ᠴᠠᠭᠳᠠᠭ᠎ᠠ ᠶᠢᠨ ᠰᠦᠭ ᠰᠦᠨᠡᠰᠦ ᠶᠢ ᠴᠢᠩᠬᠠᠳᠬᠠᠵᠦ ᠂ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠤᠶ᠎ᠠ ︱ ᠪᠦᠬᠦ ᠬᠣᠲᠠ ᠶ᠋ᠢᠨ ᠰᠢᠭᠦᠬᠦ ᠬᠣᠷᠢᠶ᠎ᠠ ᠶ᠋ᠢᠨ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠬᠠᠤᠯᠢ ᠬᠡᠷᠡᠭᠵᠢᠭᠦᠯᠵᠦ ᠡᠭᠦᠷᠭᠡ ᠲᠤᠰᠢᠶᠠᠯ ᠢ᠋ᠶ᠋ᠠᠨ ᠭᠦᠢᠴᠡᠳᠬᠡᠬᠦ ᠴᠢᠳᠠᠪᠤᠷᠢ ᠶ᠋ᠢ ᠳᠡᠭᠡᠭᠰᠢᠯᠡᠭᠦᠯᠬᠦ ᠪᠣᠯᠪᠠᠰᠤᠷᠠᠯ ᠤ᠋ᠨ ᠠᠩᠭᠢ ᠲᠡᠭᠦ
2023.10.18 ᠲᠣᠰ ᠥᠷᠲᠡᠭᠡᠨ᠎ᠦ ᠨᠠᠢᠷᠠᠭᠤᠯᠤᠭᠴᠢ

    9 ᠰᠠᠷ᠎ᠠ ᠶ᠋ᠢᠨ 26 ᠤ᠋ ᠡᠳᠦᠷ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠬᠠᠤᠯᠢ ᠬᠡᠷᠡᠭᠵᠢᠭᠦᠯᠬᠦ ᠡᠭᠦᠷᠭᠡ ᠲᠤᠰᠢᠶᠠᠯ ᠢ᠋ᠶ᠋ᠠᠨ ᠭᠦᠢᠴᠡᠳᠬᠡᠬᠦ ᠴᠢᠳᠠᠪᠤᠷᠢ ᠶ᠋ᠢ ᠳᠡᠭᠡᠭᠰᠢᠯᠡᠭᠦᠯᠬᠦ ᠪᠣᠯᠪᠠᠰᠤᠷᠠᠯ ᠤ᠋ᠨ ᠠᠩᠭᠢ ᠶ᠋ᠢᠨ ᠰᠤᠷᠤᠯᠭ᠎ᠠ ᠲᠡᠭᠦᠰᠬᠦ ᠶᠣᠰᠣᠯᠠᠯ ᠣᠷᠳᠣᠰ ᠬᠣᠲᠠ ᠶ᠋ᠢᠨ ᠠᠷᠠᠳ ᠤ᠋ᠨ ᠴᠠᠭᠳᠠᠭ᠎ᠠ ᠶ᠋ᠢᠨ ᠪᠣᠯᠪᠠᠰᠤᠷᠠᠯ ᠤ᠋ᠨ ᠰᠤᠷᠭᠠᠭᠤᠯᠢ ᠳ᠋ᠤ᠌ ᠶᠠᠪᠤᠭᠳᠠᠪᠠ ᠃ ᠬᠣᠲᠠ ᠶ᠋ᠢᠨ ᠠᠷᠠᠳ ᠤ᠋ᠨ ᠴᠠᠭᠳᠠᠭ᠎ᠠ ᠶ᠋ᠢᠨ ᠪᠣᠯᠪᠠᠰᠤᠷᠠᠯ ᠤ᠋ᠨ ᠰᠤᠷᠭᠠᠭᠤᠯᠢ ᠶ᠋ᠢᠨ ᠬᠢᠴᠢᠶᠡᠯ ᠬᠥᠮᠦᠵᠢᠯ ᠦ᠋ᠨ ᠰᠠᠯᠠᠭ᠎ᠠ ᠶ᠋ᠢᠨ ᠳᠠᠷᠤᠭ᠎ᠠ ᠳ᠋ᠦᠩ ᠶ᠋ᠢᠨ ᠫᠢᠩ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠰᠠᠯᠪᠤᠷᠢ ᠠᠩᠭᠢ ᠶ᠋ᠢᠨ ᠬᠠᠮᠢᠶ᠎ᠠ ᠪᠦᠬᠦᠢ ᠤᠳᠤᠷᠢᠳᠤᠯᠭ᠎ᠠ ᠰᠤᠷᠤᠯᠭ᠎ᠠ ᠲᠡᠭᠦᠰᠬᠦ ᠶᠣᠰᠣᠯᠠᠯ ᠳ᠋ᠤ᠌ ᠣᠷᠣᠯᠴᠠᠪᠠ ᠃

 

 

    ᠲᠤᠰ ᠤᠳᠠᠭᠠᠨ ᠤ᠋ ᠪᠣᠯᠪᠠᠰᠤᠷᠠᠯ ᠤ᠋ᠨ ᠰᠡᠳᠬᠢᠴᠡ ᠲᠣᠳᠣᠷᠬᠠᠢ ᠂ ᠬᠠᠷᠠᠯᠲᠠ ᠲᠣᠳᠣᠷᠬᠠᠢ ᠂ ᠤᠯᠤᠰ ᠲᠥᠷᠥ ᠶ᠋ᠢᠨ ᠬᠡᠪ ᠴᠢᠨᠠᠷ ᠢ᠋ᠶ᠋ᠠᠷ ᠴᠢᠩᠭ᠎ᠠ ᠂ ᠣᠨᠣᠯ ᠤ᠋ᠨ ᠦᠨᠳᠦᠰᠦᠨ ᠪᠣᠯᠪᠠᠰᠤᠷᠠᠯ ᠢ᠋ᠶ᠋ᠠᠷ ᠴᠢᠩᠭ᠎ᠠ ᠂ ᠦᠢᠯᠡᠳᠦᠯᠭᠡ ᠶ᠋ᠢᠨ ᠲᠤᠷᠰᠢᠯᠭ᠎ᠠ ᠪᠠᠷ ᠪᠠᠶᠠᠯᠢᠭ ᠪᠠᠭᠰᠢ ᠵᠢᠴᠢ ᠪᠠᠭᠰᠢ ᠨᠠᠷ ᠢ᠋ ᠣᠯᠠᠨ ᠤᠳᠠᠭ᠎ᠠ ᠤᠷᠢᠵᠤ ᠬᠢᠴᠢᠶᠡᠯ ᠵᠢᠭᠠᠯᠭᠠᠵᠤ ᠂ ᠪᠣᠯᠪᠠᠰᠤᠷᠠᠯ ᠤ᠋ᠨ ᠠᠭᠤᠯᠭ᠎ᠠ ᠳ᠋ᠤ᠌ ᠤᠯᠤᠰ ᠲᠥᠷᠥ ᠶ᠋ᠢᠨ ᠣᠨᠣᠯ ᠤ᠋ᠨ ᠰᠤᠷᠤᠯᠴᠠᠯᠭ᠎ᠠ ᠂ ᠠᠮᠤᠷ ᠲᠦᠪᠰᠢᠨ ᠦ᠌ ᠠᠶᠤᠯ ᠲᠦᠭᠰᠢᠭᠦᠷᠢ ᠶ᠋ᠢᠨ ᠬᠠᠮᠢᠶᠠᠷᠤᠯᠲᠠ ᠪᠣᠯᠤᠨ ᠬᠠᠤᠯᠢ ᠴᠠᠭᠠᠵᠠ ᠶ᠋ᠢᠨ ᠰᠢᠢᠳᠬᠡᠯ ᠦ᠋ᠨ ᠬᠡᠷᠡᠭ ᠢ᠋ ᠰᠢᠢᠳᠪᠦᠷᠢᠯᠡᠬᠦ ᠵᠡᠷᠭᠡ ᠪᠠᠢᠯᠳᠤᠬᠤ ᠠᠷᠭ᠎ᠠ ᠶ᠋ᠢᠨ ᠰᠤᠳᠤᠯᠭᠠᠨ ᠤ᠋ ᠣᠨᠣᠯ ᠢ᠋ ᠪᠠᠭᠲᠠᠭᠠᠵᠤ ᠂ ᠪᠠᠰᠠ ᠲᠠᠮᠢᠷ ᠴᠢᠳᠠᠪᠤᠷᠢ ᠶ᠋ᠢᠨ ᠮᠡᠷᠭᠡᠵᠢᠯ ᠦ᠋ᠨ ᠴᠢᠳᠠᠪᠤᠷᠢ ᠶ᠋ᠢᠨ ᠪᠣᠯᠪᠠᠰᠤᠷᠠᠯ ᠂ ᠠᠮᠤᠷ ᠲᠦᠪᠰᠢᠨ ᠦ᠌ ᠪᠠᠢᠴᠠᠭᠠᠯᠲᠠ ᠶ᠋ᠢᠨ ᠪᠣᠳᠠᠲᠤ ᠶᠠᠪᠤᠳᠠᠯ ᠪᠣᠯᠤᠨ ᠴᠠᠭᠳᠠᠭ᠎ᠠ ᠶ᠋ᠢᠨ ᠲᠣᠨᠣᠭ ᠲᠥᠬᠥᠭᠡᠷᠦᠮᠵᠢ ᠬᠡᠷᠡᠭᠯᠡᠬᠦ ᠵᠡᠷᠭᠡ ᠴᠠᠭᠳᠠᠭᠠᠨ ᠤ᠋ ᠪᠣᠳᠠᠲᠠᠢ ᠪᠠᠢᠯᠳᠤᠭᠠᠨ ᠤ᠋ ᠪᠣᠯᠪᠠᠰᠤᠷᠠᠯ ᠢ᠋ ᠪᠠᠭᠲᠠᠭᠠᠵᠤ ᠂ ᠬᠢᠴᠢᠶᠡᠯ ᠨᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠂ ᠵᠢᠭᠠᠨ ᠰᠤᠷᠭᠠᠯᠲᠠ ᠶ᠋ᠢᠨ ᠬᠡᠯᠪᠡᠷᠢ ᠨᠢ ᠡᠯᠪᠡᠭ ᠪᠠᠶᠠᠯᠢᠭ ᠣᠯᠠᠨ ᠶᠠᠩᠵᠤ ᠶ᠋ᠢᠨ ᠪᠠᠢᠳᠠᠭ ᠃ ᠪᠣᠯᠪᠠᠰᠤᠷᠠᠯ ᠳ᠋ᠤ᠌ ᠣᠷᠣᠯᠴᠠᠭᠰᠠᠨ 60 ᠭᠠᠷᠤᠢ ᠰᠤᠷᠤᠭᠴᠢ ᠵᠢᠯᠣᠭᠣᠳᠤᠯᠭ᠎ᠠ ᠪᠠ ᠰᠢᠷᠭᠠᠭᠤ ᠬᠠᠲᠠᠭᠤᠵᠢᠯᠲᠠᠢ ᠪᠣᠯᠪᠠᠰᠤᠷᠠᠵᠤ ᠂ ᠡᠯ᠎ᠡ ᠵᠦᠢᠯ ᠦ᠋ᠨ ᠪᠣᠯᠪᠠᠰᠤᠷᠠᠯ ᠤ᠋ᠨ ᠭᠦᠢᠴᠡᠳᠬᠡᠯ ᠲᠣᠭ᠎ᠠ ᠶ᠋ᠢ ᠥᠨᠳᠥᠷ ᠪᠠᠷᠢᠮᠵᠢᠶ᠎ᠠ ᠂ ᠥᠨᠳᠦᠷ ᠴᠢᠨᠠᠷ ᠴᠢᠨᠰᠠᠭ᠎ᠠ ᠂ ᠴᠢᠩᠭ᠎ᠠ ᠱᠠᠭᠠᠷᠳᠠᠯᠭ᠎ᠠ ᠪᠠᠷ ᠪᠡᠶᠡᠯᠡᠭᠦᠯᠵᠦ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠡᠩᠨᠡᠭᠡᠨ ᠦ᠌ ᠡᠷᠡᠰ ᠪᠠᠲᠤ ᠬᠡᠪ ᠴᠢᠨᠠᠷ ᠂ ᠯᠠᠪᠳᠠᠭᠤᠨ ᠲᠣᠭᠲᠠᠭᠤᠨ ᠡᠷᠡᠰ  ᠰᠢᠭᠤᠷᠬᠠᠢ ᠳᠠᠢᠴᠢᠨ ᠣᠪᠣᠷ ᠰᠤᠷᠲᠠᠯ ᠪᠠ ᠡᠷᠡᠯᠬᠡᠭᠯᠡᠨ ᠲᠡᠮᠡᠴᠡᠬᠦ ᠵᠣᠷᠢᠭ ᠰᠠᠨᠠᠭᠠᠨ ᠤ᠋ ᠳᠦᠷᠢ ᠲᠦᠷᠬᠦ ᠶ᠋ᠢ ᠢᠯᠡᠷᠡᠭᠦᠯᠵᠡᠢ᠃

 

 

    ᠪᠣᠯᠪᠠᠰᠤᠷᠠᠯ ᠳ᠋ᠤ᠌ ᠣᠷᠣᠯᠴᠠᠭᠰᠠᠨ ᠺᠠᠳ᠋ᠷ ᠴᠠᠭᠳᠠᠭ᠎ᠠ ᠨᠠᠷ ᠂ ᠲᠤᠰ ᠤᠳᠠᠭᠠᠨ ᠤ᠋ ᠲᠥᠪᠯᠡᠷᠡᠭᠦᠯᠦᠨ ᠪᠣᠯᠪᠠᠰᠤᠷᠠᠯ ᠬᠢᠭᠰᠡᠨ ᠰᠠᠭᠤᠷᠢᠨ ᠳᠡᠭᠡᠷ᠎ᠡ ᠂ ᠬᠠᠲᠠᠭᠤ ᠴᠢᠩᠭ᠎ᠠ ᠡᠷᠳᠡᠮ ᠴᠢᠳᠠᠪᠤᠷᠢ ᠂ ᠤᠷᠠᠨ ᠨᠠᠷᠢᠨ ᠤᠷ᠎ᠠ ᠴᠢᠳᠠᠪᠤᠷᠢ ᠂ ᠢᠳᠡᠷᠡᠭᠦᠨ ᠴᠢᠩᠭ᠎ᠠ ᠪᠡᠶ᠎ᠡ ᠮᠠᠬᠠᠪᠣᠳ ᠢ  ᠪᠣᠯᠪᠠᠰᠤᠷᠠᠭᠤᠯᠵᠤ᠂ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠰᠢᠭᠦᠨ ᠲᠠᠰᠤᠯᠬᠤ ᠭᠦᠢᠴᠡᠳᠬᠡᠬᠦ ᠠᠵᠢᠯ ᠤ᠋ᠨ ᠤᠷᠤᠭᠰᠢᠲᠠᠢ ᠶᠠᠪᠤᠭᠳᠠᠬᠤ ᠳ᠋ᠤ᠌ ᠨᠡᠩ ᠠᠮᠤᠷ ᠲᠦᠪᠰᠢᠨ ᠡᠮᠬᠢ ᠵᠢᠷᠤᠮ ᠲᠠᠢ ᠴᠠᠭᠳᠠᠭᠠᠨ ᠤ᠋ ᠶᠠᠪᠤᠳᠠᠯ ᠤ᠋ᠨ ᠪᠠᠲᠤᠯᠠᠭ᠎ᠠ ᠬᠠᠩᠭᠠᠨ᠎ᠠ ᠭᠡᠵᠦ ᠢᠯᠡᠷᠬᠡᠢᠯᠡᠵᠡᠢ ᠃

    ᠰᠤᠷᠤᠯᠭ᠎ᠠ ᠲᠡᠭᠦᠰᠬᠦ ᠶᠣᠰᠣᠯᠠᠯ ᠳᠡᠭᠡᠷ᠎ᠡ ᠂ ᠲᠤᠰ ᠤᠳᠠᠭᠠᠨ ᠤ᠋ ᠪᠣᠯᠪᠠᠰᠤᠷᠠᠯ ᠳ᠋ᠤ᠌ ᠰᠢᠯᠢᠳᠡᠭ ᠬᠢᠷᠢ ᠪᠦᠲᠦᠮᠵᠢ ᠳᠣᠪᠣᠢᠮ᠎ᠠ ᠰᠤᠷᠤᠭᠴᠢ ᠪᠠ ᠬᠠᠮᠲᠤ ᠨᠡᠢᠲᠡ ᠳ᠋ᠦ᠍ ᠢᠷᠠᠭᠤ ᠠᠯᠳᠠᠷ ᠤ᠋ᠨ ᠦᠨᠡᠮᠯᠡᠯ ᠣᠯᠭᠣᠪᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )