【ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠦᠨ᠎ᠡ 】ᠬᠠᠤᠯᠢ ᠶᠣᠰᠣ ᠶ᠋ᠢ ᠳᠡᠮᠵᠢᠵᠦ ᠠᠷᠠᠳ ᠠ᠋ᠴᠠ ᠡᠷᠬᠢᠯᠡᠭᠰᠡᠨ ᠠᠵᠤ ᠠᠬᠤᠢᠯᠠᠯ ᠤ᠋ᠨ ᠠᠶᠠᠯᠠᠯ ᠢ᠋ ᠬᠠᠮᠠᠭᠠᠯᠠᠵᠤ ᠬᠥᠭᠵᠢᠭᠦᠯᠬᠦ ︱ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠰᠢᠭᠦᠯᠲᠡ ᠢ᠋ᠢᠨ ᠦᠢᠯᠡᠴᠢᠯᠡᠭᠡᠨ ᠤ᠋ ᠪᠠᠲᠤᠯᠠᠭ᠎ᠠ ᠶ᠋ᠢᠨ ᠲᠥᠪ ᠠᠵᠤ ᠠᠬᠤᠢᠯᠠᠯ ᠳ᠋ᠤ ᠬᠦᠷᠴᠦ ᠰᠤᠷᠪᠤᠯᠵᠢᠯᠠᠭ᠎ᠠ ᠬᠢᠬᠦ ᠠᠵᠢᠯᠯᠠᠭ᠎ᠠ ᠥᠷᠨᠢᠭᠦᠯᠪᠡ
ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠲᠤᠬᠠᠢ ᠨᠠᠮ ᠤ᠋ᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠪᠣᠯᠤᠨ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠭᠦᠨᠵᠡᠭᠡᠢ ᠲᠤᠤᠱᠯᠠᠭᠤᠯᠵᠤ ᠂ ᠠᠷᠠᠳ ᠤ᠋ᠨ ᠰᠢᠭᠦᠬᠦ ᠬᠣᠷᠢᠶ᠎ᠠ ᠶ᠋ᠢᠨ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠦᠷᠭᠦᠯᠵᠢᠯᠡᠨ ᠰᠢᠯᠢᠳᠡᠭᠵᠢᠭᠦᠯᠬᠦ ᠳᠤᠮᠳᠠᠬᠢ ᠬᠠᠤᠯᠢ ᠴᠠᠭᠠᠵᠠ ᠶ᠋ᠢᠨ ᠪᠠᠲᠤᠯᠠᠭ᠎ᠠ ᠶ᠋ᠢᠨ ᠡᠭᠦᠷᠭᠡ ᠴᠢᠳᠠᠪᠤᠷᠢ ᠶ᠋ᠢ ᠭᠦᠢᠴᠡᠳ ᠪᠠᠳᠠᠷᠠᠭᠤᠯᠬᠤ ᠶ᠋ᠢᠨ ᠲᠥᠯᠥᠭᠡ ᠂ ᠣᠢᠷ᠎ᠠ ᠳ᠋ᠤ᠌ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠰᠢᠭᠦᠯᠲᠡ ᠶ᠋ᠢᠨ ᠦᠢᠯᠡᠴᠢᠯᠡᠭᠡᠨ ᠤ᠋ ᠪᠠᠲᠤᠯᠠᠭ᠎ᠠ ᠶ᠋ᠢᠨ ᠲᠥᠪ 《 〈 ᠨᠡᠢᠯᠡᠮᠡᠯ ᠨᠢᠳᠤᠷᠭ᠎ᠠ 〉 ᠳ᠋ᠦ᠍ ᠦᠢᠯᠡᠴᠢᠯᠡᠬᠦ ᠶ᠋ᠢ ᠰᠠᠢᠲᠤᠷ ᠬᠢᠵᠦ ᠂ ᠠᠮᠤᠷᠯᠢᠩᠭᠤᠢ ᠠᠷᠠᠯᠵᠢᠶ᠎ᠠ ᠬᠤᠳᠠᠯᠳᠤᠭ᠎ᠠ ᠬᠢᠬᠦ 〈 ᠳᠤᠯᠠᠭᠠᠬᠠᠨ ᠣᠷᠴᠢᠨ ᠲᠣᠭᠣᠷᠢᠨ 〉 ᠢ᠋ ᠪᠠᠢᠭᠤᠯᠬᠤ 》 ᠪᠠᠷ ᠭᠣᠣᠯ ᠰᠡᠳᠦᠪ ᠪᠣᠯᠭᠠᠵᠤ ᠂ ᠥᠪᠥᠷ ᠮᠣᠩᠭᠣᠯ ᠤ᠋ᠨ ᠶᠤᠸᠠᠨ ᠰᠢᠩ ᠡᠨᠧᠷᠭᠢ ᠶ᠋ᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳ᠋ᠤ᠌ ᠬᠦᠷᠴᠦ 《 ᠬᠠᠤᠯᠢ ᠶᠣᠰᠣ ᠶ᠋ᠢ ᠳᠡᠮᠵᠢᠵᠦ ᠠᠷᠠᠳ ᠠ᠋ᠴᠠ ᠡᠷᠬᠢᠯᠡᠭᠰᠡᠨ ᠠᠵᠤ ᠠᠬᠤᠢᠯᠠᠯ ᠤ᠋ᠨ ᠠᠶᠠᠯᠠᠯ ᠢ᠋ ᠬᠠᠮᠠᠭᠠᠯᠠᠵᠤ ᠬᠥᠭᠵᠢᠭᠦᠯᠬᠦ 》 ᠭᠡᠳᠡᠭ ᠪᠠᠢᠴᠠᠭᠠᠨ ᠰᠤᠳᠤᠯᠵᠤ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ ᠃
ᠶᠠᠷᠢᠯᠴᠠᠬᠤ ᠬᠤᠷᠠᠯ ᠳᠡᠭᠡᠷ᠎ᠡ ᠂ ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠠᠵᠤ ᠠᠬᠤᠢᠯᠠᠯ ᠤ᠋ᠨ ᠣᠳᠣᠬᠠᠨ ᠤ᠋ ᠦᠢᠯᠡᠳᠪᠦᠷᠢᠯᠡᠯ ᠡᠵᠡᠩᠨᠡᠯᠲᠡ ᠶ᠋ᠢᠨ ᠪᠠᠢᠳᠠᠯ ᠂ ᠦᠢᠯᠡᠳᠪᠦᠷᠢᠯᠡᠯ ᠤ᠋ᠨ ᠬᠦᠷᠢᠶ᠎ᠡ ᠬᠡᠪᠴᠢᠶ᠎ᠡ ᠵᠢᠴᠢ ᠬᠥᠭᠵᠢᠯᠲᠡ ᠢ᠋ᠢᠨ ᠢᠷᠡᠭᠡᠳᠦᠢ ᠢ᠋ᠢᠨ ᠲᠥᠯᠥᠪᠵᠢᠭᠦᠯᠭᠡ ᠵᠡᠷᠭᠡ ᠶ᠋ᠢ ᠬᠢᠨᠠᠮᠠᠭᠠᠢ ᠰᠣᠨᠣᠰᠴᠤ ᠂ ᠰᠢᠭᠦᠬᠦ ᠬᠣᠷᠢᠶᠠᠨ ᠤ᠋ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠰᠠᠨᠠᠯ ᠰᠠᠨᠠᠭᠤᠯᠭ᠎ᠠ ᠶ᠋ᠢ ᠨᠢᠭᠤᠷᠳᠠᠨ ᠬᠤᠷᠢᠶᠠᠵᠤ ᠂ ᠠᠵᠤ ᠠᠬᠤᠢᠯᠠᠯ ᠤ᠋ᠨ ᠬᠥᠭᠵᠢᠯᠲᠡ ᠶ᠋ᠢᠨ ᠳᠤᠮᠳᠠᠬᠢ ᠡᠮᠵᠡᠭ ᠵᠣᠪᠠᠨᠢᠯ ᠲᠠᠢ ᠠᠰᠠᠭᠤᠳᠠᠯ ᠢ᠋ ᠭᠦᠨᠵᠡᠭᠡᠢ ᠰᠣᠯᠢᠯᠴᠠᠨ ᠂ ᠠᠵᠤ ᠠᠬᠤᠢᠯᠠᠯ ᠤ᠋ᠨ ᠬᠠᠮᠢᠶ᠎ᠠ ᠪᠦᠬᠦᠢ ᠵᠠᠷᠭᠤ ᠳ᠋ᠤ᠌ ᠬᠣᠯᠪᠣᠭᠳᠠᠭᠰᠠᠨ ᠵᠢᠭᠤᠷᠠᠯᠳᠤᠭᠠᠨ ᠢ᠋ ᠰᠢᠢᠳᠪᠦᠷᠢᠯᠡᠭᠰᠡᠨ ᠪᠠᠢᠳᠠᠯ ᠢ᠋ ᠭᠣᠣᠯᠳᠠᠯᠭ᠎ᠠ ᠲᠠᠢ ᠠᠰᠠᠭᠤᠨ ᠯᠠᠪᠯᠠᠬᠤ ᠶ᠋ᠢᠨ ᠬᠠᠮᠲᠤ ᠂ ᠠᠵᠤ ᠠᠬᠤᠢᠯᠠᠯ ᠤ᠋ᠨ ᠳᠤᠷᠠᠳᠤᠭᠰᠠᠨ ᠬᠡᠷᠡᠭ ᠤ᠋ᠨ ᠵᠠᠷᠭᠤ ᠶ᠋ᠢᠨ ᠵᠠᠷᠤᠳᠠᠯ ᠬᠡᠳᠦ ᠥᠨᠳᠥᠷ ᠂ ᠵᠠᠷᠭᠤ ᠶ᠋ᠢᠨ ᠵᠠᠷᠤᠳᠠᠯ ᠢ᠋ ᠬᠣᠢᠰᠢᠯᠠᠭᠤᠯᠤᠨ ᠬᠠᠰᠤᠵᠤ ᠬᠡᠯᠲᠦᠷᠢᠭᠦᠯᠬᠦ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠶ᠋ᠢᠨ ᠠᠰᠠᠭᠤᠳᠠᠯ ᠳ᠋ᠤ᠌ ᠴᠢᠭᠯᠡᠭᠦᠯᠦᠨ ᠬᠠᠷᠢᠭᠤᠯᠲᠠ ᠥᠭᠪᠡ ᠃ ᠳᠠᠷᠠᠭ᠎ᠠ ᠨᠢ ᠂ ᠠᠵᠤ ᠠᠬᠤᠢᠯᠠᠯ ᠳ᠋ᠤ᠌ ᠰᠦᠯᠵᠢᠶ᠎ᠡ ᠪᠡᠷ ᠬᠡᠷᠡᠭ ᠪᠣᠯᠭᠠᠨ ᠳᠠᠩᠰᠠᠯᠠᠬᠤ ᠂ ᠰᠦᠯᠵᠢᠶ᠎ᠡ ᠪᠡᠷ ᠲᠤᠰᠢᠶᠠᠬᠤ ( ᠪᠤᠴᠠᠭᠠᠬᠤ ) ᠂ ᠡᠯᠧᠺᠲ᠋ᠷᠣᠨ ᠢ᠋ᠶ᠋ᠠᠷ ᠬᠦᠷᠭᠡᠬᠦ ᠰᠦᠢᠳᠬᠡᠯ ᠵᠡᠷᠭᠡ ᠭᠠᠷ ᠳᠡᠪᠲᠡᠷ ᠢ᠋ 40 ᠭᠠᠷᠤᠢ ᠬᠤᠪᠢ ᠲᠠᠷᠬᠠᠭᠠᠪᠠ᠃
ᠥᠪᠥᠷ ᠮᠣᠩᠭᠣᠯ ᠤ᠋ᠨ ᠶᠤᠸᠠᠨ ᠰᠢᠩ ᠡᠨᠧᠷᠭᠢ ᠶ᠋ᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠰᠠᠨᠠᠭᠠᠴᠢᠯᠠᠭ᠎ᠠ ᠠ᠋ᠴᠠ ᠪᠠᠨ ᠡᠭᠦᠳᠡᠨ ᠳ᠋ᠤᠨᠢ ᠬᠦᠷᠴᠦ ᠰᠤᠷᠪᠤᠯᠵᠢᠯᠠᠬᠤ ᠳ᠋ᠤ᠌ ᠨᠠᠷᠢᠯᠢᠭ ᠣᠨᠣᠪᠴᠢᠲᠠᠢ ᠬᠠᠤᠯᠢ ᠴᠠᠭᠠᠵᠠ ᠶ᠋ᠢᠨ ᠦᠢᠯᠡᠴᠢᠯᠡᠭᠡ ᠬᠠᠩᠭᠠᠬᠤ ᠠᠷᠭ᠎ᠠ ᠬᠢᠳᠡᠯ ᠢ᠋ ᠳᠡᠭᠡᠳᠦ ᠬᠡᠮᠵᠢᠶ᠎ᠡ ᠪᠡᠷ ᠦᠨᠡᠯᠡᠬᠦ ᠶ᠋ᠢᠨ ᠬᠠᠮᠲᠤ ᠂ ᠬᠣᠢᠰᠢᠳᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ᠋ ᠨᠠᠷᠢᠨ ᠬᠢᠨᠠᠮᠠᠭᠠᠢ ᠰᠤᠷᠤᠯᠴᠠᠨ ᠵᠢᠷᠤᠮᠯᠠᠵᠤ ᠂ ᠠᠵᠤ ᠠᠬᠤᠢᠯᠠᠯ ᠤ᠋ᠨ ᠲᠦᠭᠰᠢᠭᠦᠷᠢ ᠶ᠋ᠢ ᠰᠡᠷᠭᠡᠢᠯᠡᠨ ᠨᠠᠮᠳᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ ᠂ ᠬᠠᠤᠯᠢ ᠶᠣᠰᠣᠭᠠᠷ ᠲᠣᠭᠲᠠᠭᠠᠯ ᠳ᠋ᠤ᠌ ᠨᠡᠢᠴᠡᠭᠦᠯᠦᠨ ᠡᠵᠡᠩᠨᠡᠨ ᠬᠠᠮᠢᠶᠠᠷᠤᠨ᠎ᠠ ᠭᠡᠵᠦ ᠢᠯᠡᠳᠬᠡᠪᠡ ᠃
ᠳᠠᠷᠠᠭᠠᠴᠢ ᠶ᠋ᠢᠨ ᠠᠯᠬᠤᠮ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠦᠷᠭᠦᠯᠵᠢᠯᠡᠨ ᠪᠦᠬᠦ ᠬᠦᠴᠦᠨ ᠢ᠋ᠶ᠋ᠡᠷ ᠢ᠋ᠶ᠋ᠡᠨ ᠲᠡᠷᠢᠭᠦᠨ ᠦ᠌ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠪᠠᠢᠭᠤᠯᠬᠤ ᠂ ᠠᠷᠠᠳ ᠠ᠋ᠴᠠ ᠡᠵᠡᠩᠨᠡᠭᠰᠡᠨ ᠠᠵᠤ ᠠᠬᠤᠢᠯᠠᠯ ᠤ᠋ᠨ ᠡᠵᠡᠩᠨᠡᠯᠲᠡ ᠶ᠋ᠢᠨ ᠬᠥᠭᠵᠢᠯᠲᠡ ᠶ᠋ᠢ ᠳᠦᠷᠢᠮᠵᠢᠭᠦᠯᠬᠦ ᠂ ᠠᠵᠤ ᠠᠬᠤᠢᠯᠠᠯ ᠳ᠋ᠤ᠌ ᠭᠦᠨᠵᠡᠭᠡᠢᠷᠡᠨ ᠰᠤᠷᠪᠤᠯᠵᠢᠯᠠᠬᠤ ᠬᠡᠷᠡᠭᠴᠡᠭᠡ ᠱᠠᠭᠠᠷᠳᠠᠯᠭ᠎ᠠ ᠶ᠋ᠢ ᠲᠠᠢᠯᠪᠤᠷᠢᠯᠠᠬᠤ ᠂ ᠬᠥᠭᠵᠢᠯᠲᠡ ᠶ᠋ᠢ ᠤᠬᠠᠭᠤᠯᠬᠤ ᠂ ᠰᠠᠨᠠᠯ ᠬᠤᠷᠢᠶᠠᠬᠤ ᠪᠠᠷ ᠠᠷᠭᠠᠴᠠᠬᠤ ᠪᠣᠳᠣᠯᠭ᠎ᠠ ᠡᠷᠢᠬᠦ ᠵᠡᠷᠭᠡ ᠠᠵᠢᠯᠯᠠᠭ᠎ᠠ ᠶ᠋ᠢ ᠵᠣᠬᠢᠶᠠᠨ ᠪᠠᠢᠭᠤᠯᠤᠨ ᠥᠷᠨᠢᠭᠦᠯᠬᠦ ᠪᠡᠷ ᠳᠠᠮᠵᠢᠨ ᠂ ᠠᠵᠤ ᠠᠬᠤᠢᠯᠠᠯ ᠤ᠋ᠨ ᠡᠵᠡᠩᠨᠡᠨ ᠬᠠᠮᠢᠶᠠᠷᠬᠤ ᠠᠵᠢᠯᠲᠠᠳ ᠤ᠋ᠨ ᠬᠠᠤᠯᠢ ᠶᠣᠰᠣᠭᠠᠷ ᠡᠵᠡᠩᠨᠡᠬᠦ ᠂ ᠬᠠᠤᠯᠢ ᠶᠣᠰᠣᠭᠠᠷ ᠬᠠᠮᠢᠶᠠᠷᠬᠤ ᠴᠢᠳᠠᠪᠤᠷᠢ ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠠᠵᠤ ᠠᠬᠤᠢᠯᠠᠯ ᠤ᠋ᠨ ᠬᠠᠤᠯᠢ ᠶᠣᠰᠣᠭᠠᠷ ᠲᠣᠭᠲᠠᠭᠠᠯ ᠳ᠋ᠤ᠌ ᠨᠡᠢᠴᠡᠭᠦᠯᠦᠨ ᠪᠦᠲᠦᠭᠡᠨ ᠪᠠᠢᠭᠤᠯᠬᠤ ᠶ᠋ᠢ ᠲᠦᠯᠬᠢᠨ ᠠᠬᠢᠭᠤᠯᠵᠤ ᠂ ᠬᠠᠤᠯᠢ ᠴᠠᠭᠠᠵᠠ ᠶ᠋ᠢᠨ ᠲᠦᠭᠰᠢᠭᠦᠷᠢ ᠶ᠋ᠢ ᠰᠡᠷᠭᠡᠢᠯᠡᠨ ᠂ ᠠᠵᠤ ᠠᠬᠤᠢᠯᠠᠯ ᠤ᠋ᠨ ᠬᠠᠮᠢᠶᠠᠷᠤᠯᠲᠠ ᠶ᠋ᠢᠨ ᠬᠠᠤᠯᠢᠵᠢᠭᠰᠠᠨ ᠬᠢᠷᠢ ᠲᠦᠪᠰᠢᠨ ᠢ᠋ ᠳᠡᠭᠡᠭᠰᠢᠯᠡᠭᠦᠯᠦᠨ᠎ᠡ ᠃
ᠦᠨᠡᠯᠡᠬᠦ 0ᠦᠨᠡᠯᠡᠯᠲᠡ᠎ᠲᠠᠢ