9 ᠰᠠᠷ᠎ᠠ ᠶ᠋ᠢᠨ 18 ᠤ᠋ ᠡᠳᠦᠷ ᠂ ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠪᠣᠯᠪᠠᠰᠤᠷᠠᠯ ᠤ᠋ᠨ ᠰᠠᠭᠤᠷᠢᠨ ᠭᠠᠵᠠᠷ ᠤ᠋ᠨ ᠫᠠᠢᠰᠠ ᠰᠡᠬᠦᠬᠦ ᠶᠣᠰᠣᠯᠠᠯ ᠣᠷᠳᠣᠰ ᠬᠣᠲᠠ ᠶ᠋ᠢᠨ ᠠᠷᠠᠳ ᠤ᠋ᠨ ᠴᠠᠭᠳᠠᠭ᠎ᠠ ᠶ᠋ᠢᠨ ᠪᠣᠯᠪᠠᠰᠤᠷᠠᠯ ᠤ᠋ᠨ ᠰᠤᠷᠭᠠᠭᠤᠯᠢ ᠳ᠋ᠤ᠌ ᠶᠠᠪᠤᠭᠳᠠᠪᠠ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠳᠠᠷᠤᠭ᠎ᠠ ᠯᠢ ᠵᠢᠩ ᠭᠦᠸᠧ ᠂ ᠬᠣᠲᠠ ᠶ᠋ᠢᠨ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠶ᠋ᠢᠨ ᠨᠠᠮ ᠤ᠋ᠨ ᠬᠣᠷᠢᠶᠠᠨ ᠤ᠋ ᠭᠡᠰᠢᠭᠦᠨ ᠂ ᠳᠡᠳ᠋ ᠲᠣᠪᠴᠢᠶᠠᠨ ᠳᠠᠷᠤᠭ᠎ᠠ ᠸᠧᠢ ᠵᠸᠨ ᠶᠤᠸᠠᠨ ᠂ ᠬᠣᠲᠠ ᠶ᠋ᠢᠨ ᠠᠷᠠᠳ ᠤ᠋ᠨ ᠴᠠᠭᠳᠠᠭ᠎ᠠ ᠶ᠋ᠢᠨ ᠪᠣᠯᠪᠠᠰᠤᠷᠠᠯ ᠤ᠋ᠨ ᠰᠤᠷᠭᠠᠭᠤᠯᠢ ᠶ᠋ᠢᠨ ᠵᠠᠬᠢᠷᠤᠯ ᠰᠧ ᡁᠢ ᠯᠦᠩ ᠶᠣᠰᠣᠯᠠᠯ ᠳ᠋ᠤ᠌ ᠣᠷᠣᠯᠴᠠᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠸᠠᠩ ᠯᠢᠶᠠᠩ ᠶᠣᠰᠣᠯᠠᠯ ᠢ᠋ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ ᠃ ᠫᠠᠢᠰᠠ ᠰᠡᠬᠦᠬᠦ ᠶᠣᠰᠣᠯᠠᠯ ᠳ᠋ᠤ᠌ ᠣᠷᠣᠯᠴᠠᠭᠰᠠᠳ ᠲᠤ᠌ ᠪᠠᠰᠠ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠯᠤᠰ ᠲᠥᠷᠥ ᠶ᠋ᠢᠨ ᠬᠡᠯᠲᠡᠰ ᠵᠢᠴᠢ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠰᠠᠯᠪᠤᠷᠢ ᠠᠩᠭᠢ ᠶ᠋ᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠥᠳ ᠪᠣᠢ ᠃
ᠫᠠᠢᠰᠠ ᠰᠡᠬᠦᠬᠦ ᠶᠣᠰᠣᠯᠠᠯ ᠰᠦᠷ ᠵᠢᠪᠬᠤᠯᠠᠩᠲᠠᠢ ᠤᠯᠤᠰ ᠤ᠋ᠨ ᠰᠦᠯᠳᠡ ᠳᠠᠭᠤᠤ ᠶ᠋ᠢᠨ ᠠᠶᠠᠰ ᠤ᠋ᠨ ᠳᠤᠮᠳᠠ ᠬᠥᠰᠢᠭᠡ ᠪᠡᠨ ᠰᠡᠬᠦᠵᠡᠢ ᠃ ᠯᠢ ᠵᠢᠩ ᠭᠦᠸᠧ ᠳᠡᠳ᠋ ᠬᠣᠷᠢᠶᠠᠨ ᠳᠠᠷᠤᠭ᠎ᠠ ᠪᠣᠯᠤᠨ ᠸᠧᠢ ᠵᠧᠨ ᠶᠤᠸᠠᠨ ᠳᠡᠳ᠋ ᠲᠣᠪᠴᠢᠶᠠᠨ ᠳᠠᠷᠤᠭ᠎ᠠ ᠬᠠᠮᠲᠤ ᠪᠠᠷ ᠪᠣᠯᠪᠠᠰᠤᠷᠠᠯ ᠤ᠋ᠨ ᠰᠠᠭᠤᠷᠢᠨ ᠭᠠᠵᠠᠷ ᠤ᠋ᠨ ᠫᠠᠢᠰᠠ ᠶ᠋ᠢ ᠰᠡᠬᠦᠪᠡ ᠃
ᠸᠠᠩ ᠯᠢᠶᠠᠩ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢ ᠲᠥᠯᠥᠭᠡᠯᠡᠨ ᠬᠣᠲᠠ ᠶ᠋ᠢᠨ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠪᠣᠯᠤᠨ ᠬᠣᠲᠠ ᠶ᠋ᠢᠨ ᠠᠷᠠᠳ ᠤ᠋ᠨ ᠴᠠᠭᠳᠠᠭ᠎ᠠ ᠶ᠋ᠢᠨ ᠪᠣᠯᠪᠠᠰᠤᠷᠠᠯ ᠤ᠋ᠨ ᠰᠤᠷᠭᠠᠭᠤᠯᠢ ᠶ᠋ᠢᠨ ᠬᠦᠴᠦᠲᠡᠢ ᠳᠡᠮᠵᠢᠯᠭᠡ ᠳ᠋ᠦ᠍ ᠲᠠᠯᠠᠷᠬᠠᠵᠤ ᠪᠠᠢᠬᠤ ᠪᠠᠨ ᠢᠯᠡᠳᠬᠡᠪᠡ ᠃ ᠲᠡᠷᠡ ᠵᠢᠭᠠᠵᠤ ᠭᠠᠷᠭᠠᠭᠰᠠᠨ ᠨᠢ ᠂ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠪᠣᠯᠪᠠᠰᠤᠷᠠᠯ ᠤ᠋ᠨ ᠰᠠᠭᠤᠷᠢᠨ ᠭᠠᠵᠠᠷ ᠤ᠋ᠨ ᠪᠠᠢᠭᠤᠯᠤᠭᠳᠠᠭᠰᠠᠨ ᠨᠢ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠡᠩᠨᠡᠭᠡ ᠶ᠋ᠢ ᠬᠤᠪᠢᠰᠬᠠᠯᠵᠢᠭᠤᠯᠬᠤ ᠵᠢᠩᠬᠢᠨᠢᠴᠢᠯᠡᠭᠰᠡᠨ ᠲᠤᠰᠬᠠᠢᠵᠢᠬᠤ ᠮᠡᠷᠭᠡᠵᠢᠭᠰᠡᠨ ᠲᠤᠬᠠᠢᠯᠠᠭᠰᠠᠨ ᠠᠵᠢᠯ ᠤ᠋ᠨ ᠬᠢᠷᠢ ᠲᠦᠪᠰᠢᠨ ᠢ᠋ ᠪᠥᠬᠥ ᠲᠠᠯ᠎ᠠ ᠪᠠᠷ ᠳᠡᠭᠡᠭᠰᠢᠯᠡᠭᠦᠯᠵᠦ ᠂ 《 ᠳᠥᠷᠪᠡᠨ ᠲᠡᠮᠦᠷ ᠮᠡᠲᠦ ᠪᠠᠢᠩᠭᠤ》ᠥᠨᠳᠥᠷ ᠬᠡᠪ ᠴᠢᠨᠠᠷ ᠲᠠᠢ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠡᠩᠨᠡᠭᠡ ᠶ᠋ᠢ ᠴᠢᠷᠮᠠᠢᠨ ᠪᠠᠢᠭᠤᠯᠬᠤ ᠴᠢᠬᠤᠯᠠ ᠠᠷᠭ᠎ᠠ ᠬᠡᠮᠵᠢᠶ᠎ᠡ ᠪᠠᠢᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠡᠩᠨᠡᠭᠡᠨ ᠦ᠌ ᠮᠡᠳᠡᠯᠭᠡ ᠪᠣᠯᠪᠠᠰᠤᠷᠠᠯ ᠪᠠ ᠠᠵᠢᠯ ᠤ᠋ᠨ ᠪᠠᠢᠷᠢ ᠶ᠋ᠢᠨ ᠪᠣᠯᠪᠠᠰᠤᠷᠠᠯ ᠳ᠋ᠤ᠌ ᠪᠠᠲᠤ ᠪᠡᠬᠢ ᠰᠠᠭᠤᠷᠢ ᠲᠠᠯᠪᠢᠵᠤ ᠥᠭᠴᠡᠢ ᠃
ᠳᠠᠷᠠᠭ᠎ᠠ ᠠᠯᠬᠤᠮ ᠳ᠋ᠤ᠌ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠴᠠᠭᠳᠠᠭ᠎ᠠ ᠨᠢ ᠪᠣᠯᠪᠠᠰᠤᠷᠠᠯ ᠤ᠋ᠨ ᠰᠠᠭᠤᠷᠢᠨ ᠭᠠᠵᠠᠷ ᠤ᠋ᠨ ᠫᠠᠢᠰᠠ ᠰᠡᠬᠦᠬᠦ ᠪᠡᠷ ᠲᠣᠬᠢᠶᠠᠯ ᠪᠣᠯᠭᠠᠵᠤ ᠂ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠪᠠ ᠴᠠᠭᠳᠠᠭᠠᠨ ᠤ᠋ ᠰᠤᠷᠭᠠᠭᠤᠯᠢ ᠯᠤᠭ᠎ᠠ ᠶ᠋ᠢᠨ ᠬᠠᠷᠢᠯᠴᠠᠭ᠎ᠠ ᠂ ᠬᠠᠮᠵᠢᠯᠴᠠᠭ᠎ᠠ ᠂ ᠬᠠᠮᠲᠤ ᠪᠠᠷ ᠡᠳ᠋ᠯᠡᠬᠦ ᠶ᠋ᠢ ᠤᠯᠠᠮ ᠴᠢᠩᠭᠠᠳᠬᠠᠵᠤ ᠂ ᠣᠷᠣᠨ ᠪᠦᠰᠡ ᠠᠯᠤᠰᠯᠠᠨ ᠬᠠᠮᠲᠤ ᠪᠠᠷ ᠪᠠᠢᠭᠤᠯᠬᠤ ᠂ ᠰᠠᠯᠠᠭ᠎ᠠ ᠮᠥᠴᠢᠷ ᠠᠯᠤᠰᠯᠠᠨ ᠬᠣᠯᠪᠣᠭᠠᠯᠠᠬᠤ ᠂ ᠰᠢᠨᠵᠢᠯᠡᠭᠡ ᠮᠡᠷᠭᠡᠵᠢᠯ ᠠᠯᠤᠰᠯᠠᠨ ᠰᠣᠯᠢᠯᠴᠠᠭ᠎ᠠ ᠬᠢᠬᠦ ᠬᠠᠮᠲᠤᠷᠠᠯᠴᠠᠭᠠᠨ ᠤ᠋ ᠰᠢᠨ᠎ᠡ ᠬᠡᠪ ᠵᠠᠭᠪᠤᠷ ᠢ᠋ ᠢᠳᠡᠪᠬᠢᠲᠡᠢ ᠰᠦᠪᠡᠭᠴᠢᠯᠡᠵᠦ ᠂ ᠴᠠᠭᠳᠠᠭᠠᠨ ᠤ᠋ ᠶᠠᠪᠤᠳᠠᠯ ᠤ᠋ᠨ ᠪᠣᠯᠪᠠᠰᠤᠷᠠᠯ ᠂ ᠪᠣᠳᠠᠲᠤ ᠪᠠᠢᠯᠳᠤᠭᠠᠨ ᠤ᠋ ᠪᠣᠯᠪᠠᠰᠤᠷᠠᠯ ᠪᠠ ᠮᠡᠷᠭᠡᠵᠢᠯ ᠦ᠋ᠨ ᠰᠣᠯᠢᠯᠴᠠᠭ᠎ᠠ ᠵᠡᠷᠭᠡ ᠶ᠋ᠢ ᠥᠷᠨᠢᠭᠦᠯᠵᠦ ᠂ ᠪᠠᠭᠰᠢ ᠶ᠋ᠢ ᠬᠠᠮᠲᠤ ᠪᠠᠷ ᠡᠳ᠋ᠯᠡᠬᠦ ᠂ ᠪᠣᠯᠪᠠᠰᠤᠷᠠᠯ ᠬᠢᠬᠦ ᠶ᠋ᠢ ᠤᠶᠠᠯᠳᠤᠭᠤᠯᠬᠤ ᠦᠷ᠎ᠡ ᠪᠦᠲᠦᠮᠵᠢ ᠳ᠋ᠦ᠍ ᠬᠦᠷᠬᠦ ᠪᠣᠯᠤᠨ᠎ᠠ ᠃ ᠣᠨᠣᠯ ᠤ᠋ᠨ ᠰᠤᠳᠤᠯᠭᠠᠨ ᠪᠠ ᠪᠣᠳᠠᠲᠤ ᠲᠡᠢᠨ ᠦ᠌ ᠪᠣᠯᠪᠠᠰᠤᠷᠠᠯ ᠤ᠋ᠨ ᠣᠷᠭᠠᠨᠢᠭ ᠨᠢᠭᠡᠳᠦᠯ ᠢ᠋ ᠤᠯᠠᠮ ᠨᠢᠭᠡ ᠠᠯᠬᠤᠮ ᠴᠢᠩᠭᠠᠳᠬᠠᠵᠤ ᠂ ᠤᠯᠤᠰ ᠲᠥᠷᠥ ᠶ᠋ᠢᠨ ᠡᠭᠡᠯᠵᠢᠯᠡᠨ ᠪᠣᠯᠪᠠᠰᠤᠷᠠᠭᠤᠯᠬᠤ ᠂ ᠴᠢᠬᠡᠴᠢ ᠵᠠᠰᠠᠭ ᠤ᠋ᠨ ᠬᠥᠮᠦᠵᠢᠯ ᠂ ᠥᠷᠭᠡᠳᠬᠡᠨ ᠪᠣᠯᠪᠠᠰᠤᠷᠠᠭᠤᠯᠬᠤ ᠂ ᠴᠠᠭᠳᠠᠭᠠᠨ ᠤ᠋ ᠶᠠᠪᠤᠳᠠᠯ ᠤ᠋ᠨ ᠮᠡᠷᠭᠡᠵᠢᠯ ᠴᠢᠳᠠᠪᠤᠷᠢ ᠶ᠋ᠢᠨ ᠪᠣᠯᠪᠠᠰᠤᠷᠠᠯ ᠵᠡᠷᠭᠡ ᠶ᠋ᠢ ᠥᠷᠨᠢᠭᠦᠯᠵᠦ ᠂ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠡᠩᠨᠡᠭᠡᠨ ᠦ᠌ ᠲᠤᠬᠠᠢᠯᠠᠭᠰᠠᠨ ᠠᠵᠢᠯ ᠤ᠋ᠨ ᠬᠡᠪ ᠪᠣᠯᠪᠠᠰᠤᠷᠠᠯ ᠂ ᠲᠤᠬᠠᠢᠯᠠᠭᠰᠠᠨ ᠠᠵᠢᠯ ᠤ᠋ᠨ ᠴᠢᠳᠠᠪᠤᠷᠢ ᠪᠠ ᠪᠣᠳᠠᠲᠤ ᠲᠡᠢᠨ ᠦ᠌ ᠲᠦᠪᠰᠢᠨ ᠢ᠋ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ ᠃ ᠰᠠᠭᠤᠷᠢᠨ ᠭᠠᠵᠠᠷ ᠢ᠋ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠡᠭᠡᠯᠵᠢᠯᠡᠨ ᠪᠣᠯᠪᠠᠰᠤᠷᠠᠭᠤᠯᠬᠤ ᠪᠣᠯᠪᠠᠰᠤᠷᠠᠯ ᠤ᠋ᠨ ᠰᠠᠭᠤᠷᠢᠨ ᠭᠠᠵᠠᠷ ᠂ ᠪᠠᠢᠯᠳᠤᠬᠤ ᠠᠷᠭ᠎ᠠ ᠶ᠋ᠢᠨ ᠠᠷᠭ᠎ᠠ ᠪᠣᠳᠣᠯᠭ᠎ᠠ ᠶ᠋ᠢ ᠰᠤᠳᠤᠯᠬᠤ ᠰᠠᠭᠤᠷᠢᠨ ᠭᠠᠵᠠᠷ ᠂ ᠪᠠᠴᠢᠮ ᠪᠠᠢᠳᠠᠯ ᠢ᠋ ᠠᠷᠭᠠᠴᠠᠵᠤ ᠭᠡᠨᠡᠳᠲᠡ ᠶ᠋ᠢᠨ ᠬᠡᠷᠡᠭ ᠢ᠋ ᠰᠢᠢᠳᠪᠦᠷᠢᠯᠡᠬᠦ ᠪᠠᠢᠯᠳᠤᠭᠠᠨ ᠤ᠋ ᠪᠡᠯᠡᠳᠬᠡᠯ ᠦ᠋ᠨ ᠰᠠᠭᠤᠷᠢᠨ ᠭᠠᠵᠠᠷ ᠂ ᠬᠠᠤᠯᠢ ᠶ᠋ᠢᠨ ᠴᠠᠭᠳᠠᠭ᠎ᠠ ᠶ᠋ᠢᠨ ᠰᠣᠶᠣᠯ ᠢ᠋ ᠬᠥᠮᠦᠵᠢᠭᠦᠯᠬᠦ ᠰᠠᠭᠤᠷᠢᠨ ᠭᠠᠵᠠᠷ ᠪᠠ ᠪᠡᠯᠡᠳᠬᠡᠯ ᠴᠢᠳᠠᠪᠤᠷᠢᠲᠠᠨ ᠢ᠋ ᠬᠥᠮᠦᠵᠢᠭᠦᠯᠬᠦ ᠰᠠᠭᠤᠷᠢᠨ ᠭᠠᠵᠠᠷ ᠪᠣᠯᠭᠠᠨ ᠦᠨᠡᠨ ᠬᠦ᠌ ᠪᠦᠲᠦᠭᠡᠨ ᠪᠠᠢᠭᠤᠯᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠰᠢᠨ᠎ᠡ ᠶ᠋ᠢ ᠡᠭᠦᠳᠴᠦ ᠬᠥᠭᠵᠢᠭᠦᠯᠬᠦ ᠳ᠋ᠦ᠍ ᠳᠠᠬᠢᠨ ᠰᠢᠨ᠎ᠡ ᠭᠠᠪᠢᠶ᠎ᠠ ᠪᠠᠢᠭᠤᠯᠬᠤ ᠪᠠᠷ ᠴᠢᠷᠮᠠᠢᠨ᠎ᠠ ᠃
ᠦᠨᠡᠯᠡᠬᠦ 0ᠦᠨᠡᠯᠡᠯᠲᠡ᠎ᠲᠠᠢ