ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢ ᠴᠢᠩᠭᠠᠳᠬᠠᠵᠤ ᠂ ᠴᠢᠨᠠᠷ ᠰᠠᠢᠲᠠᠢ ᠦᠢᠯᠡᠴᠢᠯᠡᠭᠡᠨ ᠦ᠌ ᠰᠢᠨ᠎ᠡ ᠶ᠋ᠢ ᠡᠭᠦᠳᠬᠦ ᠬᠥᠭᠵᠢᠯ
2023.10.23 ᠲᠣᠰ ᠥᠷᠲᠡᠭᠡᠨ᠎ᠦ ᠨᠠᠢᠷᠠᠭᠤᠯᠤᠭᠴᠢ

    ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢ ᠴᠢᠩᠭᠠᠳᠬᠠᠵᠤ ᠂ ᠴᠢᠨᠠᠷ ᠰᠠᠢᠲᠠᠢ ᠦᠢᠯᠡᠴᠢᠯᠡᠭᠡᠨ ᠦ᠌ ᠰᠢᠨ᠎ᠡ ᠶ᠋ᠢ ᠡᠭᠦᠳᠬᠦ ᠬᠥᠭᠵᠢᠯᠲᠡ ᠶ᠋ᠢ ᠠᠬᠢᠭᠤᠯᠤᠶ᠎ᠠ — ᠣᠷᠳᠣᠰ ᠤ᠋ᠨ ᠰᠢᠭᠦᠬᠦ ᠬᠣᠷᠢᠶᠠᠨ ᠤ᠋ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ  ᠶ᠋ᠢᠨ ᠰᠢᠭᠦᠨ ᠲᠠᠰᠤᠯᠤᠯᠲᠠ ᠶ᠋ᠢᠨ ᠠᠵᠢᠯ ᠤ᠋ᠨ ᠲᠤᠬᠠᠢ  ᠶᠡᠷᠦᠩᠬᠡᠢ ᠲᠣᠭᠠᠴᠢᠯ    

 

    ᠣᠷᠳᠣᠰ ᠬᠣᠲᠠ ᠶ᠋ᠢᠨ ᠠᠷᠠᠳ ᠶ᠋ᠢᠨ ᠳᠤᠮᠳᠠ ᠵᠡᠷᠭᠡ ᠢ᠋ᠢᠨ ᠰᠢᠭᠦᠬᠦ ᠬᠣᠷᠢᠶ ᠠ

    ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢ  ᠴᠢᠩᠭᠠᠳᠭ᠋ᠠᠵᠤ

    ᠴᠢᠨᠠᠷ ᠰᠠᠢᠲᠠᠢ ᠦᠢᠯᠡᠴᠢᠯᠭᠡᠨ ᠤ᠋ ᠰᠢᠨ᠎ᠡ ᠶ᠋ᠢ ᠡᠭᠦᠳᠴᠦ ᠬᠥᠭᠵᠢᠭᠦᠯᠦᠨ᠎ᠡ

    ᠣᠷᠳᠣᠰ ᠤ᠋ᠨ ᠰᠢᠭᠦᠬᠦ ᠬᠣᠷᠢᠶ᠎ᠠ ᠶ᠋ᠢᠨ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠰᠢᠭᠦᠨ ᠲᠠᠰᠤᠯᠬᠤ ᠠᠵᠢᠯ ᠤ᠋ᠨ ᠶᠡᠷᠦᠩᠬᠡᠢ ᠲᠣᠭᠠᠴᠢᠯ

    ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠠᠮᠠᠭᠠᠯᠠᠯᠲᠠ ᠶ᠋ᠢ ᠴᠢᠩᠭᠠᠳᠬᠠᠬᠤ ᠪᠣᠯ ᠤᠯᠤᠰ ᠤ᠋ᠨ ᠰᠢᠨ᠎ᠡ ᠶ᠋ᠢ ᠡᠭᠦᠳᠬᠦ ᠪᠡᠷ ᠬᠥᠳᠡᠯᠭᠡᠭᠦᠷ ᠪᠣᠯᠭᠠᠬᠤ ᠬᠥᠭᠵᠢᠯᠲᠡ ᠶ᠋ᠢᠨ ᠪᠠᠢᠯᠳᠤᠬᠤ ᠪᠣᠳᠣᠯᠭ᠎ᠠ ᠶ᠋ᠢᠨ ᠴᠢᠬᠤᠯᠠ ᠲᠤᠯᠭᠠᠭᠤᠷᠢᠯᠠᠯ ᠮᠥᠨ ᠂ ᠤᠯᠤᠰ ᠤ᠋ᠨ ᠠᠵᠤ ᠠᠬᠤᠢ ᠶ᠋ᠢᠨ ᠥᠷᠢᠰᠦᠯᠳᠦᠬᠦ ᠬᠦᠴᠦᠨ ᠢ᠋ ᠳᠡᠭᠡᠭᠰᠢᠯᠡᠭᠦᠯᠬᠦ ᠶ᠋ᠢᠨ ᠬᠠᠮᠤᠭ ᠤ᠋ᠨ ᠶᠡᠬᠡ ᠵᠣᠷᠢᠭᠵᠢᠭᠤᠯᠤᠯ ᠪᠣᠯᠤᠨ᠎ᠠ ᠃ ᠣᠢᠷ᠎ᠠ ᠶ᠋ᠢᠨ ᠵᠢᠯ ᠡᠴᠡ ᠨᠡᠰᠢ ᠂ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠶᠡᠷᠦᠩᠬᠡᠢ ᠱᠦᠵᠢ ᠰᠢ ᠵᠢᠨ ᠫᠢᠩ ᠤ᠋ᠨ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢ ᠬᠠᠮᠠᠭᠠᠯᠠᠬᠤ ᠲᠤᠬᠠᠢ ᠴᠢᠬᠤᠯᠠ ᠥᠭᠦᠯᠡᠯᠲᠡ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢ ᠰᠢᠭᠦᠨ ᠲᠠᠰᠤᠯᠬᠤ ᠠᠵᠢᠯ ᠤ᠋ᠨ ᠣᠳᠣᠬᠢᠴᠢᠯᠠᠯᠲᠠ ᠶ᠋ᠢ ᠶᠡᠬᠡᠪᠡᠷ ᠴᠢᠩᠭᠠᠳᠬᠠᠵᠤ ᠂ ᠭᠠᠵᠠᠷ ᠣᠷᠣᠨ ᠤ᠋ ᠠᠵᠤ ᠠᠬᠤᠢ ᠨᠡᠢᠭᠡᠮ ᠤ᠋ᠨ ᠬᠥᠭᠵᠢᠯᠲᠡ ᠶ᠋ᠢᠨ ᠬᠢᠷᠢ ᠲᠦᠪᠰᠢᠨ ᠲᠡᠢ ᠵᠣᠬᠢᠴᠠᠭᠰᠠᠨ ᠴᠢᠨᠠᠷ ᠰᠠᠢᠲᠠᠢ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠠᠤᠯᠢ ᠴᠠᠭᠠᠵᠠ ᠶ᠋ᠢᠨ ᠠᠵᠢᠯ ᠢ᠋ ᠴᠢᠷᠮᠠᠢᠨ ᠪᠠᠢᠭᠤᠯᠵᠤ ᠂ ᠣᠨᠢᠨ ᠳᠡᠭᠡᠷ᠎ᠡ ᠨᠢ ᠰᠢᠨ᠎ᠡ ᠶ᠋ᠢ ᠡᠭᠦᠳᠬᠦ ᠪᠡᠷ ᠬᠥᠳᠡᠯᠭᠡᠭᠦᠷ ᠪᠣᠯᠭᠠᠬᠤ ᠬᠥᠭᠵᠢᠯᠲᠡ ᠪᠠ ᠰᠢᠨᠵᠢᠯᠡᠬᠦ ᠤᠬᠠᠭᠠᠨ ᠮᠡᠷᠭᠡᠵᠢᠯ ᠤ᠋ᠨ ᠪᠡᠶ᠎ᠡ ᠪᠡᠨ ᠳᠠᠭᠠᠭᠠᠵᠤ ᠬᠦᠴᠦᠷᠬᠡᠭᠵᠢᠬᠦ ᠶ᠋ᠢ ᠠᠬᠢᠭᠤᠯᠵᠤ ᠂ ᠣᠷᠳᠣᠰ ᠲᠤ᠌ ᠤᠯᠤᠰ ᠤ᠋ᠨ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠦᠴᠦᠷᠬᠡᠭ ᠬᠣᠲᠠ ᠪᠣᠯᠭᠠᠬᠤ ᠂ ᠪᠦᠬᠦ ᠤᠯᠤᠰ ᠤ᠋ᠨ ᠲᠡᠷᠢᠭᠦᠨ ᠦ᠌ ᠠᠷᠠᠯᠵᠢᠶ᠎ᠠ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠪᠦᠲᠦᠭᠡᠨ ᠪᠠᠢᠭᠤᠯᠬᠤ ᠳ᠋ᠤ᠌ ᠬᠦᠴᠦᠨ ᠨᠡᠮᠡᠷᠢᠯᠡᠪᠡ ᠃ 

 

 

    ᠬᠦᠴᠦ ᠪᠡᠨ 《 ᠲᠥᠪ ᠭᠣᠣᠯᠴᠢ 》 ᠪᠠ 《 ᠦᠷ᠎ᠡ ᠪᠦᠲᠦᠮᠵᠢ 》  ᠳ᠋ᠤ ᠲᠥᠪᠯᠡᠷᠡᠭᠦᠯᠵᠦ

    ᠮᠡᠳᠡᠯᠭᠡ ᠶ᠋ᠢᠨ ᠥᠮᠴᠢᠯᠡᠬᠦ ᠡᠷᠬᠡ ᠶ᠋ᠢᠨ ᠵᠢᠭᠤᠷᠠᠯᠳᠤᠭᠠᠨ ᠢ᠋ ᠰᠢᠢᠳᠪᠤᠷᠢᠯᠡᠬᠦ 《 ᠰᠢᠯᠢᠳᠡᠭ ᠰᠣᠩᠭᠤᠯᠲᠠ ᠢ᠋ᠢᠨ ᠭᠠᠵᠠᠷ 》 ᠪᠣᠯᠭᠠᠨ᠎ᠠ

    ᠰᠢᠭᠦᠨ ᠲᠠᠰᠤᠯᠬᠤ ᠴᠢᠨᠠᠷ ᠴᠢᠨᠰᠠᠭ᠎ᠠ ᠶ᠋ᠢ ᠪᠣᠳᠠᠲᠠᠢ ᠠᠳᠬᠤᠨ᠎ᠠ

    ᠪᠥᠬᠥ ᠬᠣᠲᠠ ᠶ᠋ᠢᠨ ᠰᠢᠭᠦᠬᠦ ᠬᠣᠷᠢᠶ᠎ᠠ 《 ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢ ᠬᠠᠮᠠᠭᠠᠯᠠᠬᠤ ᠪᠣᠯ ᠳᠠᠷᠤᠢ ᠰᠢᠨ᠎ᠡ ᠶ᠋ᠢ ᠡᠭᠦᠳᠬᠦ ᠶ᠋ᠢ ᠬᠠᠮᠠᠭᠠᠯᠠᠬᠤ 》 ᠣᠢᠯᠠᠭᠠᠭᠳᠠᠬᠤᠨ ᠢ᠋ ᠪᠠᠲᠤ ᠪᠡᠬᠢ ᠪᠣᠢ ᠪᠣᠯᠭᠠᠵᠤ ᠂ 《 ᠲᠥᠪ ᠭᠣᠣᠯᠴᠢ ᠪᠠ ᠦᠷ᠎ᠡ ᠪᠦᠲᠦᠮᠵᠢ 》 ᠶ᠋ᠢᠨ ᠠᠵᠢᠯ ᠤ᠋ᠨ ᠭᠣᠣᠯ ᠰᠡᠳᠦᠪ ᠤ᠋ᠨ ᠲᠣᠭᠣᠷᠢᠨ ᠳ᠋ᠤ᠌ ᠂ ᠭᠠᠵᠠᠷ ᠣᠷᠣᠨ ᠤ᠋ ᠣᠨᠴᠠᠯᠢᠭ ᠲᠠᠭᠠᠨ ᠰᠠᠭᠤᠷᠢᠯᠠᠵᠤ ᠂ ᠡᠯ᠎ᠡ ᠲᠥᠷᠥᠯ ᠤ᠋ᠨ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠡᠷᠡᠭ ᠢ᠋ ᠬᠠᠤᠯᠢ ᠶᠣᠰᠣᠭᠠᠷ ᠰᠢᠭᠦᠨ ᠰᠢᠢᠳᠪᠦᠷᠢᠯᠡᠵᠦ ᠂ ᠰᠢᠨᠵᠢᠯᠡᠬᠦ ᠤᠬᠠᠭᠠᠨ ᠮᠡᠷᠭᠡᠵᠢᠯ ᠤ᠋ᠨ ᠰᠢᠨ᠎ᠡ ᠶ᠋ᠢ ᠡᠭᠦᠳᠦᠭᠰᠡᠨ ᠦᠷ᠎ᠡ ᠪᠦᠲᠦᠭᠡᠯ ᠢ᠋ ᠪᠥᠬᠥ ᠬᠦᠴᠦᠨ ᠢ᠋ᠶ᠋ᠡᠷ ᠪᠠᠲᠤᠯᠠᠵᠤ ᠂ ᠵᠠᠬ᠎ᠠ ᠳᠡᠯᠭᠡᠭᠦᠷ ᠤ᠋ᠨ ᠡᠷᠬᠡ ᠲᠡᠭᠰᠢ ᠪᠡᠷ ᠥᠷᠢᠰᠦᠯᠳᠦᠬᠦ ᠡᠮᠬᠢ ᠳᠢᠭᠯᠢᠮ ᠢ᠋ ᠬᠠᠮᠠᠭᠠᠯᠠᠪᠠ ᠃ 2020 ᠣᠨ ᠠ᠋ᠴᠠ ᠨᠡᠰᠢ ᠪᠥᠬᠥ ᠬᠣᠲᠠ ᠶ᠋ᠢᠨ ᠰᠢᠭᠦᠬᠦ ᠬᠣᠷᠢᠶ᠎ᠠ ᠡᠯ᠎ᠡ ᠲᠥᠷᠥᠯ ᠤ᠋ᠨ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠡᠷᠡᠭ ᠢ᠋ ᠨᠡᠢᠲᠡ 482 ᠬᠦᠯᠢᠶᠡᠨ ᠠᠪᠴᠤ ᠂ 471 ᠬᠤᠪᠢ  ᠬᠡᠷᠡᠭ ᠢ᠋ ᠰᠢᠭᠦᠨ (  ᠭᠦᠢᠴᠡᠳᠭᠡᠬᠦ ) ᠳᠠᠭᠤᠰᠬᠠᠵᠤ ᠂ 342 ᠬᠡᠷᠡᠭ ᠢ᠋ ᠰᠢᠯᠵᠢᠭᠦᠯᠦᠨ ᠪᠤᠴᠠᠭᠠᠪᠠ ᠃

 

 

    2020 ᠣᠨ ᠳ᠋ᠤ᠌ ᠂ ᠵᠠᠭᠠᠯᠳᠤᠭᠴᠢ ᠱᠠᠩᠬᠠᠢ ᠶ᠋ᠢᠨ ᠵᠢᠶᠠ ᠬᠤᠸᠠ ᠬᠣᠯᠪᠣᠭᠠᠲᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠠ᠋ᠴᠠ ᠳ᠋ᠦᠩᠱᠧᠩ ᠲᠣᠭᠣᠷᠢᠭ ᠂ ᠬᠢᠶ᠎ᠡ ᠪᠠᠭᠰᠢ ᠲᠣᠭᠣᠷᠢᠭ ᠤ᠋ᠨ ᠣᠯᠠᠨ ᠬᠡᠳᠦ ᠳᠡᠯᠭᠡᠭᠦᠷ ᠡᠴᠡ ᠲᠠᠸᠠᠷ ᠤ᠋ᠨ ᠲᠡᠮᠳᠡᠭ ᠤ᠋ᠨ ᠡᠷᠬᠡ ᠳ᠋ᠦ᠍ ᠬᠠᠯᠳᠠᠭᠰᠠᠨ 33 ᠬᠡᠷᠡᠭ ᠢ᠋ ᠵᠠᠭᠠᠯᠳᠤᠪᠠ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠠᠮᠲᠤᠷᠠᠨ ᠵᠥᠪᠯᠡᠬᠦ ᠲᠢᠩᠬᠢᠮ 29 ᠬᠤᠪᠢ ᠲᠤᠬᠠᠢ ᠶ᠋ᠢᠨ ᠲᠢᠩᠬᠢᠮ ᠳ᠋ᠦ᠍ ᠡᠶᠡᠳᠡᠭᠦᠯᠦᠨ ᠭᠦᠢᠴᠡᠳᠬᠡᠬᠦ ᠶ᠋ᠢᠨ ᠬᠠᠮᠲᠤ ᠭᠦᠢᠴᠡᠳᠬᠡᠵᠦ ᠂ 4 ᠬᠤᠪᠢ ᠲᠤᠬᠠᠢ ᠶ᠋ᠢᠨ ᠲᠢᠩᠬᠢᠮ ᠳ᠋ᠦ᠍ ᠰᠢᠭᠦᠨ ᠲᠠᠰᠤᠯᠤᠯᠲᠠ ᠶ᠋ᠢ ᠲᠡᠭᠦᠰ ᠠᠮᠵᠢᠯᠲᠠᠢ ᠰᠢᠭᠦᠨ ᠲᠠᠰᠤᠯᠵᠤ ᠂ ᠵᠠᠭᠠᠯᠳᠤᠭᠴᠢ ᠪᠣᠯᠬᠤ ᠱᠠᠩᠬᠠᠢ ᠶ᠋ᠢᠨ ᠵᠢᠶᠠ ᠬᠤᠸᠠ ᠬᠣᠯᠪᠣᠭᠠᠲᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶ᠋ᠢᠨ 《 ᠲᠥᠪ ᠭᠣᠣᠯᠴᠢ ᠥᠨᠳᠥᠷ ᠪᠦᠲᠦᠮᠵᠢᠲᠡᠢ ᠂ ᠠᠶᠠᠯᠠᠯ ᠢ᠋ ᠬᠠᠮᠠᠭᠠᠯᠠᠬᠤ 》 ᠶ᠋ᠢᠨ ᠬᠡᠮᠡᠷᠯᠢᠭ ᠲᠤᠭ ᠬᠦᠷᠭᠡᠪᠡ ᠃

    ᠣᠯᠠᠨ ᠡᠰᠢᠲᠦ ᠵᠢᠭᠤᠷᠠᠯᠳᠤᠭᠠᠨ ᠢ᠋ ᠰᠢᠢᠳᠪᠦᠷᠢᠯᠡᠬᠦ ᠶ᠋ᠢ ᠰᠢᠯᠢᠳᠡᠭᠵᠢᠭᠦᠯᠦᠨ ᠠᠳᠬᠤᠨ᠎ᠠ

    《 1+N 》 ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠶᠡᠷᠦᠩᠬᠡᠢᠯᠡᠭᠰᠡᠨ ᠡᠶᠡᠳᠡᠭᠦᠯᠦᠨ ᠵᠣᠬᠢᠴᠠᠭᠤᠯᠬᠤ ᠪᠠᠢᠷᠢᠰᠢᠯ ᠢ᠋ ᠪᠠᠢᠭᠤᠯᠵᠤ ᠂ ᠠᠵᠤ ᠦᠢᠯᠡᠳᠪᠦᠷᠢ ᠬᠤᠳᠠᠯᠳᠤᠭᠠᠨ ᠤ᠋ ᠬᠣᠯᠪᠣᠭᠠᠲᠤ ᠬᠤᠷᠠᠯ ᠂ ᠳᠤᠮᠳᠠ ᠪᠠᠭ᠎ᠠ ᠠᠵᠤ ᠠᠬᠤᠢᠯᠠᠯ ᠤ᠋ᠨ ᠬᠣᠯᠪᠣᠭᠠᠲᠤ ᠬᠤᠷᠠᠯ ᠂ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠲᠣᠪᠴᠢᠶ᠎ᠠ ᠵᠡᠷᠭᠡ ᠯᠦ᠍ᠭᠡ ᠵᠠᠷᠭᠤᠯᠳᠤᠬᠤ ᠪᠠ ᠡᠶᠡᠳᠡᠭᠦᠯᠬᠦ ᠶ᠋ᠢ ᠵᠣᠯᠭᠠᠯᠳᠤᠭᠤᠯᠤᠨ ᠬᠠᠮᠲᠤᠷᠠᠯᠴᠠᠬᠤ ᠬᠠᠷᠢᠴᠠᠭ᠎ᠠ ᠪᠠᠢᠭᠤᠯᠵᠤ ᠂ ᠵᠥᠷᠢᠴᠡᠯ ᠵᠢᠭᠤᠷᠠᠯᠳᠤᠭᠠᠨ ᠢ᠋ ᠣᠯᠠᠨ ᠡᠰᠢᠴᠢᠯᠡᠨ ᠪᠤᠳᠠᠳᠤ ᠴᠢᠨᠠᠷ ᠪᠦᠬᠦᠢ ᠰᠢᠢᠳᠪᠦᠷᠢᠯᠡᠬᠦ ᠶ᠋ᠢ ᠠᠬᠢᠭᠤᠯᠤᠨ᠎ᠠ ᠃

    2023 ᠣᠨ ᠳ᠋ᠤ᠌ ᠂ ᠬᠢᠶ᠎ᠡ ᠪᠠᠭᠰᠢ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶ᠎ᠠ ᠨᠢ ᠵᠠᠬ᠎ᠠ ᠳᠡᠯᠭᠡᠭᠦᠷ ᠤ᠋ᠨ ᠬᠢᠨᠠᠨ ᠬᠠᠮᠢᠶᠠᠷᠤᠯᠲᠠ ᠶ᠋ᠢᠨ ᠲᠣᠪᠴᠢᠶ᠎ᠠ ᠵᠡᠷᠭᠡ ᠣᠯᠠᠨ ᠪᠠᠢᠭᠤᠯᠭ᠎ᠠ ᠲᠠᠢ ᠬᠠᠮᠲᠤᠷᠠᠨ 《 ᠬᠢᠶ᠎ᠡ ᠪᠠᠭᠰᠢ ᠲᠣᠭᠣᠷᠢᠭ ᠤ᠋ᠨ ᠮᠡᠳᠡᠯᠭᠡ ᠶ᠋ᠢᠨ ᠥᠮᠴᠢᠯᠡᠬᠦ ᠡᠷᠬᠡ ᠶ᠋ᠢ ᠬᠠᠮᠵᠢᠯᠴᠠᠨ ᠬᠠᠮᠠᠭᠠᠯᠠᠬᠤ ᠲᠤᠬᠠᠢ ᠬᠠᠮᠲᠤᠷᠠᠨ ᠠᠵᠢᠯᠯᠠᠬᠤ ᠲᠣᠭᠲᠠᠴᠠ 》 《 ᠬᠢᠶ᠎ᠡ ᠪᠠᠭᠰᠢ ᠲᠣᠭᠣᠷᠢᠭ ᠤ᠋ᠨ ᠮᠡᠳᠡᠯᠭᠡ ᠶ᠋ᠢᠨ ᠥᠮᠴᠢᠯᠡᠬᠦ ᠡᠷᠬᠡ ᠶ᠋ᠢ ᠣᠯᠠᠨ ᠡᠰᠢᠵᠢᠬᠦᠯᠦᠨ ᠡᠶᠡᠳᠡᠭᠦᠯᠬᠦ ᠲᠣᠭᠲᠠᠴᠠ ᠶ᠋ᠢ ᠪᠠᠢᠭᠤᠯᠬᠤ ᠲᠤᠬᠠᠢ ᠬᠡᠷᠡᠭᠵᠢᠭᠦᠯᠬᠦ ᠰᠠᠨᠠᠯ 》 ᠢ᠋ ᠨᠡᠢᠲᠡᠯᠡᠵᠦ ᠂ ᠮᠡᠳᠡᠯᠭᠡ ᠶ᠋ᠢᠨ ᠥᠮᠴᠢᠯᠡᠬᠦ ᠡᠷᠬᠡ ᠶ᠋ᠢᠨ ᠲᠤᠰᠬᠠᠢ ᠮᠡᠷᠭᠡᠵᠢᠯ ᠤ᠋ᠨ ᠬᠦᠷᠢᠶᠡᠨ ᠦ᠌ ᠣᠯᠠᠨ ᠡᠰᠢᠵᠢᠬᠦᠯᠦᠨ ᠡᠶᠡᠳᠡᠭᠦᠯᠬᠦ ᠬᠡᠪ ᠵᠠᠭᠪᠤᠷ ᠢ᠋ ᠬᠠᠢᠨ ᠰᠦᠪᠡᠭᠴᠢᠯᠡᠪᠡ ᠃

    《 ᠲᠦᠷᠭᠡᠨ ᠲᠠᠰᠤᠯᠤᠯᠲᠠ + ᠡᠶᠡᠳᠡᠭᠦᠯᠭᠡ 》 ᠂ 《 ᠵᠠᠷᠭᠤᠯᠳᠤᠬᠤ ᠠ᠋ᠴᠠ ᠡᠮᠦᠨ᠎ᠡ ᠡᠶᠡᠳᠡᠭᠦᠯᠬᠦ + ᠬᠠᠤᠯᠢ ᠴᠠᠭᠠᠵᠠ ᠪᠠᠷ ᠨᠤᠲᠠᠯᠠᠬᠤ 》 ᠵᠡᠷᠭᠡ ᠵᠢᠭᠤᠷᠠᠯᠳᠤᠭᠠᠨ ᠢ᠋ ᠰᠢᠢᠳᠪᠦᠷᠢᠯᠡᠬᠦ ᠲᠣᠭᠲᠠᠴᠠ ᠶ᠋ᠢ ᠲᠡᠭᠦᠯᠳᠡᠷᠵᠢᠭᠦᠯᠵᠦ ᠂ 2022 ᠣᠨ ᠤ᠋ ᠢᠷᠭᠡᠨ ᠦ᠌ ᠵᠠᠷᠭᠤ ᠶ᠋ᠢᠨ ᠬᠠᠤᠯᠢ ᠳ᠋ᠤ᠌ ᠵᠠᠰᠠᠪᠤᠷᠢ ᠣᠷᠣᠭᠤᠯᠤᠭᠰᠠᠨ ᠤ᠋ ᠳᠠᠷᠠᠭ᠎ᠠ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠥᠪᠡᠷᠲᠡᠭᠡᠨ ᠵᠠᠰᠠᠬᠤ ᠣᠷᠣᠨ ᠤ᠋ ᠠᠩᠬᠠᠳᠠᠭᠴᠢ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ  ᠶ᠋ᠢᠨ 《 ᠵᠠᠭᠠᠯᠳᠤᠬᠤ ᠠ᠋ᠴᠠ ᠡᠮᠦᠨ᠎ᠡ ᠡᠶᠡᠳᠡᠭᠦᠯᠬᠦ ᠶ᠋ᠢ ᠨᠤᠲᠠᠯᠠᠬᠤ 》 ᠬᠠᠤᠯᠢ ᠴᠠᠭᠠᠵᠠ ᠶ᠋ᠢᠨ ᠬᠢᠨᠠᠯᠲᠠ ᠶ᠋ᠢᠨ ᠪᠢᠴᠢᠭ᠌ ᠢ᠋ ᠭᠠᠷᠭᠠᠪᠠ ᠃

    ᠵᠠᠷᠭᠤᠯᠳᠤᠬᠤ ᠶ᠋ᠢᠨ ᠢᠷᠡᠯᠲᠡ ᠶ᠋ᠢ ᠵᠠᠰᠠᠬᠤ ᠶ᠋ᠢ ᠭᠦᠨᠵᠡᠭᠡᠢ ᠠᠳᠬᠤᠨ᠎ᠠ

    《  ᠡᠮᠦᠨ᠎ᠡ ᠲᠠᠯ᠎ᠠ ᠶ᠋ᠢ ᠠᠳᠬᠤᠵᠤ ᠂ ᠰᠡᠭᠦᠯ ᠤ᠋ᠨ ᠡᠪᠡᠳᠴᠢᠨ ᠢ᠋ ᠵᠠᠰᠠᠬᠤ 》 ᠠᠵᠢᠯ ᠤ᠋ᠨ ᠣᠢᠯᠠᠭᠠᠭᠳᠠᠬᠤᠨ ᠢ᠋ ᠪᠠᠲᠤ ᠪᠡᠬᠢ ᠪᠣᠢ ᠪᠣᠯᠭᠠᠵᠤ ᠂ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠵᠠᠰᠠᠯᠲᠠ ᠶ᠋ᠢᠨ ᠰᠢᠰᠲ᠋ᠧᠮᠵᠢ ᠪᠠ ᠵᠠᠰᠠᠯᠲᠠ ᠶ᠋ᠢᠨ ᠴᠢᠳᠠᠪᠤᠷᠢ ᠶ᠋ᠢᠨ ᠪᠠᠢᠭᠤᠯᠤᠯᠲᠠ ᠳ᠋ᠤ᠌ ᠠᠩᠬᠠᠷᠤᠯ ᠢ᠋ᠶ᠋ᠠᠨ ᠲᠥᠪᠯᠡᠷᠡᠭᠦᠯᠵᠦ ᠂ 《 ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ 》 ᠶ᠋ᠢᠨ ᠵᠢᠭᠤᠷᠠᠯᠳᠤᠭᠠᠨ ᠢ᠋ ᠰᠢᠢᠳᠪᠦᠷᠢᠯᠡᠬᠦ ᠠᠵᠢᠯ ᠢ᠋ ᠶᠡᠬᠡᠪᠡᠷ ᠠᠬᠢᠭᠤᠯᠵᠤ ᠂ ᠡᠬᠢ ᠡᠭᠦᠰᠪᠦᠷᠢ ᠡᠴᠡ ᠨᠢ ᠵᠢᠭᠤᠷᠠᠯᠳᠤᠭᠠᠨ ᠢ᠋ ᠵᠣᠭᠰᠣᠭᠠᠵᠤ ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠲᠡᠰ ᠳᠡᠪᠰᠢᠭᠦᠯᠬᠦ ᠶ᠋ᠢ ᠬᠦᠴᠦᠯᠡᠨ ᠳᠡᠮᠵᠢᠨ᠎ᠡ ᠃

    2023 ᠣᠨ ᠳ᠋ᠤ᠌ ᠂ ᠳᠤᠮᠳᠠᠳᠤ ᠤᠯᠤᠰ ᠤ᠋ᠨ ᠳᠠᠭᠤ ᠳᠦᠷᠰᠦ ᠰᠢᠩᠭᠡᠭᠡᠯᠲᠡ ᠶ᠋ᠢᠨ ᠪᠦᠲᠦᠭᠡᠯ ᠤ᠋ᠨ ᠡᠷᠬᠡ ᠶ᠋ᠢᠨ ᠬᠠᠮᠲᠤ ᠶ᠋ᠢᠨ ᠬᠠᠮᠢᠶᠠᠷᠤᠯᠲᠠ ᠶ᠋ᠢᠨ ᠨᠡᠢᠭᠡᠮᠯᠢᠭ ᠡᠴᠡ ᠳ᠋ᠦᠩᠱᠧᠩ ᠲᠣᠭᠣᠷᠢᠭ ᠂ ᠡᠵᠡᠨ ᠬᠣᠷᠣᠭ᠎ᠠ ᠬᠤᠰᠢᠭᠤᠨ ᠤ᠋ ᠬᠡᠰᠡᠭ KTV ᠡᠵᠡᠩᠨᠡᠭᠴᠢ ᠶ᠋ᠢ ᠵᠠᠭᠠᠯᠳᠤᠵᠤ ᠵᠣᠬᠢᠶᠠᠯ ᠪᠦᠲᠦᠭᠡᠯ ᠢ᠋ ᠭᠠᠷᠭᠠᠬᠤ ᠡᠷᠬᠡ ᠶ᠋ᠢᠨ ᠵᠢᠭᠤᠷᠠᠯᠳᠤᠭᠠᠨ ᠤ᠋ ᠰᠢᠷᠢᠰ ᠬᠡᠷᠡᠭ ᠲᠦ᠍ ᠴᠢᠭᠯᠡᠭᠦᠯᠦᠨ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠂ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶ᠎ᠠ ᠬᠣᠲᠠ ᠶ᠋ᠢᠨ ᠰᠣᠶᠣᠯ ᠵᠢᠭᠤᠯᠴᠢᠯᠠᠯ ᠂ ᠤᠬᠠᠭᠤᠯᠭ᠎ᠠ ᠵᠡᠷᠭᠡ ᠰᠠᠯᠠᠭ᠎ᠠ ᠮᠥᠴᠢᠷ ᠲᠡᠢ ᠢᠳᠡᠪᠬᠢᠲᠡᠢ ᠬᠣᠯᠪᠣᠭᠠᠯᠠᠨ ᠂ ᠳᠤᠮᠳᠠᠳᠤ ᠤᠯᠤᠰ ᠤ᠋ᠨ ᠳᠠᠭᠤ ᠳᠦᠷᠰᠦ ᠰᠢᠩᠭᠡᠭᠡᠯᠲᠡ ᠶ᠋ᠢᠨ ᠪᠦᠲᠦᠭᠡᠯ ᠤ᠋ᠨ ᠡᠷᠬᠡ ᠶ᠋ᠢᠨ ᠬᠠᠮᠲᠤ ᠶ᠋ᠢᠨ ᠬᠠᠮᠢᠶᠠᠷᠤᠯᠲᠠ ᠶ᠋ᠢᠨ ᠨᠡᠢᠭᠡᠮᠯᠢᠭ ᠤ᠋ᠨ ᠲᠥᠯᠥᠭᠡᠯᠡᠭᠴᠢ ᠶ᠋ᠢ ᠵᠣᠬᠢᠶᠠᠨ ᠪᠠᠢᠭᠤᠯᠤᠨ ᠵᠣᠬᠢᠴᠠᠭᠤᠯᠬᠤ ᠬᠤᠷᠠᠯ ᠬᠢᠵᠦ ᠂ ᠣᠷᠣᠨ ᠨᠤᠲᠤᠭ ᠤ᠋ᠨ ᠬᠤᠳᠠᠯᠳᠤᠭᠠᠨ ᠤ᠋ ᠡᠷᠦᠬᠡ ᠪᠣᠯᠤᠨ ᠳᠤᠮᠳᠠᠳᠤ ᠤᠯᠤᠰ ᠤ᠋ᠨ ᠳᠠᠭᠤ ᠳᠦᠷᠰᠦ ᠰᠢᠩᠭᠡᠭᠡᠯᠲᠡ ᠶ᠋ᠢᠨ ᠪᠦᠲᠦᠭᠡᠯ ᠤ᠋ᠨ ᠡᠷᠬᠡ ᠶ᠋ᠢᠨ ᠬᠠᠮᠲᠤ ᠶ᠋ᠢᠨ ᠬᠠᠮᠢᠶᠠᠷᠤᠯᠲᠠ ᠶ᠋ᠢᠨ ᠨᠡᠢᠭᠡᠮᠯᠢᠭ ᠤ᠋ᠨ 《 ᠵᠣᠬᠢᠶᠠᠯ ᠪᠦᠲᠦᠭᠡᠯ ᠤ᠋ᠨ ᠡᠷᠬᠡ ᠶ᠋ᠢᠨ ᠵᠥᠪᠰᠢᠶᠡᠷᠡᠯ ᠤ᠋ᠨ ᠬᠡᠯᠡᠯᠴᠡᠭᠡᠷ 》 ᠲᠦ᠍ ᠭᠠᠷ ᠤ᠋ᠨ ᠦᠰᠦᠭ ᠵᠢᠷᠤᠬᠤ ᠶ᠋ᠢ ᠠᠬᠢᠭᠤᠯᠪᠠ ᠃

    《 ᠥᠭᠡᠷᠡᠴᠢᠯᠡᠯᠲᠡ 》 ᠬᠢᠭᠡᠳ 《 ᠬᠤᠪᠢᠰᠤᠯᠲᠠ 》 ᠳ᠋ᠤ ᠬᠦᠴᠦᠨ ᠢ᠋ᠶ᠋ᠡᠨ ᠲᠥᠪᠯᠡᠷᠡᠭᠦᠯᠦᠨ

    ᠮᠡᠳᠡᠯᠭᠡ ᠶ᠋ᠢᠨ ᠪᠦᠲᠦᠭᠡᠭᠳᠡᠬᠦᠨ ᠦ᠌ ᠡᠷᠬᠡ ᠶ᠋ᠢᠨ ᠬᠡᠷᠡᠭ ᠢ᠋ ᠰᠢᠭᠦᠨ ᠲᠠᠰᠤᠯᠬᠤ  《 ᠤᠷᠢᠳᠠᠪᠡᠷ ᠬᠢᠬᠦ ᠭᠠᠵᠠᠷ 》 ᠪᠣᠯᠭᠠᠨ᠎ᠠ

    ᠰᠢᠰᠲ᠋ᠸᠮ ᠢ᠋ ᠲᠡᠭᠦᠯᠳᠡᠷᠵᠢᠭᠦᠯᠵᠦ ᠪᠠᠲᠤᠯᠠᠭ᠎ᠠ ᠶ᠋ᠢ ᠴᠢᠩᠭᠠᠳᠬᠠᠨ ᠠ

    ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ 《 ᠭᠤᠷᠪᠠ ᠶ᠋ᠢ ᠨᠢᠭᠡᠳᠬᠡᠬᠦ 》 ᠰᠢᠭᠦᠨ ᠲᠠᠰᠤᠯᠬᠤ ᠲᠣᠭᠲᠠᠴᠠ ᠶ᠋ᠢ ᠭᠦᠨᠵᠡᠭᠡᠢ ᠲᠦᠯᠬᠢᠨ ᠠᠬᠢᠭᠤᠯᠵᠤ ᠂ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢ ᠬᠠᠮᠵᠢᠯᠴᠠᠨ ᠬᠠᠮᠠᠭᠠᠯᠠᠬᠤ ᠰᠢᠰᠲ᠋ᠧᠮ ᠢ᠋ ᠲᠡᠭᠦᠯᠳᠡᠷᠵᠢᠭᠦᠯᠵᠦ ᠂ 2022 ᠣᠨ ᠤ᠋ 5 ᠰᠠᠷ᠎ᠠ ᠳ᠋ᠤ᠌ ᠂ ᠬᠢᠶ᠎ᠡ ᠪᠠᠭᠰᠢ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶ᠎ᠠ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠡᠷᠡᠭ ᠢ᠋ ᠲᠥᠪᠯᠡᠷᠡᠭᠦᠯᠦᠨ ᠬᠠᠮᠢᠶᠠᠷᠴᠤ ᠂ ᠬᠡᠷᠡᠭ ᠤ᠋ᠨ ᠰᠢᠭᠦᠨ ᠲᠠᠰᠤᠯᠬᠤ ᠲᠤᠰᠬᠠᠢᠵᠢᠭᠰᠠᠨ ᠂ ᠬᠠᠷᠢᠶᠠᠯᠠᠯ ᠢ᠋ ᠲᠥᠪᠯᠡᠷᠡᠭᠦᠯᠦᠭᠰᠡᠨ ᠂ ᠳᠡᠰ ᠳᠠᠷᠠᠭᠠᠯᠠᠯ ᠢ᠋ ᠡᠷᠴᠢᠮᠵᠢᠭᠦᠯᠦᠨ ᠰᠢᠭᠦᠨ ᠲᠠᠰᠤᠯᠬᠤ ᠰᠢᠰᠲ᠋ᠧᠮ ᠢ᠋ ᠪᠦᠷᠢᠯᠳᠦᠭᠦᠯᠪᠡ ᠃

    《 ᠳᠥᠷᠪᠡᠨ ᠨᠢᠭᠡ 》 ᠶ᠋ᠢᠨ ᠠᠵᠢᠯ ᠤ᠋ᠨ ᠠᠷᠭ᠎ᠠ ᠳ᠋ᠤ᠌ ᠲᠦᠰᠢᠭᠯᠡᠨ ᠂ ᠠᠵᠤ ᠠᠬᠤᠢᠯᠠᠯ ᠳ᠋ᠤ᠌ ᠰᠠᠭᠤᠬᠤ ᠴᠢᠭ ᠲᠦ᠍ ᠰᠠᠭᠤᠬᠤ ᠪᠠᠢᠭᠤᠯᠤᠯᠲᠠ ᠶ᠋ᠢ ᠢᠳᠡᠪᠬᠢᠲᠡᠢ ᠠᠬᠢᠭᠤᠯᠤᠨ ᠂ ᠲᠤᠬᠠᠢ ᠶ᠋ᠢᠨ ᠭᠠᠵᠠᠷ ᠤ᠋ᠨ ᠠᠵᠤ ᠠᠬᠤᠢᠯᠠᠯ ᠳ᠋ᠤ᠌ ᠲᠣᠭᠣᠷᠢᠨ ᠰᠢᠭᠦᠨ ᠲᠠᠰᠤᠯᠬᠤ ᠂ ᠬᠠᠤᠯᠢ ᠪᠠᠷ ᠵᠠᠰᠠᠬᠤ ᠤᠬᠠᠭᠤᠯᠭ᠎ᠠ ᠂ ᠬᠠᠤᠯᠢ ᠴᠠᠭᠠᠵᠠ ᠶ᠋ᠢᠨ ᠵᠥᠪᠯᠡᠭᠡ ᠵᠡᠷᠭᠡ ᠣᠯᠠᠨ ᠡᠰᠢᠲᠦ ᠬᠠᠤᠯᠢ ᠴᠠᠭᠠᠵᠠ ᠶ᠋ᠢᠨ ᠦᠢᠯᠡᠴᠢᠯᠡᠭᠡᠨ ᠬᠠᠩᠭᠠᠵᠤ ᠂ 《 ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠰᠢᠭᠦᠨ ᠲᠠᠰᠤᠯᠤᠯᠲᠠ ᠶ᠋ᠢᠨ ᠬᠠᠷᠢᠶᠠᠯᠠᠯ ᠢ᠋ ᠲᠥᠪᠯᠡᠷᠡᠭᠦᠯᠬᠦ 》 ᠪᠠ 《 ᠵᠠᠷᠭᠤ ᠶ᠋ᠢ ᠳᠥᠭᠥᠮᠴᠢᠯᠡᠭᠰᠡᠨ 》 ᠬᠣᠶᠠᠷ ᠤ᠋ᠨ ᠵᠥᠷᠢᠴᠡᠯ ᠢ᠋ ᠪᠦᠲᠦᠮᠵᠢᠲᠡᠢ ᠰᠢᠢᠳᠪᠦᠷᠢᠯᠡᠨ᠎ᠡ ᠃ ᠣᠳᠣᠬᠠᠨ ᠪᠣᠯᠲᠠᠯ᠎ᠠ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠨᠢᠭᠡᠨᠲᠡ 78 ᠠᠵᠤ ᠠᠬᠤᠢᠯᠠᠯ ᠳ᠋ᠤ᠌ ᠰᠠᠭᠤᠭ᠎ᠠ ᠠᠵᠢᠯ ᠤ᠋ᠨ ᠥᠷᠲᠡᠭᠡ ᠂ 20 《 ᠰᠡᠳᠬᠢᠯ ᠬᠣᠯᠪᠣᠬᠤ ᠰᠢᠭᠦᠬᠦ ᠲᠢᠩᠬᠢᠮ 》 ᠢ᠋ ᠪᠠᠢᠭᠤᠯᠵᠤ ᠂ ᠬᠠᠤᠯᠢ ᠴᠠᠭᠠᠵᠠ ᠶ᠋ᠢᠨ ᠵᠢᠭᠠᠨ ᠵᠢᠯᠣᠭᠣᠳᠤᠭᠴᠢ ᠶ᠋ᠢ ᠵᠠᠭᠤ ᠭᠠᠷᠤᠢ ᠲᠣᠮᠢᠯᠠᠨ ᠰᠠᠭᠤᠯᠭᠠᠭᠰᠠᠨ ᠪᠠᠢᠨ᠎ᠠ ᠃

    ᠲᠣᠭᠠᠨ ᠤ᠋ ᠪᠠᠢᠭᠤᠯᠤᠯᠲᠠ ᠪᠡᠷ ᠠᠰᠢᠭᠯᠠᠮᠵᠢ ᠶ᠋ᠢ ᠳᠡᠭᠡᠭᠰᠢᠯᠡᠭᠦᠯᠦᠨ᠎ᠡ

    ᠣᠷᠣᠨ ᠪᠦᠰᠡ ᠠᠯᠤᠰᠯᠠᠨ ᠬᠡᠷᠡᠭ ᠪᠣᠯᠭᠠᠨ ᠳᠠᠩᠰᠠᠯᠠᠬᠤ ᠂ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠂ ᠡᠯᠧᠺᠲ᠋ᠷᠣᠨ ᠬᠦᠷᠭᠡᠬᠦ ᠵᠡᠷᠭᠡ ᠮᠡᠳᠡᠭᠡ ᠵᠠᠩᠭᠢᠵᠢᠯᠲᠠ ᠶ᠋ᠢᠨ ᠮᠡᠷᠭᠡᠵᠢᠯ ᠢ᠋ ᠲᠦᠭᠡᠮᠡᠯᠵᠢᠭᠦᠯᠦᠨ ᠬᠡᠷᠡᠭᠯᠡᠬᠦ ᠶ᠋ᠢ ᠶᠡᠬᠡᠪᠡᠷ ᠠᠬᠢᠭᠤᠯᠵᠤ ᠂ ᠰᠢᠨᠵᠢᠯᠡᠬᠦ ᠤᠬᠠᠭᠠᠨ ᠮᠡᠷᠭᠡᠵᠢᠯ ᠤ᠋ᠨ ᠳᠥᠭᠥᠮ ᠲᠦᠳᠡ ᠴᠢᠨᠠᠷ ᠢ᠋ᠶ᠋ᠠᠷ ᠬᠥᠳᠡᠯᠭᠡᠭᠦᠷ ᠪᠣᠯᠭᠠᠵᠤ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠵᠠᠷᠭᠤ ᠶ᠋ᠢᠨ ᠦᠢᠯᠡᠴᠢᠯᠡᠭᠡᠨ ᠦ᠌ ᠦᠷ᠎ᠡ ᠪᠦᠲᠦᠮᠵᠢ ᠶ᠋ᠢ ᠳᠡᠭᠡᠭᠰᠢᠯᠡᠭᠦᠯᠦᠨ᠎ᠡ ᠃

    2020 ᠣᠨ ᠤ᠋ 4 ᠰᠠᠷ᠎ᠠ ᠳ᠋ᠤ᠌ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤ᠋ᠨ ᠬᠢᠵᠢᠭ ᠤ᠋ᠨ ᠨᠥᠯᠥᠭᠡ ᠪᠡᠷ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠲᠢᠩᠬᠢᠮ ᠢᠨᠲ᠋ᠧᠷ ᠰᠦᠯᠵᠢᠶ᠎ᠡ ᠶ᠋ᠢᠨ ᠮᠡᠷᠭᠡᠵᠢᠯ ᠢ᠋ ᠠᠰᠢᠭᠯᠠᠨ ᠵᠠᠭᠠᠯᠳᠤᠭᠳᠠᠭᠴᠢ ᠯᠢᠦ ᠣᠪᠣᠭᠲᠤ ᠶ᠋ᠢᠨ ᠬᠤᠳᠠᠯ ᠬᠠᠭᠤᠷᠮᠠᠭ ᠳᠠᠩᠰᠠᠯᠠᠭᠤᠯᠤᠭᠰᠠᠨ ᠲᠠᠸᠠᠷ ᠤ᠋ᠨ ᠲᠡᠮᠳᠡᠭ ᠪᠣᠷᠣᠯᠠᠭᠤᠯᠤᠭᠰᠠᠨ ᠲᠠᠸᠠᠷ ᠤ᠋ᠨ ᠶᠠᠯ᠎ᠠ ᠳ᠋ᠤ᠌ ᠬᠠᠯᠳᠠᠭᠰᠠᠨ ᠬᠡᠷᠡᠭ ᠢ᠋ ᠰᠢᠭᠦᠯᠲᠡ ᠡᠬᠢᠯᠡᠭᠦᠯᠦᠨ ᠰᠢᠭᠦᠨ ᠲᠠᠰᠤᠯᠤᠭᠰᠠᠨ ᠪᠥᠭᠡᠳ ᠰᠢᠭᠦᠬᠦ ᠲᠢᠩᠬᠢᠮ ᠳ᠋ᠦ᠍ ᠰᠢᠭᠦᠨ ᠲᠠᠰᠤᠯᠤᠯᠲᠠ ᠬᠢᠵᠦ ᠂ ᠬᠡᠷᠡᠭ ᠢ᠋ 《 ᠦᠯᠦ ᠬᠦᠷᠦᠯᠴᠡᠬᠦ 》 ᠥᠨᠳᠥᠷ ᠦᠷ᠎ᠡ ᠪᠦᠲᠦᠮᠵᠢᠲᠡᠢ ᠰᠢᠭᠦᠨ ᠲᠠᠰᠤᠯᠪᠠ ᠃

    ᠰᠦᠯᠵᠢᠶᠡᠨ ᠳᠡᠭᠡᠷ᠎ᠡ ᠪᠠ ᠰᠦᠯᠵᠢᠶᠡᠨ ᠡᠴᠡ ᠭᠠᠳᠠᠨ᠎ᠠ ᠂ ᠳᠣᠲᠣᠷ᠎ᠠ ᠭᠠᠳᠠᠨᠠᠬᠢ ᠶ᠋ᠢ ᠠᠭᠤᠰᠤᠯᠴᠠᠭᠤᠯᠤᠭᠰᠠᠨ ᠲᠢᠩᠬᠢᠮ ᠤ᠋ᠨ ᠰᠢᠭᠦᠯᠲᠡ ᠶ᠋ᠢᠨ ᠰᠢᠨ᠎ᠡ ᠵᠠᠭᠪᠤᠷ ᠢ᠋ ᠢᠳᠡᠪᠬᠢᠲᠡᠢ ᠪᠡᠷ ᠰᠦᠪᠡᠭᠴᠢᠯᠡᠵᠦ ᠂ ᠪᠦᠬᠦ ᠣᠷᠣᠨ ᠤ᠋ ᠠᠩᠬᠠᠳᠠᠭᠴᠢ ᠰᠦᠯᠵᠢᠶᠡᠨ ᠰᠢᠰᠲ᠋ᠧᠮ ᠢ᠋ ᠠᠯᠤᠰᠯᠠᠭᠰᠠᠨ ᠰᠢᠭᠦᠬᠦ ᠲᠢᠩᠬᠢᠮ ᠤ᠋ᠨ ᠲᠠᠪᠴᠠᠩ ᠢ᠋ ᠪᠠᠢᠭᠤᠯᠵᠤ ᠂ ᠤᠤᠯ ᠤ᠋ᠨ ᠪᠠᠢᠭᠰᠠᠨ ᠳᠣᠲᠣᠭᠠᠳᠤ ᠭᠠᠳᠠᠭᠠᠳᠤ ᠶ᠋ᠢᠨ ᠰᠦᠯᠵᠢᠶ᠎ᠡ ᠶ᠋ᠢᠨ ᠠᠭᠤᠰᠤᠯᠴᠠᠯ ᠤ᠋ᠨ ᠬᠢᠵᠠᠭᠠᠷᠯᠠᠯ ᠢ᠋ ᠰᠢᠪᠲᠤᠯᠤᠨ ᠂ ᠨᠢᠭᠡ ᠲᠢᠩᠬᠢᠮ ᠣᠯᠠᠨ ᠬᠡᠷᠡᠭᠯᠡᠬᠦ ᠂ ᠳᠣᠲᠣᠷ᠎ᠠ ᠭᠠᠳᠠᠨᠠᠬᠢ ᠶ᠋ᠢ ᠬᠠᠮᠲᠤᠪᠠᠷ ᠡᠳ᠋ᠯᠡᠬᠦ ᠶ᠋ᠢ ᠪᠡᠶᠡᠯᠡᠭᠦᠯᠵᠦ ᠂ 《 2023 ᠤᠯᠤᠰ ᠲᠥᠷᠥ ᠬᠠᠤᠯᠢ ᠴᠠᠭᠠᠵᠠ ᠶ᠋ᠢᠨ ᠤᠶᠤᠨᠴᠢᠯᠬᠠᠰᠠᠨ ᠪᠠᠢᠭᠤᠯᠤᠯᠲᠠ ᠶ᠋ᠢᠨ ᠣᠶᠤᠨᠴᠢ ᠰᠢᠭᠦᠬᠦ ᠬᠣᠷᠢᠶ᠎ᠠ ᠶ᠋ᠢᠨ ᠰᠢᠨ᠎ᠡ ᠶ᠋ᠢ ᠡᠭᠦᠳᠦᠭᠰᠡᠨ ᠵᠢᠱ᠌ᠢᠶ᠎ᠡ 》 ᠪᠡᠷ ᠦᠨᠡᠯᠡᠭᠳᠡᠪᠡ ᠃

ᠣᠷᠣᠨ ᠬᠡᠰᠡᠭ ᠤ᠋ᠨ ᠬᠡᠯᠬᠢᠶ᠎ᠡ ᠮᠡᠷᠭᠡᠵᠢᠯ ᠢ᠋ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠡᠷᠡᠭ ᠢ᠋ ᠰᠢᠢᠳᠪᠦᠷᠢᠯᠡᠬᠦ ᠳᠤᠮᠳᠠᠬᠢ ᠬᠡᠷᠡᠭᠯᠡᠬᠦ ᠶ᠋ᠢ ᠥᠷᠭᠡᠨ ᠳᠡᠯᠭᠡᠷ ᠢ᠋ᠶ᠋ᠡᠷ ᠠᠬᠢᠭᠤᠯᠵᠤ ᠂ 2023 ᠣᠨ ᠳ᠋ᠤ᠌ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠣᠷᠣᠨ ᠬᠡᠰᠡᠭ ᠤ᠋ᠨ ᠬᠡᠯᠬᠢᠶ᠎ᠡ  ᠶ᠋ᠢ ᠠᠰᠢᠭᠯᠠᠨ ᠲᠠᠸᠠᠷ ᠤ᠋ᠨ ᠲᠡᠮᠳᠡᠭ ᠤ᠋ᠨ ᠡᠷᠬᠡ ᠳ᠋ᠦ᠍ ᠬᠠᠯᠳᠠᠭᠰᠠᠨ 3 ᠵᠢᠭᠤᠷᠠᠯᠳᠤᠭᠠᠨ ᠤ᠋ ᠬᠡᠷᠡᠭ ᠢ᠋ ᠠᠮᠵᠢᠯᠲᠠᠲᠠᠢ ᠪᠠᠷ ᠡᠶᠡᠳᠡᠭᠦᠯᠪᠡ ᠃

    《 ᠦᠢᠯᠡᠴᠢᠯᠡᠬᠦ 》 ᠪᠠ 《 ᠪᠠᠲᠤᠯᠠᠬᠤ 》 ᠳ᠋ᠤ ᠬᠦᠴᠦ ᠪᠡᠨ ᠲᠥᠪᠯᠡᠷᠡᠭᠦᠯᠦᠨ᠎

    ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ 《 ᠵᠢᠱ᠌ᠢᠶ᠎ᠡ ᠦᠵᠡᠭᠦᠯᠬᠦ ᠭᠠᠵᠠᠷ 》ᠪᠣᠯᠭᠠᠨ᠎ᠠ

    ᠳᠦᠷᠢᠮ ᠲᠣᠭᠲᠠᠴᠠ ᠪᠠᠷ ᠲᠦᠷᠦᠭᠦᠨ ᠳ᠋ᠦ᠍ ᠲᠠᠯᠪᠢᠬᠤ ᠶ᠋ᠢ ᠪᠠᠲᠤᠯᠠᠨ᠎ᠠ

    《 ᠣᠷᠳᠣᠰ ᠬᠣᠲᠠ ᠶ᠋ᠢᠨ 〈ᠳᠥᠷᠪᠡᠨ ᠳᠡᠯᠡᠬᠡᠢ ᠶ᠋ᠢᠨ ᠳᠡᠰ ᠤ᠋ᠨ ᠠᠵᠤ ᠦᠢᠯᠡᠰ 〉 ᠢ᠋ ᠴᠣᠭᠴᠠᠯᠠᠨ ᠪᠠᠢᠭᠤᠯᠬᠤ 《 ᠳᠥᠷᠪᠡᠨ ᠤᠯᠤᠰ ᠤ᠋ᠨ ᠦᠯᠢᠭᠡᠷ ᠵᠢᠱ᠌ᠢᠶ᠎ᠡ 》 ᠢ᠋ ᠴᠣᠭᠴᠠᠯᠠᠨ ᠪᠠᠢᠭᠤᠯᠬᠤ 《 ᠳᠥᠷᠪᠡᠨ ᠪᠥᠬᠥ ᠤᠯᠤᠰ ᠤ᠋ᠨ ᠲᠡᠷᠢᠭᠦᠨ ᠵᠡᠷᠭᠡ 》  ᠤ᠋ᠨ ᠠᠵᠢᠯ ᠳ᠋ᠤ᠌ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠬᠤ ᠲᠤᠬᠠᠢ ᠬᠡᠷᠡᠭᠵᠢᠭᠦᠯᠬᠦ ᠰᠠᠨᠠᠯ 》 ᠢ᠋ ᠨᠡᠢᠲᠡᠯᠡᠵᠦ ᠂ 《 ᠰᠢᠨ᠎ᠡ ᠶ᠋ᠢ ᠡᠭᠦᠳᠬᠦ ᠬᠡᠯᠪᠡᠷᠢ ᠶ᠋ᠢᠨ ᠳᠤᠮᠳᠠ ᠵᠢᠵᠢᠭ ᠠᠵᠤ ᠠᠬᠤᠢᠯᠠᠯ ᠤ᠋ᠨ ᠠᠩᠬᠠᠨ ᠤ᠋ ᠰᠢᠨ᠎ᠡ ᠶ᠋ᠢ ᠡᠭᠦᠳᠬᠦ ᠂ ᠪᠠᠢᠯᠳᠤᠬᠤ ᠪᠣᠳᠣᠯᠭ᠎ᠠ ᠶ᠋ᠢᠨ ᠴᠢᠨᠠᠷᠲᠠᠢ ᠰᠢᠨ᠎ᠡ ᠪᠡᠷ ᠬᠥᠭᠵᠢᠭᠰᠡᠨ ᠠᠵᠤ ᠦᠢᠯᠡᠰ ᠵᠡᠷᠭᠡ ᠬᠦᠷᠢᠶ᠎ᠡ ᠴᠠᠷᠠᠭ᠎ᠠ ᠶ᠋ᠢᠨ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠡᠷᠴᠢᠮ ᠢ᠋ ᠦᠷᠭᠦᠯᠵᠢᠯᠡᠨ ᠨᠡᠮᠡᠭᠳᠡᠭᠦᠯᠦᠨ᠎ᠡ ; ᠨᠣᠯᠤᠤᠷ ᠤ᠋ᠨ ᠠᠵᠤ ᠦᠢᠯᠡᠰ ᠵᠡᠷᠭᠡ ᠬᠦᠷᠢᠶᠡᠨ ᠦ᠌ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠠᠮᠠᠭᠠᠯᠠᠯᠲᠠ ᠶ᠋ᠢ ᠴᠢᠩᠭᠠᠳᠬᠠᠨ ᠂ ᠨᠡᠷᠡᠲᠦ ᠲᠥᠷᠥᠯ ᠲᠡᠮᠳᠡᠭᠲᠦ ᠶ᠋ᠢᠨ ᠠᠵᠤ ᠠᠬᠤᠢ ᠶ᠋ᠢᠨ ᠬᠥᠭᠵᠢᠯᠲᠡ ᠶ᠋ᠢ ᠠᠬᠢᠭᠤᠯᠬᠤ 》 ᠵᠡᠷᠭᠡ ᠪᠣᠳᠠᠲᠠᠢ ᠠᠵᠢᠯ ᠤ᠋ᠨ ᠱᠠᠭᠠᠷᠳᠠᠯᠭ᠎ᠠ ᠶ᠋ᠢ  ᠲᠣᠳᠤᠷᠬᠠᠢ ᠳᠤᠷᠠᠳᠴᠤ ᠂ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠰᠢᠭᠦᠨ ᠲᠠᠰᠤᠯᠬᠤ ᠠᠵᠢᠯ ᠢ᠋ ᠭᠣᠣᠯ ᠪᠦᠬᠦ ᠲᠠᠯ᠎ᠠ ᠶ᠋ᠢᠨ ᠠᠵᠢᠯ ᠲᠠᠢ  ᠤᠶᠠᠯᠳᠤᠭᠤᠯᠤᠨ ᠂ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠦᠢᠯᠡᠴᠢᠯᠡᠭᠡᠨ ᠢ᠋ ᠬᠠᠪᠰᠤᠷᠤᠨ ᠣᠳᠣᠬᠢᠴᠢᠯᠠᠭᠰᠠᠨ ᠣᠷᠳᠣᠰ ᠤ᠋ᠨ ᠪᠦᠲᠦᠭᠡᠨ ᠪᠠᠢᠭᠤᠯᠤᠯᠲᠠ ᠶ᠋ᠢ ᠪᠠᠲᠤᠯᠠᠬᠤ ᠬᠡᠷᠡᠭᠲᠡᠢ ᠃

    ᠪᠡᠬᠢᠯᠡᠯᠲᠡ ᠪᠡᠨ ᠬᠠᠮᠠᠭᠠᠯᠠᠨ ᠰᠢᠯᠵᠢᠭᠦᠯᠬᠦ ᠪᠡᠷ ᠭᠣᠣᠯᠳᠠᠯᠭ᠎ᠠ ᠪᠠᠨ ᠪᠣᠯᠭᠠᠨ᠎ᠠ

    ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠠᠤᠯᠢ ᠴᠠᠭᠠᠵᠠ ᠬᠠᠤᠯᠢ ᠳᠦᠷᠢᠮ ᠤ᠋ᠨ ᠤᠬᠠᠭᠤᠯᠭ᠎ᠠ ᠲᠠᠢᠯᠤᠮᠵᠢ ᠶ᠋ᠢᠨ ᠠᠵᠢᠯ ᠢ᠋ ᠨᠡᠢᠳᠡᠮ ᠪᠦᠷᠬᠦᠭᠦᠯᠬᠦ ᠶ᠋ᠢ ᠠᠬᠢᠭᠤᠯᠤᠨ ᠂ ᠪᠥᠬᠥ ᠬᠣᠲᠠ ᠶ᠋ᠢᠨ 《 ᠭᠣᠣᠯᠳᠠᠯᠭ᠎ᠠ ᠲᠠᠢ ᠠᠵᠤ ᠠᠬᠤᠢᠯᠠᠯ ᠤ᠋ᠨ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠠᠮᠠᠭᠠᠯᠠᠯᠲᠠ ᠶ᠋ᠢᠨ ᠨᠡᠷᠡᠰ ᠤ᠋ᠨ ᠲᠡᠭᠦᠪᠦᠷᠢ ᠶ᠋ᠢᠨ ᠬᠠᠮᠢᠶᠠᠷᠤᠯᠲᠠ ᠶ᠋ᠢᠨ ᠠᠷᠭ᠎ᠠ 》 ᠶ᠋ᠢ ᠦᠨᠳᠦᠰᠦᠯᠡᠨ ᠂ ᠬᠠᠷᠢᠶ᠎ᠠ ᠲᠣᠭᠣᠷᠢᠭ ᠳᠠᠬᠢ ᠨᠡᠷᠡᠲᠦ ᠲᠠᠸᠠᠷ ᠤ᠋ᠨ ᠲᠡᠮᠳᠡᠭ ᠤ᠋ᠨ ᠠᠵᠤ ᠠᠬᠤᠢᠯᠠᠯ ᠳ᠋ᠤ᠌ ᠬᠠᠤᠯᠢ ᠴᠠᠭᠠᠵᠠ ᠶ᠋ᠢᠨ ᠨᠠᠷᠢᠯᠢᠭ ᠣᠨᠣᠪᠴᠢᠲᠠᠢ ᠦᠢᠯᠡᠴᠢᠯᠡᠭᠡ ᠬᠠᠩᠭᠠᠵᠤ ᠂ ᠠᠵᠤ ᠠᠬᠤᠢᠯᠠᠯ ᠤ᠋ᠨ ᠰᠢᠨ᠎ᠡ ᠶ᠋ᠢ ᠡᠭᠦᠳᠬᠦ ᠬᠥᠭᠵᠢᠯᠲᠡ ᠶ᠋ᠢᠨ ᠬᠥᠳᠡᠯᠭᠡᠭᠴᠢ ᠬᠦᠴᠦᠨ ᠢ᠋ ᠨᠡᠮᠡᠭᠳᠡᠭᠦᠯᠬᠦ ᠂ ᠠᠵᠢᠯ ᠲᠥᠷᠥᠯ ᠤ᠋ᠨ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠡᠷᠬᠡ ᠠᠰᠢᠭ ᠢ᠋ᠶ᠋ᠠᠨ ᠬᠠᠮᠠᠭᠠᠯᠠᠬᠤ ᠴᠢᠳᠠᠪᠤᠷᠢ ᠶ᠋ᠢ ᠳᠡᠭᠡᠭᠰᠢᠯᠡᠭᠦᠯᠬᠦ ᠳ᠋ᠦ᠍ ᠬᠦᠴᠦᠨ ᠨᠡᠮᠡᠷᠢᠯᠡᠨ᠎ᠡ ᠃

 

 

    2023 ᠣᠨ ᠳ᠋ᠤ᠌ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠥᠪᠡᠷᠲᠡᠭᠡᠨ ᠵᠠᠰᠠᠬᠤ ᠣᠷᠣᠨ ᠤ᠋ ᠳᠡᠭᠡᠳᠦ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠮᠡᠳᠡᠯᠭᠡ ᠶ᠋ᠢᠨ ᠥᠮᠴᠢ ᠶ᠋ᠢᠨ ᠲᠢᠩᠬᠢᠮ ᠲᠡᠢ ᠬᠠᠮᠲᠤᠷᠠᠨ ᠣᠷᠳᠣᠰ ᠡᠬᠢ ᠪᠠᠶᠠᠯᠢᠭ ᠤ᠋ᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳ᠋ᠤ᠌ ᠬᠦᠷᠴᠦ ᠂ ᠠᠵᠤ ᠠᠬᠤᠢᠯᠠᠯ ᠤ᠋ᠨ ᠳᠤᠷᠠᠳᠤᠭᠰᠠᠨ 《 〈ᠣᠷᠳᠣᠰ 〉ᠲᠠᠸᠠᠷ ᠤ᠋ᠨ ᠲᠡᠮᠳᠡᠭ ᠤ᠋ᠨ ᠳᠠᠩᠰᠠᠯᠠᠭᠤᠯᠤᠯᠲᠠ ᠨᠢ ᠤᠷᠢᠳᠠᠪᠡᠷ ᠪᠠᠢᠵᠤ ᠂ 〈ᠶᠡᠬᠡ ᠵᠣᠣ ᠠᠢᠮᠠᠭ〉ᠪᠤᠰᠤᠳ ᠤ᠋ᠨ ᠨᠡᠷ᠎ᠡ ᠶ᠋ᠢ ᠬᠤᠪᠢᠷᠠᠭᠤᠯᠤᠭᠰᠠᠨ 〈ᠣᠷᠳᠣᠰ 〉ᠡᠴᠡ ᠪᠣᠯᠤᠭᠰᠠᠨ ᠲᠠᠸᠠᠷ ᠤ᠋ᠨ ᠲᠡᠮᠳᠡᠭ ᠤ᠋ᠨ ᠳᠥᠭᠥᠮᠴᠢᠯᠡᠯᠲᠡ ᠶ᠋ᠢᠨ ᠠᠰᠠᠭᠤᠳᠠᠯ》 ᠳ᠋ᠤ᠌ ᠴᠢᠭᠯᠡᠭᠦᠯᠦᠨ ᠭᠦᠨᠵᠡᠭᠡᠢ ᠪᠠᠢᠴᠠᠭᠠᠨ ᠰᠤᠳᠤᠯᠤᠯᠲᠠ ᠬᠢᠪᠡ ᠃

    ᠨᠡᠢᠭᠡᠮ ᠤ᠋ᠨ ᠬᠠᠮᠲᠤ ᠶ᠋ᠢᠨ ᠲᠠᠨᠢᠯᠲᠠ ᠶ᠋ᠢ ᠨᠢᠭᠲᠠᠷᠠᠭᠤᠯᠬᠤ ᠪᠠᠷ ᠦᠨᠳᠦᠰᠦ ᠪᠣᠯᠭᠠᠨ ᠠ

    ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠠᠤᠯᠢ ᠴᠠᠭᠠᠵᠠ ᠬᠢᠭᠡᠳ ᠵᠠᠰᠠᠭ ᠵᠠᠬᠢᠷᠭᠠᠨ ᠤ᠋ ᠬᠠᠮᠠᠭᠠᠯᠠᠯᠲᠠ ᠶ᠋ᠢᠨ ᠵᠣᠯᠭᠠᠭᠤᠯᠬᠤ ᠲᠣᠭᠲᠠᠴᠠ ᠶ᠋ᠢ ᠪᠦᠷᠢᠨᠰᠢᠭᠦᠯᠵᠦ ᠂ 《 ᠪᠥᠬᠥ ᠬᠣᠲᠠ ᠶ᠋ᠢᠨ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠪᠠᠢᠯᠳᠤᠬᠤ ᠪᠣᠳᠣᠯᠭ᠎ᠠ ᠶ᠋ᠢ ᠬᠡᠷᠡᠭᠵᠢᠭᠦᠯᠬᠦ ᠠᠵᠢᠯ ᠤ᠋ᠨ ᠬᠠᠮᠲᠤᠷᠠᠭᠰᠠᠨ ᠬᠤᠷᠠᠯ ᠤ᠋ᠨ ᠳᠦᠷᠢᠮ 》  ᠢ᠋ ᠨᠡᠢᠲᠡᠯᠡᠬᠦ ᠶ᠋ᠢ ᠠᠬᠢᠭᠤᠯᠵᠤ ᠂ ᠲᠣᠭᠲᠠᠮᠠᠯ ᠬᠤᠭᠤᠴᠠᠭ᠎ᠠ ᠲᠠᠢ ᠪᠠᠷ ᠳᠣᠲᠣᠭᠠᠳᠤ ᠶ᠋ᠢ ᠬᠠᠮᠠᠭᠠᠯᠠᠬᠤ ᠂ ᠪᠠᠢᠴᠠᠭᠠᠬᠤ ᠪᠠᠢᠭᠤᠯᠭ᠎ᠠ ᠵᠡᠷᠭᠡ ᠰᠠᠯᠠᠭ᠎ᠠ ᠮᠥᠴᠢᠷ ᠯᠦ᠍ᠭᠡ ᠰᠠᠭᠤᠳᠠᠯ ᠤ᠋ᠨ ᠬᠤᠷᠠᠯ ᠬᠤᠷᠠᠯᠳᠤᠭᠤᠯᠵᠤ ᠂ ᠭᠣᠣᠯᠳᠠᠯᠭ᠎ᠠ ᠲᠠᠢ ᠬᠦᠷᠢᠶ᠎ᠡ ᠴᠠᠷᠠᠭ᠎ᠠ ᠶ᠋ᠢᠨ ᠬᠠᠮᠲᠤᠷᠠᠨ ᠬᠠᠤᠯᠢ ᠭᠦᠢᠴᠡᠳᠭᠡᠬᠦᠦ ᠠᠵᠢᠯᠯᠠᠭ᠎ᠠ ᠂ ᠬᠡᠷᠡᠭ ᠢ᠋ ᠰᠢᠯᠵᠢᠭᠦᠯᠦᠨ ᠲᠤᠰᠢᠶᠠᠬᠤ ᠵᠡᠷᠭᠡ ᠠᠵᠢᠯ ᠢ᠋ ᠭᠦᠨᠵᠡᠭᠡᠢ ᠰᠣᠯᠢᠯᠴᠠᠨ᠎ᠠ ᠃

    ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠡᠪᠰᠢᠭᠰᠡᠨ ᠬᠠᠤᠯᠢ ᠪᠠᠷ ᠵᠠᠰᠠᠬᠤ ᠤᠬᠠᠭᠤᠯᠭ᠎ᠠ ᠶ᠋ᠢᠨ ᠠᠵᠢᠯ ᠢ᠋ ᠦᠷᠭᠦᠯᠵᠢᠯᠡᠨ ᠭᠦᠨᠵᠡᠭᠡᠢᠷᠡᠭᠦᠯᠵᠦ ᠂ ᠣᠯᠠᠨ ᠲᠦᠮᠡᠨ ᠦ᠌ ᠬᠦᠨᠳᠦᠳᠬᠡᠬᠦ ᠰᠢᠨ᠎ᠡ ᠶ᠋ᠢ ᠡᠭᠦᠳᠬᠦ ᠂ ᠬᠠᠮᠠᠭᠠᠯᠠᠬᠤ ᠰᠢᠨ᠎ᠡ ᠶ᠋ᠢ ᠡᠭᠦᠳᠬᠦ ᠣᠨᠣᠯᠵᠢᠬᠤᠨ ᠢ᠋ ᠭᠦᠨᠵᠡᠭᠡᠢᠷᠡᠭᠦᠯᠬᠦ ᠬᠡᠷᠡᠭᠲᠡᠢ ᠃

     2020 ᠣᠨ ᠤ᠋ 4 ᠰᠠᠷ᠎ᠠ ᠳ᠋ᠤ᠌ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠤᠬᠠᠭᠤᠯᠬᠤ ᠬᠡᠯᠲᠡᠰ ᠂ ᠬᠣᠲᠠ ᠶ᠋ᠢᠨ ᠰᠣᠶᠣᠯ ᠤ᠋ᠨ ᠵᠠᠬ᠎ᠠ ᠳᠡᠯᠭᠡᠭᠦᠷ ᠤ᠋ᠨ ᠶᠡᠷᠦᠩᠬᠡᠢᠯᠡᠭᠰᠡᠨ ᠬᠠᠤᠯᠢ ᠭᠦᠢᠴᠡᠳᠭᠡᠬᠦ ᠲᠣᠪᠴᠢᠶ᠎ᠠ ᠂ ᠬᠢᠶ᠎ᠡ ᠪᠠᠭᠰᠢ ᠲᠣᠭᠣᠷᠢᠭ ᠤ᠋ᠨ ᠵᠤᠭᠠᠴᠠᠯ ᠤ᠋ᠨ ᠵᠠᠬ᠎ᠠ ᠳᠡᠯᠭᠡᠭᠦᠷ ᠤ᠋ᠨ ᠶᠡᠷᠦᠩᠬᠡᠢᠯᠡᠭᠰᠡᠨ ᠬᠠᠤᠯᠢ ᠭᠦᠢᠴᠡᠳᠭᠡᠬᠦ ᠲᠣᠪᠴᠢᠶ᠎ᠠ ᠂ ᠡᠵᠡᠨ ᠬᠣᠷᠣᠭ᠎ᠠ ᠬᠤᠰᠢᠭᠤᠨ ᠤ᠋ ᠰᠣᠶᠣᠯ ᠵᠤᠭᠠᠴᠠᠯ ᠤ᠋ᠨ ᠶᠡᠷᠦᠩᠬᠡᠢᠯᠡᠭᠰᠡᠨ ᠬᠠᠤᠯᠢ ᠭᠦᠢᠴᠡᠳᠭᠡᠬᠦ ᠲᠣᠪᠴᠢᠶ᠎ᠠ ᠲᠠᠢ ᠬᠠᠮᠲᠤᠷᠠᠨ ᠬᠡᠪᠯᠡᠯ ᠬᠤᠯᠠᠭᠠᠢᠯᠠᠭᠰᠠᠨ ᠵᠢᠴᠢ ᠬᠡᠪᠯᠡᠯ ᠤ᠋ᠨ ᠡᠷᠬᠡ ᠶ᠋ᠢ ᠲᠥᠪᠯᠡᠷᠡᠭᠦᠯᠦᠨ ᠤᠰᠠᠳᠬᠠᠬᠤ ᠪᠠᠢᠴᠠᠭᠠᠯᠲᠠ ᠶ᠋ᠢᠨ ᠠᠵᠢᠯᠯᠠᠭ᠎ᠠ ᠶ᠋ᠢ ᠥᠷᠨᠢᠭᠦᠯᠵᠦ ᠂ ᠬᠡᠪᠯᠡᠯ ᠤ᠋ᠨ ᠡᠷᠬᠡᠲᠦ ᠬᠥᠮᠦᠨ ᠦ᠌ ᠮᠡᠳᠡᠯᠭᠡ ᠶ᠋ᠢᠨ ᠥᠮᠴᠢᠯᠡᠬᠦ ᠡᠷᠬᠡ ᠶ᠋ᠢ ᠪᠦᠬᠦ ᠬᠦᠴᠦ ᠪᠡᠷ ᠬᠠᠮᠠᠭᠠᠯᠠᠵᠤ ᠂ ᠰᠣᠶᠣᠯ ᠤ᠋ᠨ ᠵᠠᠬ᠎ᠠ ᠳᠡᠯᠭᠡᠭᠦᠷ ᠤ᠋ᠨ ᠵᠢᠷᠤᠮᠵᠢᠯ ᠲᠠᠢ ᠡᠮᠬᠢ ᠵᠢᠷᠤᠮ ᠲᠠᠢ ᠪᠠᠷ ᠬᠥᠭᠵᠢᠬᠦ ᠶ᠋ᠢ ᠲᠦᠯᠬᠢᠨ ᠠᠬᠢᠭᠤᠯᠪᠠ ᠃

    2023 ᠣᠨ ᠤ᠋ 4 ᠰᠠᠷ᠎ᠠ ᠳ᠋ᠤ᠌ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠂ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶ᠎ᠠ ᠬᠠᠮᠲᠤᠷᠠᠨ ᠬᠢᠶ᠎ᠡ ᠪᠠᠭᠰᠢ ᠲᠣᠭᠣᠷᠢᠭ ᠤ᠋ᠨ ᠮᠧᠩ ᠰᠢᠨ ᠬᠤᠳᠠᠯᠳᠤᠭᠠᠨ ᠤ᠋ ᠠᠭᠤᠳᠠᠮ ᠲᠠᠯᠠᠪᠠᠢ ᠳ᠋ᠤ᠌ ᠬᠦᠷᠴᠦ 《 ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠠᠤᠯᠢ ᠪᠠᠷ ᠵᠠᠰᠠᠬᠤ ᠪᠠᠲᠤᠯᠠᠭ᠎ᠠ ᠶ᠋ᠢ ᠴᠢᠩᠭᠠᠳᠬᠠᠵᠤ ᠂ ᠪᠦᠬᠦ ᠲᠠᠯ᠎ᠠ ᠪᠠᠷ ᠰᠢᠨ᠎ᠡ ᠶ᠋ᠢ ᠡᠭᠦᠳᠬᠦ ᠶ᠋ᠢ ᠬᠦᠴᠦᠲᠡᠢ ᠳᠡᠮᠵᠢᠬᠦ 》 ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶ᠋ᠢᠨ ᠠᠵᠢᠯᠯᠠᠭ᠎ᠠ ᠥᠷᠨᠢᠭᠦᠯᠵᠦ ᠂ ᠬᠤᠳᠠᠯᠳᠤᠭᠠᠨ ᠤ᠋ ᠡᠷᠦᠬᠡ ᠶ᠋ᠢᠨ ᠲᠥᠯᠥᠭᠡᠯᠡᠭᠴᠢᠳ ᠲᠡᠢ ᠭᠦᠨᠵᠡᠭᠡᠢ ᠶᠠᠷᠢᠯᠴᠠᠵᠤ ᠂ ᠬᠤᠳᠠᠯᠳᠤᠭᠠᠨ ᠤ᠋ ᠡᠷᠦᠬᠡ ᠶ᠋ᠢᠨ ᠡᠵᠡᠩᠨᠡᠯᠲᠡ ᠶ᠋ᠢᠨ ᠬᠠᠮᠢᠶ᠎ᠠ ᠪᠦᠬᠦᠢ ᠨᠡᠷᠡᠲᠦ ᠲᠡᠮᠳᠡᠭᠲᠦ ᠂ ᠨᠡᠷ᠎ᠡ ᠲᠡᠮᠳᠡᠭ ᠤ᠋ᠨ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠠᠰᠠᠭᠤᠳᠠᠯ ᠢ᠋ ᠨᠠᠷᠢᠨ ᠨᠢᠮᠪᠠᠢ ᠵᠢᠭᠠᠨ ᠵᠢᠯᠣᠭᠣᠳᠪᠠ ᠃

    ᠨᠡᠢᠲᠡᠯᠢᠭ ᠬᠡᠷᠡᠭ ᠢ᠋ ᠨᠡᠢᠲᠡᠯᠡᠬᠦ ᠠᠵᠢᠯ ᠢ᠋ ᠴᠢᠩᠭᠠᠳᠬᠠᠵᠤ ᠂ ᠰᠢᠨ᠎ᠡ ᠶ᠋ᠢ ᠡᠭᠦᠳᠬᠦ ᠶ᠋ᠢ ᠤᠷᠮᠠᠰᠢᠭᠤᠯᠬᠤ ᠂ ᠭᠣᠣᠯᠴᠢ ᠪᠠᠷ ᠥᠷᠢᠰᠦᠯᠳᠦᠬᠦ ᠲᠡᠷᠢᠭᠦᠨ ᠵᠡᠷᠭᠡ ᠶ᠋ᠢᠨ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠴᠢᠷᠮᠠᠢᠨ ᠪᠣᠢ ᠪᠣᠯᠭᠠᠨ᠎ᠠ ᠃

     2023 ᠣᠨ ᠤ᠋ 9 ᠰᠠᠷ᠎ᠠ ᠳ᠋ᠤ᠌ ᠂ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠬᠢᠭᠡᠳ ᠬᠥᠬᠡᠬᠣᠲᠠ ᠂ ᠪᠤᠭᠤᠲᠤ ᠂ ᠤᠯᠠᠭᠠᠨᠴᠠᠪ ᠭᠤᠷᠪᠠᠨ ᠭᠠᠵᠠᠷ ᠤ᠋ᠨ ᠰᠢᠭᠦᠬᠦ ᠬᠣᠷᠢᠶ᠎ᠠ ᠣᠷᠣᠨ ᠪᠦᠰᠡ ᠠᠯᠤᠰᠯᠠᠭᠰᠠᠨ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠪᠦᠳᠦᠭᠦᠪᠴᠢ ᠬᠡᠯᠡᠯᠴᠡᠭᠡᠷ ᠲᠦ᠍ ᠬᠠᠮᠲᠤᠪᠠᠷ ᠭᠠᠷ ᠤ᠋ᠨ ᠦᠰᠦᠭ ᠵᠢᠷᠤᠵᠤ ᠂ ᠣᠢᠷ᠎ᠠ ᠶ᠋ᠢᠨ ᠵᠢᠯ ᠤ᠋ᠨ ᠲᠤᠷᠰᠢᠬᠢ ᠲᠥᠯᠥᠭᠡᠯᠡᠬᠦ ᠴᠢᠨᠠᠷᠲᠠᠢ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠨᠡᠢᠲᠡᠯᠢᠭ ᠬᠡᠷᠡᠭ ᠢ᠋ ᠬᠠᠮᠲᠤᠷᠠᠨ ᠨᠡᠢᠲᠡᠯᠡᠵᠦ ᠂ ᠪᠦᠬᠦ ᠣᠷᠣᠨ ᠤ᠋ ᠲᠣᠭᠲᠠᠭᠤᠨ ᠵᠢᠱ᠌ᠢᠯᠲᠡ ᠂ ᠠᠯᠤᠰ ᠬᠡᠳᠦ ᠶ᠋ᠢᠨ ᠠᠰᠢᠭ ᠲᠤᠰᠠ ᠪᠦᠬᠦᠢ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠤ᠋ ᠰᠢᠨ᠎ᠡ ᠥᠨᠳᠥᠷᠯᠢᠭ ᠢ᠋ ᠪᠠᠢᠭᠤᠯᠬᠤ ᠳ᠋ᠤ᠌ ᠬᠦᠴᠦᠨ ᠲᠡᠭᠦᠯᠳᠡᠷ ᠪᠠᠲᠤᠯᠠᠭ᠎ᠠ ᠬᠠᠩᠭᠠᠪᠠ ᠃

    ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠢᠯᠡᠳᠬᠡᠯ ᠳ᠋ᠦ᠍ ᠵᠢᠭᠠᠵᠤ ᠭᠠᠷᠭᠠᠭᠰᠠᠨ ᠨᠢ ᠂ ᠰᠢᠨ᠎ᠡ ᠶ᠋ᠢ ᠡᠭᠦᠳᠬᠦ ᠪᠡᠷ ᠬᠥᠳᠡᠯᠭᠡᠭᠦᠷ ᠪᠣᠯᠭᠠᠬᠤ ᠬᠥᠭᠵᠢᠯᠲᠡ ᠶ᠋ᠢᠨ ᠪᠠᠢᠯᠳᠤᠬᠤ ᠪᠣᠳᠣᠯᠭ᠎ᠠ ᠶ᠋ᠢ ᠲᠦᠷᠭᠡᠪᠴᠢᠯᠡᠨ ᠬᠡᠷᠡᠭᠵᠢᠭᠦᠯᠵᠦ ᠂ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠠᠤᠯᠢ ᠪᠠᠷ ᠵᠠᠰᠠᠬᠤ ᠪᠠᠲᠤᠯᠠᠭ᠎ᠠ ᠶ᠋ᠢ ᠴᠢᠩᠭ᠋ᠠᠳᠬᠠᠬᠤ ᠬᠡᠷᠡᠭᠲᠡᠢ ᠂ ᠡᠨᠡ ᠨᠢ ᠰᠢᠭᠦᠬᠦ ᠬᠣᠷᠢᠶᠠᠨ ᠤ᠋ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢ ᠬᠠᠤᠯᠢ ᠴᠠᠭᠠᠵᠠ ᠪᠠᠷ ᠬᠠᠮᠠᠭᠠᠯᠠᠬᠤ ᠠᠵᠢᠯ ᠳ᠋ᠤ᠌ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠢᠨ᠎ᠠ ᠃ ᠣᠷᠳᠣᠰ ᠤ᠋ᠨ ᠰᠢᠭᠦᠬᠦ ᠬᠣᠷᠢᠶ᠎ᠠ ᠲᠣᠬᠢᠶᠠᠯ ᠢ᠋ ᠠᠮᠵᠢᠨ ᠂ ᠡᠷᠡᠯᠬᠡᠭᠯᠡᠨ ᠳᠠᠭᠠᠷᠢᠯᠲᠠ ᠬᠢᠵᠦ ᠂ 《 ᠲᠥᠪ ᠭᠣᠣᠯᠴᠢ ᠬᠢᠭᠡᠳ ᠦᠷ᠎ᠡ ᠪᠦᠲᠦᠮᠵᠢ 》 ᠶ᠋ᠢᠨ ᠠᠵᠢᠯ ᠤ᠋ᠨ ᠭᠣᠣᠯ ᠰᠡᠳᠦᠪ ᠤ᠋ᠨ ᠲᠣᠭᠣᠷᠢᠨ ᠳ᠋ᠤ᠌ 《 ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠣᠨᠴᠠᠯᠢᠭᠲᠤ ᠨᠡᠷᠡᠲᠦ ᠲᠡᠮᠳᠡᠭ ᠢ᠋ ᠭᠢᠯᠠᠭᠠᠷ ᠪᠣᠯᠭᠠᠬᠤ ᠂ ᠬᠠᠮᠵᠢᠯᠴᠠᠬᠤ ᠶᠡᠷᠦᠩᠬᠡᠢᠯᠡᠭᠰᠡᠨ ᠬᠠᠮᠠᠭᠠᠯᠠᠯᠲᠠ ᠶ᠋ᠢᠨ ᠰᠢᠰᠲ᠋ᠧᠮᠵᠢ ᠶ᠋ᠢ ᠪᠠᠢᠭᠤᠯᠬᠤ 》 ᠬᠣᠶᠠᠷ ᠵᠠᠩᠭᠢᠯᠠᠭ᠎ᠠ ᠶ᠋ᠢ ᠴᠢᠩᠭ᠎ᠠ ᠠᠳᠬᠤᠵᠤ ᠂ 《 ᠬᠠᠭᠤᠴᠢᠨ ᠨᠡᠷᠡᠲᠦ ᠲᠡᠮᠳᠡᠭ ᠂ ᠤᠤᠯ ᠨᠡᠷ᠎ᠡ ᠂ ᠰᠢᠨ᠎ᠡ ᠨᠡᠷ᠎ᠡ ᠲᠡᠮᠳᠡᠭ 》 ᠭᠤᠷᠪᠠᠨ ᠶᠡᠬᠡ ᠬᠠᠮᠠᠭᠠᠯᠠᠯᠲᠠ ᠶ᠋ᠢ ᠴᠢᠩᠭᠠᠳᠬᠠᠨ ᠂ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠰᠢᠭᠦᠨ ᠲᠠᠰᠤᠯᠬᠤ ᠬᠦᠷᠢᠶ᠎ᠡ ᠬᠡᠪᠴᠢᠶᠡᠨ ᠳ᠋ᠡᠬᠢ ᠥᠭᠡᠷᠡᠴᠢᠯᠡᠯᠲᠡ ᠬᠢᠵᠦ ᠰᠢᠨ᠎ᠡ ᠶ᠋ᠢ ᠡᠭᠦᠳᠬᠦ ᠶ᠋ᠢ ᠦᠷᠭᠦᠯᠵᠢᠯᠡᠨ ᠠᠬᠢᠭᠤᠯᠵᠤ ᠂ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠪᠦᠬᠦ ᠬᠡᠯᠬᠢᠶᠡᠵᠢᠯ ᠤ᠋ᠨ ᠬᠠᠮᠠᠭᠠᠯᠠᠯᠲᠠ ᠶ᠋ᠢ ᠴᠢᠩᠭᠠᠳᠬᠠᠵᠤ ᠂ ᠣᠷᠳᠣᠰ ᠤ᠋ᠨ 《 ᠥᠩᠭᠡ ᠭᠡᠷᠡᠯᠲᠦ ᠤᠰᠤᠲᠦᠷᠦ᠋ᠭᠴᠢ ᠬᠠᠳᠠᠭᠠᠯᠠᠬᠤ ᠲᠡᠷᠭᠡ 》 《 ᠳᠣᠣᠷ᠎ᠠ ᠨᠡᠭᠦᠷᠡᠰᠦᠲᠥ᠋ᠷᠦᠭᠴᠢᠲᠦ 》 ᠂ ᠪᠣᠬᠢᠷᠲᠤᠯ ᠥᠬᠡᠢ ᠣᠷᠴᠢᠨ ᠲᠣᠭᠣᠷᠢᠨ ᠤ᠋ ᠬᠠᠮᠠᠭᠠᠯᠠᠯᠲᠠ ᠵᠡᠷᠭᠡ ᠰᠢᠨ᠎ᠡ ᠪᠡᠷ ᠪᠣᠢ ᠪᠣᠯᠤᠭᠰᠠᠨ ᠠᠵᠤ ᠦᠢᠯᠡᠰ ᠢ᠋ ᠥᠨᠳᠥᠷ ᠦᠷ᠎ᠡ ᠪᠦᠲᠦᠮᠵᠢᠲᠡᠢ ᠦᠢᠯᠡᠴᠢᠯᠡᠵᠦ ᠂ ᠰᠢᠨ᠎ᠡ ᠡᠨᠧᠷᠭᠢ ᠶ᠋ᠢᠨ ᠠᠵᠤ ᠠᠬᠤᠢᠯᠠᠯ ᠤ᠋ᠨ ᠬᠥᠭᠵᠢᠨ ᠪᠤᠵᠠᠭᠠᠢᠷᠠᠬᠤ ᠶ᠋ᠢ ᠲᠡᠳᠬᠦᠨ ᠂ ᠣᠳᠣᠬᠢᠴᠢᠯᠠᠭᠰᠠᠨ ᠣᠷᠳᠣᠰ ᠤ᠋ᠨ ᠪᠦᠲᠦᠭᠡᠨ ᠪᠠᠢᠭᠤᠯᠤᠯᠲᠠ ᠳ᠋ᠤ᠌ ᠮᠡᠳᠡᠯᠭᠡ ᠶ᠋ᠢᠨ ᠪᠦᠲᠦᠭᠡᠭᠳᠡᠬᠦᠨ ᠦ᠌ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠬᠦᠴᠦᠨ ᠨᠡᠮᠡᠷᠢᠯᠡᠪᠡ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )