〔《 ᠪᠤᠤ ᠸᠧᠢ ᠵᠦᠩ 》ᠮᠠᠶᠢᠭ ᠤᠨ ᠭᠦᠢᠴᠡᠳᠬᠡᠭᠴᠢ ᠺᠠᠲᠷ ᠴᠠᠭᠳᠠᠭ᠎ᠠ 〕
2023.10.10 ᠲᠣᠰ ᠥᠷᠲᠡᠭᠡᠨ᠎ᠦ ᠨᠠᠢᠷᠠᠭᠤᠯᠤᠭᠴᠢ

    〔《 ᠪᠤᠤ ᠸᠧᠢ ᠵᠦᠩ 》  ᠮᠠᠶᠢᠭ ᠤᠨ ᠭᠦᠢᠴᠡᠳᠬᠡᠭᠴᠢ ᠺᠠᠲᠷ ᠴᠠᠭᠳᠠᠭ᠎ᠠ 〕 ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ  ᠯᠢᠨ ᠷᠦᠢ ᠰᠢᠶᠠ᠄ ᠵᠢᠭᠤᠷᠠᠯᠳᠤᠭᠠᠨ ᠢ ᠰᠢᠢᠳᠪᠦᠷᠢᠯᠡᠵᠦ ᠮᠠᠷᠭᠤᠭᠠᠨ ᠢ ᠵᠣᠭᠰᠤᠭᠠᠵᠤ ᠡᠶ᠎ᠡ ᠨᠠᠢᠷᠰᠠᠭ ᠢ ᠳᠠᠮᠵᠢᠭᠤᠯᠤᠨ᠂ ᠰᠡᠳᠭᠢᠯ ᠳᠦ ᠲᠠᠭᠠᠯᠠᠮᠵᠢᠲᠠᠢ ᠬᠠᠤᠯᠢ ᠬᠡᠷᠡᠭᠵᠢᠭᠦᠯᠵᠦ ᠠᠵᠢᠯ  ᠣᠯᠭᠤᠯᠲᠠ ᠶᠢ ᠳᠡᠮᠵᠢᠶ᠎ᠡ

    ᠣᠷᠳᠣᠰ ᠬᠣᠲᠠ ᠶ᠋ᠢᠨ ᠠᠷᠠᠳ ᠶ᠋ᠢᠨ ᠳᠤᠮᠳᠠ ᠵᠡᠷᠭᠡ ᠶᠢᠨ ᠰᠢᠭᠦᠬᠦ ᠬᠣᠷᠢᠶ ᠠ

    ᠮᠢᠨᠦ ᠳᠡᠷᠭᠡᠳᠡᠬᠢ ᠪᠤᠤ ᠸᠧᠢ ᠵᠦᠩ

    ᠭᠦᠢᠴᠡᠳᠬᠡᠬᠦ ᠰᠢᠰᠲ᠋ᠧᠮ ᠦ᠋ᠨ ᠭᠣᠣᠯ ᠰᠡᠳᠦᠪᠲᠦ ᠶᠠᠷᠢᠶ᠎ᠠ ᠢᠯᠡᠳᠬᠡᠯ ᠦ᠋ᠨ ᠤᠷᠤᠯᠳᠤᠭᠠᠨ

    ᠬᠠᠦᠯᠢ  ᠶᠢᠨ  ᠮᠤᠨᠠ ᠲᠣᠣᠷ ᠳᠦ ᠪᠠᠭᠤᠬᠤ ᠨᠢ ᠂ ᠵᠢᠭᠤᠷᠠᠯᠳᠤᠭᠠᠨ  ᠳᠠᠭᠤᠰᠤᠭᠰᠠᠨ ᠢ ᠲᠥᠯᠦᠭᠡᠯᠡᠵᠦ ᠪᠠᠢᠭ᠎ᠠ ᠪᠢᠰᠢ

    ᠲᠠᠰᠤᠯᠤᠨ ᠲᠣᠭᠲᠠᠭᠠᠯᠲᠠ ᠬᠦᠴᠦᠨ ᠲᠡᠢ  ᠪᠣᠯᠬᠤ ᠨᠢ᠂ ᠡᠭᠦᠷᠭᠡ ᠭᠦᠢᠴᠡᠳᠬᠡᠬᠦ ᠶ᠋ᠢ ᠲᠥᠯᠥᠭᠡᠯᠡᠬᠦ ᠪᠠᠢᠭ᠎ᠠ ᠪᠢᠰᠢ

    ᠭᠦᠢᠴᠡᠳᠬᠡᠭᠦᠯᠬᠦ ᠪᠡᠷ ᠭᠤᠶᠤᠴᠢᠯᠠᠬᠤ  ᠪᠢᠴᠢᠭ᠌ ᠨᠢ ᠲᠡᠳᠡᠨ ᠦ᠌ ᠤᠷᠢᠶ᠎ᠠ ᠪᠣᠯᠤᠨ᠎ᠠ

   ᠲᠡᠳᠡᠨ ᠦ᠌ ᠡᠷᠳᠡᠮ ᠢ᠋ᠶ᠋ᠡᠨ ᠭᠠᠢᠬᠠᠭᠤᠯᠬᠤ ᠶ᠋ᠢᠨ ᠡᠬᠢᠯᠡᠯ ᠪᠣᠯᠤᠨ᠎ᠠ

    ᠲᠡᠳᠡ ᠭᠤᠶᠤᠴᠢᠯᠠᠭᠴᠢ ᠪᠣᠯᠤᠨ ᠭᠦᠢᠴᠡᠳᠬᠡᠭᠳᠡᠭᠴᠢ ᠶ᠋ᠢᠨ ᠬᠣᠭᠣᠷᠣᠨᠳᠣ ᠨᠠᠰᠢ ᠴᠠᠰᠢ  ᠶᠠᠪᠤᠨ᠎ᠠ

    ᠦᠨᠡᠯᠡᠨ ᠵᠢᠱ᠌ᠢᠬᠦ ᠺᠣᠮᠫᠠᠨᠢ ᠪᠣᠯᠤᠨ ᠦᠨ᠎ᠡ ᠬᠠᠶᠠᠵᠤ ᠬᠤᠳᠠᠯᠳᠤᠬᠤ ᠺᠣᠮᠫᠠᠨᠢ ᠶ᠋ᠢᠨ ᠬᠣᠭᠣᠷᠣᠨᠳᠣ ᠨᠡᠰᠢ ᠴᠠᠰᠢ ᠶᠠᠪᠤᠨ᠎ᠠ

    ᠡᠯ᠎ᠡ ᠲᠣᠮᠣ ᠪᠠᠩᠬᠢ ᠪᠣᠯᠤᠨ ᠭᠡᠷ ᠬᠥᠷᠥᠩᠭᠡ ᠶ᠋ᠢᠨ ᠭᠠᠵᠠᠷ ᠰᠢᠷᠣᠢ ᠶ᠋ᠢᠨ ᠬᠣᠭᠣᠷᠣᠨᠳᠣ ᠨᠡᠰᠢ ᠴᠠᠰᠢ ᠶᠠᠪᠤᠨ᠎ᠠ

    ᠲᠡᠳᠡ ᠪᠣᠯ ᠬᠠᠮᠤᠭ ᠰᠡᠭᠦᠯᠴᠢ ᠶ᠋ᠢᠨ ᠨᠢᠭᠡ ᠰᠡᠷᠭᠡᠢᠯᠡᠯᠲᠡ ᠶ᠋ᠢᠨ ᠱᠤᠭᠤᠮ

    ᠲᠥᠪ ᠭᠣᠣᠯᠴᠢ ᠰᠢᠳᠤᠷᠭᠤ ᠶᠣᠰᠣ ᠶ᠋ᠢ ᠪᠡᠶᠡᠯᠡᠭᠦᠯᠬᠦ ᠬᠠᠮᠤᠭ ᠰᠡᠭᠦᠯᠴᠢ ᠶ᠋ᠢᠨ ᠨᠢᠭᠡ  ᠬᠡᠰᠡᠭ ᠵᠠᠮ

    ᠲᠡᠳᠡ ᠬᠠᠤᠯᠢ ᠬᠡᠷᠡᠭᠵᠢᠭᠦᠯᠬᠦ ᠳ᠋ᠡᠭᠡᠨ ᠠᠭᠤᠯᠠ ᠮᠡᠲᠦ

    ᠤᠷᠢᠬᠠᠨ ᠰᠠᠯᠬᠢ ᠥᠭᠭᠢᠶᠡᠮᠦᠷ ᠬᠤᠷ᠎ᠠ ᠂ ᠡᠶᠡᠯᠳᠡᠭ ᠵᠥᠭᠡᠯᠡᠨ ᠬᠠᠰ ᠮᠡᠲᠦ

    ᠲᠡᠳᠡ ᠪᠣᠯ ᠳᠠᠷᠤᠢ ᠬᠠᠦᠯᠢ ᠬᠡᠷᠡᠭᠵᠢᠭᠦᠯᠬᠦ ᠰᠢᠭᠦᠭᠴᠢ ᠪᠣᠯᠤᠨ᠎ᠠ

 

    ᠣᠷᠳᠣᠰ ᠬᠣᠲᠠ ᠶ᠋ᠢᠨ ᠠᠷᠠᠳ ᠤᠨ ᠰᠢᠭᠦᠬᠦ ᠬᠣᠷᠢᠶ᠎ᠠ ᠶ᠋ᠢᠨ ᠭᠦᠢᠴᠡᠳᠬᠡᠬᠦ ᠰᠢᠰᠲ᠋ᠧᠮ

    《 ᠮᠢᠨᠦ ᠳᠡᠷᠭᠡᠳᠡᠬᠢ ᠪᠤᠤ ᠸᠧᠢ ᠵᠦᠩ 》 ᠭᠣᠣᠯ ᠰᠡᠳᠦᠪᠲᠦ ᠶᠠᠷᠢᠶ᠎ᠠ ᠲᠠᠯᠪᠢᠬᠤ ᠤᠷᠤᠯᠳᠤᠭᠠᠨ ᠲᠡᠭᠦᠰ ᠠᠮᠵᠢᠯᠲᠠ ᠲᠠᠢ ᠲᠡᠭᠦᠰᠪᠡ

    《 ᠲᠤᠰᠬᠠᠢ ᠪᠤᠯᠤᠩ 》 ᠨᠢ ᠪᠦᠬᠦ ᠬᠣᠲᠠ ᠶ᠋ᠢᠨ ᠰᠢᠭᠦᠬᠦ ᠬᠣᠷᠢᠶᠠᠨ ᠠ᠋ᠴᠠ ᠨᠡᠢᠲᠡᠯᠡᠨ ᠨᠡᠪᠲᠡᠷᠡᠭᠦᠯᠪᠡ

    ᠤᠷᠤᠯᠳᠤᠭᠠᠨ ᠳ᠋ᠤ᠌ ᠣᠷᠣᠯᠴᠠᠭᠰᠠᠨ 11  ᠬᠥᠮᠦᠰ ᠤᠨ ᠭᠣᠢᠲᠠ ᠰᠠᠢᠬᠠᠨ ᠬᠣᠷᠤᠮ

     ᠲᠡᠳᠡᠨ ᠦ᠌ ᠶᠠᠷᠢᠬᠤ ᠶ᠋ᠢ  ᠰᠣᠨᠤᠰᠤᠶ᠎ᠠ

    ᠬᠠᠵᠠᠭᠤ ᠳ᠋ᠤ᠌ ᠪᠠᠢᠭ᠎ᠠ《 ᠪᠦᠦ ᠸᠧᠢ ᠵᠦᠩ ᠮᠠᠶᠢᠭ ᠤ᠋ᠨ ᠭᠦᠢᠴᠡᠳᠬᠡᠭᠴᠢ ᠺᠠᠲᠷ ᠴᠠᠭᠳᠠᠭ᠎ᠠ》 ᠨᠠᠷ ᠤ᠋ᠨ ᠦᠯᠢᠭᠡᠷ

    ᠬᠣᠶᠠᠳᠤᠭᠠᠷ ᠳᠡᠰ ᠦ᠋ᠨ ᠱᠠᠩᠨᠠᠯ

    ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠯᠢᠨ ᠷᠦᠢ  ᠰᠢᠶᠠ

 

 

    2023 ᠣᠨ ᠤ᠋ 7 ᠰᠠᠷ᠎ᠠ ᠳ᠋ᠤ᠌ ᠂ ᠨᠢᠭᠡᠨ ᠡᠩ ᠦ᠋ᠨ ᠡᠳᠦᠷ ᠤᠨ ᠦᠳᠡ ᠶ᠋ᠢᠨ ᠡᠮᠦᠨ᠎ᠡ ᠂ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠳ᠋ᠠᠢ ᠰᠢᠭᠦᠭᠴᠢ ᠨᠢᠭᠡᠨ ᠤᠲᠠᠰᠤ ᠲᠣᠰᠴᠤ ᠂ ᠤᠲᠠᠰᠤᠨ ᠳᠣᠲᠣᠷ᠎ᠠ ᠨᠢᠭᠡᠨ ᠨᠠᠰᠤᠲᠠᠨ ᠤ ᠳᠠᠭᠤᠨ ᠰᠣᠨᠣᠰᠳᠠᠪᠠ ᠃ 《 ᠬᠦᠦ ᠮᠢᠨᠢ ᠠ᠋ ᠂  ᠲᠠᠨ ᠳᠦ ᠦᠨᠡᠬᠡᠷ ᠲᠠᠯᠠᠷᠬᠠᠵᠤ ᠪᠠᠢᠨ᠎ᠠ ᠂ ᠳᠡᠭᠡᠷ᠎ᠡ ᠤᠳᠠᠭ᠎ᠠ ᠲᠠ ᠪᠢᠳᠡᠨ ᠢ᠋ ᠬᠠᠪᠰᠤᠷᠴᠤ ᠲᠡᠷᠡ ᠬᠡᠷᠡᠭ ᠢ᠋ ᠡᠶᠡᠳᠡᠭᠦᠯᠵᠦ ᠪᠠᠷᠠᠭᠰᠠᠨ ᠤ᠋ ᠳᠠᠷᠠᠭ᠎ᠠ ᠂ ᠨᠡᠢᠭᠡᠮ ᠲᠣᠭᠣᠷᠢᠭ ᠡᠴᠡ ᠦᠨᠡᠬᠡᠷ ᠮᠠᠨ ᠤ᠋ ᠡᠪᠦᠭᠡᠨ ᠬᠥᠭᠰᠢᠨ ᠬᠤᠶᠠᠷ ᠳ᠋ᠦ᠍ ᠨᠢᠭᠡ ᠬᠤᠪᠢ ᠲᠣᠭᠣᠷᠢᠭ ᠤ᠋ᠨ ᠴᠡᠪᠡᠷᠯᠡᠭᠡ ᠬᠢᠬᠦ ᠠᠵᠢᠯ ᠣᠯᠭᠤᠨ ᠥᠭᠴᠡᠢ ᠂ ᠣᠳᠣ ᠮᠠᠨ ᠤ᠋ ᠡᠪᠦᠭᠡᠨ ᠬᠥᠭᠰᠢᠨ ᠬᠣᠶᠠᠭᠤᠯᠠ ᠲᠣᠭᠲᠠᠮᠠᠯ ᠣᠷᠣᠯᠭ᠎ᠠ ᠲᠠᠢ ᠪᠣᠯᠵᠠᠢ ᠁ ᠠᠮᠢᠳᠤᠷᠠᠯ ᠮᠠᠰᠢ ᠲᠣᠭᠲᠠᠭᠤᠨ ᠪᠣᠯᠵᠠᠢ ᠂ ᠳ᠋ᠠᠢ ᠰᠢᠭᠦᠭᠴᠢ ᠳᠦ ᠲᠠᠯᠠᠷᠬᠠᠵᠤ ᠪᠠᠢᠨ᠎ᠠ ᠁ 》

    ᠡᠨᠡᠬᠦ ᠤᠲᠠᠰᠤᠨ ᠤ᠋ ᠠᠷᠤ ᠳ᠋ᠠᠬᠢ ᠦᠯᠢᠭᠡᠷ ᠢ᠋ ᠬᠠᠭᠠᠰ ᠵᠢᠯ ᠦ᠋ᠨ ᠡᠮᠦᠨ᠎ᠡ ᠡᠴᠡ ᠡᠬᠢᠯᠡᠵᠦ ᠶᠠᠷᠢᠬᠤ ᠪᠣᠯᠤᠨ᠎ᠠ ᠂ ᠲᠡᠷᠡ ᠡᠳᠦᠷ᠂ ᠳ᠋ᠠᠢ ᠰᠢᠭᠦᠭᠴᠢ ᠤᠤᠯ ᠤ᠋ᠨ ᠬᠢ ᠲᠡᠢ ᠪᠡᠨ ᠠᠳᠠᠯᠢ ᠪᠠᠷ ᠰᠢᠨ᠎ᠡ ᠬᠣᠪᠢᠷᠢᠯᠠᠭᠰᠠᠨ ᠬᠡᠷᠡᠭ ᠢ᠋ ᠳᠡᠯᠭᠡᠵᠦ ᠦᠵᠡᠭᠰᠡᠨ ᠳᠦ ᠂ ᠭᠤᠶᠤᠴᠢᠯᠠᠭᠴᠢ ᠨᠢ ᠶᠠᠮᠠᠷ ᠨᠢᠭᠡᠨ ᠭᠠᠵᠠᠷ ᠣᠷᠣᠨ ᠰᠠᠭᠤᠴᠠ ᠶ᠋ᠢᠨ ᠪᠦᠲᠦᠭᠡᠨ ᠪᠠᠢᠭᠤᠯᠤᠯᠲᠠ ᠶ᠋ᠢᠨ ᠲᠣᠪᠴᠢᠶ᠎ᠠ ᠪᠠᠢᠵᠦ ᠂ ᠭᠦᠢᠴᠡᠳᠬᠡᠭᠳᠡᠭᠴᠢ ᠨᠢ ᠬᠣᠶᠠᠷ ᠨᠠᠰᠤᠲᠠᠨ ᠪᠠᠢᠯ᠎ᠠ᠂ ᠭᠦᠢᠴᠡᠳᠬᠡᠬᠦ ᠱᠠᠭᠠᠷᠳᠠᠯᠭ᠎ᠠ ᠨᠢ《 ᠨᠡᠢᠲᠡ ᠶ᠋ᠢᠨ ᠲᠦᠷᠢᠶᠡᠰᠦᠨ ᠭᠡᠷ ᠡᠴᠡ ᠨᠡᠭᠦᠵᠦ ᠭᠠᠷᠬᠤ 》 《 ᠥᠷᠢᠲᠦᠵᠦ ᠪᠠᠢᠭ᠎ᠠ  ᠮᠥᠩᠭᠦ 1 ᠲᠦᠮᠡ ᠭᠠᠷᠤᠢ ᠲᠥᠭᠥᠷᠢᠭ ᠥᠭᠬᠦ 》 ᠂ 《 ᠭᠡᠷ ᠲᠦᠷᠢᠶᠡᠰᠦᠯᠡᠬᠦ ᠭᠡᠷ᠎ᠡ ᠶ᠋ᠢ ᠬᠦᠴᠦᠨ ᠦᠭᠡᠢ ᠪᠣᠯᠭᠠᠬᠤ 》  ᠵᠡᠷᠭᠡ ᠬᠡᠳᠦᠨ ᠦᠭᠡ ᠲᠡᠢᠮᠦ ᠢᠯᠡᠷᠬᠡᠢ  ᠪᠠᠢᠯ᠎ᠠ᠁  ᠬᠠᠤᠯᠢ ᠶ᠋ᠢᠨ ᠲᠤᠰᠢᠶᠠᠯᠲᠠᠨ ᠪᠣᠯᠤᠭᠰᠠᠨ ᠤ᠋ ᠬᠤᠪᠢ ᠳ᠋ᠤ᠌ ᠂ ᠲᠡᠷᠡ ᠡᠨᠡ ᠬᠡᠷᠡᠭ ᠨᠢ ᠶᠠᠭᠠᠬᠢᠭᠰᠠᠨ ᠴᠤ᠌ ᠥᠩᠭᠡᠨ ᠲᠠᠯ᠎ᠠ ᠶ᠋ᠢᠨ ᠬᠢ ᠰᠢᠭ ᠲᠡᠢᠮᠦ ᠳᠥᠭᠥᠮ ᠪᠢᠰᠢ ᠭᠡᠳᠡᠭ ᠢ᠋ ᠰᠡᠷᠡᠵᠦ ᠮᠡᠳᠡᠵᠦ ᠂ ᠡᠨᠡ ᠬᠡᠷᠡᠭ  ᠨᠢ ᠮᠥᠨ ᠴᠢᠨᠠᠷ  ᠳᠡᠭᠡᠷ᠎ᠡ ᠪᠡᠨ ᠠᠯᠪᠠᠳᠠᠯᠭ᠎ᠠ ᠪᠠᠷ ᠬᠡᠷᠡᠭᠵᠢᠭᠦᠯᠬᠦ ᠪᠠ ᠰᠠᠢᠨ ᠰᠠᠨᠠᠭ᠎ᠠ ᠪᠠᠷ ᠭᠦᠢᠴᠡᠳᠬᠡᠬᠦ ᠶ᠋ᠢᠨ ᠲᠡᠩᠴᠡᠭᠦᠯᠬᠦ ᠬᠡᠷᠡᠭᠲᠠᠢ ᠂ ᠬᠡᠷᠪᠡ ᠠᠯᠪᠠᠳᠠᠯᠭ᠎ᠠ ᠶ᠋ᠢᠨ ᠪᠠ ᠰᠠᠢᠨ ᠰᠠᠨᠠᠭᠠᠨ ᠤ᠋ ᠬᠠᠷᠢᠴᠠᠭ᠎ᠠ ᠶ᠋ᠢ ᠲᠡᠩᠴᠡᠭᠦᠷᠢᠲᠡᠢ ᠪᠠᠢᠯᠭᠠᠵᠤ ᠴᠢᠳᠠᠪᠠᠯ ᠂ ᠠᠯᠪᠠᠳᠠᠯᠭ᠎ᠠ ᠪᠡᠷ ᠭᠡᠷ ᠪᠠᠢᠰᠢᠩ ᠰᠤᠯᠠᠯᠠᠵᠤ ᠦᠭᠭᠦᠭᠰᠡᠨ ᠡᠴᠡ ᠪᠤᠯᠵᠦ ᠬᠤᠶᠠᠷ ᠨᠠᠰᠤᠲᠠᠨ ᠣᠷᠤᠬᠤ ᠭᠡᠷ ᠣᠭᠤᠴᠢᠬᠤ ᠠᠶᠠᠭ᠎ᠠ ᠦᠭᠡᠢ ᠪᠣᠯᠬᠤ ᠭᠤᠨᠢᠭᠲᠤ ᠶᠠᠪᠤᠳᠠᠯ ᠡᠴᠡ ᠯᠠᠪ  ᠵᠠᠢᠯᠠᠵᠦ ᠳᠡᠢᠯᠦᠨ᠎ᠡ᠂ ᠪᠠᠰᠠ ᠠᠯᠪᠠᠳᠠᠯᠭ᠎ᠠ ᠪᠡᠷ ᠭᠡᠷ ᠪᠠᠢᠰᠢᠩ ᠰᠤᠯᠠᠯᠠᠵᠤ ᠦᠭᠭᠦᠭᠰᠡᠨ ᠡᠴᠡ ᠪᠣᠯᠤᠭᠰᠠᠨ ᠨᠢᠭᠡ ᠰᠢᠷᠢᠰ ᠡᠢᠮᠦᠷᠬᠦ  ᠵᠠᠬᠢᠳᠠᠯ ᠰᠤᠷᠪᠤᠯᠵᠢᠯᠠᠭ᠎ᠠ  ᠵᠡᠷᠭᠡ ᠨᠡᠢᠭᠡᠮ ᠦ᠋ᠨ ᠠᠰᠠᠭᠤᠳᠠᠯ ᠡᠭᠦᠰᠬᠦ ᠡᠴᠡ ᠵᠠᠢᠯᠠᠰᠬᠢᠵᠦ ᠴᠢᠳᠠᠨ᠎ᠠ ᠃

    ᠲᠤᠰ ᠡᠳᠦᠷ ᠦ᠋ᠨ ᠦᠳᠡ ᠶ᠋ᠢᠨ ᠬᠣᠢᠨ᠎ᠠ ᠂ ᠭᠦᠢᠴᠡᠳᠬᠡᠬᠦ ᠰᠢᠭᠦᠭᠴᠢ  ᠵᠡᠷᠭᠡ ᠨᠢᠭᠡ ᠪᠥᠯᠦᠭ ᠬᠥᠮᠦᠰ ᠭᠦᠢᠴᠡᠳᠬᠡᠭᠴᠢ ᠶ᠋ᠢᠨ ᠰᠠᠭᠤᠵᠤ ᠪᠠᠢᠭ᠎ᠠ ᠨᠡᠢᠲᠡ ᠶ᠋ᠢᠨ ᠲᠦᠷᠢᠶᠡᠰᠦᠨ ᠭᠡᠷ ᠲᠦ᠍ ᠬᠦᠷᠴᠦ ᠂ ᠬᠠᠤᠯᠢ ᠳ᠋ᠤ᠌ ᠲᠣᠭᠲᠠᠭᠠᠭᠰᠠᠨ ᠵᠢᠷᠤᠮ ᠶᠣᠰᠣᠭᠠᠷ ᠭᠡᠷ ᠰᠤᠯᠠᠯᠠᠬᠤ ᠵᠠᠷᠯᠠᠯ ᠨᠠᠭᠠᠭᠰᠠᠨ ᠮᠥᠷᠲᠡᠭᠡᠨ ᠬᠣᠶᠠᠷ ᠨᠠᠰᠤᠲᠠᠨ ᠤ᠋ ᠪᠠᠢᠳᠠᠯ ᠢ᠋ ᠤᠯᠠᠮ ᠨᠢᠭᠡ ᠠᠯᠬᠤᠮ ᠣᠢᠯᠠᠭᠠᠶ᠎ᠠ ᠭᠡᠵᠦ  ᠪᠣᠳᠤᠭᠰᠠᠨ ᠡᠴᠡ ᠨᠢᠭᠡ ᠵᠠᠮ ᠳᠡᠩᠰᠡᠯᠵᠦ ᠶᠠᠪᠤᠭᠰᠠᠭᠠᠷ ᠡᠴᠦᠰ ᠲᠡᠭᠡᠨ ᠡᠨᠡ ᠪᠣᠢᠳᠠ ᠪᠥᠭᠯᠡᠭᠦᠦ ᠬᠣᠲᠠ ᠶ᠋ᠢᠨ ᠲᠡᠭᠦᠷᠭᠡ  ᠳᠦ ᠬᠦᠷᠴᠦ ᠂ ᠨᠢᠳᠦᠨ  ᠳᠦ ᠥᠷᠢᠲᠦᠭᠰᠡᠨ ᠡᠳᠡᠭᠡᠷ  ᠵᠦᠢᠯᠡᠰ ᠨᠢ ᠬᠠᠤᠯᠢ ᠶ᠋ᠢᠨ ᠲᠤᠰᠢᠶᠠᠯᠲᠠᠨ ᠤ᠋ ᠰᠡᠳᠬᠢᠯ ᠳᠣᠲᠣᠷ᠎ᠠ ᠨᠢᠭᠡ  ᠳᠠᠭᠵᠢᠰᠬᠢᠨ ᠠᠪᠤᠪᠠ ᠄   ᠨᠠᠰᠤᠲᠠᠢ ᠡᠪᠦᠭᠡᠨ  ᠨᠢ  ᠨᠢᠭᠡᠨ ᠪᠡᠶ᠎ᠡ ᠪᠢᠯᠳᠠᠷ ᠨᠢ ᠡᠴᠡᠩᠬᠡᠢ ᠂ ᠨᠢᠷᠤᠭᠤ ᠨᠢ ᠪᠥᠭᠲᠦᠷ᠂ ᠬᠤᠶᠠᠷ ᠬᠥᠯ ᠨᠢ ᠵᠡᠮᠳᠡᠭ ᠬᠥᠮᠦᠨ ᠪᠠᠢᠯ᠎ᠠ ᠂  ᠨᠠᠰᠤᠲᠠᠢ ᠡᠵᠢ ᠨᠢ ᠦᠭᠡ ᠬᠡᠯᠡ ᠨᠢ ᠲᠣᠳᠣ ᠦᠭᠡᠢ ᠣᠶᠤᠨ ᠴᠢᠳᠠᠪᠤᠷᠢ  ᠨᠢ ᠵᠡᠮᠳᠡᠭ ᠬᠥᠮᠦᠨ ᠪᠠᠢᠯ᠎ᠠ ᠂  ᠡᠨᠡᠬᠦ ᠨᠠᠰᠤᠲᠠᠢ ᠡᠷ᠎ᠡ ᠡᠮ᠎ᠡ ᠶᠠᠭᠠᠬᠢᠨ ᠣᠷᠣᠯᠭ᠎ᠠ ᠶ᠋ᠢᠨ ᠢᠷᠡᠯᠲᠡ ᠲᠡᠢ ᠪᠠᠢᠵᠤ ᠲᠠᠭᠠᠷᠠᠨ᠎ᠠ ᠂ ᠡᠳᠦᠷ ᠳᠣᠳᠣᠮ ᠤ᠋ᠨ ᠵᠠᠷᠤᠳᠠᠯ ᠢᠶᠡᠨ ᠬᠡᠷᠬᠢᠨ ᠡᠭᠦᠷᠭᠡᠯᠡᠵᠦ ᠳᠡᠢᠯᠵᠦ ᠪᠠᠢᠭ᠎ᠠ ᠪᠣᠯ ᠂ ᠡᠨᠡ ᠨᠢᠭᠡ ᠲᠦᠮᠡ ᠭᠠᠷᠤᠢ ᠥᠷᠢᠲᠦᠵᠦ ᠪᠠᠢᠭ᠎ᠠ ᠮᠥᠩᠭᠦ ᠨᠢ ᠲᠡᠳᠡᠨ ᠳ᠋ᠦ᠍ ᠠᠪᠴᠤ ᠬᠡᠯᠡᠪᠡᠯ ᠨᠢᠭᠡ ᠬᠡᠰᠡᠭ ᠲᠣᠮᠣ ᠵᠣᠭᠣᠰ ᠪᠣᠯᠬᠤ ᠨᠢ ᠯᠠᠪᠲᠠᠢ ᠂ ᠬᠡᠷᠪᠡ ᠠᠯᠪᠠᠳᠠᠯᠭ᠎ᠠ ᠪᠡᠷ ᠵᠣᠭᠤᠰ ᠢ ᠪᠤᠴᠠᠭᠠᠵᠦ ᠭᠡᠷ ᠢ ᠰᠤᠯᠠᠯᠠᠬᠤ ᠳᠦ ᠬᠦᠷᠪᠡᠯ᠂  ᠬᠤᠶᠠᠷ ᠨᠠᠰᠤᠲᠠᠨ ᠲᠤᠭᠳᠠᠭᠰᠠᠨ ᠣᠷᠤᠨ ᠰᠠᠭᠤᠴᠠ ᠦᠭᠡᠢ ᠪᠣᠯᠤᠨ᠎ᠠ᠁ᠲᠡᠷᠡ ᠳᠠᠷᠤᠢ᠂ ᠳ᠋ᠠᠢ ᠬᠠᠤᠯᠢᠴᠢ  ᠨᠡᠢᠭᠡᠮ ᠲᠣᠭᠤᠷᠢᠭ ᠡᠴᠡ ᠬᠣᠶᠠᠷ ᠨᠠᠰᠤᠲᠠᠨ ᠳ᠋ᠤ᠌ ᠬᠠᠪᠰᠤᠷᠤᠯᠭ᠎ᠠ ᠦᠵᠡᠭᠦᠯᠵᠦ ᠳᠡᠢᠯᠬᠦ ᠡᠰᠡᠬᠦ ᠶ᠋ᠢ ᠪᠣᠳᠣᠵᠤ ᠂ ᠪᠠᠰᠠ ᠨᠡᠢᠭᠡᠮ ᠲᠣᠭᠤᠷᠢᠭ ᠤᠨ ᠠᠵᠢᠯᠴᠢᠨ ᠳᠦ ᠤᠲᠠᠰᠦ ᠠᠪᠤᠭᠰᠠᠨ ᠪᠠᠢᠨ᠎ᠠ᠂  ᠨᠡᠢᠭᠡᠮ ᠲᠣᠭᠤᠷᠢᠭ ᠡᠴᠡ ᠢᠯᠡᠷᠬᠡᠢᠯᠡᠭᠰᠡᠨ ᠨᠢ ᠬᠤᠶᠠᠷ ᠨᠠᠰᠤᠲᠠᠨ ᠬᠡᠳᠦᠢᠪᠡᠷ ᠬᠦᠴᠢᠷ ᠪᠡᠷᠬᠡᠰᠢᠶᠡᠯ ᠲᠠᠢ ᠪᠤᠯᠪᠠᠴᠦ᠂ ᠲᠣᠰᠤᠯᠠᠨ ᠳᠡᠮᠵᠢᠬᠦ ᠨᠥᠬᠦᠴᠡᠯ ᠳᠦ ᠬᠦᠷᠴᠦ ᠳᠡᠢᠯᠬᠦ ᠦᠭᠡᠢ ᠤᠴᠢᠷ ᠡᠴᠡ ᠲᠡᠳᠡᠨ ᠴᠦ ᠠᠷᠭ᠎ᠠ ᠦᠭᠡᠢ ᠭᠡᠯ᠎ᠡ᠁

    ᠠᠯᠪᠠᠨ ᠭᠡᠷ ᠲᠡᠭᠡᠨ ᠬᠠᠷᠢᠬᠤ ᠳᠦ ᠲᠡᠭᠷᠢ ᠨᠢᠭᠡᠨᠲᠡ ᠣᠷᠣᠢᠲᠠᠵᠠᠢ ᠂ ᠳ᠋ᠠᠢ ᠰᠢᠭᠦᠭᠴᠢ ᠭᠤᠶᠤᠴᠢᠯᠠᠭᠴᠢ ᠶ᠋ᠢᠨ ᠨᠢᠭᠡᠨ ᠭᠠᠵᠠᠷ ᠤ᠋ᠨ ᠣᠷᠣᠨ ᠰᠠᠭᠤᠴᠠ ᠶ᠋ᠢᠨ ᠪᠦᠲᠦᠭᠡᠨ ᠪᠠᠢᠭᠤᠯᠤᠯᠲᠠ ᠶ᠋ᠢᠨ ᠲᠣᠪᠴᠢᠶ᠎ᠠ ᠲᠠᠢ ᠬᠠᠷᠢᠯᠴᠠᠵᠤ ᠂ ᠨᠠᠰᠤᠲᠠᠨ ᠤ᠋ ᠪᠠᠢᠳᠠᠯ ᠢ᠋ ᠲᠤᠬᠠᠢ ᠲᠣᠳᠤᠷᠬᠠᠢ ᠶᠠᠷᠢᠯᠴᠠᠭᠰᠠᠨ ᠤ ᠳᠠᠷᠠᠭ᠎ᠠ᠂ ᠥᠷᠢᠲᠦᠵᠦ ᠪᠠᠢᠭ᠎ᠠ ᠵᠣᠭᠣᠰ ᠪᠣᠯᠤᠨ ᠭᠡᠷ᠎ᠡ ᠪᠡᠨ ᠬᠦᠴᠦᠨ ᠦᠭᠡᠢ ᠪᠣᠯᠭᠠᠵᠤ ᠭᠡᠷ ᠪᠠᠢᠰᠢᠩ ᠢ᠋ᠶ᠋ᠠᠨ ᠪᠤᠴᠠᠭᠠᠬᠤ ᠶᠠᠪᠤᠳᠠᠯ ᠢ᠋ ᠳᠠᠬᠢᠨ ᠵᠥᠪᠳᠡᠯᠴᠡᠵᠦ ᠪᠣᠯᠬᠤ ᠡᠰᠡᠬᠦ ᠶ᠋ᠢ  ᠦᠵᠡᠭᠰᠡᠨ ᠳᠦ᠂ ᠭᠤᠶᠤᠴᠢᠯᠠᠭᠴᠢ ᠲᠣᠭᠲᠠᠭᠠᠯ ᠶᠣᠰᠣᠭᠠᠷ ᠰᠢᠢᠳᠪᠦᠷᠢᠯᠡᠬᠦ  ᠶ᠋ᠢ ᠬᠦᠰᠡᠵᠦ ᠪᠠᠢᠨ᠎ᠠ ᠭᠡᠪᠡ ᠁

