ᠰᠡᠳᠬᠢᠯ ᠢ᠋ᠶ᠋ᠡᠨ ᠨᠢᠭᠲᠠᠷᠠᠭᠤᠯᠤᠨ ᠰᠠᠭᠤᠷᠢ ᠪᠠᠨ ᠪᠠᠲᠤᠳᠬᠠᠵᠤ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ ᠬᠥᠭᠵᠢᠯᠲᠡ ᠶ᠋ᠢ ᠠᠬᠢᠭᠤᠯᠤᠶ᠎ᠠ — ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠡᠯ᠎ᠡ ᠨᠠᠮ ᠤ᠋ᠨ ᠡᠭᠦᠷ ᠤᠷᠢᠳ ᠬᠣᠵᠢᠳ ᠭᠣᠣᠯ ᠰᠡᠳᠦᠪᠲᠦ ᠬᠥᠮᠦᠵᠢᠯ ᠦ᠋ᠨ ᠠᠩᠬᠠᠳᠤᠭᠠᠷ ᠬᠤᠭᠤᠴᠠᠭᠠᠨ ᠤ᠋ ᠨᠣᠮ ᠤᠩᠰᠢᠬᠤ ᠠᠩᠭᠢ ᠶ᠋ᠢᠨ ᠲᠤᠰᠬᠠᠢ ᠰᠡᠳᠦᠪᠲᠦ ᠰᠤᠷᠤᠯᠴᠠᠯᠭ᠎ᠠ ᠶᠢ ᠰᠤᠳᠤᠯᠤᠨ ᠶᠠᠷᠢᠯᠴᠠᠬᠤ ᠬᠤᠷᠠᠯ ᠬᠢᠪᠡ
ᠣᠢᠷ᠎ᠠ ᠶ᠋ᠢᠨ ᠡᠳᠦᠷ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠡᠯ᠎ᠡ ᠨᠠᠮ ᠤ᠋ᠨ ᠡᠭᠦᠷ ᠤᠷᠢᠳ ᠬᠣᠵᠢᠳ ᠨᠠᠮ ᠤ᠋ᠨ ᠭᠡᠰᠢᠭᠦᠳ ᠦ᠋ᠨ ᠶᠡᠬᠡ ᠬᠤᠷᠠᠯ ᠬᠤᠷᠠᠯᠳᠤᠭᠤᠯᠵᠤ ᠂ ᠲᠥᠪᠯᠡᠷᠡᠭᠦᠯᠦᠨ ᠰᠤᠷᠤᠯᠴᠠᠬᠤ ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠠᠷᠭ᠎ᠠ ᠬᠡᠯᠪᠡᠷᠢ ᠪᠡᠷ ᠳᠠᠮᠵᠢᠨ ᠨᠢᠭᠡᠳᠦᠭᠡᠷ ᠬᠤᠭᠤᠴᠠᠭᠠᠨ ᠤ᠋ ᠨᠣᠮ ᠤᠩᠰᠢᠬᠤ ᠠᠩᠭᠢ ᠶ᠋ᠢ ᠵᠣᠬᠢᠶᠠᠨ ᠪᠠᠢᠭᠤᠯᠤᠨ ᠥᠷᠨᠢᠭᠦᠯᠪᠡ ᠃
ᠨᠣᠮ ᠤᠩᠰᠢᠬᠤ ᠠᠩᠭᠢ ᠳᠡᠭᠡᠷ᠎ᠡ ᠂ ᠨᠠᠮ ᠤ᠋ᠨ ᠭᠡᠰᠢᠭᠦᠨ ᠺᠠᠲᠷ ᠴᠠᠭᠳᠠᠭ᠎ᠠ ᠶᠡᠷᠦᠩᠬᠡᠢ ᠱᠦᠵᠢ ᠰᠢ ᠵᠢᠨ ᠫᠢᠩ ᠦ᠋ᠨ ᠨᠠᠮ ᠤ᠋ᠨ ᠪᠠᠢᠭᠤᠯᠤᠯᠲᠠ ᠶ᠋ᠢᠨ ᠲᠤᠬᠠᠢ ᠴᠢᠬᠤᠯᠠ ᠦᠵᠡᠯ ᠰᠠᠨᠠᠭ᠎ᠠ ᠂ ᠶᠡᠷᠦᠩᠬᠡᠢ ᠱᠦᠵᠢ ᠰᠢ ᠵᠢᠨ ᠫᠢᠩ ᠦ᠋ᠨ ᠰᠤᠷᠤᠯᠴᠠᠯᠭ᠎ᠠ ᠪᠡᠷ ᠨᠢᠭᠲᠠᠷᠠᠨ ᠪᠦᠯᠭᠦᠮᠳᠡᠬᠦ᠂ ᠰᠤᠷᠤᠯᠴᠠᠯᠭ᠎ᠠ ᠪᠠᠷ ᠣᠶᠤᠨ ᠤᠬᠠᠭᠠᠨ ᠢ᠋ ᠨᠡᠮᠡᠭᠳᠡᠭᠦᠯᠬᠦ ᠂ ᠰᠤᠷᠤᠯᠴᠠᠯᠭ᠎ᠠ ᠪᠠᠷ ᠰᠤᠷᠲᠠᠯ ᠢ᠋ ᠰᠠᠢᠵᠢᠷᠠᠭᠤᠯᠬᠤ ᠂ ᠰᠤᠷᠤᠯᠴᠠᠯᠭ᠎ᠠ ᠪᠠᠷ ᠭᠣᠣᠯ ᠬᠦᠴᠦᠨ ᠢ᠋ ᠠᠬᠢᠭᠤᠯᠬᠤ ᠱᠠᠭᠠᠷᠳᠠᠯᠭ᠎ᠠ ᠵᠢᠴᠢ ᠶᠡᠷᠦᠩᠬᠡᠢ ᠱᠦᠵᠢ ᠰᠢ ᠵᠢᠨ ᠫᠢᠩ ᠦ᠋ᠨ ᠵᠥᠪ ᠠᠵᠢᠯ ᠤ᠋ᠨ ᠠᠮᠵᠢᠯᠲᠠ ᠶ᠋ᠢᠨ ᠦᠵᠡᠯᠲᠡ ᠶ᠋ᠢ ᠪᠣᠢ ᠪᠣᠯᠭᠠᠬᠤ ᠪᠠ ᠦᠢᠯᠡᠳᠦᠯᠭᠡᠵᠢᠭᠦᠯᠬᠦ ᠲᠤᠬᠠᠢ ᠴᠢᠬᠤᠯᠠ ᠥᠭᠦᠯᠡᠯᠲᠡ ᠵᠡᠷᠭᠡ ᠶ᠋ᠢ ᠭᠦᠨᠵᠡᠭᠡᠢ ᠰᠤᠷᠤᠯᠴᠠᠵᠤ ᠂ 《ᠰᠤᠷᠤᠯᠴᠠᠯᠭ᠎ᠠ ᠪᠡᠷ ᠨᠢᠭᠲᠠᠷᠠᠨ ᠪᠦᠯᠭᠦᠮᠳᠡᠬᠦ᠂ ᠰᠤᠷᠤᠯᠴᠠᠯᠭ᠎ᠠ ᠪᠠᠷ ᠣᠶᠤᠨ ᠤᠬᠠᠭᠠᠨ ᠢ᠋ ᠨᠡᠮᠡᠭᠳᠡᠭᠦᠯᠬᠦ ᠂ ᠰᠤᠷᠤᠯᠴᠠᠯᠭ᠎ᠠ ᠪᠠᠷ ᠰᠤᠷᠲᠠᠯ ᠢ᠋ ᠰᠠᠢᠵᠢᠷᠠᠭᠤᠯᠬᠤ ᠂ ᠰᠤᠷᠤᠯᠴᠠᠯᠭ᠎ᠠ ᠪᠠᠷ ᠭᠣᠣᠯ ᠬᠦᠴᠦᠨ ᠢ᠋ ᠠᠬᠢᠭᠤᠯᠬᠤ ᠴᠢᠬᠤᠯᠠ ᠱᠠᠭᠠᠷᠳᠠᠯᠭ᠎ᠠ᠂ ᠪᠥᠬᠦ ᠲᠠᠯ᠎ᠠ ᠪᠡᠷ ᠠᠷᠠᠳ ᠤᠨ ᠰᠢᠭᠦᠬᠦ ᠬᠣᠷᠢᠶ᠎ᠠ ᠶᠢᠨ ᠨᠠᠮ ᠤᠨ ᠪᠦᠲᠦᠭᠡᠨ ᠪᠠᠢᠭᠤᠯᠤᠯᠲᠠ ᠶᠢ ᠴᠢᠩᠭᠠᠳᠭᠠᠬᠤ᠂ ᠤᠯᠠᠮ ᠨᠢᠭᠡ ᠠᠯᠬᠤᠮ ᠤᠯᠤᠰ ᠲᠥᠷᠦ ᠶᠢᠨ ᠴᠢᠳᠠᠪᠤᠷᠢ᠂ ᠰᠡᠳᠭᠢᠬᠦᠢ ᠴᠢᠳᠠᠪᠤᠷᠢ᠂ ᠦᠢᠯᠡᠳᠦᠯᠭᠡ ᠶᠢᠨ ᠴᠢᠳᠠᠪᠤᠷᠢ ᠢᠶᠡᠨ ᠳᠡᠭᠡᠭᠰᠢᠯᠡᠭᠦᠯᠬᠦ 》 ᠶᠢᠨ ᠲᠣᠭᠤᠷᠢᠨ ᠳᠦ ᠲᠤᠰᠬᠠᠢ ᠰᠡᠳᠦᠪᠲᠦ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠥᠷᠨᠢᠭᠦᠯᠪᠡ ᠃
ᠨᠠᠮ ᠤ᠋ᠨ ᠭᠡᠰᠢᠭᠦᠳ ᠂ ᠰᠤᠷᠤᠯᠴᠠᠨ ᠰᠣᠯᠢᠯᠴᠠᠬᠤ ᠪᠠᠷ ᠳᠠᠮᠵᠢᠨ ᠂ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠳ᠋ᠤ᠌ ᠠᠭᠤᠯᠤᠭᠳᠠᠵᠤ ᠪᠠᠢᠭ᠎ᠠ ᠦᠨᠡᠨ ᠶᠣᠰᠣᠨ ᠤ᠋ ᠬᠦᠴᠦᠨ ᠂ ᠢᠲᠡᠭᠡᠯ ᠪᠢᠰᠢᠷᠡᠯ ᠦ᠋ᠨ ᠦᠨᠦᠷ ᠠᠮᠲᠠ ᠂ ᠦᠵᠡᠯ ᠰᠠᠨᠠᠭᠠᠨ ᠤ᠋ ᠭᠡᠷᠡᠯ ᠭᠢᠯᠪᠠᠭ᠎ᠠ ᠶ᠋ᠢ ᠭᠦᠨᠵᠡᠭᠡᠢ ᠲᠠᠨᠢᠵᠤ ᠂ ᠶᠡᠷᠦᠩᠬᠡᠢ ᠱᠦᠵᠢ ᠰᠢ ᠵᠢᠨ ᠫᠢᠩ ᠦ᠋ᠨ ᠡᠷᠬᠢᠮ ᠳᠡᠭᠡᠳᠦ ᠬᠦᠰᠡᠯᠡᠩ ᠂ ᠥᠷᠭᠡᠨ ᠠᠭᠤᠳᠠᠮ ᠰᠡᠳᠬᠢᠯᠭᠡ ᠂ ᠴᠢᠩᠭ᠎ᠠ ᠡᠭᠦᠷᠭᠡᠯᠡᠯ ᠢ᠋ ᠤᠬᠠᠵᠤ ᠂ ᠨᠠᠮ ᠤ᠋ᠨ ᠬᠠᠤᠯᠢ ᠴᠠᠭᠠᠵᠠ ᠶ᠋ᠢᠨ ᠠᠵᠢᠯ ᠳ᠋ᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶ᠋ᠢ ᠪᠠᠷᠢᠮᠲᠠᠯᠠᠬᠤ ᠂ ᠠᠷᠠᠳ ᠲᠦᠮᠡᠨ ᠢ᠋ᠶ᠋ᠡᠷ ᠭᠣᠣᠯ ᠪᠣᠯᠭᠠᠬᠤ ᠣᠢᠯᠠᠭᠠᠭᠳᠠᠬᠤᠨ ᠢ᠋ ᠪᠠᠷᠢᠮᠲᠠᠯᠠᠬᠤ ᠂ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠬᠠᠤᠯᠢ ᠪᠠᠷ ᠵᠠᠰᠠᠬᠤ ᠵᠠᠮ ᠢ᠋ ᠪᠣᠳᠠᠲᠠᠢ ᠳ᠋ᠤ᠌ ᠨᠠᠢᠳᠠᠪᠤᠷᠢᠵᠢᠭᠤᠯᠬᠤ ᠶ᠋ᠢ ᠪᠠᠷᠢᠮᠲᠠᠯᠠᠬᠤ ᠂ ᠪᠣᠳᠠᠲᠠᠢ ᠶ᠋ᠢ ᠡᠷᠬᠢᠮᠯᠡᠬᠦ ᠰᠤᠷᠲᠠᠯ ᠢ᠋ ᠪᠠᠳᠠᠷᠠᠭᠤᠯᠬᠤ ᠂ ᠬᠡᠬᠦᠳᠡᠭ ᠴᠡᠭᠡᠵᠢᠨ ᠳ᠋ᠡᠭᠡᠨ 《 ᠤᠯᠤᠰ ᠠᠨᠤ ᠶᠡᠬᠡ 》ᠭᠡᠳᠡᠭ ᠢ ᠡᠪᠦᠷᠯᠡᠬᠦ ᠂ ᠡᠭᠦᠷᠭᠡ ᠲᠤᠰᠢᠶᠠᠯ ᠢ᠋ᠶ᠋ᠠᠨ ᠢᠳᠡᠪᠬᠢᠲᠠᠢ ᠭᠦᠢᠴᠡᠳᠬᠡᠬᠦ ᠶᠠᠪᠤᠳᠠᠯ ᠢ᠋ᠶ᠋ᠠᠷ ᠠᠷᠠᠳ ᠤ᠋ᠨ ᠰᠢᠭᠦᠬᠦ ᠬᠣᠷᠢᠶᠠᠨ ᠤ᠋ ᠺᠠᠲᠷ ᠴᠠᠭᠳᠠᠭ᠎ᠠ ᠶ᠋ᠢᠨ ᠬᠠᠷᠢᠭᠤᠴᠠᠯᠭ᠎ᠠ ᠡᠭᠦᠷᠭᠡᠯᠡᠬᠦ ᠦᠢᠯᠡ ᠠᠵᠢᠯᠯᠠᠭ᠎ᠠ ᠪᠡᠨ ᠦᠵᠡᠭᠦᠯᠦᠶ᠎ᠡ ᠭᠡᠵᠦ ᠢᠯᠡᠷᠬᠡᠢᠯᠡᠭᠰᠡᠨ ᠪᠠᠢᠨ᠎ᠠ ᠃
ᠦᠨᠡᠯᠡᠬᠦ 0ᠦᠨᠡᠯᠡᠯᠲᠡ᠎ᠲᠠᠢ