ᠤᠯᠤᠰ ᠤ᠋ᠨ ᠪᠠᠶᠠᠷ ᠪᠣᠯᠤᠨ ᠨᠠᠢ᠍ᠮᠠᠨ ᠰᠠᠷ᠎ᠠ ᠶ᠋ᠢᠨ ᠠᠷᠪᠠᠨ ᠲᠠᠪᠤᠨ ᠤ ᠪᠠᠶᠠᠷ ᠣᠢᠷᠠᠲᠤᠬᠤ ᠶ᠋ᠢ ᠳᠠᠭᠠᠯᠳᠤᠨ᠂ ᠦᠨᠡᠨ ᠬᠦ᠌ ᠨᠠᠷᠢᠯᠢᠭ ᠨᠠᠷᠢᠨ ᠠᠮᠤᠷ ᠲᠦᠪᠰᠢᠨ ᠦ᠌ ᠬᠠᠮᠢᠶᠠᠷᠤᠯᠲᠠ ᠶ᠋ᠢᠨ ᠠᠵᠢᠯ ᠢ᠋ ᠬᠢᠵᠦ ᠂ ᠡᠯ᠎ᠡ ᠲᠥᠷᠥᠯ ᠦ᠋ᠨ ᠠᠮᠤᠷ ᠲᠦᠪᠰᠢᠨ ᠦ᠌ ᠬᠠᠮᠢᠶᠠᠷᠤᠯᠲᠠ ᠶ᠋ᠢᠨ ᠡᠨᠳᠡᠯ ᠭᠠᠷᠬᠤ ᠶ᠋ᠢ ᠡᠷᠡᠰ ᠬᠣᠷᠢᠭᠯᠠᠬᠤ ᠶ᠋ᠢᠨ ᠲᠥᠯᠦᠭᠡ ᠂ 9 ᠰᠠᠷ᠎ᠠ ᠶ᠋ᠢᠨ 26 ᠤ᠋ ᠡᠳᠦᠷ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠠᠯᠪᠠᠨ ᠭᠡᠷ ᠂ ᠬᠠᠤᠯᠢ ᠴᠠᠭᠠᠵᠠ ᠶ᠋ᠢᠨ ᠵᠠᠰᠠᠭ ᠵᠠᠬᠢᠷᠭᠠᠨ ᠤ᠋ ᠲᠣᠨᠣᠭ ᠲᠥᠬᠥᠭᠡᠷᠦᠮᠵᠢ ᠶ᠋ᠢᠨ ᠬᠠᠮᠢᠶᠠᠷᠤᠯᠲᠠ ᠶ᠋ᠢᠨ ᠲᠠᠰᠤᠭ ᠂ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠰᠠᠯᠪᠤᠷᠢ ᠠᠩᠭᠢ ᠂ ᠮᠡᠷᠭᠡᠵᠢᠯ ᠦ᠋ᠨ ᠭᠠᠵᠠᠷ ᠵᠡᠷᠭᠡ ᠰᠠᠯᠠᠭ᠎ᠠ ᠮᠥᠴᠢᠷ ᠪᠣᠯᠤᠨ ᠠᠳᠠᠯ ᠠᠬᠤᠢ ᠶ᠋ᠢᠨ ᠦᠢᠯᠡᠴᠢᠯᠡᠭᠡᠨ ᠦ᠌ ᠺᠣᠮᠫᠠᠨᠢ ᠪᠠᠢᠴᠠᠭᠠᠯᠲᠠ ᠶ᠋ᠢᠨ ᠳᠤᠭᠤᠢᠯᠠᠩ ᠪᠠᠢᠭᠤᠯᠵᠤ ᠂ ᠠᠮᠤᠷ ᠲᠦᠪᠰᠢᠨ ᠦ᠌ ᠬᠠᠮᠢᠶᠠᠷᠤᠯᠲᠠ ᠶ᠋ᠢᠨ ᠶᠡᠬᠡ ᠪᠠᠢᠴᠠᠭᠠᠯᠲᠠ ᠶ᠋ᠢ ᠲᠥᠪᠯᠡᠷᠡᠭᠦᠯᠦᠨ ᠥᠷᠨᠢᠭᠦᠯᠪᠡ᠃
ᠪᠠᠢᠴᠠᠭᠠᠬᠤ ᠳᠤᠭᠤᠢᠯᠠᠩ ᠤᠨ ᠬᠢᠨ ᠴᠠᠬᠢᠯᠭᠠᠨ ᠲᠦᠭᠡᠭᠡᠬᠦ ᠲᠠᠰᠤᠭ ᠂ ᠬᠢᠨᠠᠨ ᠡᠵᠡᠮᠳᠡᠬᠦ ᠲᠠᠰᠤᠭ ᠂ ᠡᠯ᠎ᠡ ᠠᠯᠪᠠᠨ ᠬᠡᠷᠡᠭ ᠰᠢᠢᠳᠪᠦᠷᠢᠯᠡᠬᠦ ᠲᠣᠭᠣᠷᠢᠭ ᠂ ᠳᠠᠩᠰᠠ ᠡᠪᠬᠡᠮᠡᠯ ᠦ᠋ᠨ ᠲᠠᠰᠤᠭ ᠵᠡᠷᠭᠡ ᠭᠣᠣᠯᠳᠠᠯᠭ᠎ᠠ ᠲᠠᠢ ᠣᠷᠣᠨ ᠪᠦᠰᠡ ᠳ᠋ᠦ᠍ ᠭᠦᠨᠵᠡᠭᠡᠢᠷᠡᠨ ᠂ ᠤᠰᠤ ᠴᠠᠬᠢᠯᠭᠠᠨ ᠬᠡᠷᠡᠭᠯᠡᠬᠦ ᠶ᠋ᠢᠨ ᠠᠮᠤᠷ ᠲᠦᠪᠰᠢᠨ ᠂ ᠭᠠᠯ ᠤᠨᠲᠠᠷᠠᠭᠠᠬᠤ ᠶ᠋ᠢᠨ ᠠᠮᠤᠷ ᠲᠦᠪᠰᠢᠨ ᠂ ᠪᠠᠴᠢᠮ ᠪᠠᠢᠳᠠᠯ ᠢ᠋ ᠠᠷᠭᠠᠴᠠᠬᠤ ᠠᠮᠤᠷ ᠲᠦᠪᠰᠢᠨ ᠵᠡᠷᠭᠡ ᠭᠣᠣᠯᠳᠠᠯᠭ᠎ᠠ ᠲᠠᠢ ᠠᠵᠢᠯ ᠤ᠋ᠨ ᠠᠭᠤᠯᠭ᠎ᠠ ᠳ᠋ᠤ᠌ ᠠᠮᠤᠷ ᠲᠦᠪᠰᠢᠨ ᠦ᠌ ᠪᠠᠢᠴᠠᠭᠠᠯᠲᠠ ᠥᠷᠨᠢᠭᠦᠯᠬᠦ ᠶ᠋ᠢᠨ ᠬᠠᠮᠲᠤ ᠢᠯᠡᠷᠡᠭᠦᠯᠦᠭᠰᠡᠨ ᠠᠰᠠᠭᠤᠳᠠᠯ ᠢ᠋ᠶ᠋ᠠᠨ ᠴᠡᠭᠴᠡᠯᠡᠨ ᠰᠠᠢᠵᠢᠷᠠᠭᠤᠯᠬᠤ ᠱᠠᠭᠠᠷᠳᠠᠯᠭ᠎ᠠ ᠳᠤᠷᠠᠳᠤᠭᠰᠠᠨ ᠪᠠᠢᠨ᠎ᠠ᠃
ᠠᠮᠤᠷ ᠲᠦᠪᠰᠢᠨ ᠦ᠌ ᠬᠠᠮᠢᠶᠠᠷᠤᠯᠲᠠ ᠶ᠋ᠢᠨ ᠡᠨᠡᠬᠦ ᠤᠲᠠᠰᠤ ᠶ᠋ᠢ ᠴᠠᠭ ᠢᠮᠠᠭᠲᠠ ᠴᠢᠩᠭᠠᠯᠠᠵᠤ ᠂ ᠠᠮᠤᠷ ᠲᠦᠪᠰᠢᠨ ᠦ᠌ ᠬᠠᠮᠢᠶᠠᠷᠤᠯᠲᠠ ᠶ᠋ᠢ ᠰᠠᠢᠲᠤᠷ ᠠᠳᠬᠤᠬᠤ ᠪᠠᠷ ᠬᠦᠴᠦᠯᠡᠬᠦ ᠴᠡᠭ ᠪᠣᠯᠭᠠᠵᠤ ᠂ ᠡᠯ᠎ᠡ ᠲᠥᠷᠥᠯ ᠦ᠋ᠨ ᠠᠵᠢᠯ ᠤ᠋ᠨ ᠠᠷᠭ᠎ᠠ ᠬᠡᠮᠵᠢᠶ᠎ᠡ ᠶ᠋ᠢ ᠪᠣᠳᠠᠲᠠᠢ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠃ ᠨᠢᠭᠡ ᠳ᠋ᠦ᠍ ᠂ ᠬᠠᠷᠢᠭᠤᠴᠠᠯᠭ᠎ᠠ ᠡᠭᠦᠷᠭᠡᠯᠡᠯ ᠢ᠋ᠶ᠋ᠡᠨ ᠴᠢᠩᠭᠠᠳᠬᠠᠨ᠎ᠠ ᠃ ᠠᠮᠤᠷ ᠲᠦᠪᠰᠢᠨ ᠦ᠌ ᠬᠠᠮᠢᠶᠠᠷᠤᠯᠲᠠ ᠶ᠋ᠢᠨ ᠴᠢᠬᠤᠯᠠ ᠴᠢᠨᠠᠷ ᠢ᠋ ᠭᠦᠢᠴᠡᠳ ᠲᠠᠨᠢᠵᠤ ᠂ ᠭᠠᠯ ᠤᠨᠲᠠᠷᠠᠭᠠᠬᠤ ᠶᠢᠨ ᠠᠮᠤᠷ ᠲᠦᠪᠰᠢᠨ ᠂ ᠤᠰᠤ ᠴᠠᠬᠢᠯᠭᠠᠨ ᠬᠡᠷᠡᠭᠯᠡᠬᠦ ᠶ᠋ᠢᠨ ᠠᠮᠤᠷ ᠲᠦᠪᠰᠢᠨ ᠵᠡᠷᠭᠡ ᠠᠵᠢᠯ ᠤ᠋ᠨ ᠭᠣᠣᠯᠳᠠᠯᠭ᠎ᠠ ᠶ᠋ᠢ ᠴᠢᠩᠭ᠎ᠠ ᠠᠳᠬᠤᠵᠤ᠂ ᠨᠠᠷᠢᠨ ᠵᠦᠢᠯᠡᠰ ᠦᠨ ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠵᠤ᠂ ᠡᠯ᠎ᠡ ᠲᠦᠷᠦᠯ ᠦᠨ ᠡᠨᠳᠡᠯ ᠭᠠᠷᠬᠤ ᠶᠢ ᠡᠬᠢ ᠡᠭᠦᠰᠦᠯ ᠡᠴᠡ ᠨᠢ ᠬᠣᠷᠢᠭᠯᠠᠬᠤ ᠬᠡᠷᠡᠭᠲᠡᠢ᠃ ᠬᠣᠶᠠᠷ ᠲᠤ᠌ ᠠᠵᠢᠯ ᠤ᠋ᠨ ᠡᠬᠡ ᠳᠠᠩᠰᠠ ᠶ᠋ᠢ ᠨᠠᠷᠢᠯᠢᠭᠵᠢᠭᠤᠯᠤᠨ᠎ᠠ ᠃ ᠠᠵᠢᠯ ᠤ᠋ᠨ ᠪᠣᠳᠠᠲᠠᠢ ᠲᠠᠢ ᠭᠦᠢᠴᠡᠳ ᠤᠶᠠᠯᠳᠤᠭᠤᠯᠤᠨ ᠂ ᠠᠮᠤᠷ ᠲᠦᠪᠰᠢᠨ ᠦ᠌ ᠬᠠᠮᠢᠶᠠᠷᠤᠯᠲᠠ ᠶ᠋ᠢᠨ ᠡᠯ᠎ᠡ ᠲᠥᠷᠦᠯ ᠦ᠋ᠨ ᠠᠵᠢᠯ ᠤ᠋ᠨ ᠡᠭᠦᠷᠭᠡ ᠶ᠋ᠢᠨ ᠨᠠᠷᠢᠨ ᠬᠠᠭᠤᠳᠠᠰᠤ ᠂ ᠬᠠᠷᠢᠭᠤᠴᠠᠯᠭᠠᠲᠠᠤᠨ ᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠵᠦ ᠂ ᠡᠬᠡ ᠳᠠᠩᠰᠠ ᠶ᠋ᠢᠨ ᠬᠠᠮᠢᠶᠠᠷᠤᠯᠲᠠ ᠶ᠋ᠢ ᠦᠨᠡᠨᠬᠦ ᠴᠢᠩᠭᠠᠳᠬᠠᠨ ᠂ ᠬᠡᠷᠡᠭ ᠪᠦᠷᠢ ᠢ᠋ ᠲᠡᠮᠳᠡᠭᠯᠡᠬᠦ ᠂ ᠬᠡᠷᠡᠭ ᠪᠦᠷᠢ ᠳᠠᠩᠰᠠ ᠡᠪᠬᠡᠮᠡᠯ ᠲᠠᠢ ᠪᠠᠢᠬᠤ ᠶ᠋ᠢ ᠡᠷᠬᠡᠪᠰᠢ ᠦᠨᠡᠨᠬᠦ ᠪᠠᠲᠤᠯᠠᠬᠤ ᠬᠡᠷᠡᠭᠲᠡᠢ ᠃ ᠭᠤᠷᠪᠠ ᠳ᠋ᠤ᠌ ᠳᠠᠯᠳᠠ ᠭᠡᠮ ᠢ᠋ ᠴᠡᠭᠴᠡᠯᠡᠨ ᠰᠠᠢᠵᠢᠷᠠᠭᠤᠯᠬᠤ ᠶ᠋ᠢ ᠴᠢᠬᠤᠯᠠᠴᠢᠯᠠᠨ᠎ᠠ ᠃ ᠳᠠᠯᠳᠠ ᠪᠦᠬᠦᠢ ᠠᠮᠤᠷ ᠲᠦᠪᠰᠢᠨ ᠦ᠌ ᠭᠡᠮ ᠰᠣᠭᠣᠭ ᠲᠤ᠌ ᠴᠢᠭᠯᠡᠭᠦᠯᠦᠨ ᠂ ᠳᠠᠯᠳᠠ ᠭᠡᠮ ᠢ᠋ ᠵᠢᠭᠰᠠᠭᠠᠨ ᠪᠠᠢᠴᠠᠭᠠᠬᠤ ᠬᠢᠭᠡᠳ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠨᠠᠷᠢᠨ ᠬᠠᠭᠤᠳᠠᠰᠤ ᠶ᠋ᠢ ᠤᠯᠠᠮ ᠨᠢᠭᠡ ᠠᠯᠬᠤᠮ ᠪᠦᠷᠢᠨᠰᠢᠭᠦᠯᠦᠨ ᠨᠠᠷᠢᠯᠢᠭᠵᠢᠭᠤᠯᠵᠤ ᠂ ᠨᠠᠷᠢᠨ ᠬᠠᠭᠤᠳᠠᠰᠤ ᠶ᠋ᠢᠨ ᠬᠠᠮᠢᠶᠠᠷᠤᠯᠲᠠ ᠪᠠ ᠪᠣᠷᠣᠯᠠᠭᠤᠯᠭ᠎ᠠ ᠶ᠋ᠢᠨ ᠳ᠋ᠤᠭᠠᠷᠯᠠᠯ ᠢ᠋ ᠨᠠᠢᠳᠠᠪᠤᠷᠢᠵᠢᠭᠤᠯᠬᠤ ᠪᠠᠷ ᠭᠠᠷᠳᠠᠴᠠ ᠪᠣᠯᠭᠠᠨ᠂ ᠨᠢᠭᠡ ᠵᠦᠢᠯ ᠢ᠋ ᠣᠯᠵᠤ ᠮᠡᠳᠡᠬᠦ ᠂ ᠨᠢᠭᠡ ᠵᠦᠢᠯ ᠢ᠋ ᠴᠡᠭᠴᠡᠯᠡᠨ ᠰᠠᠢᠵᠢᠷᠠᠭᠤᠯᠬᠤ ᠶ᠋ᠢ ᠦᠨᠡᠨᠬᠦ ᠪᠠᠲᠤᠯᠠᠵᠤ᠂ ᠡᠯ᠎ᠡ ᠲᠥᠷᠥᠯ ᠦ᠋ᠨ ᠲᠦᠭᠰᠢᠭᠦᠷᠢ ᠶ᠋ᠢᠨ ᠳᠠᠯᠳᠠ ᠭᠡᠮ ᠢ᠋ ᠡᠷᠡᠰ ᠠᠷᠢᠯᠭᠠᠬᠤ ᠬᠡᠷᠡᠭᠲᠡᠢ ᠃
ᠦᠨᠡᠯᠡᠬᠦ 0ᠦᠨᠡᠯᠡᠯᠲᠡ᠎ᠲᠠᠢ