠣᠲᠠ ᠶ᠋ᠢᠨ ᠠᠮᠢ ᠠᠬᠤᠢ ᠣᠷᠴᠢᠨ ᠲᠣᠭᠣᠷᠢᠨ ᠢ᠋ ᠬᠠᠮᠠᠭᠠᠯᠠᠬᠤ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶ᠋ᠢᠨ ᠬᠣᠯᠪᠣᠭᠠᠯᠠᠨ ᠬᠥᠳᠡᠯᠦᠯᠴᠡᠬᠦ ᠲᠣᠭᠲᠠᠴᠠ 》 ᠳ᠋ᠤ᠌ ᠭᠠᠷ ᠤ᠋ᠨ ᠦᠰᠦᠭ ᠵᠢᠷᠤᠵᠠᠢ ᠃ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠂ ᠬᠣᠲᠠ ᠶ᠋ᠢᠨ ᠠᠷᠠᠳ ᠤ᠋ᠨ ᠪᠠᠢᠴᠠᠭᠠᠬᠤ ᠬᠣᠷᠢᠶ᠎ᠠ ᠂ ᠬᠣᠲᠠ ᠶ᠋ᠢᠨ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠂ ᠣᠷᠳᠣᠰ ᠤ᠋ᠨ ᠠᠮᠢ ᠠᠬᠤᠢ ᠶ᠋ᠢᠨ ᠣᠷᠴᠢᠨ ᠲᠣᠭᠣᠷᠢᠨ ᠤ᠋ ᠠᠵᠢᠯ ᠮᠡᠷᠭᠡᠵᠢᠯ ᠦ᠋ᠨ ᠳᠡᠭᠡᠳᠦ ᠰᠤᠷᠭᠠᠭᠤᠯᠢ ᠬᠢᠭᠡᠳ ᠬᠤᠷᠠᠯ ᠤ᠋ᠨ ᠤᠳᠤᠷᠢᠳᠤᠯᠭ᠎ᠠ ᠬᠠᠮᠲᠤᠪᠠᠷ ᠣᠷᠳᠣᠰ ᠬᠣᠲᠠ ᠶ᠋ᠢᠨ ᠠᠮᠢ ᠠᠬᠤᠢ ᠶ᠋ᠢᠨ ᠣᠷᠴᠢᠨ ᠲᠣᠭᠣᠷᠢᠨ ᠢ᠋ ᠬᠠᠮᠠᠭᠠᠯᠠᠬᠤ ᠬᠥᠮᠦᠵᠢᠯ ᠢ᠋ ᠪᠣᠢᠵᠢᠭᠤᠯᠬᠤ ᠰᠠᠭᠤᠷᠢᠨ ᠭᠠᠵᠠᠷ ᠤ᠋ᠨ ᠫᠠᠢᠰᠠ ᠰᠡᠬᠦᠪᠡ ᠃

    ᠠᠮᠢ ᠠᠬᠤᠢ ᠶ᠋ᠢᠨ ᠣᠷᠴᠢᠨ ᠲᠣᠭᠣᠷᠢᠨ ᠢ᠋ ᠬᠠᠤᠯᠢ ᠴᠠᠭᠠᠵᠠ ᠪᠠᠷ ᠬᠠᠮᠠᠭᠠᠯᠠᠨ ᠪᠣᠢᠵᠢᠭᠤᠯᠬᠤ ᠰᠠᠭᠤᠷᠢᠨ ᠭᠠᠵᠠᠷ ᠪᠣᠯ ᠠᠮᠢ ᠠᠬᠤᠢ ᠶ᠋ᠢ ᠰᠡᠷᠭᠦᠭᠡᠬᠦ ᠂ ᠦᠷ᠎ᠡ ᠪᠦᠲᠦᠭᠡᠯ ᠢ᠋ ᠳᠡᠯᠭᠡᠨ ᠦᠵᠡᠭᠦᠯᠬᠦ ᠂ ᠬᠠᠤᠯᠢ ᠪᠠᠷ ᠵᠠᠰᠠᠬᠤ ᠤᠬᠠᠭᠤᠯᠭ᠎ᠠ ᠂ ᠰᠡᠷᠡᠮᠵᠢᠯᠡᠭᠦᠯᠬᠦ ᠬᠥᠮᠦᠵᠢᠯ ᠵᠡᠷᠭᠡ ᠴᠢᠳᠠᠮᠵᠢ ᠶ᠋ᠢ ᠨᠢᠭᠡ ᠴᠣᠭᠴᠠᠵᠢᠭᠤᠯᠤᠭᠰᠠᠨ ᠦᠢᠯᠡᠳᠦᠯᠭᠡ ᠶ᠋ᠢᠨ ᠴᠢᠨᠠᠷᠲᠠᠢ ᠰᠤᠷᠭᠠᠨ ᠬᠥᠮᠦᠵᠢᠯ  ᠤ᠋ᠨ ᠪᠣᠢᠵᠢᠭᠤᠯᠬᠤ ᠰᠠᠭᠤᠷᠢᠨ ᠭᠠᠵᠠᠷ ᠪᠣᠯᠬᠤ ᠪᠥᠭᠡᠳ ᠰᠢᠰᠲ᠋ᠧᠮ ᠲᠡᠢ ᠪᠡᠷ ᠵᠠᠰᠠᠬᠤ ᠂ ᠬᠥᠮᠦᠨ ᠬᠢᠭᠡᠳ ᠪᠠᠢᠭᠠᠯᠢ ᠶ᠋ᠢᠨ ᠡᠶ᠎ᠡ ᠵᠣᠬᠢᠴᠠᠯ ᠲᠠᠢ ᠬᠠᠮᠲᠤᠪᠠᠷ ᠣᠷᠣᠰᠢᠬᠤ ᠣᠳᠣᠬᠢᠴᠢᠯᠠᠯᠲᠠ ᠶ᠋ᠢ ᠪᠠᠷᠢᠮᠲᠠᠯᠠᠬᠤ ᠪᠣᠳᠠᠲᠠᠢ ᠦᠢᠯᠡᠳᠦᠯᠭᠡ ᠪᠣᠯᠤᠨ᠎ᠠ ᠂《 ᠰᠡᠷᠭᠦᠭᠡᠯᠲᠡ ᠶ᠋ᠢᠨ ᠴᠢᠨᠠᠷᠲᠠᠢ ᠬᠠᠤᠯᠢ ᠴᠠᠭᠠᠵᠠ ᠶ᠋ᠢᠨ ᠦᠢᠯᠡᠳᠦᠯᠭᠡ + ᠨᠡᠢᠭᠡᠮ ᠤ᠋ᠨ ᠶᠡᠷᠦᠩᠬᠡᠢᠯᠡᠭᠰᠡᠨ ᠵᠠᠰᠠᠯᠲᠠ 》ᠶ᠋ᠢ ᠨᠠᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠂ ᠠᠮᠢ ᠠᠬᠤᠢ ᠶ᠋ᠢᠨ ᠣᠷᠴᠢᠨ ᠲᠣᠭᠣᠷᠢᠨ ᠤ᠋ ᠠᠵᠢᠯ ᠮᠡᠷᠭᠡᠵᠢᠯ  ᠤ᠋ᠨ ᠳᠡᠭᠡᠳᠦ ᠰᠤᠷᠭᠠᠭᠤᠯᠢ ᠶ᠋ᠢᠨ ᠰᠤᠷᠭᠠᠨ ᠬᠥᠮᠦᠵᠢᠯ  ᠤ᠋ᠨ ᠡᠬᠢ ᠪᠠᠶᠠᠯᠢᠭ ᠤ᠋ᠨ ᠳᠠᠪᠠᠭᠤᠯᠢᠭ ᠬᠢᠭᠡᠳ ᠣᠶᠤᠨ ᠴᠢᠳᠠᠪᠤᠷᠢ ᠶ᠋ᠢᠨ ᠳᠠᠪᠠᠭᠤᠯᠢᠭ ᠢ᠋ ᠪᠦᠲᠦᠮᠵᠢᠲᠡᠢ ᠨᠢᠭᠲᠠᠷᠠᠭᠤᠯᠵᠤ ᠂ ᠳᠣᠲᠣᠭᠠᠳᠤ ᠶ᠋ᠢ ᠬᠠᠮᠠᠭᠠᠯᠠᠬᠤ ᠪᠠᠢᠴᠠᠭᠠᠬᠤ ᠬᠠᠤᠯᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠢ᠋ ᠬᠠᠪᠰᠤᠷᠤᠨ ᠲᠤᠰᠬᠠᠢ ᠠᠵᠢᠯ ᠤ᠋ᠨ ᠠᠮᠢ ᠠᠬᠤᠢ ᠶ᠋ᠢᠨ ᠣᠷᠴᠢᠨ ᠲᠣᠭᠣᠷᠢᠨ ᠢ᠋ ᠡᠪᠳᠡᠨ ᠰᠡᠷᠭᠦᠭᠡᠬᠦ ᠲᠥᠰᠦᠯ ᠲᠣᠭᠲᠠᠭᠠᠵᠤ ᠂ ᠬᠠᠮᠲᠤᠪᠠᠷ ᠬᠢᠨᠠᠯᠲᠠ ᠲᠠᠯᠪᠢᠬᠤ ᠂ ᠰᠡᠯᠪᠢᠨ ᠵᠠᠰᠠᠭᠰᠠᠨ ᠦᠷ᠎ᠡ ᠪᠦᠲᠦᠮᠵᠢ ᠶ᠋ᠢ ᠰᠢᠯᠭᠠᠨ ᠠᠪᠴᠤ ᠂ ᠠᠮᠢ ᠠᠬᠤᠢ ᠶ᠋ᠢᠨ ᠣᠷᠴᠢᠨ ᠲᠣᠭᠣᠷᠢᠨ ᠪᠣᠯᠤᠨ ᠡᠬᠢ ᠪᠠᠶᠠᠯᠢᠭ ᠢ᠋ ᠬᠠᠮᠠᠭᠠᠯᠠᠨ ᠵᠠᠰᠠᠬᠤ ᠬᠢᠷᠢ ᠬᠡᠮᠵᠢᠶ᠎ᠡ ᠶ᠋ᠢ ᠳᠡᠭᠡᠭᠰᠢᠯᠡᠭᠦᠯᠬᠦ ᠪᠣᠯᠤᠨ᠎ᠠ ᠃ ᠬᠠᠮᠲᠤᠷᠠᠨ ᠭᠠᠷ ᠤ᠋ᠨ ᠦᠰᠦᠭ ᠵᠢᠷᠤᠭᠰᠠᠨ 《 ᠣᠷᠳᠣᠰ ᠬᠣᠲᠠ ᠶ᠋ᠢᠨ ᠠᠮᠢ ᠠᠬᠤᠢ ᠶ᠋ᠢᠨ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠬᠠᠤᠯᠢ ᠬᠡᠷᠡᠭᠵᠢᠭᠦᠯᠬᠦ ᠬᠣᠯᠪᠣᠭᠠᠯᠠᠨ ᠬᠥᠳᠡᠯᠦᠯᠴᠡᠬᠦ ᠲᠣᠭᠲᠠᠴᠠ ᠶ᠋ᠢ ᠪᠠᠢᠭᠤᠯᠬᠤ ᠲᠤᠬᠠᠢ ᠰᠠᠨᠠᠯ 》 ᠨᠢ ᠂ ᠵᠠᠰᠠᠭ ᠵᠠᠬᠢᠷᠭᠠᠨ ᠤ᠋ ᠬᠠᠤᠯᠢ ᠬᠡᠷᠡᠭᠵᠢᠭᠦᠯᠬᠦ ᠪᠠ ᠣᠷᠴᠢᠨ ᠲᠣᠭᠣᠷᠢᠨ ᠤ᠋ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠨᠡᠢᠯᠡᠮᠡᠯ ᠬᠦᠴᠦᠨ ᠢ᠋ ᠪᠦᠲᠦᠮᠵᠢᠲᠡᠢ ᠡᠮᠬᠢᠯᠡᠨ ᠨᠡᠢᠯᠡᠭᠦᠯᠵᠦ ᠂ ᠠᠮᠢ ᠠᠬᠤᠢ ᠶ᠋ᠢᠨ ᠶᠡᠷᠦᠩᠬᠡᠢᠯᠡᠨ ᠵᠠᠰᠠᠬᠤ ᠶᠡᠬᠡ ᠪᠠᠢᠷᠢᠰᠢᠯ ᠢ᠋ ᠤᠯᠠᠮ ᠨᠢᠭᠡ ᠠᠯᠬᠤᠮ ᠪᠠᠢᠭᠤᠯᠬᠤ ᠳ᠋ᠤ᠌ ᠳᠦᠷᠢᠮ  ᠤ᠋ᠨ ᠪᠠᠲᠤᠯᠠᠭ᠎ᠠ ᠬᠠᠩᠭᠠᠵᠤ ᠂ ᠣᠷᠳᠣᠰ ᠤ᠋ᠨ ᠠᠮᠢ ᠠᠬᠤᠢ ᠶ᠋ᠢᠨ ᠬᠠᠮᠠᠭᠠᠯᠠᠯᠲᠠ ᠪᠠ ᠪᠣᠬᠢᠷᠲᠤᠯ ᠥᠬᠡᠢ ᠳᠣᠣᠷ᠎ᠠ ᠨᠡᠭᠦᠷᠡᠰᠦᠲᠥ᠋ᠷᠦᠭᠴᠢᠲᠦ ᠬᠥᠭᠵᠢᠯᠲᠡ ᠶ᠋ᠢ ᠪᠡᠶᠡᠯᠡᠭᠦᠯᠬᠦ ᠳ᠋ᠦ᠍ ᠬᠥᠳᠡᠯᠭᠡᠬᠦ ᠬᠦᠴᠦᠨ ᠢ᠋ ᠨᠡᠮᠡᠷᠢᠯᠡᠪᠡ ᠃

    ᠳᠠᠷᠠᠭ᠎ᠠ ᠠᠯᠬᠤᠮ ᠳ᠋ᠤ᠌ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠠᠮᠢ ᠠᠬᠤᠢ ᠶ᠋ᠢᠨ ᠣᠷᠴᠢᠨ ᠲᠣᠭᠣᠷᠢᠨ ᠢ᠋ ᠬᠠᠤᠯᠢ ᠴᠠᠭᠠᠵᠠ ᠪᠠᠷ ᠬᠠᠮᠠᠭᠠᠯᠠᠬᠤ ᠬᠥᠮᠦᠵᠢᠯ ᠪᠣᠢᠵᠢᠭᠤᠯᠬᠤ ᠰᠠᠭᠤᠷᠢᠨ ᠭᠠᠵᠠᠷ ᠢ᠋ ᠪᠠᠢᠭᠤᠯᠬᠤ ᠪᠠᠷ ᠠᠵᠠ ᠲᠣᠬᠢᠶᠠᠯ ᠪᠣᠯᠭᠠᠨ ᠂ ᠰᠢ ᠵᠢᠨ ᠫᠢᠩ ᠦ᠋ᠨ ᠠᠮᠢ ᠠᠬᠤᠢ ᠶ᠋ᠢᠨ ᠪᠣᠯᠪᠠᠰᠤᠨ ᠤ᠋ ᠦᠵᠡᠯ ᠰᠠᠨᠠᠭ᠎ᠠ ᠶ᠋ᠢ ᠦᠷᠭᠦᠯᠵᠢᠯᠡᠨ ᠭᠦᠨᠵᠡᠭᠡᠢ ᠲᠤᠤᠱᠯᠠᠭᠤᠯᠵᠤ ᠂ 《ᠬᠣᠶᠠᠷ ᠠᠭᠤᠯᠠ》 ᠶ᠋ᠢᠨ ᠣᠢᠯᠠᠭᠠᠭᠳᠠᠬᠤᠨ ᠢ᠋ ᠢᠳᠡᠪᠬᠢᠲᠡᠢ ᠦᠢᠯᠡᠳᠦᠯᠭᠡᠵᠢᠭᠦᠯᠵᠦ ᠂ ᠰᠠᠢᠲᠤᠷ ᠬᠢᠵᠦ ᠪᠣᠳᠠᠲᠠᠢ ᠬᠢᠬᠦ ᠬᠠᠤᠯᠢ ᠴᠠᠭᠠᠵᠠ ᠶ᠋ᠢ ᠭᠦᠨᠵᠡᠭᠡᠢ ᠬᠡᠷᠡᠭᠵᠢᠭᠦᠯᠵᠦ ᠂ 《 ᠬᠠᠤᠯᠢ ᠬᠡᠷᠡᠭᠵᠢᠭᠦᠯᠬᠦ + ᠵᠠᠰᠠᠭ ᠶᠠᠪᠤᠭᠤᠯᠬᠤ 》 ᠴᠡᠩᠭᠡᠭ ᠤᠰᠤ ᠴᠡᠯᠡᠭᠡᠷ ᠠᠭᠤᠯᠠ ᠶ᠋ᠢ ᠬᠠᠮᠲᠤ ᠪᠠᠷ ᠬᠠᠮᠠᠭᠠᠯᠠᠬᠤ ᠠᠮᠢᠳᠤ ᠴᠣᠪᠣᠭᠣᠯᠢᠭ ᠦᠢᠯᠡᠳᠦᠯᠭᠡ ᠶ᠋ᠢ ᠦᠷᠭᠦᠯᠵᠢᠯᠡᠨ ᠭᠦᠨᠵᠡᠭᠡᠢᠷᠡᠭᠦᠯᠵᠦ ᠂ ᠣᠷᠳᠣᠰ ᠤ᠋ᠨ ᠰᠢᠭᠦᠬᠦ ᠬᠣᠷᠢᠶ᠎ᠠ ᠶ᠋ᠢᠨ ᠣᠷᠴᠢᠨ ᠲᠣᠭᠣᠷᠢᠨ ᠤ᠋ ᠡᠬᠢ ᠪᠠᠶᠠᠯᠢᠭ ᠢ᠋ ᠰᠢᠭᠦᠨ ᠲᠠᠰᠤᠯᠬᠤ《 ᠠᠯᠲᠠᠨ ᠨᠡᠷ᠎ᠡ ᠶ᠋ᠢᠨ ᠬᠠᠭᠤᠳᠠᠰᠤ 》 ᠶ᠋ᠢ ᠡᠭᠦᠳᠴᠦ ᠂ ᠣᠷᠳᠣᠰ ᠬᠣᠲᠠ ᠶ᠋ᠢᠨ ᠠᠮᠢ ᠠᠬᠤᠢ ᠶ᠋ᠢᠨ ᠪᠣᠯᠪᠠᠰᠤᠨ ᠤ᠋ ᠪᠠᠢᠭᠤᠯᠤᠯᠲᠠ ᠪᠠ ᠪᠣᠬᠢᠷᠲᠤᠯ ᠦᠭᠡᠢ ᠬᠥᠭᠵᠢᠯᠲᠡ ᠳ᠋ᠦ᠍ ᠴᠢᠨᠠᠷ ᠰᠠᠢᠲᠠᠢ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠬᠠᠤᠯᠢ ᠴᠠᠭᠠᠵᠠ ᠶ᠋ᠢᠨ ᠪᠠᠲᠤ ᠪᠡᠬᠢ ᠪᠠᠲᠤᠯᠠᠭ᠎ᠠ ᠶ᠋ᠢ ᠪᠥᠬᠥ ᠬᠦᠴᠦᠨ ᠢ᠋ᠶ᠋ᠡᠷ ᠢ᠋ᠶ᠋ᠡᠨ ᠬᠠᠩᠭᠠᠨ᠎ᠠ ᠃

    ᠫᠠᠢᠰᠠ ᠰᠡᠬᠦᠬᠦ ᠶᠣᠰᠣᠯᠠᠯ ᠳᠡᠭᠡᠷ᠎ᠡ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠂ ᠣᠷᠳᠣᠰ ᠬᠣᠲᠠ ᠶ᠋ᠢᠨ ᠠᠷᠠᠳ ᠤ᠋ᠨ ᠪᠠᠢᠴᠠᠭᠠᠬᠤ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ᠂ ᠪᠠᠢᠴᠠᠭᠠᠬᠤ ᠳᠠᠷᠤᠭ᠎ᠠ ᠶᠠᠩ ᠱ᠌ᠢ ᠯᠢᠨ ᠂ ᠣᠷᠳᠣᠰ ᠬᠣᠲᠠ ᠶ᠋ᠢᠨ ᠠᠮᠢ ᠠᠬᠤᠢ ᠶ᠋ᠢᠨ ᠣᠷᠴᠢᠨ ᠲᠣᠭᠣᠷᠢᠨ ᠤ᠋ ᠠᠵᠢᠯ ᠮᠡᠷᠭᠡᠵᠢᠯ ᠦ᠋ᠨ ᠳᠡᠭᠡᠳᠦ ᠰᠤᠷᠭᠠᠭᠤᠯᠢ ᠶ᠋ᠢᠨ ᠨᠠᠮ ᠤ᠋ᠨ ᠬᠣᠷᠢᠶᠠᠨ ᠤ᠋ ᠳᠡᠳ᠋ ᠱᠦᠵᠢ ᠂ ᠰᠤᠷᠭᠠᠭᠤᠯᠢ ᠶ᠋ᠢᠨ ᠳᠠᠷᠤᠭ᠎ᠠ ᠸᠠᠩ ᠳ᠋ᠸ ᠴᠢᠶᠠᠩ ᠲᠤᠰ ᠲᠤᠰ ᠪᠠᠶᠠᠷ ᠤ᠋ᠨ ᠦᠭᠡ ᠬᠡᠯᠡᠵᠡᠢ ᠃ ᠶᠣᠰᠣᠯᠠᠯ ᠳ᠋ᠤ᠌ ᠤᠷᠢᠭᠳᠠᠨ ᠣᠷᠣᠯᠴᠠᠭᠰᠠᠨ ᠠᠵᠤ ᠠᠬᠤᠢᠯᠠᠯ ᠨᠢ ᠣᠷᠳᠣᠰ ᠤ᠋ᠨ ᠠᠮᠢ ᠠᠬᠤᠢ ᠶ᠋ᠢᠨ ᠣᠷᠴᠢᠨ ᠲᠣᠭᠣᠷᠢᠨ ᠤ᠋ ᠠᠵᠢᠯ ᠮᠡᠷᠭᠡᠵᠢᠯ ᠦ᠋ᠨ ᠳᠡᠭᠡᠳᠦ ᠰᠤᠷᠭᠠᠭᠤᠯᠢ ᠲᠠᠢ ᠰᠤᠷᠭᠠᠭᠤᠯᠢ ᠠᠵᠤ ᠠᠬᠤᠢᠯᠠᠯ ᠤ᠋ᠨ ᠬᠠᠮᠳᠤᠷᠠᠯᠴᠠᠭᠠᠨ ᠤ᠋ ᠪᠦᠳᠦᠭᠦᠪᠴᠢ ᠵᠥᠪᠯᠡᠯᠴᠡᠬᠡᠷ ᠲᠣᠬᠢᠷᠠᠯᠴᠠᠵᠤ ᠂ ᠬᠡᠰᠡᠭ ᠠᠵᠤ ᠠᠬᠤᠢᠯᠠᠯ ᠨᠢ ᠳᠡᠭᠡᠳᠦ ᠰᠤᠷᠭᠠᠭᠤᠯᠢ ᠵᠢᠴᠢ ᠰᠢᠶᠠᠩ ᠶᠠᠩ ᠬᠤᠸᠠ ᠶ᠋ᠢᠨ ᠨᠡᠢᠲᠡ ᠶ᠋ᠢᠨ ᠠᠰᠠᠷᠠᠮᠵᠢ ᠶ᠋ᠢᠨ ᠨᠡᠢᠭᠡᠮᠯᠢᠭ ᠲᠦ᠍ ᠨᠡᠢᠲᠡ ᠶ᠋ᠢᠨ ᠠᠰᠠᠷᠠᠮᠵᠢ ᠶ᠋ᠢᠨ ᠬᠠᠨᠳᠢᠪ ᠤ᠋ᠨ ᠠᠵᠢᠯᠯᠠᠭ᠎ᠠ ᠥᠷᠨᠢᠭᠦᠯᠪᠡ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )