ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠡᠭᠦᠷᠭᠡ ᠲᠤᠰᠢᠶᠠᠯ ᠢ᠋ᠶ᠋ᠠᠨ ᠭᠦᠢᠴᠡᠳᠬᠡᠬᠦ ᠴᠢᠳᠠᠪᠤᠷᠢ ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠬᠠᠤᠯᠢ ᠴᠠᠭᠠᠵᠠ ᠶ᠋ᠢᠨ ᠴᠠᠭᠳᠠᠭᠠᠨ ᠤ᠋ ᠠᠵᠢᠯ ᠢ᠋ ᠳᠦᠷᠢᠮᠵᠢᠭᠦᠯᠵᠦ ᠂ ᠴᠠᠭᠳᠠᠭᠠᠨ ᠤ᠋ ᠠᠵᠢᠯ ᠤ᠋ᠨ ᠶᠠᠪᠤᠳᠠᠯ ᠤ᠋ᠨ ᠪᠠᠲᠤᠯᠠᠭ᠎ᠠ ᠶ᠋ᠢᠨ ᠲᠦᠪᠰᠢᠨ ᠢ᠋ ᠳᠡᠭᠡᠭᠰᠢᠯᠡᠭᠦᠯᠬᠦ ᠶ᠋ᠢᠨ ᠲᠥᠯᠥᠭᠡ ᠂ 9 ᠰᠠᠷ᠎ᠠ ᠶ᠋ᠢᠨ 18 ᠤ᠋ ᠡᠳᠦᠷ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠬᠠᠤᠯᠢ ᠬᠡᠷᠡᠭᠵᠢᠭᠦᠯᠬᠦ ᠡᠭᠦᠷᠭᠡ ᠲᠤᠰᠢᠶᠠᠯ ᠢ᠋ᠶ᠋ᠠᠨ ᠭᠦᠢᠴᠡᠳᠬᠡᠬᠦ ᠴᠢᠳᠠᠪᠤᠷᠢ ᠶ᠋ᠢ ᠳᠡᠭᠡᠭᠰᠢᠯᠡᠭᠦᠯᠬᠦ ᠪᠣᠯᠪᠠᠰᠤᠷᠠᠯ ᠤ᠋ᠨ ᠠᠩᠭᠢ ᠣᠷᠳᠣᠰ ᠬᠣᠲᠠ ᠶ᠋ᠢᠨ ᠴᠠᠭᠳᠠᠭ᠎ᠠ ᠶ᠋ᠢᠨ ᠪᠣᠯᠪᠠᠰᠤᠷᠠᠯ ᠤ᠋ᠨ ᠰᠤᠷᠭᠠᠭᠤᠯᠢ ᠳ᠋ᠤ᠌ ᠵᠢᠩᠬᠢᠨᠢ ᠪᠡᠷ ᠠᠩᠭᠢ ᠡᠷᠬᠢᠯᠡᠪᠡ ᠃
ᠠᠩᠭᠢ ᠡᠬᠢᠯᠡᠬᠦ ᠶᠣᠰᠣᠯᠠᠯ ᠳᠡᠭᠡᠷ᠎ᠡ ᠂ ᠬᠣᠲᠠ ᠶ᠋ᠢᠨ ᠴᠠᠭᠳᠠᠭ᠎ᠠ ᠰᠤᠷᠭᠠᠭᠤᠯᠢ ᠶ᠋ᠢᠨ ᠬᠢᠴᠢᠶᠡᠯ ᠬᠥᠮᠦᠵᠢᠯ ᠦ᠋ᠨ ᠰᠠᠯᠠᠭᠠᠨ ᠳᠠᠷᠤᠭ᠎ᠠ ᠳ᠋ᠦᠩ ᠶ᠋ᠢᠨ ᠫᠢᠩ ᠂ ᠳᠡᠭᠡᠳᠦ ᠰᠤᠷᠭᠠᠭᠤᠯᠢ ᠶ᠋ᠢᠨ ᠬᠠᠮᠢᠶᠠᠷᠤᠯᠲᠠ ᠶ᠋ᠢᠨ ᠲᠣᠭᠲᠠᠭᠠᠯ ᠢ᠋ ᠨᠠᠷᠢᠨ ᠨᠢᠮᠪᠠᠢ ᠲᠠᠢᠯᠪᠤᠷᠢᠯᠠᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠤᠷᠭᠠᠭᠤᠯᠢ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠡᠰᠢᠭᠦᠨ ᠸᠠᠩ ᠯᠢᠶᠠᠩ ᠠᠩᠭᠢ ᠡᠬᠢᠯᠡᠬᠦ ᠳᠠᠢᠴᠢᠯᠠᠯᠲᠠ ᠶ᠋ᠢᠨ ᠶᠠᠷᠢᠶ᠎ᠠ ᠲᠠᠯᠪᠢᠭᠰᠠᠨ ᠪᠥᠭᠡᠳ ᠪᠣᠯᠪᠠᠰᠤᠷᠠᠯ ᠤ᠋ᠨ ᠠᠵᠢᠯ ᠤ᠋ᠨ ᠴᠢᠭᠯᠡᠯ ᠢ᠋ ᠲᠣᠳᠣᠷᠬᠠᠢ ᠵᠢᠭᠠᠭᠰᠠᠨ ᠪᠠᠢᠨ᠎ᠠ ᠄ ᠨᠢᠭᠡ ᠳ᠋ᠦ᠍ ᠤᠯᠤᠰ ᠲᠥᠷᠥ ᠶ᠋ᠢᠨ ᠪᠠᠢᠭᠤᠯᠤᠯᠲᠠ ᠶ᠋ᠢ ᠪᠠᠷᠢᠮᠲᠠᠯᠠᠵᠤ ᠂ ᠦᠨᠡᠨᠴᠢ ᠰᠢᠳᠤᠷᠭᠤ ᠬᠠᠷᠢᠭᠤᠴᠠᠯᠭ᠎ᠠ ᠡᠭᠦᠷᠭᠡᠯᠡᠬᠦ ᠶ᠋ᠢ ᠵᠣᠷᠢᠭᠵᠢᠭᠤᠯᠵᠠᠢ ᠃ ᠬᠣᠶᠠᠷ ᠲᠤ᠂ ᠪᠣᠳᠠᠲᠤ ᠲᠡᠢᠨ ᠤ ᠪᠣᠯᠪᠠᠰᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭᠯᠡᠯᠲᠡ ᠶᠢ ᠤᠶᠠᠯᠳᠤᠭᠤᠯᠬᠤ ᠶᠢ ᠴᠢᠩᠭᠠᠳᠬᠠᠬᠤ ᠬᠡᠷᠡᠭᠲᠡᠢ ᠃ ᠭᠤᠷᠪᠠ ᠳ᠋ᠤ᠌ ᠰᠠᠬᠢᠯᠭ᠎ᠠ ᠪᠠᠲᠤ ᠶ᠋ᠢᠨ ᠱᠠᠭᠠᠷᠳᠠᠯᠭ᠎ᠠ ᠶ᠋ᠢ ᠴᠢᠩᠳᠠᠯᠠᠵᠤ᠂ ᠵᠢᠯᠣᠭᠣᠳᠤᠯᠭ᠎ᠠ ᠶ᠋ᠢ ᠡᠷᠡᠰ ᠳᠠᠭᠠᠬᠤ ᠬᠡᠷᠡᠭᠲᠡᠢ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠰᠠᠯᠪᠤᠷᠢ ᠠᠩᠭᠢ ᠶ᠋ᠢᠨ ᠬᠠᠷᠢᠭᠤᠴᠠᠯᠭᠠᠲᠠᠨ ᠵᠢᠶᠠ ᡁᠢ ᠶᠦᠩ ᠪᠣᠯᠪᠠᠰᠤᠷᠠᠯ ᠳ᠋ᠤ᠌ ᠣᠷᠣᠯᠴᠠᠭᠰᠠᠨ ᠬᠠᠤᠯᠢ ᠶ᠋ᠢᠨ ᠴᠠᠭᠳᠠᠭ᠎ᠠ ᠳ᠋ᠤ᠌ ᠪᠣᠳᠠᠲᠠᠢ ᠱᠠᠭᠠᠷᠳᠠᠯᠭ᠎ᠠ ᠳᠤᠷᠠᠳᠴᠠᠢ ᠄ ᠨᠢᠭᠡ ᠳ᠋ᠦ᠍ ᠂ ᠬᠦᠴᠢᠷ ᠪᠡᠷᠬᠡ ᠶ᠋ᠢ ᠢᠯᠠᠨ ᠳᠠᠪᠠᠵᠤ ᠂ ᠬᠣᠶᠠᠷ ᠲᠤ᠌ ᠨᠠᠷᠢᠨ ᠬᠢᠨᠠᠮᠠᠭᠠᠢ ᠪᠠᠷ ᠬᠥᠮᠦᠵᠢᠭᠦᠯᠦᠨ ᠪᠣᠯᠪᠠᠰᠤᠷᠠᠭᠤᠯᠵᠤ᠂ ᠰᠠᠬᠢᠯᠭ᠎ᠠ ᠪᠠᠲᠤ ᠶᠢ ᠵᠢᠷᠤᠮᠯᠠᠨ ᠰᠠᠬᠢᠬᠤ ᠬᠡᠷᠡᠭᠲᠡᠶ ᠃ ᠭᠤᠷᠪᠠ ᠳ᠋ᠤ᠌ ᠬᠠᠮᠢᠶᠠᠷᠤᠯᠲᠠ ᠶ᠋ᠢ ᠳᠠᠭᠠᠵᠤ ᠂ ᠠᠮᠤᠷ ᠲᠦᠪᠰᠢᠨ ᠢ᠋ ᠠᠩᠬᠠᠷᠬᠤ ᠬᠡᠷᠡᠭᠲᠡᠢ ᠃
ᠲᠤᠰ ᠤᠳᠠᠭ᠎ᠠ ᠶ᠋ᠢᠨ ᠪᠣᠯᠪᠠᠰᠤᠷᠠᠯ ᠤᠨ ᠬᠤᠭᠤᠴᠠᠭ᠎ᠠ ᠨᠢ 10 ᠡᠳᠦᠷ ᠶᠠᠪᠤᠭᠳᠠᠵᠤ ᠂ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠬᠠᠤᠯᠢ ᠶ᠋ᠢᠨ ᠴᠠᠭᠳᠠᠭ᠎ᠠ ᠶ᠋ᠢᠨ ᠭᠣᠣᠯᠯᠠᠭᠴᠢ ᠬᠦᠴᠦᠨ ᠢ᠋ ᠲᠡᠳᠡᠨ ᠣᠷᠣᠯᠴᠠᠭᠤᠯᠵᠤ ᠂ ᠪᠦᠬᠦᠨ ᠢ᠋ ᠪᠢᠲᠡᠭᠦᠮᠵᠢᠯᠡᠬᠦ ᠬᠡᠯᠪᠡᠷᠢ ᠶ᠋ᠢᠨ ᠬᠠᠮᠢᠶᠠᠷᠤᠯᠲᠠ ᠶᠠᠪᠤᠭᠤᠯᠪᠠ ᠃ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠂ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠶᠠᠪᠤᠳᠠᠯ ᠤ᠋ᠨ ᠬᠠᠮᠢᠶ᠎ᠠ ᠪᠥᠬᠥᠢ ᠲᠤᠬᠠᠢᠯᠠᠭᠰᠠᠨ ᠠᠵᠢᠯ ᠤ᠋ᠨ ᠮᠡᠳᠡᠯᠭᠡ ᠵᠢᠴᠢ ᠴᠠᠭᠳᠠᠭᠠᠨ ᠤ᠋ ᠶᠠᠪᠤᠳᠠᠯ ᠤ᠋ᠨ ᠮᠡᠷᠭᠡᠵᠢᠯ ᠴᠢᠳᠠᠪᠤᠷᠢ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠬᠤ ᠪᠠᠷ ᠳᠠᠮᠵᠢᠨ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠤᠯᠤᠰ ᠲᠥᠷᠥ ᠶ᠋ᠢᠨ ᠬᠡᠪ ᠪᠣᠯᠪᠠᠰᠤᠷᠠᠯ ᠂ ᠤᠯᠤᠰ ᠲᠥᠷᠥ ᠶ᠋ᠢᠨ ᠵᠣᠭᠰᠣᠴᠠ ᠶ᠋ᠢ ᠳᠡᠭᠡᠭᠰᠢᠯᠡᠭᠦᠯᠵᠦ ᠂ ᠲᠤᠬᠠᠢᠯᠠᠭᠰᠠᠨ ᠠᠵᠢᠯ ᠤ᠋ᠨ ᠮᠡᠷᠭᠡᠵᠢᠯ ᠴᠢᠳᠠᠪᠤᠷᠢ ᠂ ᠪᠣᠳᠠᠲᠤ ᠲᠡᠢᠨ ᠦ᠌ ᠬᠢᠷᠢ ᠲᠦᠪᠰᠢᠨ ᠢ᠋ ᠴᠢᠩᠭᠠᠳᠬᠠᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠡᠯ᠎ᠡ ᠵᠦᠢᠯ ᠦ᠋ᠨ ᠴᠢᠳᠠᠪᠤᠷᠢ ᠶ᠋ᠢ ᠪᠥᠬᠥ ᠲᠠᠯ᠎ᠠ ᠪᠠᠷ ᠳᠠᠪᠲᠠᠨ ᠪᠣᠯᠪᠠᠰᠤᠷᠠᠭᠤᠯᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠰᠢᠭᠦᠨ ᠲᠠᠰᠤᠯᠬᠤ ᠭᠦᠢᠴᠡᠳᠬᠡᠬᠦ ᠠᠵᠢᠯ ᠳ᠋ᠤ᠌ ᠬᠦᠴᠦᠲᠡᠢ ᠴᠠᠭᠳᠠᠭᠠᠨ ᠤ᠋ ᠶᠠᠪᠤᠳᠠᠯ ᠤ᠋ᠨ ᠪᠠᠲᠤᠯᠠᠭ᠎ᠠ ᠬᠠᠩᠭᠠᠪᠠ ᠃
ᠦᠨᠡᠯᠡᠬᠦ 0ᠦᠨᠡᠯᠡᠯᠲᠡ᠎ᠲᠠᠢ