ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 2023 ᠣᠨ ᠤ᠋ ᠤᠷᠢᠵᠤ ᠬᠡᠷᠡᠭᠯᠡᠬᠦ ᠳᠦᠷᠢᠮ ᠤᠨ ᠪᠢᠴᠢᠭᠡᠴᠢ ᠶ᠋ᠢ ᠤᠷᠢᠵᠦ ᠬᠡᠷᠡᠭᠯᠡᠬᠦ ᠠᠵᠢᠯ ᠢ᠋ ᠲᠡᠭᠦᠰ ᠠᠮᠵᠢᠯᠲᠠ ᠲᠠᠢ ᠪᠡᠶᠡᠯᠡᠭᠦᠯᠪᠡ
ᠠᠵᠢᠯᠲᠠᠨ ᠤ᠋ ᠲᠥᠷᠥᠯ ᠬᠤᠪᠢᠶᠠᠨ ᠬᠠᠮᠢᠶᠠᠷᠬᠤ ᠶ᠋ᠢ ᠤᠯᠠᠮ ᠨᠢᠭᠡ ᠠᠯᠬᠤᠮ ᠨᠠᠢᠳᠠᠪᠤᠷᠢᠵᠢᠭᠤᠯᠵᠤ ᠂ ᠰᠢᠭᠦᠨ ᠲᠠᠰᠤᠯᠤᠯᠲᠠ ᠶ᠋ᠢᠨ ᠲᠤᠰᠠᠯᠠᠬᠤ ᠬᠦᠴᠦᠨ ᠢ᠋ ᠲᠡᠭᠦᠯᠳᠡᠷᠵᠢᠭᠦᠯᠬᠦ ᠶ᠋ᠢᠨ ᠲᠥᠯᠥᠭᠡ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠢᠭᠡᠳᠦᠯᠲᠡᠢ ᠪᠠᠢᠷᠢᠯᠠᠭᠤᠯᠤᠯᠲᠠ ᠳᠣᠣᠷ᠎ᠠ ᠂ 2023 ᠣᠨ ᠤ᠋ 9 ᠰᠠᠷ᠎ᠠ ᠳ᠋ᠤ᠌ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠰᠢᠰᠲ᠋ᠧᠮ ᠦ᠋ᠨ ᠤᠷᠢᠵᠤ ᠬᠡᠷᠡᠭᠯᠡᠬᠦ ᠳᠦᠷᠢᠮ ᠦ᠋ᠨ ᠪᠢᠴᠢᠭᠡᠴᠢ ᠶ᠋ᠢ ᠤᠷᠢᠨ ᠬᠡᠷᠡᠭᠯᠡᠬᠦ ( ᠣᠷᠳᠣᠰ ᠭᠠᠵᠠᠷ ᠣᠷᠣᠨ ) ᠪᠢᠷ ᠦ᠋ᠨ ᠰᠢᠯᠭᠠᠯᠲᠠ ᠂ ᠬᠢᠷᠢ ᠭᠡᠮ ᠢ᠋ ᠳᠠᠬᠢᠨ ᠬᠢᠨᠠᠬᠤ ᠂ ᠨᠢᠭᠤᠷᠳᠠᠨ ᠰᠢᠯᠭᠠᠯᠲᠠ ᠵᠢᠴᠢ ᠺᠣᠮᠫᠢᠦ᠋ᠲ᠋ᠧᠷ ᠦ᠋ᠨ ᠲᠦᠷᠭᠡᠨ ᠲᠡᠮᠳᠡᠭᠯᠡᠬᠦ ᠰᠣᠷᠢᠯᠲᠠ ᠶ᠋ᠢᠨ ᠡᠯ᠎ᠡ ᠭᠣᠭᠴᠣᠭ᠎ᠠ ᠶ᠋ᠢᠨ ᠠᠵᠢᠯ ᠤ᠋ᠨ ᠡᠭᠦᠷᠭᠡ ᠶ᠋ᠢ ᠲᠡᠭᠦᠰ ᠠᠮᠵᠢᠯᠲᠠ ᠲᠠᠢ ᠪᠡᠶᠡᠯᠡᠭᠦᠯᠪᠡ ᠃
ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠲᠤᠰ ᠤᠳᠠᠭᠠᠨ ᠤ᠋ ᠰᠢᠯᠭᠠᠯᠲᠠ ᠶ᠋ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠂ ᠤᠷᠢᠵᠤ ᠬᠡᠷᠡᠭᠯᠡᠬᠦ ᠳᠦᠷᠢᠮ ᠦ᠋ᠨ ᠪᠢᠴᠢᠭᠡᠴᠢ ᠤᠷᠢᠵᠤ ᠡᠯᠰᠡᠬᠦ ᠠᠵᠢᠯ ᠤ᠋ᠨ ᠤᠳᠤᠷᠢᠳᠬᠤ ᠪᠠᠭ᠎ᠠ ᠳᠤᠭᠤᠢᠯᠠᠩ ᠪᠠᠢᠭᠤᠯᠬᠤ ᠶ᠋ᠢᠨ ᠬᠠᠮᠲᠤ ᠣᠷᠳᠣᠰ ᠬᠣᠲᠠ ᠶ᠋ᠢᠨ ᠠᠵᠢᠯᠲᠠᠨ ᠤ᠋ ᠶᠠᠪᠤᠳᠠᠯ ᠤ᠋ᠨ ᠰᠢᠯᠭᠠᠯᠲᠠ ᠶ᠋ᠢᠨ ᠲᠥᠪ ᠲᠦ᠍ ᠨᠠᠢᠳᠠᠵᠤ ᠪᠢᠷ ᠦ᠋ᠨ ᠰᠢᠯᠭᠠᠯᠲᠠ ᠂ ᠨᠢᠭᠤᠷᠳᠠᠨ ᠰᠢᠯᠭᠠᠯᠲᠠ ᠵᠢᠴᠢ ᠺᠣᠮᠫᠢᠦ᠋ᠲ᠋ᠧᠷ ᠦ᠋ᠨ ᠲᠦᠷᠭᠡᠨ ᠲᠡᠮᠳᠡᠭᠯᠡᠬᠦ ᠰᠢᠯᠭᠠᠯᠲᠠ ᠶ᠋ᠢᠨ ᠶᠠᠪᠤᠳᠠᠯ ᠤ᠋ᠨ ᠠᠵᠢᠯ ᠢ᠋ ᠪᠣᠳᠠᠲᠠᠢ ᠬᠠᠷᠢᠭᠤᠴᠠᠭᠤᠯᠤᠪᠠ ᠃ ᠰᠢᠯᠭᠠᠯᠲᠠ ᠶ᠋ᠢᠨ ᠠᠵᠢᠯ ᠤ᠋ᠨ ᠤᠷᠤᠭᠰᠢᠲᠠᠢ ᠶᠠᠪᠤᠭᠳᠠᠬᠤ ᠶ᠋ᠢ ᠪᠠᠲᠤᠯᠠᠬᠤ ᠶ᠋ᠢᠨ ᠲᠥᠯᠥᠭᠡ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠰᠢᠯᠭᠠᠯᠲᠠ ᠶ᠋ᠢᠨ ᠶᠠᠪᠤᠳᠠᠯ ᠤ᠋ᠨ ᠠᠵᠢᠯᠯᠠᠬᠤ ᠳᠤᠭᠤᠢᠯᠠᠩ ᠪᠠᠢᠭᠤᠯᠵᠤ ᠂ ᠰᠢᠯᠭᠠᠯᠲᠠ ᠶ᠋ᠢᠨ ᠶᠠᠪᠤᠳᠠᠯ ᠤ᠋ᠨ ᠲᠤᠰᠬᠠᠢ ᠲᠥᠷᠥᠯ ᠦ᠋ᠨ ᠠᠵᠢᠯ ᠤ᠋ᠨ ᠬᠡᠷᠡᠭᠵᠢᠭᠦᠯᠬᠦ ᠲᠥᠰᠦᠯ ᠢ᠋ ᠨᠠᠷᠢᠨ ᠬᠢᠨᠠᠮᠠᠭᠠᠢ ᠲᠣᠭᠲᠠᠭᠠᠵᠤ ᠂ ᠰᠢᠯᠭᠠᠯᠲᠠ ᠶ᠋ᠢᠨ ᠶᠠᠪᠤᠳᠠᠯ ᠤ᠋ᠨ ᠵᠣᠬᠢᠶᠠᠨ ᠪᠠᠢᠭᠤᠯᠤᠯᠲᠠ ᠶ᠋ᠢᠨ ᠪᠦᠬᠦ ᠶᠠᠪᠤᠴᠠ ᠶ᠋ᠢ ᠨᠠᠷᠢᠯᠢᠭᠵᠢᠭᠤᠯᠵᠠᠢ ᠃ ᠳᠣᠣᠷ᠎ᠠ ᠵᠢᠭᠰᠠᠭᠠᠭᠰᠠᠨ ᠶᠡᠷᠦᠩᠬᠡᠢᠯᠡᠨ ᠵᠣᠬᠢᠴᠠᠭᠤᠯᠬᠤ ᠂ ᠰᠢᠯᠭᠠᠯᠲᠠ ᠶ᠋ᠢᠨ ᠶᠠᠪᠤᠳᠠᠯ ᠳ᠋ᠤ᠌ ᠬᠢᠨᠠᠯᠲᠠ ᠲᠠᠯᠪᠢᠬᠤ ᠂ ᠬᠢᠷᠢ ᠭᠡᠮ ᠢ᠋ ᠳᠠᠬᠢᠨ ᠬᠢᠨᠠᠬᠤ ᠵᠡᠷᠭᠡ ᠶᠢ 7 ᠠᠵᠢᠯ ᠤ᠋ᠨ ᠪᠠᠭ᠎ᠠ ᠳᠤᠭᠤᠢᠯᠠᠩ ᠢ᠋ᠶ᠋ᠠᠷ ᠳᠠᠮᠵᠢᠭᠤᠯᠤᠨ ᠪᠣᠳᠠᠲᠠᠢ ᠤᠴᠢᠷ ᠶᠠᠪᠤᠳᠠᠯ ᠢ᠋ ᠬᠠᠷᠢᠭᠤᠴᠠᠭᠤᠯᠵᠤ ᠂ ᠤᠷᠢᠨ ᠬᠡᠷᠡᠭᠯᠡᠬᠦ ᠰᠢᠯᠭᠠᠯᠲᠠ ᠶ᠋ᠢᠨ ᠬᠠᠮᠢᠶ᠎ᠠ ᠪᠦᠬᠦᠢ ᠰᠢᠯᠭᠠᠯᠲᠠ ᠶ᠋ᠢᠨ ᠶᠠᠪᠤᠳᠠᠯ ᠤ᠋ᠨ ᠠᠵᠢᠯ ᠢ᠋ ᠵᠣᠬᠢᠴᠠᠭᠤᠯᠤᠨ ᠥᠷᠨᠢᠭᠦᠯᠦᠨ᠎ᠡ ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠰᠠᠯᠠᠭ᠎ᠠ ᠮᠥᠴᠢᠷ ᠰᠤᠷᠤᠭᠴᠢ ᠡᠯᠰᠡᠬᠦ ᠪᠦᠬᠦ ᠶᠠᠪᠤᠴᠠ ᠳ᠋ᠤ᠌ ᠬᠢᠨᠠᠯᠲᠠ ᠲᠠᠯᠪᠢᠵᠤ ᠂ ᠲᠤᠰ ᠤᠳᠠᠭ᠎ᠠ ᠶ᠋ᠢᠨ ᠠᠵᠢᠯᠲᠠᠨ ᠡᠯᠰᠡᠬᠦ ᠠᠵᠢᠯ ᠤ᠋ᠨ ᠡᠷᠬᠡ ᠲᠡᠭᠰᠢ ᠂ ᠢᠯᠡ ᠲᠣᠳᠣ ᠂ ᠲᠥᠪ ᠭᠣᠣᠯᠴᠢ ᠪᠠᠢᠬᠤ ᠶ᠋ᠢ ᠦᠨᠡᠨᠬᠦ ᠪᠠᠲᠤᠯᠠᠬᠤ ᠶ᠋ᠢᠨ ᠬᠠᠮᠲᠤ ᠂ ᠰᠢᠯᠢᠳᠡᠭ ᠢ᠋ ᠨᠢ ᠰᠣᠩᠭᠣᠨ ᠤᠷᠢᠵᠤ ᠡᠯᠰᠡᠬᠦ ᠠᠵᠢᠯ ᠢ᠋ ᠪᠡᠶᠡᠯᠡᠭᠦᠯᠬᠦ ᠶᠢ ᠪᠠᠲᠤᠯᠠᠬᠤ ᠬᠡᠷᠡᠭᠲᠠᠢ᠃
ᠲᠤᠰ ᠤᠳᠠᠭ᠎ᠠ ᠪᠥᠬᠥ ᠬᠣᠲᠠ ᠶ᠋ᠢᠨ ᠰᠢᠭᠦᠬᠦ ᠬᠣᠷᠢᠶ᠎ᠠ 81 ᠪᠢᠴᠢᠭᠡᠴᠢ ᠤᠷᠢᠨ ᠬᠡᠷᠡᠭᠯᠡᠬᠦ ᠪᠡᠷ ᠲᠥᠯᠥᠪᠯᠡᠵᠦ ᠂ ᠪᠢᠷ ᠤᠨ ᠰᠢᠯᠭᠠᠯᠲᠠ ᠶ᠋ᠢᠨ ᠬᠢᠷᠢ ᠪᠦᠲᠦᠮᠵᠢ ᠶ᠋ᠢ ᠦᠨᠳᠦᠰᠦᠯᠡᠨ ᠨᠡᠢᠲᠡ 406 ᠨᠡᠷᠡᠰ ᠰᠢᠯᠭᠠᠭᠤᠯᠤᠭᠰᠠᠳ ᠬᠢᠷᠢ ᠭᠡᠮ ᠢ᠋ ᠳᠠᠬᠢᠨ ᠬᠢᠨᠠᠬᠤ ᠭᠣᠭᠴᠣᠭ᠎ᠠ ᠳ᠋ᠤ᠌ ᠣᠷᠤᠭᠰᠠᠨ ᠪᠠᠢᠨ᠎ᠠ ᠃ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠰᠤᠷᠤᠭᠴᠢ ᠡᠯᠰᠡᠬᠦ ᠱᠠᠭᠠᠷᠳᠠᠯᠭ᠎ᠠ ᠶ᠋ᠢ ᠴᠢᠩᠭ᠎ᠠ ᠵᠢᠷᠤᠮᠯᠠᠨ ᠂ ᠬᠢᠷᠢ ᠭᠡᠮ ᠢ᠋ ᠳᠠᠬᠢᠨ ᠬᠢᠨᠠᠬᠤ ᠭᠣᠭᠴᠣᠭᠠᠨ ᠳ᠋ᠤ᠌ ᠣᠷᠣᠭᠰᠠᠨ ᠰᠢᠯᠭᠠᠭᠤᠯᠤᠭᠰᠠᠳ ᠤ᠋ᠨ ᠮᠠᠲ᠋ᠧᠷᠢᠶᠠᠯ ᠢ᠋ ᠨᠠᠷᠢᠨ ᠨᠢᠮᠪᠠᠢ ᠬᠢᠨᠠᠨ ᠪᠠᠢᠴᠠᠭᠠᠵᠠᠢ ᠃ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠢᠨᠠᠯᠲᠠ ᠵᠢᠯᠣᠭᠣᠳᠤᠯᠭ᠎ᠠ ᠳᠣᠣᠷ᠎ᠠ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠣᠷᠳᠣᠰ ᠬᠣᠲᠠ ᠶ᠋ᠢᠨ ᠠᠵᠢᠯᠲᠠᠨ ᠤ᠋ ᠶᠠᠪᠤᠳᠠᠯ ᠤ᠋ᠨ ᠰᠢᠯᠭᠠᠯᠲᠠ ᠶ᠋ᠢᠨ ᠲᠥᠪ ᠂ ᠰᠢᠯᠭᠠᠯᠲᠠ ᠶ᠋ᠢᠨ ᠲᠠᠯᠠᠪᠠᠢ ᠬᠠᠩᠭᠠᠬᠤ ᠲᠠᠯ᠎ᠠ ᠵᠡᠷᠭᠡ ᠨᠢᠭᠡᠴᠡ ᠲᠡᠢ ᠬᠦᠴᠦ ᠨᠢᠭᠡᠳᠦᠨ ᠬᠠᠮᠵᠢᠯᠴᠠᠵᠤ ᠂ ᠨᠢᠭᠤᠷᠳᠠᠨ ᠰᠢᠯᠭᠠᠯᠲᠠ ᠵᠢᠴᠢ ᠺᠣᠮᠫᠢᠦ᠋ᠲ᠋ᠧᠷ ᠦ᠋ᠨ ᠲᠦᠷᠭᠡᠨ ᠲᠡᠮᠳᠡᠭᠯᠡᠬᠦ ᠰᠣᠷᠢᠯᠲᠠ ᠶ᠋ᠢᠨ ᠭᠣᠭᠴᠣᠭ᠎ᠠ ᠶ᠋ᠢᠨ ᠠᠵᠢᠯ ᠢ᠋ ᠡᠮᠬᠢ ᠵᠠᠮᠪᠠᠷᠠᠭ᠎ᠠ ᠲᠠᠢ ᠤᠷᠤᠭᠰᠢᠲᠠᠢ ᠪᠡᠶᠡᠯᠡᠭᠦᠯᠪᠡ ᠃ ᠨᠢᠭᠤᠷᠳᠠᠨ ᠰᠢᠯᠭᠠᠯᠲᠠ ᠬᠢᠭᠡᠳ ᠺᠣᠮᠫᠢᠦ᠋ᠲ᠋ᠧᠷ ᠦ᠋ᠨ ᠲᠦᠷᠭᠡᠨ ᠲᠡᠮᠳᠡᠭᠯᠡᠬᠦ ᠰᠣᠷᠢᠯᠲᠠ ᠶ᠋ᠢᠨ ᠶᠠᠪᠤᠴᠠ ᠳ᠋ᠤ᠌ ᠰᠢᠯᠭᠠᠭᠤᠯᠤᠭᠰᠠᠳ ᠤ᠋ᠨ ᠶᠡᠷᠦᠩᠬᠡᠢᠯᠡᠨ ᠵᠠᠳᠠᠯᠬᠤ ᠴᠢᠳᠠᠪᠤᠷᠢ ᠂ ᠦᠢᠯᠡᠴᠢᠯᠡᠬᠦ ᠦᠵᠡᠯ ᠤᠬᠠᠮᠰᠠᠷ ᠬᠢᠭᠡᠳ ᠠᠷᠭᠠᠴᠠᠬᠤ ᠴᠢᠳᠠᠪᠤᠷᠢ ᠂ ᠬᠥᠮᠦᠰ ᠦ᠋ᠨ ᠬᠣᠭᠣᠷᠣᠨᠳᠣᠬᠢ ᠬᠠᠷᠢᠯᠴᠠᠬᠤ ᠴᠢᠳᠠᠪᠤᠷᠢ ᠂ ᠦᠭᠡ ᠬᠡᠯᠡᠨ ᠦ᠌ ᠢᠯᠡᠳᠬᠡᠬᠦ ᠴᠢᠳᠠᠪᠤᠷᠢ ᠬᠢᠭᠡᠳ ᠪᠣᠳᠠᠲᠠᠢ ᠬᠢᠬᠦ ᠴᠢᠳᠠᠪᠤᠷᠢ ᠶ᠋ᠢ ᠪᠦᠬᠦ ᠲᠠᠯ᠎ᠠ ᠪᠠᠷ ᠪᠣᠳᠣᠯᠬᠢᠯᠠᠵᠤ ᠂ ᠰᠢᠨ᠎ᠡ ᠪᠡᠷ ᠡᠯᠰᠡᠵᠦ ᠤᠷᠢᠵᠤ ᠬᠡᠷᠡᠭᠯᠡᠬᠦ ᠳᠦᠷᠢᠮ ᠦ᠋ᠨ ᠪᠢᠴᠢᠭᠡᠴᠢ ᠶ᠋ᠢ ᠳᠦᠷᠢᠮᠵᠢᠭᠦᠯᠦᠯᠲᠡ ᠂ ᠲᠤᠰᠭᠠᠢᠵᠢᠭᠤᠯᠤᠯᠲᠠ ᠶ᠋ᠢ ᠦᠨᠡᠨᠬᠦ ᠪᠠᠲᠤᠯᠠᠵᠤ ᠂ ᠰᠢᠭᠦᠨ ᠲᠠᠰᠤᠯᠬᠤ ᠭᠦᠢᠴᠡᠳᠬᠡᠬᠦ ᠳ᠋ᠦ᠍ ᠲᠤᠰᠠᠯᠠᠬᠤ ᠬᠦᠴᠦᠨ ᠢ᠋ ᠴᠢᠩᠭᠠᠳᠬᠠᠬᠤ ᠳ᠋ᠤ᠌ ᠪᠠᠲᠤ ᠪᠡᠬᠢ ᠰᠠᠭᠤᠷᠢ ᠲᠠᠯᠪᠢᠬᠤ ᠬᠡᠷᠡᠭᠲᠡᠢ ᠃
ᠤᠷᠢᠨ ᠬᠡᠷᠡᠭᠯᠡᠬᠦ ᠰᠢᠯᠭᠠᠯᠲᠠ ᠳᠠᠭᠤᠰᠤᠭᠰᠠᠨ ᠤ᠋ ᠳᠠᠷᠠᠭ᠎ᠠ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶᠡᠷᠦᠩᠬᠡᠢ ᠬᠢᠷᠢ ᠪᠦᠲᠦᠮᠵᠢ ᠶ᠋ᠢᠨ ᠨᠡᠷᠡᠰ ᠦ᠋ᠨ ᠵᠢᠭᠰᠠᠭᠠᠯᠲᠠ 1᠄ 1 ᠬᠤᠪᠢ ᠶ᠋ᠢᠨ ᠬᠠᠷᠢᠴᠠᠯ ᠢ᠋ᠶ᠋ᠠᠷ ᠰᠢᠯᠭᠠᠭᠤᠯᠤᠬᠰᠠᠳ ᠲᠤ᠌ ᠠᠵᠢᠯ ᠤ᠋ᠨ ᠪᠠᠢᠷᠢ ᠶ᠋ᠢᠨ ᠰᠣᠩᠭᠣᠨ ᠮᠡᠳᠡᠭᠦᠯᠬᠦ ᠠᠵᠢᠯ ᠢ᠋ ᠪᠡᠶᠡᠯᠡᠭᠦᠯᠦᠭᠰᠡᠨ ᠪᠠᠢᠨ᠎ᠠ ᠃ ᠳᠠᠷᠠᠭ᠎ᠠ ᠠᠯᠬᠤᠮ ᠳ᠋ᠤ᠌ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《 ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠢᠭᠦᠬᠦ ᠬᠣᠷᠢᠶᠠᠨ ᠤ᠋ ᠰᠢᠰᠲ᠋ᠧᠮ ᠦ᠋ᠨ 2023 ᠣᠨ ᠤ᠋ ᠤᠷᠢᠵᠤ ᠬᠡᠷᠡᠭᠯᠡᠬᠦ ᠳᠦᠷᠢᠮᠲᠦ ᠪᠢᠴᠢᠭᠡᠴᠢ ᠤᠷᠢᠨ ᠬᠡᠷᠡᠭᠯᠡᠬᠦ ᠲᠣᠪᠴᠢ ᠳᠦᠷᠢᠮ 》 ᠦ᠋ᠨ ᠱᠠᠭᠠᠷᠳᠠᠯᠭ᠎ᠠ ᠶᠣᠰᠣᠭᠠᠷ ᠂ ᠪᠡᠶ᠎ᠡ ᠶ᠋ᠢᠨ ᠪᠠᠢᠴᠠᠭᠠᠯᠲᠠ ᠂ ᠢᠯᠡ ᠨᠡᠢᠲᠡᠯᠡᠵᠦ ᠳᠠᠩᠰᠠᠯᠠᠬᠤ ᠵᠡᠷᠭᠡ ᠭᠣᠭᠴᠣᠭ᠎ᠠ ᠳ᠋ᠤ᠌ ᠦᠷᠭᠦᠯᠵᠢᠯᠡᠨ ᠳᠡᠰ ᠳᠠᠷᠠᠭᠠᠯᠠᠯ ᠢ᠋ ᠴᠢᠩᠭ᠎ᠠ ᠠᠳᠬᠤᠵᠤ ᠂ ᠪᠠᠷᠢᠮᠵᠢᠶ᠎ᠠ ᠶ᠋ᠢ ᠴᠢᠩᠭ᠎ᠠ ᠠᠳᠬᠤᠵᠤ ᠂ ᠵᠠᠩᠭᠢᠯᠠᠭ᠎ᠠ ᠶ᠋ᠢ ᠴᠢᠩᠭ᠎ᠠ ᠡᠵᠡᠮᠳᠡᠵᠦ ᠂ ᠰᠢᠨ᠎ᠡ ᠪᠡᠷ ᠡᠯᠰᠡᠵᠦ ᠬᠡᠷᠡᠭᠯᠡᠬᠦ ᠳᠦᠷᠢᠮ ᠦ᠋ᠨ ᠪᠢᠴᠢᠭᠡᠴᠢ ᠶ᠋ᠢ ᠳᠠᠷᠤᠢ ᠲᠦᠷᠭᠡᠨ ᠬᠢᠨᠠᠨ ᠭᠦᠢᠴᠡᠳᠬᠡᠬᠦ ᠨᠢᠭᠡᠳᠦᠭᠡᠷ ᠹᠷᠣᠨᠲ ᠲᠤ᠌ ᠲᠡᠭᠦᠯᠳᠡᠷᠵᠢᠭᠦᠯᠵᠦ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠳ᠋ᠤ᠌ ᠰᠢᠨ᠎ᠡ ᠠᠮᠢᠵᠢᠷᠠᠯ ᠤ᠋ᠨ ᠬᠦᠴᠦᠨ ᠣᠷᠤᠭᠤᠯᠬᠤ ᠬᠡᠷᠡᠭᠲᠡᠢ ᠃
ᠦᠨᠡᠯᠡᠬᠦ 0ᠦᠨᠡᠯᠡᠯᠲᠡ᠎ᠲᠠᠢ