    ᠨᠢᠭᠡ ᠲᠠᠯ᠎ᠠ  ᠪᠡᠷ ᠲᠣᠭᠲᠠᠭᠠᠯ ᠶᠣᠰᠣᠭᠠᠷ ᠰᠢᠢᠳᠪᠦᠷᠢᠯᠡᠬᠦ ᠂ ᠨᠥᠭᠦᠭᠡ ᠲᠠᠯ᠎ᠠ ᠪᠠᠷ ᠭᠣᠣᠨᠢ ᠪᠡᠶ᠎ᠡ ᠨᠠᠰᠤᠲᠠᠨ ᠢ᠋ ᠦᠵᠡᠵᠦ ᠲᠦᠪᠳᠡᠨ ᠂ ᠬᠡᠷᠡᠭ ᠨᠢ  ᠶᠠᠭᠠᠬᠢᠬᠤ ᠶᠢᠨ ᠴᠦ ᠠᠷᠭ᠎ᠠ ᠦᠭᠡᠢ ᠬᠦᠴᠢᠷᠳᠡᠯ ᠳᠦ ᠲᠤᠯᠭᠠᠷᠠᠭᠰᠠᠨ ᠪᠠᠢᠨ᠎ᠠ ᠃ ᠰᠥᠨᠢ ᠳᠤᠮᠳᠠ ᠳᠦ ᠨᠠᠮ ᠵᠢᠮ ᠠᠯᠪᠠᠨ ᠭᠡᠷ ᠲᠦ᠍ ᠳ᠋ᠠᠢ ᠰᠢᠭᠦᠭᠴᠢ ᠳᠠᠬᠢᠨᠲᠠ ᠬᠡᠷᠡᠭ ᠦ᠋ᠨ ᠡᠪᠬᠡᠮᠡᠯ ᠢ᠋ ᠨᠡᠭᠡᠭᠡᠵᠦ᠂ ᠬᠡᠷᠡᠭ ᠶᠠᠪᠤᠳᠠᠯ ᠢ ᠳᠠᠬᠢᠵᠦ ᠵᠠᠰᠠᠨ ᠲᠢᠭᠯᠡᠨ᠂ ᠡᠪᠡᠳᠴᠢᠨ ᠦ᠌ ᠦᠷ᠎ᠡ ᠳ᠋ᠦᠩ ᠢ᠋ ᠨᠢ ᠣᠨᠣᠪᠴᠢᠲᠠᠢ ᠡᠷᠢᠨ ᠂ ᠭᠤᠶᠤᠴᠢᠯᠠᠭᠴᠢ ᠡᠴᠡ ᠳᠠᠬᠢᠨᠲᠠ ᠭᠠᠷ ᠲᠥᠷᠥᠵᠦ ᠂ ᠣᠯᠠᠨ ᠤᠳᠠᠭ᠎ᠠ  ᠡᠭᠦᠳᠡᠨ ᠳᠦᠨᠢ ᠬᠦᠷᠴᠦ ᠤᠲᠠᠰᠤ ᠨᠡᠪᠲᠡᠷᠡᠯᠴᠡᠬᠦ ᠠᠷᠭ᠎ᠠ ᠪᠠᠷ ᠠᠰᠢᠭ ᠬᠣᠣᠷ ᠢ᠋ ᠲᠣᠳᠣᠷᠬᠠᠢ ᠶᠠᠷᠢᠵᠤ ᠂ ᠵᠣᠷᠢᠭᠯᠠᠪᠠᠯ ᠵᠣᠷᠢᠭᠰᠠᠨ ᠳ᠋ᠠᠭᠠᠨ ᠬᠦᠷᠬᠦᠭᠡᠳᠡᠭᠴᠢᠯᠡᠨ ᠡᠴᠦᠰ ᠲᠡᠭᠡᠨ ᠭᠤᠶᠤᠴᠢᠯᠠᠭᠴᠢ ᠪᠠ ᠭᠦᠢᠴᠡᠳᠬᠡᠭᠳᠡᠭᠴᠢ  ᠶᠢ ᠡᠪᠰᠡᠬᠦ ᠶᠢ ᠠᠬᠢᠭᠤᠯᠤᠭᠰᠠᠨ ᠪᠠᠢᠨ᠎ᠠ ᠄ ᠬᠣᠶᠠᠷ ᠨᠠᠰᠤᠲᠠᠨ ᠲᠤᠬᠠᠢ ᠶ᠋ᠢᠨ ᠲᠠᠯᠠᠪᠠᠢ ᠳ᠋ᠤ᠌ ᠭᠤᠷᠪᠠᠨ ᠤ᠋ ᠨᠢᠭᠡ ᠶ᠋ᠢᠨ ᠥᠷᠢᠲᠦᠭᠰᠡᠨ ᠵᠣᠭᠣᠰ ᠢ᠋ ᠭᠦᠢᠴᠡᠳᠬᠡᠵᠦ ᠂ ᠬᠣᠶᠠᠷ ᠲᠠᠯ᠎ᠠ ᠪᠠᠷ ᠢ᠋ᠶ᠋ᠠᠨ ᠦᠷᠭᠦᠯᠵᠢᠯᠡᠨ ᠨᠡᠢᠲᠡ ᠶᠢᠨ ᠳᠦᠷᠢᠶᠡᠰᠦᠨ ᠭᠡᠷ ᠤᠨ ᠲᠦᠷᠢᠶᠡᠰᠦᠯᠡᠬᠦ ᠭᠡᠷ᠎ᠡ ᠲᠣᠭᠲᠠᠵᠤ ᠂ ᠦᠯᠡᠳᠡᠭᠰᠡᠨ ᠥᠷᠢᠲᠦᠭᠰᠡᠨ ᠵᠣᠭᠣᠰ ᠢ᠋ ᠬᠤᠭᠤᠴᠠᠭ᠎ᠠ ᠬᠤᠪᠢᠶᠠᠨ ᠲᠤᠰᠢᠶᠠᠬᠤ ᠪᠡᠷ ᠲᠣᠭᠲᠠᠭᠰᠠᠨ ᠪᠠᠢᠨ᠎ᠠ ᠁ ᠡᠨᠡ ᠬᠡᠷᠡᠭ ᠢᠩᠭᠢᠭᠡᠳ ᠳᠠᠭᠤᠰᠤᠭᠰᠠᠨ ᠤᠤ ?  ᠲᠡᠢᠮᠦ ᠂  ᠢᠩᠭᠢᠭᠡᠳ ᠳᠠᠭᠤᠰᠤᠭᠰᠠᠨ ᠦᠭᠡᠢ ᠂ ᠬᠡᠷᠡᠭ ᠬᠡᠳᠦᠢᠪᠡᠷ ᠳᠠᠭᠤᠰᠤᠭᠰᠠᠨ ᠪᠣᠯᠪᠠᠴᠤ ᠂  ᠶᠠᠪᠤᠳᠠᠯ ᠨᠢ ᠳᠠᠭᠤᠰᠤᠭᠠᠳᠤᠢ ᠂ ᠬᠡᠷᠡᠭ ᠢ᠋ ᠳᠠᠭᠤᠰᠬᠠᠬᠤ ᠪᠠᠷ ᠴᠢᠷᠮᠠᠢᠬᠤ ᠪᠣᠯ ᠭᠦᠢᠴᠡᠳᠬᠡᠬᠦ ᠰᠢᠭᠦᠭᠴᠢ ᠨᠢᠭᠡᠪᠦᠷᠢ ᠶ᠋ᠢᠨ ᠭᠦᠢᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠪᠣᠯᠤᠨ᠎ᠠ ᠃ ᠬᠣᠶᠠᠷ ᠨᠠᠰᠤᠲᠠᠨ ᠤ᠋ ᠠᠮᠢᠳᠤᠷᠠᠯ ᠤ᠋ᠨ ᠠᠰᠠᠭᠤᠳᠠᠯ ᠢ᠋ ᠳ᠋ᠠᠢ ᠰᠢᠭᠦᠭᠴᠢ  ᠰᠡᠳᠭᠢᠯ ᠳ᠋ᠡᠭᠡᠨ ᠪᠤᠳᠤᠵᠦ ᠶᠠᠪᠤᠳᠠᠭ᠂ ᠳ᠋ᠠᠢ ᠰᠢᠭᠦᠭᠴᠢ ᠨᠡᠢᠭᠡᠮ ᠲᠣᠭᠣᠷᠢᠭ ᠲᠠᠢ  ᠳᠠᠰᠤᠷᠠᠯᠲᠠ ᠦᠭᠡᠢ ᠶᠠᠷᠢᠯᠴᠠᠵᠦ  ᠵᠥᠪᠳᠡᠯᠴᠡᠨ᠂ ᠬᠠᠮᠤᠭ ᠰᠡᠭᠦᠯ ᠳᠦ᠂ ᠨᠡᠢᠭᠡᠮ ᠲᠣᠭᠣᠷᠢᠭ ᠡᠴᠡ ᠦᠨᠡᠬᠡᠷ ᠬᠣᠶᠠᠷ ᠨᠠᠰᠤᠲᠠᠨ ᠤ᠋ ᠰᠠᠭᠤᠭᠠᠯᠢ ᠲᠣᠭᠣᠷᠢᠭ ᠲᠤ᠌ ᠨᠢᠭᠡ ᠬᠤᠪᠢ ᠴᠡᠪᠡᠷᠯᠡᠭᠡ ᠬᠢᠬᠦ ᠠᠵᠢᠯ ᠣᠯᠭᠤᠵᠤ ᠥᠭᠴᠡᠢ ᠂ ᠠᠵᠢᠯ ᠢᠶᠡᠨ ᠪᠡᠶᠡᠯᠡᠭᠦᠯᠵᠦ ᠂ ᠬᠡᠷᠡᠭ ᠨᠢ ᠡᠴᠦᠰ ᠲᠡᠭᠡᠨ ᠲᠡᠭᠦᠰ ᠠᠮᠵᠢᠯᠲᠠ ᠲᠠᠢ ᠳᠠᠭᠤᠰᠤᠭᠰᠠᠨ ᠪᠠᠢᠨ᠎ᠠ᠂  ᠡᠨᠡ ᠨᠢ ᠡᠬᠢᠯᠡᠬᠦ ᠦᠶ᠎ᠡ ᠶᠢᠨ ᠳ᠋ᠠᠢ ᠰᠢᠭᠦᠭᠴᠢ  ᠤᠨ ᠤᠲᠠᠰᠤ  ᠳᠤᠰᠤᠭᠰᠠᠨ ᠤ ᠤᠴᠢᠷ ᠪᠣᠯᠤᠨ᠎ᠠ ᠃

    ᠪᠠᠭᠤᠷᠠᠢᠴᠤᠤᠯ ᠤ᠋ᠨ ᠡᠷᠬᠡ ᠠᠰᠢᠭ ᠢ᠋ ᠬᠠᠮᠠᠭᠠᠯᠠᠬᠤ ᠳ᠋ᠤ᠌ ᠬᠣᠯᠪᠣᠭᠳᠠᠭᠰᠠᠨ ᠬᠡᠷᠡᠭ ᠨᠢ ᠢᠮᠠᠭᠲᠠ ᠬᠥᠮᠦᠰ ᠦ᠋ᠨ ᠰᠡᠳᠬᠢᠯ ᠢ᠋ ᠬᠥᠨᠳᠡᠵᠦ ᠪᠠᠢᠳᠠᠭ ᠃ ᠡᠨᠡ ᠬᠡᠷᠡᠭ ᠢ᠋ ᠰᠢᠢᠳᠪᠦᠷᠢᠯᠡᠬᠦ ᠨᠢ ᠬᠠᠤᠯᠢ ᠴᠠᠭᠠᠵᠠ ᠶ᠋ᠢᠨ ᠡᠷᠬᠡ ᠰᠦᠷ ᠢ᠋ ᠬᠠᠮᠠᠭᠠᠯᠠᠭᠰᠠᠨ ᠮᠥᠷᠲᠡᠭᠡᠨ ᠭᠦᠢᠴᠡᠳᠬᠡᠬᠦ ᠡᠯᠢᠭᠡᠰᠡᠭ ᠰᠡᠳᠬᠢᠯᠭᠡ  ᠶᠢ ᠲᠣᠳᠣᠷᠬᠠᠢᠯᠠᠵᠤ᠂ ᠬᠠᠤᠯᠢ ᠴᠠᠭᠠᠵᠠ ᠶ᠋ᠢᠨ ᠦᠷ᠎ᠡ ᠪᠦᠲᠦᠮᠵᠢ ᠪᠣᠯᠤᠨ ᠨᠡᠢᠭᠡᠮ ᠦ᠋ᠨ ᠦᠷ᠎ᠡ ᠪᠦᠲᠦᠮᠵᠢ ᠶ᠋ᠢᠨ ᠨᠢᠭᠡᠳᠦᠯ ᠢ᠋ ᠬᠠᠷᠠᠭᠠᠯᠵᠠᠭᠰᠠᠨ  ᠪᠠᠢᠨ᠎ᠠ ᠃ ᠠᠷᠠᠳ ᠣᠯᠠᠨ ᠢᠯᠠᠩᠭᠤᠶ᠎ᠠ ᠪᠠᠭᠤᠷᠠᠢᠴᠤᠳ ᠢ᠋ ᠲᠥᠪ ᠭᠣᠣᠯᠴᠢ ᠰᠢᠳᠤᠷᠭᠤ ᠶᠣᠰᠣ ᠪᠣᠯᠤᠨ ᠡᠯᠢᠭᠡᠰᠡᠭ ᠰᠡᠳᠬᠢᠯᠭᠡ ᠶ᠋ᠢ ᠮᠡᠳᠡᠷᠡᠭᠦᠯᠬᠦ ᠪᠡᠷ ᠴᠢᠷᠮᠠᠢᠬᠤ ᠪᠣᠯ ᠮᠠᠨ ᠤ ᠦᠶ᠎ᠡ ᠶ᠋ᠢᠨ ᠵᠠᠯᠠᠭᠤ ᠬᠠᠤᠯᠢ ᠶ᠋ᠢᠨ ᠲᠤᠰᠢᠶᠠᠯᠲᠠᠨ ᠤ᠋ ᠬᠠᠮᠲᠤ ᠶ᠋ᠢᠨ ᠢᠲᠡᠭᠡᠯ ᠵᠣᠷᠢᠭ ᠪᠣᠯᠤᠨ ᠲᠡᠩᠨᠡᠭᠦᠷ ᠥᠨᠢᠳᠡ ᠬᠡᠯᠪᠡᠢᠬᠦ ᠦᠭᠡᠢ ᠲᠠᠩᠭᠠᠷᠢᠭ ᠪᠣᠯᠤᠨ᠎ᠠ ᠃

    ᠪᠦᠬᠦ ᠣᠷᠣᠨ ᠤ᠋ ᠰᠢᠭᠦᠬᠦ ᠬᠣᠷᠢᠶ᠎ᠠ ᠶᠢᠨ ᠭᠦᠢᠴᠡᠳᠬᠡᠬᠦ ᠰᠢᠰᠲ᠋ᠧᠮ ᠳ᠋ᠦ᠍ ᠪᠦᠦ ᠸᠧᠢ ᠵᠦᠩ ᠨᠥᠬᠥᠷ ᠦ᠋ᠨ ᠲᠡᠷᠢᠭᠦᠨ ᠦ᠌ ᠦᠢᠯᠡ ᠠᠵᠢᠯᠯᠠᠭ᠎ᠠ ᠶ᠋ᠢ ᠭᠦᠨᠵᠡᠭᠡᠢ ᠰᠤᠷᠤᠯᠴᠠᠵᠤ ᠂ 《 ᠭᠤᠷᠪᠠ ᠶ᠋ᠢ ᠦᠢᠯᠡᠳᠦᠯᠭᠡᠵᠢᠭᠦᠯᠵᠦ ᠭᠤᠷᠪᠠ ᠶ᠋ᠢ ᠳᠡᠭᠡᠭᠰᠢᠯᠡᠭᠦᠯᠬᠦ 》 ᠠᠵᠢᠯᠯᠠᠭ᠎ᠠ ᠶ᠋ᠢ ᠪᠦᠬᠦ ᠲᠠᠯ᠎ᠠ ᠪᠠᠷ ᠥᠷᠨᠢᠭᠦᠯᠵᠦ ᠪᠠᠢᠭ᠎ᠠ ᠥᠨᠥᠳᠥᠷ ᠂ ᠣᠷᠳᠣᠰ ᠤᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠭᠦᠢᠴᠡᠳᠬᠡᠬᠦ ᠲᠣᠪᠴᠢᠶ᠎ᠠ ᠶᠠᠭ 《 ᠲᠡᠷᠢᠭᠦᠨ ᠦ᠌ ᠨᠡᠢᠲᠡᠯᠢᠭ ᠵᠢᠱ᠌ᠢᠶᠡᠴᠢ ᠡᠴᠡ ᠰᠤᠷᠤᠯᠴᠠᠨ ᠬᠣᠰᠢᠭᠤᠴᠢ ᠪᠣᠯᠬᠤ 》 ᠬᠠᠯᠠᠭᠤᠨ ᠥᠷᠨᠢᠯᠲᠡ ᠭᠠᠷᠭᠠᠵᠤ ᠂ ᠨᠢᠭᠡ ᠪᠦᠯᠦᠭ ᠰᠢᠯᠢᠳᠡᠭ ᠰᠢᠭᠦᠭᠴᠢ ᠲᠤᠰᠢᠶᠠᠯᠲᠠᠨ ᠦᠰᠦᠨ ᠪᠣᠢᠵᠢᠵᠤ ᠂ ᠬᠥᠮᠦᠨ ᠦ᠌ ᠰᠡᠳᠬᠢᠯ ᠢ᠋ ᠬᠥᠳᠡᠯᠭᠡᠮ᠎ᠡ ᠦᠢᠯᠡ ᠠᠵᠢᠯᠯᠠᠭ᠎ᠠ ᠶᠠᠭ ᠲᠠᠷᠬᠠᠵᠤ   ᠪᠠᠢᠭ᠎ᠠ ᠨᠢ ᠂ ᠡᠨᠡ ᠨᠢ ᠠᠷᠠᠳ ᠣᠯᠠᠨ ᠤ᠋ ᠬᠠᠤᠯᠢ ᠪᠠᠷ ᠵᠠᠰᠠᠬᠤ ᠰᠢᠨ᠎ᠡ ᠬᠦᠰᠡᠯ ᠵᠡᠭᠦᠳᠦ ᠶ᠋ᠢ ᠲᠡᠷᠭᠡᠯᠰᠢᠭᠦᠯᠬᠦ ᠳ᠋ᠦ᠍ ᠪᠠᠲᠤᠯᠠᠭ᠎ᠠ ᠬᠠᠩᠭᠠᠵᠤ ᠂ ᠪᠢᠳᠡ ᠬᠠᠮᠲᠤ ᠪᠠᠷ ᠬᠥᠳᠡᠯᠦᠯᠴᠡᠨ ᠂ ᠰᠠᠯᠬᠢᠨ ᠳᠠᠪᠠᠯᠭᠠᠨ ᠢ᠋ ᠰᠥᠷᠦᠨ ᠂ ᠠᠶᠠᠨ ᠵᠠᠮ ᠢ᠋ᠶ᠋ᠠᠨ ᠡᠬᠢᠯᠡᠭᠦᠯᠦᠶ᠎ᠡ ᠭᠡᠰᠡᠨ ᠪᠠᠢᠨ᠎ᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )