【 ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠣᠷᠢᠨ ᠢ ᠰᠢᠯᠢᠳᠡᠭᠵᠢᠭᠦᠯᠦᠨ᠎ᠡ 】 ᠬᠠᠤᠯᠢ ᠶ᠋ᠢᠨ ᠲᠤᠰᠢᠶᠠᠯᠲᠠᠨ ᠠᠵᠤ ᠠᠬᠤᠢᠯᠠᠯ ᠳ᠋ᠤ᠌ ᠣᠷᠤᠵᠤ ᠬᠠᠤᠯᠢ ᠬᠦᠷᠭᠡᠨ ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠣᠷᠢᠨ ᠢ ᠰᠢᠯᠢᠳᠡᠭᠵᠢᠭᠦᠯᠬᠦ ᠳ᠋ᠤ ᠬᠦᠴᠦᠨ ᠨᠡᠮᠡᠷᠢᠯᠡᠪᠡ — ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠠᠵᠤ ᠠᠬᠤᠢᠯᠠᠯ ᠤ᠋ᠨ ᠪᠠᠢᠴᠠᠭᠠᠨ ᠰᠤᠳᠤᠯᠤᠯᠲᠠ ᠬᠢᠵᠦ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ
ᠪᠦᠬᠦ ᠬᠣᠲᠠ ᠶ᠋ᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠬᠦ ᠶ᠋ᠢᠨ ᠲᠥᠯᠥᠭᠡ ᠂ 10 ᠰᠠᠷ᠎ᠠ ᠶ᠋ᠢᠨ 8 ᠤ᠋ ᠦᠳᠡ ᠶ᠋ᠢᠨ ᠬᠣᠢᠨ᠎ᠠ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠡᠷᠡᠭᠦᠦ ᠶ᠋ᠢᠨ ᠬᠡᠷᠡᠭ ᠤ᠋ᠨ ᠰᠢᠭᠦᠨ ᠲᠠᠰᠤᠯᠤᠯᠲᠠ ᠶ᠋ᠢᠨ ᠨᠢᠭᠡᠳᠦᠭᠡᠷ ᠲᠢᠩᠬᠢᠮ ᠣᠷᠳᠣᠰ ᠬᠣᠲᠠ ᠶ᠋ᠢᠨ ᠤᠯᠠᠭᠠᠨ ᠬᠥᠭᠵᠢᠯᠲᠡ ᠶ᠋ᠢᠨ ᠪᠦᠯᠦᠭᠯᠡᠯ ᠤ᠋ᠨ ᠬᠢᠵᠠᠭᠠᠷᠲᠤ ᠺᠣᠮᠫᠠᠨᠢ ᠳ᠋ᠤ᠌ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ ᠃
ᠰᠠᠭᠤᠳᠠᠯ ᠤ᠋ᠨ ᠬᠤᠷᠠᠯ ᠳᠡᠭᠡᠷ᠎ᠡ ᠂ ᠪᠠᠢᠴᠠᠭᠠᠨ ᠰᠤᠳᠤᠯᠬᠤ ᠳᠤᠭᠤᠢᠯᠠᠩ ᠤ᠋ᠨ ᠭᠡᠰᠢᠭᠦᠳ ᠠᠵᠤ ᠠᠬᠤᠢᠯᠠᠯ ᠤ᠋ᠨ ᠡᠵᠡᠩᠨᠡᠯᠲᠡ ᠶ᠋ᠢᠨ ᠪᠠᠢᠳᠠᠯ ᠂ ᠬᠥᠭᠵᠢᠯᠲᠡ ᠶ᠋ᠢᠨ ᠲᠥᠯᠥᠪᠵᠢᠭᠦᠯᠭᠡ ᠵᠢᠴᠢ ᠬᠠᠤᠯᠢ ᠴᠠᠭᠠᠵᠠ ᠶ᠋ᠢᠨ ᠱᠠᠭᠠᠷᠳᠠᠯᠭ᠎ᠠ ᠶ᠋ᠢ ᠭᠦᠨᠵᠡᠭᠡᠢ ᠣᠢᠯᠠᠭᠠᠵᠤ ᠂ ᠠᠵᠤ ᠠᠬᠤᠢᠯᠠᠯ ᠤ᠋ᠨ ᠬᠠᠷᠢᠭᠤᠴᠠᠯᠭᠠᠲᠠᠨ ᠤ᠋ ᠰᠢᠭᠦᠬᠦ ᠬᠣᠷᠢᠶᠠᠨ ᠤ᠋ ᠠᠵᠢᠯ ᠳ᠋ᠠᠬᠢ ᠰᠠᠨᠠᠯ ᠰᠠᠨᠠᠭᠤᠯᠭ᠎ᠠ ᠶ᠋ᠢ ᠬᠢᠨᠠᠮᠠᠭᠠᠢ ᠰᠣᠨᠣᠰᠴᠤ ᠂ ᠠᠵᠤ ᠠᠬᠤᠢᠯᠠᠯ ᠤ᠋ᠨ ᠣᠳᠣᠬᠠᠨ ᠳ᠋ᠤ᠌ ᠣᠷᠣᠰᠢᠵᠤ ᠪᠠᠢᠭ᠎ᠠ ᠬᠠᠤᠯᠢ ᠴᠠᠭᠠᠵᠠ ᠶ᠋ᠢᠨ ᠠᠰᠠᠭᠤᠳᠠᠯ ᠤ᠋ᠨ ᠲᠣᠭᠣᠷᠢᠨ ᠳ᠋ᠤ᠌ ᠮᠠᠳᠠᠭ ᠲᠠᠢ ᠠᠰᠠᠭᠤᠳᠠᠯ ᠢ᠋ ᠠᠰᠠᠭᠤᠨ ᠣᠢᠯᠠᠭᠠᠬᠤ ᠶ᠋ᠢᠨ ᠬᠠᠮᠲᠤ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠲᠠᠯ᠎ᠠ ᠪᠠᠷ ᠬᠢ ᠬᠠᠮᠢᠶ᠎ᠠ ᠪᠥᠬᠥᠢ ᠬᠠᠤᠯᠢ ᠴᠠᠭᠠᠵᠠ ᠬᠠᠤᠯᠢ ᠲᠣᠭᠲᠠᠭᠠᠯ ᠢ᠋ ᠨᠠᠷᠢᠨ ᠨᠢᠮᠪᠠᠢ ᠲᠠᠨᠢᠯᠴᠠᠭᠤᠯᠤᠭᠰᠠᠨ ᠪᠠᠢᠨ᠎ᠠ ᠃
ᠣᠷᠳᠣᠰ ᠬᠣᠲᠠ ᠶ᠋ᠢᠨ ᠤᠯᠠᠭᠠᠨ ᠬᠥᠭᠵᠢᠯᠲᠡ ᠶ᠋ᠢᠨ ᠪᠦᠯᠦᠭᠯᠡᠯ ᠤ᠋ᠨ ᠬᠢᠵᠠᠭᠠᠷᠲᠤ ᠺᠣᠮᠫᠠᠨᠢ ᠶ᠋ᠢᠨ ᠲᠥᠯᠥᠭᠡᠯᠡᠭᠴᠢᠳ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠳ᠋ᠤ᠌ ᠬᠠᠤᠯᠢ ᠴᠠᠭᠠᠵᠠ ᠶ᠋ᠢᠨ ᠦᠢᠯᠡᠴᠢᠯᠡᠭᠡ ᠶ᠋ᠢ ᠬᠠᠩᠭᠠᠬᠤ ᠡᠯ᠎ᠡ ᠲᠥᠷᠥᠯ ᠤ᠋ᠨ ᠠᠵᠢᠯ ᠳ᠋ᠤ᠌ ᠮᠠᠭᠲᠠᠭᠠᠯ ᠲᠠᠯᠠᠷᠬᠠᠯ ᠢ᠋ᠶ᠋ᠠᠨ ᠳᠡᠪᠰᠢᠭᠦᠯᠪᠡ ᠃
ᠲᠤᠰ ᠤᠳᠠᠭᠠᠨ ᠤ᠋ ᠶᠠᠷᠢᠯᠴᠠᠬᠤ ᠬᠤᠷᠠᠯ ᠨᠢ ᠰᠢᠭᠦᠬᠦ ᠬᠣᠷᠢᠶ᠎ᠠ ᠪᠣᠯᠤᠨ ᠠᠵᠤ ᠠᠬᠤᠢᠯᠠᠯ ᠤ᠋ᠨ ᠬᠣᠭᠣᠷᠣᠨᠳᠣᠬᠢ ᠰᠠᠢᠨ ᠰᠠᠢᠬᠠᠨ ᠶᠠᠪᠤᠯᠴᠠᠭ᠎ᠠ ᠶ᠋ᠢ ᠨᠡᠮᠡᠭᠳᠡᠭᠦᠯᠵᠦ ᠂ ᠠᠵᠤ ᠠᠬᠤᠢᠯᠠᠯ ᠤ᠋ᠨ ᠬᠥᠭᠵᠢᠯᠲᠡ ᠶ᠋ᠢᠨ ᠶᠠᠪᠤᠴᠠ ᠳ᠋ᠤ᠌ ᠲᠤᠯᠭᠠᠷᠠᠭᠰᠠᠨ ᠬᠦᠴᠢᠷᠳᠡᠯ ᠂ ᠡᠮᠵᠡᠭᠲᠡᠢ ᠲᠠᠯ᠎ᠠ ᠪᠠ ᠲᠦᠭᠵᠢᠷᠡᠯ ᠲᠡᠢ ᠪᠠᠢᠳᠠᠯ ᠳ᠋ᠤ᠌ ᠴᠢᠭᠯᠡᠭᠦᠯᠦᠨ ᠰᠠᠨᠠᠯ ᠰᠠᠨᠠᠭᠤᠯᠭ᠎ᠠ ᠪᠠ ᠰᠢᠢᠳᠪᠦᠷᠢᠯᠡᠬᠦ ᠲᠥᠰᠦᠯ ᠳᠤᠷᠠᠳᠤᠨ ᠂ ᠠᠵᠤ ᠠᠬᠤᠢᠯᠠᠯ ᠤ᠋ᠨ ᠬᠦᠴᠢᠷᠳᠡᠯ ᠢ᠋ ᠬᠠᠪᠰᠤᠷᠤᠨ ᠰᠢᠢᠳᠪᠦᠷᠢᠯᠡᠵᠦ ᠥᠭᠴᠡᠢ ᠃ ᠳᠠᠷᠠᠭᠠᠴᠢ ᠶ᠋ᠢᠨ ᠠᠯᠬᠤᠮ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠣᠷᠢᠨ ᠤ᠋ ᠦᠢᠯᠡᠴᠢᠯᠡᠭᠡᠨ ᠦ᠌ ᠤᠬᠠᠮᠰᠠᠷ ᠪᠠ ᠬᠢᠷᠢ ᠲᠦᠪᠰᠢᠨ ᠢ᠋ᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠵᠠᠬ᠎ᠠ ᠳᠡᠯᠭᠡᠭᠦᠷ ᠤ᠋ᠨ ᠭᠣᠣᠯ ᠴᠣᠭᠴᠠ ᠶ᠋ᠢᠨ ᠬᠠᠤᠯᠢ ᠶᠣᠰᠣᠨ ᠤ᠋ ᠡᠷᠬᠡ ᠠᠰᠢᠭ ᠢ᠋ ᠦᠨᠡᠨᠬᠦ ᠬᠠᠮᠠᠭᠠᠯᠠᠵᠤ ᠂ ᠨᠡᠢᠭᠡᠮ ᠤ᠋ᠨ ᠡᠶ᠎ᠡ ᠵᠣᠬᠢᠴᠠᠯ ᠲᠣᠭᠲᠠᠭᠤᠨ ᠢ᠋ ᠴᠢᠷᠮᠠᠢᠨ ᠬᠠᠮᠠᠭᠠᠯᠠᠵᠤ ᠂ ᠮᠠᠨ ᠤ᠋ ᠬᠣᠲᠠ ᠶ᠋ᠢᠨ ᠪᠦᠬᠦ ᠤᠯᠤᠰ ᠤ᠋ᠨ ᠲᠡᠷᠢᠭᠦᠨ ᠵᠡᠷᠭᠡ ᠶ᠋ᠢᠨ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠣᠷᠢᠨ ᠢ᠋ ᠪᠠᠢᠭᠤᠯᠬᠤ ᠳ᠋ᠤ᠌ ᠬᠠᠤᠯᠢ ᠴᠠᠭᠠᠵᠠ ᠶ᠋ᠢᠨ ᠬᠦᠴᠦᠲᠡᠢ ᠦᠢᠯᠡᠴᠢᠯᠡᠭᠡ ᠪᠠ ᠪᠠᠲᠤᠯᠠᠭ᠎ᠠ ᠬᠠᠩᠭᠠᠬᠤ ᠪᠣᠯᠤᠨ᠎ᠠ ᠃
ᠦᠨᠡᠯᠡᠬᠦ 0ᠦᠨᠡᠯᠡᠯᠲᠡ᠎ᠲᠠᠢ