ᠤᠯᠠᠭᠠᠨ ᠲᠤᠭ ᠨᠠᠷᠠᠨ ᠵᠦᠭ ᠂  ᠤᠭ ᠰᠠᠨᠠᠭ᠎ᠠ ᠨᠠᠮ ᠵᠦᠭ
2023.10.10 ᠲᠣᠰ ᠥᠷᠲᠡᠭᠡᠨ᠎ᠦ ᠨᠠᠢᠷᠠᠭᠤᠯᠤᠭᠴᠢ

    ᠤᠯᠠᠭᠠᠨ ᠲᠤᠭ ᠨᠠᠷᠠᠨ ᠵᠦᠭ ᠂  ᠤᠭ ᠰᠠᠨᠠᠭ᠎ᠠ ᠨᠠᠮ ᠵᠦᠭ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠤᠯᠤᠰ ᠤ᠋ᠨ ᠲᠤᠭ ᠮᠠᠨᠳᠤᠭᠤᠯᠬᠤ ᠶᠣᠰᠣᠯᠠᠯ ᠵᠢᠴᠢ ᠭᠣᠣᠯ ᠰᠡᠳᠦᠪᠲᠦ ᠨᠠᠮ ᠤ᠋ᠨ ᠡᠳᠦᠷ ᠤ᠋ᠨ ᠠᠵᠢᠯᠯᠠᠭ᠎ᠠ ᠥᠷᠨᠢᠭᠦᠯᠪᠡ

 

    ᠨᠠᠮᠤᠷ ᠤ᠋ᠨ ᠠᠭᠤᠷ ᠠᠯᠭᠤᠷ ᠥᠳᠭᠡᠷᠡᠵᠦ ᠂ ᠰᠠᠯᠬᠢ ᠰᠡᠩᠭᠢᠨᠡᠨ ᠠᠭᠤᠷ ᠠᠮᠢᠰᠭᠤᠯ ᠰᠠᠷᠢᠭᠦᠨ ᠪᠣᠯᠵᠠᠢ ᠃ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠤᠯᠤᠰ ᠪᠠᠢᠭᠤᠯᠤᠭᠳᠠᠭᠰᠠᠨ 74 ᠵᠢᠯ ᠤ᠋ᠨ ᠣᠢ ᠪᠣᠯᠵᠤ ᠪᠠᠢᠭ᠎ᠠ ᠲᠠᠰᠢᠷᠠᠮ ᠢ᠋ᠶ᠋ᠠᠷ ᠂ 9 ᠰᠠᠷ᠎ᠠ ᠶ᠋ᠢᠨ 27 ᠤ᠋ ᠦᠳᠡ ᠶ᠋ᠢᠨ ᠡᠮᠦᠨ᠎ᠡ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠤᠯᠤᠰ ᠤ᠋ᠨ ᠪᠠᠶᠠᠷ ᠢ᠋ ᠤᠭᠲᠤᠬᠤ ᠭᠣᠣᠯ ᠰᠡᠳᠦᠪᠲᠦ ᠤᠯᠤᠰ ᠤ᠋ᠨ ᠲᠤᠭ ᠮᠠᠨᠳᠤᠭᠤᠯᠬᠤ ᠶᠣᠰᠣᠯᠠᠯ ᠶᠠᠪᠤᠭᠤᠯᠪᠠ ᠃

 

 

    ᠪᠦᠬᠦ ᠺᠠᠳ᠋ᠷ ᠴᠠᠭᠳᠠᠭ᠎ᠠ ᠶ᠋ᠢᠨ ᠰᠢᠷᠲᠡᠬᠦ ᠶᠣᠰᠣᠯᠠᠯ ᠤ᠋ᠨ ᠳᠣᠣᠷ᠎ᠠ ᠂ ᠰᠦᠷ ᠵᠢᠪᠬᠤᠯᠠᠩᠲᠠᠢ ᠬᠠᠤᠯᠢ ᠴᠠᠭᠠᠵᠠ ᠶ᠋ᠢᠨ ᠴᠠᠭᠳᠠᠭ᠎ᠠ ᠲᠤᠭ ᠬᠠᠮᠠᠭᠠᠯᠠᠭᠴᠢ ᠴᠢᠩᠭ᠎ᠠ ᠬᠦᠴᠦᠲᠡᠢ ᠂ ᠳᠠᠷᠢ ᠲᠡᠭᠰᠢ ᠵᠢᠭᠳᠡ ᠠᠯᠬᠤᠭ᠎ᠠ ᠪᠠᠷ ᠲᠠᠪᠤᠨ ᠣᠳᠣᠲᠤ ᠤᠯᠠᠭᠠᠨ ᠲᠤᠭ ᠢ᠋ ᠬᠠᠮᠠᠭᠠᠯᠠᠨ ᠡᠷᠭᠦᠵᠦ ᠂ ᠪᠦᠬᠦ ᠺᠠᠳ᠋ᠷ ᠴᠠᠭᠳᠠᠭ᠎ᠠ ᠨᠠᠷ ᠤᠯᠤᠰ ᠤ᠋ᠨ ᠲᠤᠭ ᠵᠦᠭ  ᠲᠥᠪ ᠵᠣᠭᠰᠤᠨ ᠶᠣᠰᠤᠯᠠᠵᠤ ᠂ ᠰᠦᠷ ᠵᠢᠪᠬᠤᠯᠠᠩᠲᠠᠢ 《 ᠵᠢᠷᠤᠮ ᠤ᠋ᠨ ᠴᠡᠷᠢᠭ ᠤ᠋ᠨ ᠤᠷᠤᠭᠰᠢᠯᠠᠯᠲᠠ ᠶ᠋ᠢᠨ ᠳᠠᠭᠤᠤ 》 ᠶ᠋ᠢ ᠳᠠᠭᠠᠯᠳᠤᠨ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠵᠤ ᠂ ᠰᠠᠯᠬᠢᠨ ᠢ᠋ ᠤᠭᠲᠤᠨ  ᠨᠠᠮᠢᠷᠠᠪᠠ ᠃

    ᠤᠯᠤᠰ ᠤ᠋ᠨ ᠲᠤᠭ ᠲᠠᠢ ᠬᠠᠮᠲᠤ ᠮᠠᠨᠳᠤᠭᠰᠠᠨ ᠨᠢ ᠺᠠᠳ᠋ᠷ ᠴᠠᠭᠳᠠᠭ᠎ᠠ ᠨᠠᠷ ᠤ᠋ᠨ ᠰᠢᠨ᠎ᠡ ᠴᠠᠭ ᠦᠶ᠎ᠡ ᠶ᠋ᠢᠨ ᠰᠢᠨ᠎ᠡ ᠠᠶᠠᠨ ᠳ᠋ᠤ᠌ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠵᠦ ᠂ ᠦᠢᠯᠡᠰ ᠪᠦᠲᠦᠭᠡᠬᠦ ᠪᠡᠷ ᠴᠢᠷᠮᠠᠢᠨ ᠵᠢᠳᠬᠦᠬᠦ ᠠᠤᠭ᠎ᠠ ᠰᠠᠨᠠᠭ᠎ᠠ ᠡᠷᠡᠯᠬᠡᠭ ᠵᠣᠷᠢᠭ ᠮᠦᠨ ᠃ ᠡᠨᠡ ᠦᠶ᠎ᠡ ᠳ᠋ᠦ᠍ ᠂ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠬᠣᠶᠠᠳᠤᠭᠠᠷ ᠪᠦᠯᠦᠭ ᠤ᠋ᠨ ᠭᠣᠣᠯ ᠰᠡᠳᠦᠪᠲᠦ ᠬᠥᠮᠦᠵᠢᠯ ᠤ᠋ᠨ ᠠᠵᠢᠯ ᠶᠠᠭ ᠶᠠᠪᠤᠭᠳᠠᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠪᠦᠬᠦ ᠺᠠᠳ᠋ᠷ ᠴᠠᠭᠳᠠᠭ᠎ᠠ ᠨᠠᠷ ᠡᠭᠦᠨ ᠢ᠋ᠶ᠋ᠡᠷ ᠠᠵᠠ ᠲᠣᠬᠢᠶᠠᠯ ᠪᠣᠯᠭᠠᠨ ᠂ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠣᠶᠤᠨ ᠰᠦᠨᠡᠰᠦ ᠪᠠᠨ ᠨᠢᠭᠲᠠᠷᠠᠭᠤᠯᠵᠤ ᠂ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠦᠷ᠎ᠡ ᠪᠦᠲᠦᠭᠡᠯ ᠢ᠋ ᠺᠠᠳ᠋ᠷ ᠴᠠᠭᠳᠠᠭ᠎ᠠ ᠶ᠋ᠢᠨ ᠬᠡᠬᠦᠳᠡᠭ ᠴᠡᠭᠡᠵᠢᠨ ᠳ᠋ᠡᠭᠡᠨ ᠡᠬᠡ ᠤᠯᠤᠰ ᠢ᠋ᠶ᠋ᠠᠨ ᠪᠤᠳᠤᠬᠤ ᠂ ᠡᠭᠦᠷᠭᠡ ᠲᠤᠰᠢᠶᠠᠯ ᠢ᠋ᠶ᠋ᠠᠨ ᠭᠦᠢᠴᠡᠳᠬᠡᠬᠦ ᠶ᠋ᠢ ᠳᠠᠢᠴᠢᠯᠠᠬᠤ ᠠᠵᠢᠯᠯᠠᠭᠠᠨ ᠤ᠋ ᠤᠬᠠᠮᠰᠠᠷ ᠪᠣᠯᠭᠠᠨ ᠬᠤᠪᠢᠷᠠᠭᠤᠯᠵᠤ ᠂  ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠤᠬᠠᠮᠰᠠᠷᠠᠬᠤ ᠶ᠋ᠢᠨ ᠳᠤᠮᠳᠠ ᠰᠢᠭᠦᠨ ᠲᠠᠰᠤᠯᠬᠤ ᠭᠦᠢᠴᠡᠳᠬᠡᠬᠦ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠲᠦᠯᠬᠢᠨ ᠠᠬᠢᠭᠤᠯᠪᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )