ᠪᠦᠬᠦ ᠬᠣᠲᠠ ᠶ᠋ᠢᠨ ᠠᠷᠠᠳ ᠤᠨ ᠰᠢᠭᠦᠬᠦ ᠬᠣᠷᠢᠶ᠎ᠠ ᠡᠴᠡ ᠬᠠᠤᠯᠢ ᠴᠠᠭᠠᠵᠠ ᠶᠢᠨ《 ᠭᠤᠷᠪᠠᠨ ᠲᠣᠭᠲᠠᠭᠠᠯ 》 ᠢ ᠬᠠᠷᠰᠢᠯᠠᠬᠤ ᠶ᠋ᠢ ᠰᠡᠷᠭᠡᠢᠯᠡᠨ ᠬᠣᠷᠢᠭᠯᠠᠬᠤ ᠠᠵᠢᠯ ᠢ᠋ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢ ᠠᠬᠢᠭᠤᠯᠬᠤ ᠬᠤᠷᠠᠯ ᠵᠢᠴᠢ ᠰᠡᠷᠡᠮᠵᠢᠯᠡᠭᠦᠯᠬᠦ ᠬᠥᠮᠦᠵᠢᠯ ᠦ᠋ᠨ ᠬᠤᠷᠠᠯ ᠬᠤᠷᠠᠯᠳᠤᠪᠠ
ᠬᠠᠤᠯᠢ ᠴᠠᠭᠠᠵᠠ ᠶ᠋ᠢᠨ 《 ᠭᠤᠷᠪᠠᠨ ᠲᠣᠭᠲᠠᠭᠠᠯ 》 ᠢ᠋ ᠴᠢᠩᠭ᠎ᠠ ᠬᠡᠷᠡᠭᠵᠢᠭᠦᠯᠬᠦ ᠶᠢ ᠬᠠᠷᠰᠢᠯᠠᠬᠤ ᠶ᠋ᠢ ᠰᠡᠷᠭᠡᠢᠯᠡᠨ ᠬᠣᠷᠢᠭᠯᠠᠬᠤ ᠠᠵᠢᠯ ᠢ᠋ ᠦᠷᠭᠦᠯᠵᠢᠯᠡᠨ ᠭᠦᠨᠵᠡᠭᠡᠢ ᠲᠦᠯᠬᠢᠨ ᠠᠬᠢᠭᠤᠯᠵᠤ ᠂ 《 ᠭᠤᠷᠪᠠᠨ ᠲᠣᠭᠲᠠᠭᠠᠯ 》 ᠢ᠋ ᠨᠠᠢᠳᠠᠪᠤᠷᠢᠵᠢᠭᠤᠯᠬᠤ ᠶ᠋ᠢ ᠤᠯᠠᠮ ᠨᠢᠭᠡ ᠠᠯᠬᠤᠮ ᠠᠬᠢᠭᠤᠯᠬᠤ ᠶ᠋ᠢᠨ ᠲᠥᠯᠥᠭᠡ ᠂ 10 ᠰᠠᠷ᠎ᠠ ᠶ᠋ᠢᠨ 7 ᠤ᠋ ᠡᠳᠦᠷ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠦᠬᠦ ᠬᠣᠲᠠ ᠶ᠋ᠢᠨ ᠠᠷᠠᠳ ᠤᠨ ᠰᠢᠭᠦᠬᠦ ᠬᠣᠷᠢᠶ᠎ᠠ ᠡᠴᠡ ᠬᠠᠤᠯᠢ ᠴᠠᠭᠠᠵᠠ ᠶᠢᠨ《 ᠭᠤᠷᠪᠠᠨ ᠲᠣᠭᠲᠠᠭᠠᠯ 》 ᠢ ᠬᠠᠷᠰᠢᠯᠠᠬᠤ ᠶ᠋ᠢ ᠰᠡᠷᠭᠡᠢᠯᠡᠨ ᠬᠣᠷᠢᠭᠯᠠᠬᠤ ᠠᠵᠢᠯ ᠢ᠋ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢ ᠠᠬᠢᠭᠤᠯᠬᠤ ᠬᠤᠷᠠᠯ ᠵᠢᠴᠢ ᠰᠡᠷᠡᠮᠵᠢᠯᠡᠭᠦᠯᠬᠦ ᠬᠥᠮᠦᠵᠢᠯ ᠦ᠋ᠨ ᠬᠤᠷᠠᠯ ᠬᠤᠷᠠᠯᠳᠤᠪᠠ ᠃ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠬᠤᠷᠠᠯ ᠡᠷᠬᠢᠯᠡᠵᠦ ᠂ ᠤᠳᠤᠷᠢᠳᠬᠤ ᠪᠠᠭ ᠤ᠋ᠨ ᠪᠦᠷᠢᠯᠳᠦᠬᠦᠨ ᠵᠢᠴᠢ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠬᠤᠷᠠᠯ ᠳ᠋ᠤ᠌ ᠣᠷᠣᠯᠴᠠᠵᠠᠢ ᠃ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠤᠳᠤᠷᠢᠳᠬᠤ ᠪᠠᠭ ᠵᠢᠴᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠸᠢᠳᠢᠣ᠋ ᠳᠠᠪᠲᠠᠮᠵᠢ ᠶ᠋ᠢᠨ ᠬᠡᠯᠪᠡᠷᠢ ᠪᠡᠷ ᠬᠤᠷᠠᠯ ᠳ᠋ᠤ᠌ ᠣᠷᠣᠯᠴᠠᠵᠠᠢ ᠃
ᠬᠤᠷᠠᠯ ᠨᠢ ᠠᠷᠠᠳ ᠤ᠋ᠨ ᠳᠡᠭᠡᠳᠦ ᠰᠢᠭᠦᠬᠦ ᠬᠣᠷᠢᠶᠠᠨ ᠤ᠋ ᠠᠯᠪᠠᠨ ᠲᠢᠩᠬᠢᠮ ᠦ᠋ᠨ 《 〈 ᠭᠤᠷᠪᠠᠨ ᠲᠣᠭᠲᠠᠭᠠᠯ 〉 ᠢ᠋ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢ ᠬᠦᠴᠦᠲᠡᠢ ᠠᠳᠬᠤᠵᠤ ᠂ 〈 ᠠᠰᠠᠭᠤᠯᠳᠠ ᠪᠠᠢᠪᠠᠯ ᠵᠠᠪᠠᠯ ᠲᠡᠮᠳᠡᠭᠯᠡᠬᠦ ᠂ ᠮᠡᠳᠡᠭᠦᠯᠬᠦ ᠴᠢᠬᠤᠯᠠᠲᠠᠢ ᠢ ᠪᠦᠬᠦᠨ ᠢ᠋ ᠮᠡᠳᠡᠭᠦᠯᠬᠦ 〉 ᠱᠠᠭᠠᠷᠳᠠᠯᠭ᠎ᠠ ᠶ᠋ᠢ ᠪᠣᠳᠠᠲᠤ ᠭᠠᠵᠠᠷ ᠲᠤᠨᠢ ᠨᠠᠢᠳᠠᠪᠤᠷᠢᠵᠢᠭᠤᠯᠬᠤ ᠲᠤᠬᠠᠢ ᠮᠡᠳᠡᠭᠳᠡᠯ 》 ᠂ ᠥᠪᠥᠷ ᠮᠣᠩᠭᠣᠯ ᠤ᠋ᠨ ᠳᠡᠭᠡᠳᠦ ᠵᠡᠷᠭᠡ ᠶ᠋ᠢᠨ ᠰᠢᠭᠦᠬᠦ ᠬᠣᠷᠢᠶᠠᠨ ᠤ᠋ 《 ᠬᠠᠤᠯᠢ ᠴᠠᠭᠠᠵᠠ ᠶ᠋ᠢᠨ 〈 ᠭᠤᠷᠪᠠᠨ ᠲᠣᠭᠲᠠᠭᠠᠯ 〉 ᠢ ᠬᠠᠷᠰᠢᠯᠠᠬᠤ ᠶ᠋ᠢ ᠰᠡᠷᠭᠡᠢᠯᠡᠨ ᠬᠣᠷᠢᠭᠯᠠᠬᠤ ᠶᠢ ᠴᠢᠩᠭᠠᠳᠭᠠᠵᠤ ᠲᠤᠬᠠᠢ ᠬᠦᠰᠦᠨᠦᠭᠲᠦ ᠲᠠᠭᠯᠠᠬᠤ ᠠᠵᠢᠯ ᠤ᠋ᠨ ᠬᠡᠷᠡᠭᠵᠢᠭᠦᠯᠬᠦ ᠠᠷᠭ᠎ᠠ 》 ᠶ᠋ᠢ ᠤᠯᠠᠮᠵᠢᠯᠠᠨ ᠰᠤᠷᠤᠯᠴᠠᠵᠤ ᠂ ᠬᠠᠤᠯᠢ ᠴᠠᠭᠠᠵᠠ ᠶ᠋ᠢᠨ 《 ᠭᠤᠷᠪᠠᠨ ᠲᠣᠭᠲᠠᠭᠠᠯ 》 ᠢ ᠬᠠᠷᠰᠢᠯᠠᠬᠤ ᠶ᠋ᠢ ᠰᠡᠷᠭᠡᠢᠯᠡᠨ ᠬᠣᠷᠢᠭᠯᠠᠬᠤ ᠠᠵᠢᠯ ᠢ ᠵᠥᠷᠢᠴᠡᠭᠰᠡᠨ ᠶᠠᠪᠤᠳᠠᠯ ᠳ᠋ᠤ᠌ ᠠᠷᠠᠳ ᠤ᠋ᠨ ᠳᠡᠭᠡᠳᠦ ᠰᠢᠭᠦᠬᠦ ᠬᠣᠷᠢᠶᠠᠨ ᠤ᠋ ᠠᠯᠪᠠᠨ ᠲᠢᠩᠬᠢᠮ ᠦ᠋ᠨ ᠨᠡᠢᠲᠡᠯᠢᠭ ᠬᠡᠷᠡᠭ ᠢ᠋ ᠣᠯᠠᠨ ᠳ᠋ᠤ᠌ ᠵᠠᠷᠯᠠᠪᠠ ᠃
ᠬᠤᠷᠠᠯ ᠠ᠋ᠴᠠ ᠵᠢᠭᠠᠵᠤ ᠭᠠᠷᠭᠠᠭᠰᠠᠨ ᠨᠢ ᠂ 《 ᠭᠤᠷᠪᠠᠨ ᠲᠣᠭᠲᠠᠭᠠᠯ 》 ᠪᠣᠯ ᠨᠠᠮ ᠤ᠋ᠨ ᠲᠥᠪ ᠬᠣᠷᠢᠶ᠎ᠠ ᠠ᠋ᠴᠠ ᠬᠠᠤᠯᠢ ᠶᠣᠰᠣᠭᠠᠷ ᠤᠯᠤᠰ ᠢ᠋ᠶ᠋ᠠᠨ ᠵᠠᠰᠠᠬᠤ ᠶ᠋ᠢ ᠪᠥᠬᠥ ᠲᠠᠯ᠎ᠠ ᠪᠠᠷ ᠠᠬᠢᠭᠤᠯᠬᠤ ᠠᠬᠤᠢ ᠪᠠᠢᠳᠠᠯ ᠤ᠋ᠨ ᠳᠣᠣᠷ᠎ᠠ ᠭᠠᠷᠭᠠᠭᠰᠠᠨ ᠴᠢᠬᠤᠯᠠ ᠶᠡᠬᠡ ᠪᠠᠢᠯᠳᠤᠬᠤ ᠪᠣᠳᠣᠯᠭ᠎ᠠ ᠶ᠋ᠢᠨ ᠪᠠᠢᠷᠢᠯᠠᠭᠤᠯᠤᠯᠲᠠ ᠮᠥᠨ ᠂ ᠠᠷᠠᠳ ᠤ᠋ᠨ ᠰᠢᠭᠦᠬᠦ ᠬᠣᠷᠢᠶ᠎ᠠ ᠶ᠋ᠢᠨ ᠡᠷᠬᠡᠪᠰᠢ ᠴᠢᠩᠭ᠎ᠠ ᠠᠳᠭᠤᠵᠤ ᠰᠤᠯᠠᠯᠠᠵᠤ ᠪᠣᠯᠬᠤ ᠦᠭᠡᠢ ᠨᠢᠭᠡ ᠵᠦᠢᠯ ᠦ᠋ᠨ ᠴᠢᠬᠤᠯᠠ ᠶᠡᠬᠡ ᠤᠯᠤᠰ ᠲᠥᠷᠥ ᠶ᠋ᠢᠨ ᠡᠭᠦᠷᠭᠡ ᠮᠥᠨ ᠃ ᠪᠥᠬᠥ ᠬᠣᠲᠠ ᠶ᠋ᠢᠨ ᠰᠢᠭᠦᠬᠦ ᠬᠣᠷᠢᠶ᠎ᠠ ᠡᠷᠬᠡᠪᠰᠢ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠦᠨ ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠢᠷᠡᠭᠦᠯᠵᠦ ᠂ ᠨᠠᠮ ᠤ᠋ᠨ ᠲᠥᠷᠥ ᠪᠠᠷᠢᠬᠤ ᠰᠠᠭᠤᠷᠢ ᠶ᠋ᠢ ᠪᠡᠬᠢᠵᠢᠭᠦᠯᠬᠦ ᠥᠨᠳᠥᠷᠴᠡ ᠡᠴᠡ 《 ᠭᠤᠷᠪᠠᠨ ᠲᠣᠭᠲᠠᠭᠠᠯ 》 ᠢ᠋ ᠨᠠᠢᠳᠠᠪᠤᠷᠢᠵᠢᠭᠤᠯᠬᠤ ᠶ᠋ᠢ ᠪᠥᠬᠥ ᠬᠣᠲᠠ ᠶ᠋ᠢᠨ ᠰᠢᠭᠦᠬᠦ ᠬᠣᠷᠢᠶ᠎ᠠ ᠪᠥᠬᠥ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠶ᠋ᠢ ᠭᠦᠨᠵᠡᠭᠡᠢᠷᠡᠭᠦᠯᠦᠨ ᠠᠬᠢᠭᠤᠯᠬᠤ ᠂ ᠬᠠᠳᠠᠬᠤ ᠴᠢᠩᠭ᠎ᠠ ᠡᠩᠨᠡᠭᠡ ᠶ᠋ᠢ ᠳᠠᠪᠲᠠᠨ ᠪᠣᠯᠪᠠᠰᠤᠷᠠᠭᠤᠯᠬᠤ ᠬᠦᠴᠦᠲᠡᠢ ᠭᠠᠷᠳᠠᠴᠠ ᠪᠣᠯᠭᠠᠵᠤ ᠂ ᠤᠷᠲᠤ ᠬᠤᠭᠤᠴᠠᠭ᠎ᠠ ᠪᠠᠷ ᠠᠳᠬᠤᠨ ᠂ ᠳᠠᠬᠢᠨ ᠳᠠᠪᠲᠠᠨ ᠠᠳᠬᠤᠵᠤ ᠂ 《 ᠭᠤᠷᠪᠠᠨ ᠲᠣᠭᠲᠠᠭᠠᠯ 》 ᠢ᠋ ᠲᠡᠷᠡ ᠶᠣᠰᠣᠭᠠᠷ ᠨᠢ ᠲᠤᠤᠱᠯᠠᠭᠤᠯᠤᠨ ᠬᠡᠷᠡᠭᠵᠢᠭᠦᠯᠬᠦ ᠶ᠋ᠢ ᠪᠥᠬᠥ ᠬᠦᠴᠦᠨ ᠢ᠋ᠶ᠋ᠡᠷ ᠪᠠᠲᠤᠯᠠᠬᠤ ᠬᠡᠷᠡᠭᠲᠡᠢ ᠃
ᠬᠤᠷᠠᠯ ᠠ᠋ᠴᠠ ᠴᠢᠬᠤᠴᠢᠯᠠᠭᠰᠠᠨ ᠨᠢ ᠂ ᠨᠢᠭᠡ ᠳᠦ《 ᠭᠤᠷᠪᠠᠨ ᠲᠣᠭᠲᠠᠭᠠᠯ 》 ᠢ᠋ ᠨᠠᠢᠳᠠᠪᠤᠷᠢᠵᠢᠭᠤᠯᠬᠤ ᠤᠯᠤᠰ ᠲᠥᠷᠥ ᠶ᠋ᠢᠨ ᠤᠬᠠᠮᠰᠠᠷ ᠂ ᠦᠵᠡᠯ ᠰᠠᠨᠠᠭᠠᠨ ᠤ᠋ ᠤᠬᠠᠮᠰᠠᠷ ᠪᠣᠯᠤᠨ ᠠᠵᠢᠯᠯᠠᠭᠠᠨ ᠤ᠋ ᠤᠬᠠᠮᠰᠠᠷ ᠢ᠋ᠶ᠋ᠠᠨ ᠦᠨᠡᠨᠬᠦᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ 《 ᠭᠤᠷᠪᠠᠨ ᠲᠣᠭᠲᠠᠭᠠᠯ 》 ᠢ᠋ ᠨᠡᠢᠲᠡᠯᠡᠭᠰᠡᠨ ᠨᠢ ᠂ ᠬᠠᠤᠯᠢ ᠴᠠᠭᠠᠵᠠ ᠂ ᠵᠢᠷᠤᠮᠯᠠᠯ ᠪᠣᠯᠤᠨ ᠲᠤᠬᠠᠢ ᠶ᠋ᠢᠨ ᠬᠥᠮᠦᠨ ᠂ ᠬᠠᠤᠯᠢᠴᠢ ᠵᠡᠷᠭᠡ ᠬᠥᠮᠦᠰ ᠲᠡᠢ ᠬᠠᠷᠢᠯᠴᠠᠬᠤ ᠶ᠋ᠢ ᠰᠡᠷᠭᠡᠢᠯᠡᠨ ᠬᠣᠷᠢᠭᠯᠠᠬᠤ ᠳ᠋ᠤ᠌ ᠢᠯᠡ ᠲᠣᠳᠣ ᠤᠯᠠᠭᠠᠨ ᠱᠤᠭᠤᠮ ᠭᠠᠷᠭᠠᠵᠤ ᠂ ᠬᠠᠤᠯᠢ ᠶ᠋ᠢᠨ ᠲᠤᠰᠢᠶᠠᠯᠲᠠᠨ ᠤ᠋ ᠬᠠᠷᠰᠢᠯᠠᠬᠤ ᠶ᠋ᠢ ᠲᠡᠪᠴᠢᠬᠦ ᠂ ᠥᠳᠥᠭᠡᠨ ᠲᠠᠲᠠᠬᠤ ᠬᠦᠴᠦᠨ ᠢ᠋ ᠡᠰᠡᠷᠭᠦᠴᠡᠬᠦ ᠳ᠋ᠦ᠍ 《 ᠬᠠᠯᠬᠠᠪᠴᠢ 》 ᠪᠠ 《 ᠬᠠᠮᠠᠭᠠᠯᠠᠯᠲᠠ ᠶ᠋ᠢᠨ ᠫᠠᠢᠰᠠ 》 ᠬᠠᠩᠭᠠᠭᠰᠠᠨ ᠨᠢ ᠰᠢᠭᠦᠬᠦ ᠬᠣᠷᠢᠶ᠎ᠠ ᠶ᠋ᠢᠨ ᠬᠠᠤᠯᠢ ᠶᠣᠰᠣᠭᠠᠷ ᠪᠡᠶ᠎ᠡ ᠪᠡᠨ ᠳᠠᠭᠠᠭᠠᠵᠤ ᠲᠥᠪ ᠭᠣᠣᠯᠴᠢ ᠪᠠᠷ ᠡᠷᠬᠡ ᠲᠤᠰᠢᠶᠠᠯ ᠢ᠋ᠶ᠋ᠠᠨ ᠭᠦᠢᠴᠡᠳᠬᠡᠬᠦ ᠶ᠋ᠢ ᠪᠠᠲᠤᠯᠠᠬᠤ ᠴᠢᠨᠠᠷᠲᠠᠢ ᠠᠷᠭ᠎ᠠ ᠬᠡᠮᠵᠢᠶ᠎ᠡ ᠪᠣᠯᠬᠤ ᠲᠤᠯᠠ ᠂ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢ ᠲᠡᠷᠡ ᠬᠡᠪ ᠢ᠋ᠶ᠋ᠡᠷ ᠨᠢ ᠰᠠᠢᠲᠤᠷ ᠠᠳᠬᠤᠬᠤ ᠬᠡᠷᠡᠭᠲᠡᠢ ᠃ ᠬᠤᠶᠠᠷ ᠲᠦ᠂《 ᠭᠤᠷᠪᠠᠨ ᠲᠣᠭᠲᠠᠭᠠᠯ 》 ᠤ᠋ᠨ ᠵᠣᠷᠢᠭ ᠰᠠᠨᠠᠭᠠᠨ ᠤ᠋ ᠮᠥᠨ ᠴᠢᠨᠠᠷ ᠢ᠋ ᠭᠦᠨᠵᠡᠭᠡᠢ ᠣᠢᠯᠠᠭᠠᠵᠤ ᠡᠵᠡᠮᠰᠢᠬᠦ ᠬᠡᠷᠡᠭᠲᠡᠢ ᠃ ᠦᠨᠡᠨ ᠡᠴᠡ ᠵᠥᠪ ᠢ᠋ ᠡᠷᠢᠵᠦ ᠲᠠᠭᠯᠠᠨ ᠮᠡᠳᠡᠭᠦᠯᠬᠦ ᠂ ᠪᠦᠬᠦᠨ ᠢ᠋ ᠲᠠᠭᠯᠠᠨ ᠮᠡᠳᠡᠭᠦᠯᠬᠦ ᠶ᠋ᠢ ᠪᠠᠷᠢᠮᠲᠠᠯᠠᠵᠤ ᠂ ᠰᠣᠩᠭᠣᠯᠲᠠ ᠶ᠋ᠢᠨ ᠴᠢᠨᠠᠷᠲᠠᠢ ᠲᠠᠭᠯᠠᠨ ᠮᠡᠳᠡᠭᠦᠯᠬᠦ ᠪᠠ ᠲᠣᠭ᠎ᠠ ᠭᠦᠢᠴᠡᠳᠬᠡᠬᠦ ᠪᠠᠷ ᠲᠠᠭᠯᠠᠨ ᠮᠡᠳᠡᠭᠦᠯᠬᠦ ᠦᠵᠡᠭᠳᠡᠯ ᠪᠠᠢᠵᠤ ᠪᠣᠯᠬᠤ ᠦᠭᠡᠢ ᠂ 《 ᠭᠤᠷᠪᠠᠨ ᠲᠣᠭᠲᠠᠭᠠᠯ 》 ᠢ᠋ ᠦᠨᠡᠨ ᠪᠣᠳᠠᠲᠠᠢ ᠪᠠᠷ ᠲᠠᠭᠯᠠᠨ ᠮᠡᠳᠡᠭᠦᠯᠬᠦ ᠦᠭᠡᠢ ᠪᠣᠯ ᠳᠠᠷᠤᠢ ᠰᠠᠬᠢᠯᠭ᠎ᠠ ᠪᠠᠲᠤ ᠠ᠋ᠴᠠ ᠵᠥᠷᠢᠴᠡᠭᠰᠡᠨ ᠶᠠᠪᠤᠳᠠᠯ ᠪᠣᠯᠤᠨ᠎ᠠ ᠃ ᠠᠷᠠᠳ ᠲᠦᠮᠡᠨ ᠦ᠌ ᠬᠢᠨᠠᠯᠲᠠ ᠶ᠋ᠢ ᠬᠦᠯᠢᠶᠡᠨ ᠠᠪᠬᠤ ᠤᠬᠠᠮᠰᠠᠷ ᠢ᠋ ᠤᠯᠠᠮ ᠨᠢᠭᠡ ᠠᠯᠬᠤᠮ ᠪᠣᠢ ᠪᠣᠯᠭᠠᠵᠤ ᠂ ᠪᠥᠬᠥ ᠶᠠᠪᠤᠴᠠ ᠳ᠋ᠤ᠌ ᠠᠷᠠᠳ ᠤ᠋ᠨ ᠠᠷᠠᠳᠴᠢᠯᠠᠯ ᠢ᠋ ᠦᠢᠯᠡᠳᠦᠯᠭᠡᠵᠢᠭᠦᠯᠬᠦ ᠶ᠋ᠢ ᠪᠣᠳᠠᠲᠠᠢ ᠭᠠᠵᠠᠷ ᠲᠤᠨᠢ ᠨᠠᠢᠳᠠᠪᠤᠷᠢᠵᠢᠭᠤᠯᠵᠤ ᠂ ᠬᠠᠤᠯᠢ ᠴᠠᠭᠠᠵᠠ ᠶ᠋ᠢᠨ ᠳᠦᠷᠢᠮᠵᠢᠯ ᠢ᠋ ᠭᠡᠳᠡᠷᠭᠦ ᠰᠢᠬᠠᠵᠤ ᠂ ᠬᠠᠤᠯᠢ ᠴᠠᠭᠠᠵᠠ ᠶ᠋ᠢᠨ ᠲᠥᠪ ᠭᠣᠣᠯᠴᠢ ᠶ᠋ᠢ ᠬᠠᠮᠠᠭᠠᠯᠠᠬᠤ ᠬᠡᠷᠡᠭᠲᠡᠢ ᠃ ᠭᠤᠷᠪᠠ ᠳ᠋ᠤ᠌ ᠂ ᠣᠯᠠᠨ ᠲᠠᠯ᠎ᠠ ᠪᠠᠷ ᠵᠡᠷᠭᠡ ᠪᠡᠷ ᠠᠷᠭ᠎ᠠ ᠪᠣᠳᠣᠯᠭ᠎ᠠ ᠬᠡᠷᠡᠭᠵᠢᠭᠦᠯᠵᠦ ᠂ 《 ᠭᠤᠷᠪᠠᠨ ᠲᠣᠭᠲᠠᠭᠠᠯ 》 ᠢ᠋ ᠨᠠᠢᠳᠠᠪᠤᠷᠢᠵᠢᠭᠤᠯᠬᠤ ᠶ᠋ᠢ ᠰᠠᠢᠲᠤᠷ ᠠᠳᠬᠤᠬᠤ ᠬᠡᠷᠡᠭᠲᠡᠢ ᠃ 《 ᠭᠤᠷᠪᠠᠨ ᠲᠣᠭᠲᠠᠭᠠᠯ 》 ᠢ᠋ ᠲᠣᠭᠲᠠᠭᠠᠯ ᠶᠣᠰᠣᠭᠠᠷ ᠦᠨᠡᠨ ᠪᠣᠳᠠᠲᠠᠢ ᠪᠠᠷ ᠲᠠᠭᠯᠠᠵᠤ ᠮᠡᠳᠡᠭᠦᠯᠬᠦ ᠶᠠᠪᠤᠳᠠᠯ ᠢ᠋ ᠭᠣᠣᠯ ᠰᠡᠳᠦᠪᠲᠦ ᠰᠤᠷᠭᠠᠨ ᠬᠥᠮᠦᠵᠢᠯ ᠢ᠋ ᠥᠷᠨᠢᠭᠦᠯᠬᠦ ᠶ᠋ᠢᠨ ᠭᠣᠣᠯᠳᠠᠯᠭ᠎ᠠ ᠲᠠᠢ ᠡᠭᠦᠷᠭᠡ ᠶ᠋ᠢᠨ ᠨᠢᠭᠡ ᠪᠣᠯᠭᠠᠵᠤ ᠂ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠤᠳᠤᠷᠢᠳᠬᠤ ᠪᠠᠭ ᠨᠢ ᠨᠠᠮ ᠬᠠᠮᠢᠶᠠᠷᠴᠤ ᠨᠠᠮ ᠵᠠᠰᠠᠬᠤ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ ᠂ 《 ᠭᠤᠷᠪᠠᠨ ᠲᠣᠭᠲᠠᠭᠠᠯ 》 ᠢ᠋ ᠴᠢᠩᠭ᠎ᠠ ᠠᠳᠬᠤᠬᠤ ᠪᠠ ᠨᠠᠮ ᠤ᠋ᠨ ᠰᠤᠷᠲᠠᠯ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠢᠭᠤᠯᠤᠯᠲᠠ ᠶ᠋ᠢᠨ ᠬᠠᠷᠢᠭᠤᠴᠠᠯᠭ᠎ᠠ ᠶ᠋ᠢᠨ ᠳᠦᠷᠢᠮ ᠢ᠋ ᠲᠡᠭᠦᠯᠳᠡᠷᠵᠢᠭᠦᠯᠬᠦ ᠂ ᠠᠵᠢᠯ ᠤ᠋ᠨ ᠠᠮᠵᠢᠯᠲᠠ ᠪᠦᠲᠦᠮᠵᠢ ᠶ᠋ᠢ ᠬᠢᠨᠠᠨ ᠰᠢᠯᠭᠠᠬᠤ ᠲᠣᠭᠲᠠᠴᠠ ᠶ᠋ᠢ ᠲᠡᠭᠦᠯᠳᠡᠷᠵᠢᠭᠦᠯᠬᠦ ᠂ ᠬᠠᠤᠯᠢ ᠴᠠᠭᠠᠵᠠ ᠶ᠋ᠢᠨ ᠬᠠᠷᠢᠭᠤᠴᠠᠯᠭ᠎ᠠ ᠶ᠋ᠢᠨ ᠳᠦᠷᠢᠮ ᠢ᠋ ᠲᠤᠤᠱᠯᠠᠭᠤᠯᠤᠨ ᠨᠠᠢᠳᠠᠪᠤᠷᠢᠵᠢᠭᠤᠯᠬᠤ ᠵᠡᠷᠭᠡ ᠣᠷᠭᠠᠨᠢᠭ ᠢ᠋ᠶ᠋ᠠᠷ ᠤᠶᠠᠯᠳᠤᠬᠤ ᠶ᠋ᠢ ᠪᠠᠷᠢᠮᠲᠠᠯᠠᠵᠤ ᠂ ᠲᠠᠭᠯᠠᠨ ᠮᠡᠳᠡᠭᠦᠯᠬᠦ ᠠᠵᠢᠯ ᠢ᠋ ᠦᠨᠡᠨᠬᠦ ᠴᠢᠩᠭᠠᠳᠬᠠᠬᠤ ᠬᠡᠷᠡᠭᠲᠡᠢ ᠃
ᠬᠤᠷᠠᠯ ᠳᠡᠭᠡᠷ᠎ᠡ ᠰᠡᠷᠡᠮᠵᠢᠯᠡᠭᠦᠯᠦᠨ ᠬᠥᠮᠦᠵᠢᠭᠦᠯᠬᠦ ᠺᠢᠨᠣ᠋ ᠦᠵᠡᠭᠦᠯᠪᠡ᠃
ᠦᠨᠡᠯᠡᠬᠦ 0ᠦᠨᠡᠯᠡᠯᠲᠡ᠎ᠲᠠᠢ