ᠣᠢᠷ᠎ᠠ ᠳ᠋ᠤ᠌ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《 ᠭᠦᠢᠴᠡᠳᠬᠡᠬᠦ 110 》ᠬᠣᠶᠠᠷ ᠤᠳᠠᠭᠠᠨ ᠤ᠋ ᠬᠡᠷᠡᠭ ᠢ᠋ ᠠᠮᠵᠢᠯᠲᠠ ᠲᠠᠢ ᠭᠦᠢᠴᠡᠳᠬᠡᠵᠦ ᠂ ᠨᠢᠭᠡᠨ ᠭᠦᠢᠴᠡᠳᠬᠡᠭᠳᠡᠭᠴᠢ ᠳ᠋ᠦ᠍ ᠠᠯᠪᠠᠲᠠᠨ ᠲᠦᠷ ᠬᠣᠷᠢᠬᠤ ᠶ᠋ᠢ ᠭᠦᠢᠴᠡᠳᠭᠡᠵᠦ ᠂ ᠨᠢᠭᠡᠨ ᠠᠯᠪᠠᠲᠠᠨ ᠳᠠᠭᠤᠳᠠᠭᠳᠠᠭᠰᠠᠨ ᠤ᠋ ᠳᠠᠷᠠᠭ᠎ᠠ ᠢᠳᠡᠪᠬᠢᠲᠡᠢ ᠬᠠᠮᠵᠢᠯᠴᠠᠵᠤ ᠨᠢᠭᠡᠨᠲᠡ ᠡᠪᠰᠡᠬᠦ ᠵᠥᠪᠯᠡᠯᠴᠡᠬᠡᠷ ᠲᠣᠭᠲᠠᠭᠰᠠᠨ ᠪᠠᠢᠨ᠎ᠠ ᠃
ᠬᠡᠷᠡᠭ ᠨᠢᠭᠡ
10 ᠰᠠᠷ᠎ᠠ ᠶ᠋ᠢᠨ 13 ᠤ᠋ ᠡᠳᠦᠷ ᠂ 《 110 ᠶ᠋ᠢ ᠭᠦᠢᠴᠡᠳᠬᠡᠬᠦ 》 ᠴᠠᠭᠳᠠᠭ᠎ᠠ ᠡᠷᠡᠰ ᠰᠢᠭᠤᠷᠬᠠᠢ ᠪᠠᠷ ᠴᠣᠬᠢᠯᠲᠠ ᠥᠭᠴᠦ ᠂ ᠭᠦᠢᠴᠡᠳᠬᠡᠬᠦ ᠺᠣᠮᠫᠠᠨᠢ ᠶ᠋ᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠠᠢ ᠣᠪᠣᠭᠲᠤ ᠬᠣᠭᠣᠯᠠ ᠢᠳᠡᠬᠦ ᠦᠶ᠎ᠡ ᠳ᠋ᠦ᠍ ᠲᠡᠭᠦᠨ ᠢ᠋ ᠬᠠᠤᠯᠢ ᠶᠣᠰᠣᠭᠠᠷ ᠠᠯᠪᠠᠳᠠᠯᠭ᠎ᠠ ᠪᠠᠷ ᠰᠢᠭᠦᠬᠦ ᠬᠣᠷᠢᠶᠠᠨ ᠳᠤ ᠠᠯᠪᠠᠳᠠᠨ ᠳᠠᠭᠤᠳᠠᠪᠠ᠃
ᠤᠤᠯ ᠨᠢ ᠂ ᠭᠤᠶᠤᠴᠢᠯᠠᠭᠴᠢ ᠬᠣᠲᠠ ᠶ᠋ᠢᠨ ᠨᠢᠭᠡᠨ ᠲᠣᠪᠴᠢᠶ᠎ᠠ ᠪᠣᠯᠤᠨ ᠭᠦᠢᠴᠡᠳᠬᠡᠭᠴᠢ ᠢ᠋ᠢᠨ ᠨᠢᠭᠡᠨ ᠮᠠᠰᠢᠨ ᠲᠡᠷᠭᠡᠨ ᠦ᠌ ᠬᠢᠵᠠᠭᠠᠷᠲᠤ ᠺᠣᠮᠫᠠᠨᠢ ᠂ ᠣᠷᠳᠣᠰ ᠬᠣᠲᠠ ᠶ᠋ᠢᠨ ᠨᠢᠭᠡᠨ ᠬᠢᠵᠠᠭᠠᠷᠲᠤ ᠺᠣᠮᠫᠠᠨᠢ ᠶ᠋ᠢᠨ ᠭᠡᠷ᠎ᠡ ᠶ᠋ᠢᠨ ᠵᠢᠭᠤᠷᠠᠯᠳᠤᠭᠠᠨ ᠤ᠋ ᠬᠡᠷᠡᠭ ᠤ᠋ᠨ ᠬᠦᠴᠦᠨ ᠲᠡᠢ ᠪᠣᠯᠤᠭᠰᠠᠨ ᠬᠠᠤᠯᠢ ᠴᠠᠭᠠᠵᠠ ᠶ᠋ᠢᠨ ᠪᠢᠴᠢᠭ ᠢ᠋ ᠦᠨᠳᠦᠰᠦᠯᠡᠪᠡᠯ ᠂ ᠨᠢᠭᠡᠨ ᠺᠣᠮᠫᠠᠨᠢ ᠨᠢ ᠨᠢᠭᠡᠨ ᠲᠣᠪᠴᠢᠶ᠎ᠠ ᠳ᠋ᠤ᠌ 5000 ᠭᠠᠷᠤᠢ ᠲᠦᠮᠡᠨ ᠲᠥᠭᠥᠷᠢᠭ ᠲᠤᠰᠢᠶᠠᠵᠤ ᠂ ᠨᠥᠭᠦᠭᠡ ᠨᠢᠭᠡ ᠺᠣᠮᠫᠠᠨᠢ ᠨᠢ ᠬᠣᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠵᠦ ᠪᠣᠢ ᠃
ᠰᠢᠭᠦᠨ ᠲᠠᠰᠤᠯᠤᠯᠲᠠ ᠬᠦᠴᠦᠨ ᠲᠡᠢ ᠪᠣᠯᠤᠭᠰᠠᠨ ᠤ᠋ ᠳᠠᠷᠠᠭ᠎ᠠ ᠂ ᠭᠦᠢᠴᠡᠳᠬᠡᠭᠳᠡᠭᠴᠢ ᠣᠷᠳᠣᠰ ᠤ᠋ᠨ ᠨᠢᠭᠡᠨ ᠬᠢᠵᠠᠭᠠᠷᠲᠤ ᠺᠣᠮᠫᠠᠨᠢ ᠭᠦᠢᠴᠡᠳᠬᠡᠬᠦ ᠶ᠋ᠢ ᠲᠡᠪᠴᠢᠪᠡ ᠃ ᠭᠦᠢᠴᠡᠳᠬᠡᠬᠦ ᠶᠠᠪᠤᠴᠠ ᠳ᠋ᠤ᠌ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠠᠤᠯᠢ ᠶᠣᠰᠣᠭᠠᠷ ᠭᠦᠢᠴᠡᠳᠬᠡᠭᠳᠡᠭᠴᠢ ᠳ᠋ᠦ᠍ ᠭᠦᠢᠴᠡᠳᠬᠡᠬᠦ ᠮᠡᠳᠡᠭᠳᠡᠯ ᠤ᠋ᠨ ᠪᠢᠴᠢᠭ ᠂ ᠡᠳ᠋ ᠬᠥᠷᠥᠩᠭᠡ ᠪᠡᠨ ᠮᠡᠳᠡᠭᠦᠯᠬᠦ ᠵᠠᠷᠯᠢᠭ ᠵᠡᠷᠭᠡ ᠬᠠᠤᠯᠢ ᠴᠠᠭᠠᠵᠠ ᠶ᠋ᠢᠨ ᠪᠢᠴᠢᠭ ᠭᠠᠷᠭᠠᠵᠤ ᠂ ᠲᠡᠭᠦᠨ ᠢ᠋ ᠵᠠᠷᠯᠢᠭᠳᠠᠵᠤ ᠪᠠᠢᠭᠠᠳ ᠬᠦᠴᠦᠨ ᠲᠡᠢ ᠪᠣᠯᠤᠭᠰᠠᠨ ᠬᠠᠤᠯᠢ ᠴᠠᠭᠠᠵᠠ ᠶ᠋ᠢᠨ ᠪᠢᠴᠢᠭ ᠮᠠᠲ᠋ᠧᠷᠢᠶᠠᠯ ᠳ᠋ᠤ᠌ ᠲᠣᠭᠲᠠᠭᠠᠭᠰᠠᠨ ᠡᠭᠦᠷᠭᠡ ᠶ᠋ᠢ ᠲᠣᠭᠲᠠᠭᠰᠠᠨ ᠬᠤᠭᠤᠴᠠᠭᠠᠨ ᠳ᠋ᠤ᠌ ᠭᠦᠢᠴᠡᠳᠬᠡᠬᠦ ᠶ᠋ᠢᠨ ᠬᠠᠮᠲᠤ ᠬᠡᠷᠡᠭ ᠢ᠋ ᠭᠦᠢᠴᠡᠳᠬᠡᠬᠦ ᠰᠦᠢᠳᠬᠡᠯ ᠲᠤᠰᠢᠶᠠᠯᠭᠠᠬᠤ ᠭᠡᠰᠡᠨ ᠪᠣᠯᠪᠠᠴᠤ ᠭᠦᠢᠴᠡᠳᠬᠡᠭᠳᠡᠭᠴᠢ ᠨᠢ ᠬᠤᠭᠤᠴᠠᠭ᠎ᠠ ᠳᠣᠲᠣᠷ᠎ᠠ ᠡᠭᠦᠷᠭᠡ ᠪᠡᠨ ᠭᠦᠢᠴᠡᠳᠬᠡᠭᠰᠡᠨ ᠥᠬᠡᠢ ᠃ ᠰᠢᠭᠦᠭᠴᠢ ᠣᠯᠠᠨ ᠤᠳᠠᠭ᠎ᠠ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶ᠋ᠢ ᠳᠠᠭᠤᠳᠠᠵᠤ ᠂ ᠪᠠᠢ ᠣᠪᠣᠭᠲᠤ ᠡᠭᠦᠷᠭᠡ ᠪᠡᠨ ᠭᠦᠢᠴᠡᠳᠬᠡᠬᠦ ᠶ᠋ᠢ ᠱᠠᠭᠠᠷᠳᠠᠭᠰᠠᠨ ᠪᠣᠯᠪᠠᠴᠤ ᠂ ᠪᠠᠢ ᠣᠪᠣᠭᠲᠤ ᠬᠠᠮᠵᠢᠯᠴᠠᠬᠤ ᠶ᠋ᠢ ᠲᠡᠪᠴᠢᠨ ᠂ ᠵᠠᠷᠢᠮ ᠳ᠋ᠠᠭᠠᠨ ᠱᠠᠨ ᠰᠢ ᠳ᠋ᠦ᠍ ᠪᠠᠢᠨ᠎ᠠ ᠭᠡᠵᠦ ᠂ ᠵᠠᠷᠢᠮ ᠳ᠋ᠠᠭᠠᠨ ᠥᠪᠥᠷ ᠮᠣᠩᠭᠣᠯ ᠳ᠋ᠤ᠌ ᠪᠠᠢᠨ᠎ᠠ ᠬᠡᠮᠡᠨ ᠂ ᠪᠠᠢᠴᠠᠭᠠᠯᠲᠠ ᠶ᠋ᠢ ᠬᠦᠯᠢᠶᠡᠬᠦ ᠦᠭᠡᠢ ᠃
2023 ᠣᠨ ᠤ᠋ 9 ᠰᠠᠷ᠎ᠠ ᠶ᠋ᠢᠨ 19 ᠦ᠌ ᠡᠳᠦᠷ ᠂ 《 110 ᠶ᠋ᠢ ᠭᠦᠢᠴᠡᠳᠬᠡᠬᠦ 》 ᠳ᠋ᠤ᠌ ᠪᠠᠢ ᠣᠪᠣᠭᠲᠤ ᠱᠠᠨ ᠰᠢ ᠳ᠋ᠦ᠍ ᠬᠦᠷᠴᠦ ᠴᠠᠭᠳᠠᠭ᠎ᠠ ᠲᠣᠮᠢᠯᠠᠨ ᠪᠠᠢᠴᠠᠭᠠᠯᠭᠠᠬᠤ ᠶ᠋ᠢ ᠳᠠᠮᠵᠢᠭᠠᠳ ᠲᠡᠭᠦᠨ ᠦ᠌ ᠤᠯᠠ ᠮᠥᠷ ᠢ᠋ ᠣᠯᠵᠤ ᠮᠡᠳᠡᠭᠰᠡᠨ ᠦᠭᠡᠢ ᠂ ᠪᠠᠢᠴᠠᠭᠠᠵᠤ ᠦᠵᠡᠭᠡᠳ ᠭᠦᠢᠴᠡᠳᠬᠡᠭᠳᠡᠭᠴᠢ ᠶ᠋ᠢᠨ ᠰᠦᠪᠡᠭᠴᠢ ᠶ᠋ᠢ ᠦᠷᠭᠦᠯᠵᠢᠯᠡᠨ ᠡᠷᠢᠵᠦ ᠣᠯᠪᠠ ᠃ 10 ᠰᠠᠷ᠎ᠠ ᠶ᠋ᠢᠨ 13 ᠤ᠋ ᠡᠳᠦᠷ ᠂ ᠪᠠᠢ ᠣᠪᠣᠭᠲᠤ ᠶ᠋ᠢᠨ ᠮᠥᠷ ᠨᠢ ᠦᠭᠡᠢᠰᠭᠡᠨ ᠲᠣᠳᠤᠷᠠᠭᠤᠯᠬᠤ ᠡᠴᠡ ᠪᠣᠯᠵᠤ ᠢᠯᠡᠷᠡᠵᠡᠢ ᠃ ᠨᠢᠭᠡᠨ ᠺᠣᠮᠫᠠᠨᠢ ᠡᠳ᠋ ᠬᠥᠷᠥᠩᠭᠡ ᠪᠡᠨ ᠮᠡᠳᠡᠭᠦᠯᠬᠦ ᠦᠭᠡᠢ ᠪᠣᠯᠬᠣᠷ ᠰᠢᠭᠦᠬᠦ ᠬᠣᠷᠢᠶ᠎ᠠ ᠪᠠᠢ ᠣᠪᠣᠭᠲᠤ ᠶ᠋ᠢ ᠠᠷᠪᠠᠨ ᠲᠠᠪᠤᠨ ᠡᠳᠦᠷ ᠲᠦᠷ ᠬᠣᠷᠢᠬᠤ ᠶ᠋ᠢ ᠬᠠᠤᠯᠢ ᠶᠣᠰᠣᠭᠠᠷ ᠲᠣᠭᠲᠠᠭᠠᠵᠤ ᠂ ᠣᠳᠣ ᠨᠢᠭᠡᠨᠲᠡ ᠲᠦᠷ ᠬᠣᠷᠢᠬᠤ ᠶ᠋ᠢ ᠭᠦᠢᠴᠡᠳᠭᠡᠪᠡ᠃
ᠬᠡᠷᠡᠭ ᠬᠣᠶᠠᠷ
ᠨᠢᠭᠡᠨ ᠲᠣᠪᠴᠢᠶ᠎ᠠ ᠠᠴᠠ ᠨᠢᠭᠡᠨ ᠺᠣᠮᠫᠠᠨᠢ ᠶᠢᠨ ᠭᠡᠷ ᠪᠠᠶᠢᠰᠢᠩ ᠢ ᠨᠤᠷᠠᠭᠠᠵᠤ ᠨᠡᠭᠦᠯᠭᠡᠬᠦ ᠳᠦ ᠨᠥᠬᠥᠪᠥᠷᠢ ᠥᠭᠬᠦ ᠶᠢ ᠭᠦᠢᠴᠡᠳᠬᠡᠭᠦᠯᠬᠦ ᠪᠡᠷ ᠭᠤᠶᠤᠴᠢᠯᠠᠭᠰᠠᠨ ᠬᠣᠶᠠᠷ ᠬᠡᠷᠡᠭ ᠲᠦ᠂ ᠨᠢᠭᠡᠨ ᠺᠣᠮᠫᠠᠨᠢ ᠨᠢ ᠨᠢᠭᠡᠨ ᠲᠣᠪᠴᠢᠶ᠎ᠠ ᠳᠤ ᠨᠡᠢᠢᠳᠡ 7 ᠳ᠋ᠦᠩᠰᠢᠭᠤᠷ ᠭᠠᠷᠤᠶ ᠲᠥᠭᠥᠷᠢᠭ ᠲᠦᠯᠦᠬᠦ ᠬᠡᠷᠡᠭᠲᠡᠶ ᠭᠡᠵᠦ ᠬᠦᠴᠦᠨ ᠲᠡᠶ ᠪᠣᠯᠤᠭᠰᠠᠨ ᠲᠠᠰᠤᠯᠤᠯᠳᠡ ᠳᠤ ᠲᠣᠭᠲᠠᠭᠠᠵᠠᠶ᠃᠃ ᠭᠦᠢᠴᠡᠳᠬᠡᠬᠦ ᠬᠤᠭᠤᠴᠠᠭ᠎ᠠ ᠳᠦᠭᠦᠷᠦᠭᠰᠡᠨ ᠦ᠌ ᠳᠠᠷᠠᠭ᠎ᠠ ᠭᠦᠢᠴᠡᠳᠬᠡᠭᠳᠡᠬᠦ ᠬᠥᠮᠦᠨ ᠨᠢ ᠡᠭᠦᠷᠭᠡ ᠪᠡᠨ ᠪᠡᠶᠡᠯᠡᠭᠦᠯᠬᠦ ᠶ᠋ᠢ ᠲᠡᠪᠴᠢᠪᠡ ᠃ ᠭᠦᠢᠴᠡᠳᠬᠡᠬᠦ ᠰᠢᠭᠦᠭᠴᠢ ᠲᠤᠰ ᠺᠣᠮᠫᠠᠨᠢ ᠶ᠋ᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠲᠡᠢ ᠣᠯᠠᠨ ᠤᠳᠠᠭ᠎ᠠ ᠬᠠᠷᠢᠯᠴᠠᠵᠤ ᠂ ᠬᠦᠴᠦᠨ ᠲᠡᠢ ᠪᠣᠯᠤᠭᠰᠠᠨ ᠬᠠᠤᠯᠢ ᠴᠠᠭᠠᠵᠠ ᠶ᠋ᠢᠨ ᠪᠢᠴᠢᠭ ᠬᠠᠤᠯᠢ ᠳ᠋ᠤ᠌ ᠲᠣᠭᠲᠠᠭᠠᠭᠰᠠᠨ ᠡᠭᠦᠷᠭᠡ ᠶ᠋ᠢ ᠨᠢ ᠭᠦᠢᠴᠡᠳᠬᠡᠬᠦ ᠶ᠋ᠢ ᠰᠢᠪᠠᠳᠠᠪᠠ ᠃ ᠲᠤᠰ ᠬᠠᠤᠯᠢ ᠳ᠋ᠤ᠌ ᠲᠣᠭᠲᠠᠭᠠᠭᠰᠠᠨ ᠲᠥᠯᠥᠭᠡᠯᠡᠭᠴᠢ ᠨᠢ ᠰᠢᠭᠦᠬᠦ ᠬᠣᠷᠢᠶ᠎ᠠ ᠲᠠᠢ ᠮᠤᠤᠷ ᠨᠢᠭᠤᠨ ᠨᠠᠭᠠᠳᠴᠤ ᠂ ᠭᠠᠷ ᠤᠲᠠᠰᠤ ᠦᠷᠭᠦᠯᠵᠢ ᠬᠠᠭᠠᠯᠲᠠ ᠲᠠᠢ ᠃ 9 ᠰᠠᠷ᠎ᠠ ᠶ᠋ᠢᠨ 23 ᠤ᠋ ᠡᠳᠦᠷ ᠂ ᠨᠢᠭᠡᠨ ᠮᠠᠰᠢᠨ ᠲᠡᠷᠭᠡᠨ ᠦ᠌ ᠬᠢᠵᠠᠭᠠᠷᠲᠤ ᠺᠣᠮᠫᠠᠨᠢ ᠶ᠋ᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠮᠢᠶᠣᠤ ᠣᠪᠣᠭᠲᠤ ᠪᠡᠭᠡᠵᠢᠩ ᠤ᠋ᠨ ᠨᠢᠭᠡᠨ ᠰᠠᠭᠤᠭᠠᠯᠢ ᠲᠣᠭᠣᠷᠢᠭ ᠤ᠋ᠨ ᠳᠣᠲᠣᠷ᠎ᠠ ᠪᠠᠢᠬᠤ ᠶ᠋ᠢ ᠮᠡᠳᠡᠭᠡᠳ ᠂ ᠭᠦᠢᠴᠡᠳᠬᠡᠭᠴᠢ ᠺᠠᠳ᠋ᠷ ᠴᠠᠭᠳᠠᠭ᠎ᠠ ᠲᠡᠷᠡ ᠳᠠᠷᠤᠢ ᠳ᠋ᠤᠨᠢ ᠮᠣᠷᠳᠠᠵᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠮᠢᠶᠣᠤ ᠣᠪᠣᠭᠲᠤ ᠶ᠋ᠢ ᠤᠷᠤᠭᠰᠢᠲᠠᠢ ᠪᠠᠷ ᠠᠯᠪᠠᠳᠠᠨ ᠳᠠᠭᠤᠳᠠᠵᠤ ᠰᠢᠭᠦᠬᠦ ᠬᠣᠷᠢᠶᠠᠨ ᠳ᠋ᠤ ᠬᠦᠷᠭᠡᠪᠡ ᠃ ᠬᠣᠶᠠᠷ ᠲᠠᠯ᠎ᠠ ᠶ᠋ᠢᠨ ᠲᠤᠬᠠᠢ ᠶ᠋ᠢᠨ ᠬᠥᠮᠦᠨ ᠨᠢ ᠵᠥᠪᠳᠡᠯᠴᠡᠭᠡᠳ ᠰᠠᠨᠠᠯ ᠨᠢᠭᠡᠳᠦᠭᠡᠳ ᠂ ᠬᠣᠶᠠᠷ ᠲᠠᠯ᠎ᠠ ᠪᠠᠷ ᠢ᠋ᠶ᠋ᠠᠨ ᠥᠭᠴᠡᠭᠡ ᠶ᠋ᠢ ᠭᠦᠢᠴᠡᠳᠬᠡᠬᠦ ᠡᠪᠰᠡᠬᠦ ᠬᠡᠯᠡᠯᠴᠡᠭᠡᠷ ᠲᠣᠬᠢᠷᠠᠵᠤ ᠂ ᠲᠤᠰ ᠺᠣᠮᠫᠠᠨᠢ ᠶ᠋ᠢᠨ ᠬᠠᠤᠯᠢ ᠳ᠋ᠤ᠌ ᠲᠣᠭᠲᠠᠭᠠᠭᠰᠠᠨ ᠲᠥᠯᠥᠭᠡᠯᠡᠭᠴᠢ ᠳ᠋ᠦ᠍ ᠲᠦᠷ ᠤᠯᠠᠮ ᠨᠢᠭᠡ ᠠᠯᠬᠤᠮ ᠠᠯᠪᠠᠳᠠᠯᠭ᠎ᠠ ᠶ᠋ᠢᠨ ᠠᠷᠭ᠎ᠠ ᠬᠡᠮᠵᠢᠶ᠎ᠡ ᠠᠪᠤᠭᠰᠠᠨ ᠦᠭᠡᠢ ᠃
ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《 110 ᠭᠦᠢᠴᠡᠳᠬᠡᠬᠦ 》 ᠶ᠋ᠢ ᠭᠦᠢᠴᠡᠳᠭᠡᠬᠦ ᠠᠵᠢᠯ ᠢ᠋ᠶ᠋ᠠᠨ ᠥᠷᠨᠢᠭᠦᠯᠦᠭᠰᠡᠨ ᠡᠴᠡ ᠨᠡᠰᠢ ᠂ ᠬᠠᠮᠤᠭ ᠤ᠋ᠨ ᠲᠦᠷᠦᠭᠦᠨ ᠳ᠋ᠦ᠍ ᠪᠦᠬᠦ ᠨᠡᠢᠭᠡᠮ ᠳ᠋ᠦ᠍ 《 110 ᠭᠦᠢᠴᠡᠳᠬᠡᠬᠦ 》 ᠤ᠋ 24 ᠴᠠᠭ ᠤ᠋ᠨ ᠰᠦᠪᠡᠭᠴᠢ ᠶ᠋ᠢ ᠢᠯᠡᠴᠢᠯᠡᠨ ᠮᠡᠳᠡᠭᠦᠯᠬᠦ ᠤᠲᠠᠰᠤ ᠶ᠋ᠢ ᠨᠡᠢᠲᠡᠯᠡᠵᠦ ᠂ ᠵᠢᠯᠣᠭᠣᠳᠬᠤ ᠬᠠᠤᠯᠢ ᠭᠦᠢᠴᠡᠳᠭᠡᠬᠦ ᠠᠵᠢᠯᠯᠠᠭ᠎ᠠ ᠶ᠋ᠢ ᠲᠡᠮᠳᠡᠭᠯᠡᠬᠦ ᠮᠠᠰᠢᠨ ᠂ ᠬᠥᠮᠦᠨ ᠦᠭᠡᠢ ᠮᠠᠰᠢᠨ ᠂ ᠴᠠᠬᠢᠯᠭᠠᠨ ᠫᠤᠤ ᠵᠡᠷᠭᠡ ᠲᠣᠨᠣᠭ ᠲᠥᠬᠥᠭᠡᠷᠦᠮᠵᠢ ᠶ᠋ᠢ ᠲᠣᠬᠢᠷᠠᠭᠤᠯᠵᠤ ᠂ ᠴᠠᠭ ᠲᠤᠬᠠᠢ ᠳ᠋ᠤᠨᠢ ᠵᠠᠯᠭᠠᠨ ᠰᠡᠷᠡᠮᠵᠢᠯᠡᠭᠦᠯᠬᠦ ᠶ᠋ᠢ ᠬᠦᠯᠢᠶᠡᠨ ᠠᠪᠬᠤ ᠂ ᠠᠵᠢᠯᠯᠠᠭ᠎ᠠ ᠨᠢ ᠲᠦᠷᠭᠡᠨ ᠂ ᠰᠢᠢᠳᠪᠦᠷᠢᠯᠡᠬᠦ ᠨᠢ ᠵᠣᠬᠢᠰᠲᠠᠢ ᠠᠯᠪᠠᠲᠠᠨ ᠳᠠᠭᠤᠳᠠᠬᠤ ᠂ ᠲᠦᠷ ᠬᠣᠷᠢᠬᠤ ᠠᠵᠢᠯ ᠤ᠋ᠨ ᠲᠦᠷᠭᠡᠨ ᠲᠤᠰᠬᠠᠬᠤ ᠲᠣᠭᠲᠠᠴᠠ ᠶ᠋ᠢ ᠪᠦᠷᠢᠯᠳᠦᠭᠦᠯᠵᠡᠢ ᠃ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ 《 110 ᠭᠦᠢᠴᠡᠳᠬᠡᠬᠦ 》 ᠶ᠋ᠢ ᠭᠦᠢᠴᠡᠳᠬᠡᠬᠦ ᠠᠵᠢᠯ ᠤ᠋ᠨ ᠲᠣᠭᠲᠠᠴᠠ ᠶ᠋ᠢ ᠪᠠᠢᠭᠤᠯᠤᠭᠰᠠᠨ ( 6 ᠰᠠᠷ᠎ᠠ ᠶ᠋ᠢᠨ 14 ᠦ᠌ ᠡᠳᠦᠷ ᠡᠴᠡ 9 ᠰᠠᠷ᠎ᠠ ᠶ᠋ᠢᠨ 24 ᠦ᠌ ᠡᠳᠦᠷ ) ᠡᠴᠡ ᠨᠡᠰᠢ ᠂ ᠨᠡᠢᠲᠡ 5034 ᠤᠳᠠᠭ᠎ᠠ ᠶ᠋ᠢᠨ ᠬᠠᠯᠠᠮᠰᠢᠯ ᠤᠲᠠᠰᠤ ᠬᠦᠯᠢᠶᠡᠨ ᠠᠪᠴᠤ ᠰᠣᠨᠣᠰᠪᠠ ᠂ ᠡᠭᠦᠨ ᠳ᠋ᠦ᠍ ᠡᠳ᠋ ᠬᠥᠷᠥᠩᠭᠡ ᠶ᠋ᠢᠨ ᠰᠦᠪᠡᠭᠴᠢ ᠶ᠋ᠢ ᠢᠯᠡᠴᠢᠯᠡᠨ ᠮᠡᠳᠡᠭᠦᠯᠦᠭᠰᠡᠨ 75 ᠵᠤᠷᠪᠤᠰ ᠪᠠᠢᠵᠤ ᠂ 1122 ᠵᠦᠢᠯ ᠦᠨ ᠭᠦᠢᠴᠡᠳᠬᠡᠭᠳᠡᠭᠴᠢ ᠶᠢᠨ ᠰᠦᠪᠡᠭᠴᠢ ᠶᠢ ᠬᠠᠩᠭᠠᠵᠤ ᠂ ᠰᠦᠪᠡᠭᠴᠢ ᠶᠢ ᠦᠨᠳᠦᠰᠦᠯᠡᠨ 317 ᠬᠥᠮᠦᠨ ᠢ ᠲᠦᠷ ᠬᠣᠷᠢᠵᠤ ᠂ 519 ᠬᠥᠮᠦᠨ ᠢ᠋ ᠠᠯᠪᠠᠲᠠᠨ ᠳᠠᠭᠤᠳᠠᠵᠤ ᠂ ᠬᠡᠷᠡᠭ ᠢ᠋ ᠪᠠᠢᠴᠠᠭᠠᠨ ᠯᠠᠪᠯᠠᠭᠰᠠᠨ ᠨᠢ 3674 ᠤᠳᠠᠭ᠎ᠠ ᠶᠠᠪᠤᠭᠳᠠᠵᠤ ᠴᠥᠮ ᠬᠠᠷᠢᠭᠤ ᠦᠭᠴᠤ ᠂ ᠣᠯᠤᠭᠰᠠᠨ ᠰᠦᠪᠡᠭᠴᠢ ᠶ᠋ᠢ ᠦᠨᠳᠦᠰᠦᠯᠡᠨ 591 ᠤᠳᠠᠭ᠎ᠠ ᠴᠠᠭᠳᠠᠭ᠎ᠠ ᠭᠠᠷᠭᠠᠪᠠ ᠂ ᠪᠤᠰᠤᠳ ᠰᠢᠭᠦᠬᠦ ᠬᠣᠷᠢᠶ᠎ᠠ ᠲᠠᠢ 12 ᠤᠳᠠᠭ᠎ᠠ ᠬᠠᠮᠵᠢᠯᠴᠠᠨ ᠂ 240 ᠬᠤᠪᠢ ᠬᠡᠷᠡᠭ ᠢ᠋ ᠰᠢᠭᠦᠨ ᠳᠠᠭᠤᠰᠬᠠᠵᠤ ᠂ ᠪᠣᠳᠠᠲᠠᠢ ᠭᠦᠢᠴᠡᠳᠬᠡᠭᠰᠡᠨ ᠵᠣᠭᠣᠰ ᠤ᠋ᠨ ᠲᠣᠭ᠎ᠠ ᠨᠢ 4678.38 ᠲᠦᠮᠡᠨ ᠲᠥᠭᠥᠷᠢᠭ ᠬᠦᠷᠪᠡ ᠃
ᠳᠠᠷᠠᠭᠠᠴᠢ ᠪᠠᠷ ᠂ ᠣᠷᠳᠣᠰ ᠬᠣᠲᠠ ᠶ᠋ᠢᠨ ᠰᠢᠭᠦᠬᠦ ᠬᠣᠷᠢᠶ᠎ᠠ 《 110 ᠬᠡᠷᠡᠭᠵᠢᠭᠦᠯᠬᠦ 》 ᠲᠣᠭᠲᠠᠴᠠ ᠶ᠋ᠢ ᠲᠡᠭᠦᠯᠳᠡᠷᠵᠢᠭᠦᠯᠬᠦ ᠶ᠋ᠢ ᠤᠯᠠᠮ ᠰᠦᠪᠡᠭᠴᠢᠯᠡᠵᠦ ᠂ ᠭᠦᠢᠴᠡᠳᠬᠡᠬᠦ ᠰᠦᠷ ᠬᠦᠴᠦᠨ ᠢ᠋ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠣᠯᠵᠤ ᠦᠵᠡᠬᠦ ᠦᠷ᠎ᠡ ᠪᠦᠲᠦᠮᠵᠢ ᠪᠡᠷ ᠭᠦᠢᠴᠡᠳᠬᠡᠬᠦ ᠬᠤᠷᠳᠤᠴᠠ ᠪᠠᠨ ᠲᠦᠷᠭᠡᠳᠬᠡᠨ ᠂ ᠬᠦᠴᠦᠨ ᠲᠠᠢ ᠪᠣᠯᠤᠭᠰᠠᠨ ᠰᠢᠭᠦᠨ ᠲᠠᠰᠤᠯᠤᠯᠲᠠ ᠶ᠋ᠢᠨ ᠪᠢᠴᠢᠭ ᠤ᠋ᠨ ᠡᠷᠬᠡ ᠰᠦᠷ ᠢ᠋ ᠬᠠᠮᠠᠭᠠᠯᠠᠵᠤ ᠂ ᠵᠠᠷᠭᠤ ᠢᠯᠠᠬᠤ ᠭᠤᠶᠤᠴᠢᠯᠠᠭᠴᠢ ᠶ᠋ᠢᠨ ᠬᠠᠤᠯᠢ ᠶᠣᠰᠣᠨ ᠤ᠋ ᠡᠷᠬᠡ ᠠᠰᠢᠭ ᠢ᠋ ᠬᠠᠮᠠᠭᠠᠯᠠᠨ᠎ᠠ ᠃
ᠦᠨᠡᠯᠡᠬᠦ 0ᠦᠨᠡᠯᠡᠯᠲᠡ᠎ᠲᠠᠢ