2023 ᠣᠨ ᠤ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠣᠯᠤᠯᠲᠠ ᠲᠥᠷᠦᠭᠳᠡᠯ ᠪᠣᠯᠬᠤ ᠨᠠᠮ ᠤ᠋ᠨ ᠡᠭᠦᠷ ᠦ᠋ᠨ ᠱᠦᠵᠢ ᠶ᠋ᠢᠨ ᠶᠠᠷᠢᠶ᠎ᠠ
ᠦᠵᠡᠯ ᠰᠠᠨᠠᠭ᠎ᠠ ᠰᠤᠷᠤᠯᠴᠠᠨ᠂ ᠤᠬᠠᠮᠰᠠᠷ ᠢᠶᠡᠨ ᠶᠠᠷᠢᠯᠴᠠᠨ᠂ ᠬᠦᠴᠦᠨ ᠴᠢᠳᠠᠯ ᠢᠶᠡᠨ ᠨᠢᠭᠲᠠᠷᠠᠭᠤᠯᠬᠤ
ᠰᠤᠷᠤᠯᠴᠠᠯᠭ᠎ᠠ ᠪᠠᠷ ᠰᠦᠭ ᠰᠦᠨᠡᠰᠦ ᠪᠡᠨ ᠴᠤᠭᠴᠠᠯᠠᠵᠦ᠂ ᠰᠤᠷᠤᠯᠴᠠᠯᠭ᠎ᠠ ᠪᠠᠷ ᠣᠶᠤᠨ ᠤᠬᠠᠭᠠᠨ ᠢ᠋ ᠨᠡᠮᠡᠭᠳᠡᠭᠦᠯᠬᠦ ᠂ ᠰᠤᠷᠤᠯᠴᠠᠯᠭ᠎ᠠ ᠪᠡᠷ ᠰᠤᠷᠲᠠᠯ ᠴᠡᠭᠴᠡᠯᠡᠵᠦ ᠂ ᠰᠤᠷᠤᠯᠴᠠᠯᠭ᠎ᠠ ᠪᠠᠷ ᠠᠵᠢᠯ ᠢᠶᠡᠨ ᠠᠬᠢᠭᠤᠯᠤᠨ᠎ᠠ ᠃ ᠬᠣᠶᠠᠳᠤᠭᠠᠷ ᠪᠥᠯᠦᠭ ᠤᠨ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠶ᠋ᠢ ᠥᠷᠨᠢᠭᠦᠯᠦᠭᠰᠡᠨ ᠡᠴᠡ ᠨᠡᠰᠢ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《 ᠦᠵᠡᠯ ᠰᠠᠨᠠᠭ᠎ᠠ ᠶ᠋ᠢ ᠰᠤᠷᠤᠯᠴᠠᠬᠤ ᠂ ᠨᠠᠮᠴᠢ ᠴᠢᠨᠠᠷ ᠢ᠋ ᠴᠢᠩᠭᠠᠳᠬᠠᠬᠤ ᠂ ᠦᠢᠯᠡᠳᠦᠯᠭᠡ ᠶ᠋ᠢ ᠴᠢᠬᠤᠯᠠᠴᠢᠯᠠᠬᠤ ᠂ ᠰᠢᠨ᠎ᠡ ᠭᠠᠪᠢᠶ᠎ᠠ ᠪᠠᠢᠭᠤᠯᠬᠤ 》 ᠶᠡᠷᠦᠩᠬᠡᠢ ᠱᠠᠭᠠᠷᠳᠠᠯᠭ᠎ᠠ ᠶ᠋ᠢᠨ ᠲᠣᠭᠣᠷᠢᠨ ᠳ᠋ᠤ᠌ ᠺᠠᠲᠷ ᠴᠠᠭᠳᠠᠭ᠎ᠠ ᠶ᠋ᠢ ᠤᠯᠠᠮ ᠨᠢᠭᠡ ᠠᠯᠬᠤᠮ ᠬᠥᠲᠥᠯᠦᠨ ᠵᠢᠯᠣᠭᠣᠳᠴᠤ ᠂ 《 ᠦᠵᠡᠯ ᠰᠠᠨᠠᠭ᠎ᠠ ᠰᠤᠷᠤᠯᠴᠠᠵᠦ ᠬᠡᠷᠡᠭᠯᠡᠬᠦ ᠶᠢ ᠨᠡᠪᠲᠡᠷᠡᠭᠦᠯᠵᠦ ᠂ ᠮᠡᠳᠡᠭᠡ ᠵᠠᠩᠭᠢ ᠦᠢᠯᠡ ᠠᠵᠢᠯᠯᠠᠭ᠎ᠠ ᠪᠡᠨ ᠨᠢᠭᠡᠳᠬᠡᠬᠦ 》 ᠳᠤᠮᠳᠠ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠬᠤ ᠰᠢᠨᠵᠢᠯᠡᠬᠦ ᠤᠬᠠᠭᠠᠨᠴᠢ ᠰᠢᠰᠲ᠋ᠧᠮ ᠂ ᠭᠣᠣᠯᠯᠠᠬᠤ ᠱᠠᠭᠠᠷᠳᠠᠯᠭ᠎ᠠ ᠂ ᠦᠢᠯᠡᠳᠦᠯᠭᠡ ᠶ᠋ᠢᠨ ᠱᠠᠭᠠᠷᠳᠠᠯᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠠᠢ ᠂ ᠣᠨᠴᠠᠭᠠᠢᠯᠠᠨ〔 ᠦᠵᠡᠯ ᠰᠠᠨᠠᠭ᠎ᠠ ᠰᠤᠷᠤᠯᠴᠠᠨ᠂ ᠤᠬᠠᠮᠰᠠᠷ ᠢᠶᠡᠨ ᠶᠠᠷᠢᠯᠴᠠᠨ᠂ ᠬᠦᠴᠦᠨ ᠴᠢᠳᠠᠯ ᠢᠶᠡᠨ ᠨᠢᠭᠲᠠᠷᠠᠭᠤᠯᠬᠤ 〕 ᠲᠤᠰᠬᠠᠢ ᠪᠤᠯᠤᠩ ᠭᠠᠷᠭᠠᠵᠤ ᠂ ᠺᠠᠲᠷ ᠴᠠᠭᠳᠠᠭ᠎ᠠ ᠶ᠋ᠢᠨ ᠰᠤᠷᠴᠦ ᠰᠡᠳᠭᠢᠭᠰᠡᠨ ᠪᠦᠬᠦᠨ ᠂ ᠣᠯᠤᠯᠲᠠ ᠲᠥᠷᠦᠭᠳᠡᠯ ᠪᠦᠬᠦᠨ ᠢ᠋ ᠨᠡᠢᠲᠡᠯᠡᠵᠦ ᠂ ᠭᠣᠣᠯ ᠰᠡᠳᠦᠪᠲᠦ ᠬᠥᠮᠦᠵᠢᠯ ᠦ᠋ᠨ ᠳᠤᠮᠳᠠ ᠦᠵᠡᠯ ᠰᠠᠨᠠᠭᠠᠨ ᠤ᠋ ᠠᠭᠤᠤ ᠬᠦᠴᠦᠨ ᠢ᠋ ᠤᠬᠠᠵᠤ ᠂ ᠤᠷᠤᠭᠰᠢᠯᠠᠨ ᠲᠠᠪᠰᠢᠬᠤ ᠬᠦᠴᠦᠨ ᠢ᠋ ᠨᠢᠭᠲᠠᠷᠠᠭᠤᠯᠬᠤ ᠶ᠋ᠢ ᠳᠦᠯᠬᠢᠨ ᠠᠬᠢᠭᠤᠯᠪᠠ ᠃
ᠨᠢᠭᠡᠳᠦᠭᠡᠷ ᠨᠠᠮ ᠤ᠋ᠨ ᠡᠭᠦᠷ ᠦ᠋ᠨ ᠱᠦᠵᠢ ᠾᠧ ᠶᠠᠨ ᠴᠦᠨ
ᠣᠢᠷ᠎ᠠ ᠶ᠋ᠢᠨ ᠵᠢᠯ ᠡᠴᠡ ᠨᠡᠰᠢ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠬᠤ ᠶ᠋ᠢ ᠪᠠᠷᠢᠮᠲᠠᠯᠠᠵᠤ ᠂ ᠰᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢ ᠭᠦᠨᠵᠡᠭᠡᠢ ᠲᠤᠤᠱᠯᠠᠭᠤᠯᠵᠤ ᠂ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ《 ᠭᠤᠷᠪᠠᠨ ᠳᠥᠷᠪᠡ》 ᠦ᠌ ᠠᠵᠢᠯ ᠤ᠋ᠨ ᠡᠭᠦᠷᠭᠡ ᠪᠡᠷ ᠭᠠᠷᠳᠠᠴᠠ ᠪᠣᠯᠭᠠᠨ ᠬᠣᠶᠠᠷ ᠶᠡᠬᠡ ᠶᠠᠪᠤᠳᠠᠯ ᠢ᠋ ᠰᠠᠢᠲᠤᠷ ᠬᠢᠵᠦ ᠂ ᠣᠷᠳᠣᠰ ᠬᠣᠲᠠ ᠶ᠋ᠢᠨ ᠠᠵᠤ ᠠᠬᠤᠢ ᠨᠡᠢᠭᠡᠮ ᠦ᠋ᠨ ᠬᠥᠭᠵᠢᠯᠲᠡ ᠳ᠋ᠦ᠍ ᠰᠢᠭᠦᠬᠦ ᠬᠣᠷᠢᠶᠠᠨ ᠤ᠋ ᠬᠦᠴᠦᠨ ᠴᠢᠳᠠᠯ ᠢ᠋ᠶ᠋ᠠᠨ ᠡᠷᠭᠦᠪᠡ ᠃ ᠪᠢᠳᠡ ᠭᠣᠣᠯ ᠰᠡᠳᠦᠪᠲᠦ ᠬᠥᠮᠦᠵᠢᠯ ᠪᠠ ᠬᠠᠤᠯᠢ ᠴᠠᠭᠠᠵᠠ ᠶ᠋ᠢᠨ ᠰᠢᠭᠦᠨ ᠲᠠᠰᠤᠯᠬᠤ ᠠᠵᠢᠯ ᠲᠠᠢ ᠨᠢᠭᠲᠠ ᠤᠶᠠᠯᠳᠤᠭᠤᠯᠤᠨ ᠂ ᠴᠢᠳᠠᠮᠠᠭᠠᠢ ᠪᠠᠷ ᠥᠨᠳᠦᠷ ᠲᠡᠰᠢ ᠪᠠᠷᠠᠯᠠᠨ ᠂ ᠰᠢᠭᠦᠬᠦ ᠬᠣᠷᠢᠶᠠᠨ ᠤ᠋ ᠠᠵᠢᠯ ᠢ᠋ ᠤᠯᠤᠰ ᠤ᠋ᠨ ᠬᠥᠭᠵᠢᠯᠲᠡ ᠶ᠋ᠢᠨ ᠶᠡᠬᠡ ᠠᠬᠤᠢ ᠪᠠᠢᠳᠠᠯ ᠂ ᠶᠡᠬᠡ ᠲᠣᠭᠲᠠᠮᠵᠢ ᠂ ᠶᠡᠬᠡ ᠪᠠᠢᠯᠳᠤᠬᠤ ᠪᠣᠳᠣᠯᠭ᠎ᠠ ᠶ᠋ᠢᠨ ᠳᠤᠮᠳᠠ ᠲᠠᠯᠪᠢᠵᠤ ᠂ ᠴᠢᠳᠠᠮᠠᠭᠠᠢ ᠪᠠᠷ ᠬᠠᠤᠯᠢ ᠪᠠᠷᠢᠵᠤ ᠂ ᠰᠢᠨ᠎ᠡ ᠶ᠋ᠢ ᠡᠭᠦᠳᠦᠨ ᠂ ᠪᠦᠲᠦᠮᠵᠢᠲᠡᠢ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠪᠠᠲᠤᠯᠠᠭ᠎ᠠ ᠶ᠋ᠢᠨ ᠠᠷᠭ᠎ᠠ ᠬᠡᠮᠵᠢᠶ᠎ᠡ ᠶ᠋ᠢ ᠪᠠᠷᠢᠮᠲᠠᠯᠠᠬᠤ ᠬᠡᠷᠡᠭᠲᠡᠢ ; ᠴᠢᠳᠠᠮᠠᠭᠠᠢ ᠪᠠᠷ ᠲᠤᠷᠤᠭᠰᠢ ᠪᠠᠷᠠᠯᠠᠨ ᠂ ᠣᠯᠠᠨ ᠲᠦᠮᠡᠨ ᠦ᠌ ᠰᠢᠨ᠎ᠡ ᠱᠠᠭᠠᠷᠳᠠᠯᠭ᠎ᠠ ᠶ᠋ᠢ ᠬᠦᠨᠳᠦᠳᠭᠡᠨ ᠰᠣᠨᠣᠰᠴᠤ ᠂ ᠬᠡᠷᠡᠭ ᠰᠢᠢᠳᠪᠦᠷᠢᠯᠡᠬᠦ ᠴᠢᠨᠠᠷ ᠪᠣᠯᠤᠨ ᠦᠷ᠎ᠡ ᠪᠦᠲᠦᠮᠵᠢ ᠶ᠋ᠢ ᠴᠢᠷᠮᠠᠢᠨ ᠳᠡᠭᠡᠭᠰᠢᠯᠡᠭᠦᠯᠬᠦ ᠬᠡᠷᠡᠭᠲᠡᠢ᠃ ᠴᠢᠳᠠᠮᠠᠭᠠᠢ ᠪᠠᠷ ᠭᠠᠳᠠᠭᠰᠢ ᠪᠠᠷᠠᠯᠠᠨ᠂ ᠳᠠᠯᠠᠢ ᠳᠠᠭᠠᠤ ᠣᠷᠣᠨ ᠤ᠋ ᠰᠢᠭᠦᠬᠦ ᠬᠣᠷᠢᠶ᠎ᠠ ᠪᠠ ᠪᠤᠰᠤᠳ ᠮᠣᠵᠢ ᠬᠣᠲᠠ ᠶ᠋ᠢᠨ ᠲᠡᠷᠢᠭᠦᠨ ᠦ᠌ ᠰᠢᠭᠦᠬᠦ ᠬᠣᠷᠢᠶᠠᠨ ᠳ᠋ᠤ᠌ ᠨᠡᠭᠡᠭᠡᠯᠲᠡ ᠲᠡᠢ ᠪᠥᠭᠡᠳ ᠪᠠᠭᠲᠠᠭᠠᠮᠵᠢᠲᠠᠢ ᠣᠪᠣᠷ ᠪᠠᠢᠳᠠᠯ ᠢ᠋ᠶ᠋ᠠᠷ ᠰᠤᠷᠤᠯᠴᠠᠵᠤ ᠂ ᠰᠢᠭᠦᠨ ᠲᠠᠰᠤᠯᠤᠯᠲᠠ ᠶ᠋ᠢᠨ ᠴᠢᠨᠠᠷ ᠴᠢᠨᠰᠠᠭ᠎ᠠ ᠪᠡᠨ ᠳᠡᠭᠡᠭᠰᠢᠯᠡᠭᠦᠯᠬᠦ ᠴᠢᠳᠠᠪᠤᠷᠢ ᠪᠠᠨ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠢ ᠃ ᠪᠢᠳᠡ ᠡᠨᠡ ᠤᠳᠠᠭᠠᠨ ᠤ᠋ ᠭᠣᠣᠯ ᠰᠡᠳᠦᠪᠲᠦ ᠬᠥᠮᠦᠵᠢᠯ ᠦ᠋ᠨ ᠦᠨᠳᠦᠰᠦᠨ ᠡᠭᠦᠷᠭᠡ ᠶ᠋ᠢ ᠪᠠᠲᠤ ᠡᠵᠡᠮᠰᠢᠵᠦ ᠂ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠭᠤᠢᠪᠢᠰᠢ ᠦᠭᠡᠢ ᠬᠦᠰᠡᠯᠡᠩ ᠪᠣᠯᠭᠠᠨ ᠬᠤᠪᠢᠷᠠᠭᠤᠯᠵᠤ ᠂ ᠨᠠᠮᠴᠢ ᠴᠢᠨᠠᠷ ᠢ᠋ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠶ᠋ᠢ ᠵᠢᠯᠣᠭᠣᠳᠤᠨ᠂ ᠠᠵᠢᠯ ᠢ᠋ ᠠᠬᠢᠭᠤᠯᠬᠤ ᠬᠦᠴᠦᠷᠬᠡᠭ ᠶᠡᠬᠡ ᠬᠦᠴᠦᠨ ᠪᠣᠯᠭᠠᠵᠤ ᠂ ᠠᠷᠠᠳ ᠤ᠋ᠨ ᠰᠢᠭᠦᠬᠦ ᠬᠣᠷᠢᠶᠠᠨ ᠤ᠋ ᠡᠯ᠎ᠡ ᠵᠦᠢᠯ ᠦ᠋ᠨ ᠠᠵᠢᠯ ᠢ᠋ ᠰᠢᠨ᠎ᠡ ᠳᠡᠭᠲᠡᠷ ᠲᠦ᠍ ᠭᠠᠷᠭᠠᠬᠤ ᠶ᠋ᠢ ᠠᠬᠢᠭᠤᠯᠵᠤ ᠳᠠᠬᠢᠨ ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠵᠠᠢ ᠃
ᠭᠤᠷᠪᠠᠳᠤᠭᠠᠷ ᠨᠠᠮ ᠤ᠋ᠨ ᠡᠭᠦᠷ ᠦ᠋ᠨ ᠱᠦᠵᠢ ᠴᠧᠨ ᠬᠤᠸᠠ
ᠣᠳᠣᠬᠠᠨ ᠳ᠋ᠤ᠌ ᠂ ᠬᠣᠶᠠᠳᠤᠭᠠᠷ ᠪᠥᠯᠦᠭ ᠤᠨ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠥᠬᠥᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠬᠥᠮᠦᠵᠢᠯ ᠶᠠᠭ ᠭᠦᠨᠵᠡᠭᠡᠢ ᠠᠬᠢᠭᠤᠯᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠺᠠᠲᠷ ᠪᠣᠯᠤᠭᠰᠠᠨ ᠤ᠋ ᠬᠤᠪᠢ ᠳ᠋ᠤ᠌ ᠂ ᠶᠠᠭ ᠥᠷᠨᠢᠭᠦᠯᠵᠦ ᠪᠠᠢᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠰᠢᠰᠲ᠋ᠧᠮ ᠦ᠋ᠨ ᠰᠤᠷᠭᠠᠨ ᠬᠥᠮᠦᠵᠢᠯ ᠦ᠋ᠨ ᠴᠡᠭᠴᠡᠯᠡᠯᠲᠡ ᠲᠡᠢ ᠤᠶᠠᠯᠳᠤᠭᠤᠯᠤᠨ ᠂ ᠶᠡᠷᠦᠩᠬᠡᠢ ᠱᠦᠵᠢ ᠰᠢ ᠵᠢᠨ ᠫᠢᠩ ᠦ᠋ᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠣᠯᠠᠪᠤᠷᠢ ᠶ᠋ᠢᠨ ᠵᠣᠷᠢᠭ ᠰᠠᠨᠠᠭ᠎ᠠ ᠶ᠋ᠢ ᠬᠢᠨᠠᠮᠠᠭᠠᠢ ᠰᠤᠷᠤᠯᠴᠠᠨ ᠲᠤᠤᠱᠯᠠᠭᠤᠯᠵᠤ ᠂ ᠰᠡᠳᠭᠢᠯ ᠳ᠋ᠡᠭᠡᠨ ᠰᠢᠩᠭᠡᠭᠡᠵᠦ ᠂ ᠠᠵᠢᠯᠯᠠᠭ᠎ᠠ ᠲᠠᠢ ᠪᠡᠨ ᠤᠶᠠᠯᠳᠤᠭᠤᠯᠤᠨ᠂ ᠢᠲᠡᠭᠡᠯ ᠪᠢᠰᠢᠷᠡᠯ ᠢ᠋ᠶ᠋ᠡᠨ ᠨᠡᠩ ᠪᠠᠲᠤ ᠴᠢᠩᠭ᠎ᠠ ᠪᠣᠯᠭᠠᠵᠤ ᠂ ᠨᠡᠩ ᠭᠦᠨ ᠵᠤᠵᠠᠭᠠᠨ ᠠᠷᠠᠳ ᠲᠦᠮᠡᠨ ᠦ᠌ ᠬᠠᠢᠷ᠎ᠠ ᠰᠡᠳᠬᠢᠯᠭᠡ ᠂ ᠨᠡᠩ ᠴᠢᠩᠭ᠎ᠠ ᠬᠠᠷᠢᠭᠤᠴᠠᠯᠭ᠎ᠠ ᠡᠭᠦᠷᠭᠡᠯᠡᠬᠦ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶ᠋ᠢ ᠰᠤᠷᠤᠯᠴᠠᠵᠤ ᠂ 《 ᠬᠣᠶᠠᠷ ᠢ᠋ ᠲᠣᠭᠲᠠᠭᠠᠬᠤ 》 ᠶ᠋ᠢ ᠡᠷᠡᠰ ᠴᠢᠩᠭ᠎ᠠ ᠪᠠᠷ ᠬᠦᠷᠢᠶᠡᠯᠡᠵᠦ ᠪᠠᠢᠭᠰᠠᠨ ᠡᠴᠡ 《 ᠬᠣᠶᠠᠷ ᠢ᠋ ᠬᠠᠮᠠᠭᠠᠯᠠᠬᠤ 》 ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠶᠢ ᠪᠣᠳᠠᠲᠠᠢᠵᠢᠭᠤᠯᠵᠠᠢ ᠃ ᠵᠢᠳᠠᠨ ᠦᠵᠦᠭᠦᠷ ᠢᠶᠡᠨ ᠥᠪᠡᠷ ᠤᠨ ᠪᠡᠶ᠎ᠡ ᠵᠦᠭ ᠢᠶᠡᠨ ᠬᠠᠨᠳᠤᠭᠤᠯᠵᠤ᠂ ᠬᠠᠷᠢᠴᠠᠭᠤᠯᠤᠨ ᠦᠵᠡᠵᠦ ᠪᠠᠢᠴᠠᠭᠠᠨ ᠦᠵᠡᠬᠦ ᠶ᠋ᠢ ᠯᠠᠪᠳᠠᠭᠤᠨ ᠪᠠᠲᠤᠲᠠᠢ ᠥᠷᠨᠢᠭᠦᠯᠵᠦ ᠂ ᠦᠨᠡᠨ ᠪᠠᠢᠴᠠᠭᠠᠵᠤ ᠦᠨᠡᠨ ᠪᠠᠢᠷᠢᠰᠢᠭᠤᠯᠬᠤ᠂ ᠦᠨᠡᠨ ᠬᠤᠪᠢᠷᠠᠭᠤᠯᠵᠤ ᠦᠨᠡᠨ ᠵᠠᠰᠠᠬᠤ᠂ ᠰᠢᠨ᠎ᠡ ᠴᠠᠭ ᠦᠶ᠎ᠡ ᠶ᠋ᠢᠨ ᠰᠢᠨ᠎ᠡ ᠠᠶᠠᠨ ᠵᠠᠮ ᠳ᠋ᠤ᠌ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ ᠤ᠋ᠨ ᠪᠠᠢᠭᠤᠯᠤᠮᠵᠢ ᠶ᠋ᠢ ᠲᠣᠮᠢᠯᠠᠨ ᠰᠠᠭᠤᠯᠭᠠᠬᠤ ᠡᠭᠦᠷᠭᠡ ᠬᠠᠷᠢᠭᠤᠴᠠᠯᠭ᠎ᠠ ᠶ᠋ᠢᠨ ᠡᠭᠦᠷᠭᠡ ᠶ᠋ᠢ ᠭᠦᠨᠵᠡᠭᠡᠢ ᠲᠠᠨᠢᠵᠤ ᠂ ᠲᠣᠮᠢᠯᠠᠨ ᠰᠠᠭᠤᠭ᠎ᠠ ᠬᠢᠨᠠᠯᠲᠠ ᠲᠠᠯᠪᠢᠬᠤ 《 ᠬᠣᠰᠢᠭᠤᠴᠢ 》 ᠦᠢᠯᠡᠳᠦᠯ ᠢ᠋ᠶ᠋ᠡᠨ ᠭᠦᠢᠴᠡᠳ ᠪᠠᠳᠠᠷᠠᠭᠤᠯᠵᠤ ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳ᠋ᠠᠭᠠᠨ ᠰᠠᠭᠤᠷᠢᠯᠠᠨ ᠂ ᠤᠯᠤᠰ ᠲᠥᠷᠥ ᠶ᠋ᠢᠨ ᠬᠢᠨᠠᠯᠲᠠ ᠲᠠᠯᠪᠢᠬᠤ ᠶ᠋ᠢ ᠴᠢᠩᠭᠠᠳᠬᠠᠵᠤ ᠂ ᠡᠳᠦᠷ ᠳᠣᠳᠣᠮ ᠤ᠋ᠨ ᠬᠢᠨᠠᠯᠲᠠ ᠲᠠᠯᠪᠢᠬᠤ ᠶ᠋ᠢ ᠪᠣᠳᠠᠲᠠᠢᠵᠢᠭᠤᠯᠵᠤ ᠂ ᠲᠤᠰᠬᠠᠢ ᠬᠢᠨᠠᠯᠲᠠ ᠲᠠᠯᠪᠢᠬᠤ ᠶ᠋ᠢ ᠥᠷᠨᠢᠭᠦᠯᠦᠨ ᠂ ᠨᠠᠮ ᠤ᠋ᠨ ᠲᠥᠪ ᠬᠣᠷᠢᠶ᠎ᠠ ᠶ᠋ᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠬᠠᠮᠢᠭ᠎ᠠ ᠬᠦᠷᠲᠡᠯ᠎ᠡ ᠪᠠᠢᠷᠢᠯᠠᠭᠤᠯᠬᠤ ᠂ ᠬᠢᠨᠠᠯᠲᠠ ᠲᠠᠯᠪᠢᠨ ᠪᠠᠢᠴᠠᠭᠠᠬᠤ ᠶ᠋ᠢ ᠬᠠᠮᠢᠭ᠎ᠠ ᠬᠦᠷᠲᠡᠯ᠎ᠡ ᠳᠠᠭᠠᠬᠤ ᠂ ᠣᠨᠣᠪᠴᠢᠲᠠᠢ ᠪᠦᠲᠦᠮᠵᠢᠲᠡᠢ ᠬᠢᠨᠠᠯᠲᠠ ᠲᠠᠯᠪᠢᠬᠤ ᠵᠠᠰᠠᠭ ᠤ᠋ᠨ ᠵᠠᠷᠯᠢᠭ ᠤ᠋ᠨ ᠰᠠᠭᠠᠳ ᠦᠭᠡᠢ ᠶᠠᠪᠤᠭᠳᠠᠬᠤ ᠶ᠋ᠢ ᠪᠠᠲᠤᠯᠠᠵᠤ ᠂ ᠪᠠᠢᠩᠭᠤ ᠶ᠋ᠢᠨ ᠴᠢᠨᠠᠷᠲᠠᠢ ᠬᠢᠨᠠᠯᠲᠠ ᠲᠠᠯᠪᠢᠨ ᠰᠢᠭᠦᠬᠦ ᠬᠣᠷᠢᠶ᠎ᠠ ᠶ᠋ᠢᠨ ᠡᠩᠨᠡᠭᠡᠨ ᠦ᠌ ᠪᠠᠢᠭᠤᠯᠤᠯᠲᠠ ᠶ᠋ᠢ ᠦᠨᠡᠨᠬᠦ ᠴᠢᠩᠭᠠᠳᠬᠠᠵᠤ ᠂ ᠬᠠᠤᠯᠢ ᠴᠠᠭᠠᠵᠠ ᠶ᠋ᠢᠨ ᠳᠦᠷᠢᠮᠵᠢᠯᠲᠡ ᠶ᠋ᠢᠨ ᠪᠠᠢᠭᠤᠯᠤᠯᠲᠠ ᠶ᠋ᠢ ᠠᠬᠢᠭᠤᠯᠵᠤ ᠂ ᠰᠢᠭᠦᠬᠦ ᠬᠣᠷᠢᠶ᠎ᠠ ᠶ᠋ᠢᠨ ᠡᠯ᠎ᠡ ᠵᠦᠢᠯ ᠦ᠋ᠨ ᠬᠠᠤᠯᠢ ᠴᠠᠭᠠᠵᠠ ᠶ᠋ᠢᠨ ᠳᠦᠷᠢᠮ ᠂ ᠰᠠᠬᠢᠯᠭ᠎ᠠ ᠪᠠᠲᠤ ᠲᠣᠭᠲᠠᠭᠠᠯ ᠤ᠋ᠨ ᠲᠠᠰᠤᠷᠠᠯᠲᠠ ᠦᠭᠡᠢ ᠴᠢᠩᠭ᠎ᠠ ᠬᠡᠷᠡᠭᠵᠢᠭᠦᠯᠬᠦ ᠶ᠋ᠢ ᠪᠠᠲᠤᠯᠠᠵᠤ ᠂ ᠡᠯ᠎ᠡ ᠵᠦᠢᠯ ᠦ᠋ᠨ ᠭᠣᠣᠯᠳᠠᠯᠭ᠎ᠠ ᠲᠠᠢ ᠬᠠᠷᠠᠯᠲᠠ ᠡᠭᠦᠷᠭᠡ ᠪᠡᠨ ᠨᠠᠢᠳᠠᠪᠤᠷᠢᠵᠢᠭᠤᠯᠬᠤ ᠶ᠋ᠢ ᠦᠨᠡᠨᠬᠦ ᠪᠡᠶᠡᠯᠡᠭᠦᠯᠵᠦ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠰᠢᠰᠲ᠋ᠧᠮ ᠦ᠋ᠨ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠪᠠ ᠢᠯᠵᠢᠷᠡᠯ ᠢ᠋ ᠡᠰᠡᠷᠭᠦᠴᠡᠬᠦ ᠠᠵᠢᠯ ᠤ᠋ᠨ ᠰᠢᠨ᠎ᠡ ᠠᠬᠢᠴᠠ ᠲᠠᠢ ᠪᠣᠯᠬᠤ ᠶ᠋ᠢ ᠦᠨᠡᠨᠬᠦ ᠠᠬᠢᠭᠤᠯᠪᠠ ᠃
ᠲᠠᠪᠤᠳᠤᠭᠠᠷ ᠨᠠᠮ ᠤ᠋ᠨ ᠡᠭᠦᠷ ᠦ᠋ᠨ ᠱᠦᠵᠢ ᠯᠢ ᠯᠢ
ᠭᠣᠣᠯ ᠰᠡᠳᠦᠪᠲᠦ ᠬᠥᠮᠦᠵᠢᠯ ᠢ᠋ ᠥᠷᠨᠢᠭᠦᠯᠬᠦ ᠪᠣᠯ ᠪᠦᠬᠦ ᠨᠠᠮ ᠤ᠋ᠨ ᠳᠡᠭᠡᠳᠦ ᠳᠣᠣᠷᠠᠲᠤ ᠱᠠᠲᠤᠨ ᠤ᠋ ᠬᠢᠨ ᠦ᠌ ᠦᠵᠡᠯ ᠰᠠᠨᠠᠭ᠎ᠠ ᠪᠠᠨ ᠨᠢᠭᠡᠳᠬᠡᠬᠦ ᠂ ᠵᠣᠷᠢᠭ ᠰᠠᠨᠠᠭ᠎ᠠ ᠪᠠᠨ ᠨᠢᠭᠡᠳᠬᠡᠬᠦ ᠂ ᠠᠵᠢᠯᠯᠠᠭ᠎ᠠ ᠪᠠᠨ ᠨᠢᠭᠡᠳᠬᠡᠬᠦ ᠶ᠋ᠢ ᠠᠬᠢᠭᠤᠯᠬᠤ ᠴᠢᠬᠤᠯᠠ ᠶᠡᠬᠡ ᠠᠷᠭ᠎ᠠ ᠬᠡᠮᠵᠢᠶ᠎ᠡ ᠮᠥᠨ ᠂ ᠡᠭᠦᠷ ᠦ᠋ᠨ ᠱᠦᠵᠢ ᠪᠠ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠪᠣᠯᠤᠭᠰᠠᠨ ᠤ᠋ ᠬᠤᠪᠢ ᠳ᠋ᠤ᠌ ᠂ ᠪᠢ ᠭᠣᠣᠯ ᠰᠡᠳᠦᠪᠲᠦ ᠬᠥᠮᠦᠵᠢᠯ ᠢ᠋ ᠥᠷᠨᠢᠭᠦᠯᠬᠦ ᠶ᠋ᠢᠨ ᠴᠢᠬᠤᠯᠠ ᠶᠡᠬᠡ ᠠᠴᠢ ᠬᠣᠯᠪᠣᠭᠳᠠᠯ ᠢ᠋ ᠭᠦᠢᠴᠡᠳ ᠲᠠᠨᠢᠵᠤ ᠂ 《 ᠰᠢᠷᠭᠠᠭᠤ ᠰᠤᠷᠤᠯᠴᠠᠬᠤ ᠂ ᠵᠣᠷᠢᠭᠲᠠᠢ ᠪᠣᠳᠣᠬᠤ ᠂ ᠴᠢᠳᠠᠮᠠᠭᠠᠢ ᠰᠡᠳᠬᠢᠬᠦ ᠂ ᠵᠣᠷᠢᠭᠲᠠᠢ ᠠᠵᠢᠯᠯᠠᠬᠤ 》 ᠵᠣᠷᠢᠭ ᠰᠠᠨᠠᠭ᠎ᠠ ᠶ᠋ᠢ ᠡᠪᠦᠷᠯᠡᠨ ᠂ 《 ᠭᠤᠷᠪᠠ ᠶ᠋ᠢ ᠪᠠᠷᠢᠮᠲᠠᠯᠠᠬᠤ 》 ᠶ᠋ᠢ ᠴᠢᠷᠮᠠᠢᠨ ᠪᠡᠶᠡᠯᠡᠭᠦᠯᠬᠦ ᠪᠣᠯᠤᠨ᠎ᠠ ᠃
《 ᠦᠵᠡᠯ ᠰᠠᠨᠠᠭ᠎ᠠ ᠶ᠋ᠢ ᠰᠤᠷᠤᠯᠴᠠᠬᠤ 》 ᠶ᠋ᠢ ᠲᠡᠷᠢᠭᠦᠨ ᠪᠠᠢᠷᠢᠨ ᠳ᠋ᠤ᠌ ᠲᠠᠯᠪᠢᠬᠤ ᠶ᠋ᠢ ᠪᠠᠷᠢᠮᠲᠠᠯᠠᠨ᠎ᠠ᠃ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠥᠬᠥᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠥᠨᠢ ᠡᠭᠦᠷᠢᠳᠡ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ ᠂ ᠰᠢᠨᠵᠢᠯᠡᠬᠦ ᠤᠬᠠᠭᠠᠨᠴᠢ ᠰᠢᠰᠲ᠋ᠧᠮ ᠢ᠋ ᠪᠥᠬᠥ ᠲᠠᠯ᠎ᠠ ᠪᠠᠷ ᠡᠵᠡᠮᠰᠢᠨ ᠂ ᠭᠣᠣᠯ ᠴᠢᠮᠥᠭᠡ ᠪᠣᠯᠬᠤ ᠴᠢᠬᠤᠯᠠ ᠠᠭᠤᠯᠭ᠎ᠠ ᠢ᠋ ᠭᠦᠨᠵᠡᠭᠡᠢ ᠣᠢᠯᠠᠭᠠᠵᠤ ᠂ ᠲᠤᠰ ᠪᠡᠶ᠎ᠡ ᠶ᠋ᠢᠨ ᠤᠯᠤᠰ ᠲᠥᠷᠥ ᠶ᠋ᠢᠨ ᠣᠨᠣᠯ ᠤ᠋ᠨ ᠬᠢᠷᠢ ᠬᠡᠮᠵᠢᠶ᠎ᠡ ᠪᠡᠨ ᠲᠠᠰᠤᠷᠠᠯᠲᠠ ᠦᠭᠡᠢ ᠴᠢᠩᠭᠠᠳᠬᠠᠨ ᠂ ᠬᠦᠰᠡᠯᠡᠩ ᠢᠲᠡᠭᠡᠯ ᠪᠢᠰᠢᠷᠡᠯ ᠢ᠋ᠶ᠋ᠡᠨ ᠪᠠᠲᠤᠳᠬᠠᠵᠤ ᠂ ᠤᠯᠤᠰ ᠲᠥᠷᠥ ᠶ᠋ᠢᠨ ᠦᠨᠡᠨᠴᠢ ᠰᠢᠳᠤᠷᠭᠤ ᠶᠢ ᠪᠡᠬᠢᠵᠢᠭᠦᠯᠵᠦ᠂ ᠨᠠᠮ ᠤ᠋ᠨ ᠦᠭᠡ ᠶ᠋ᠢ ᠭᠤᠢᠪᠢᠰᠢ ᠦᠭᠡᠢ ᠰᠣᠨᠣᠰᠴᠤ ᠂ ᠨᠠᠮ ᠤ᠋ᠨ ᠠᠴᠢ ᠡᠨᠡᠷᠢᠯ ᠳ᠋ᠦ᠍ ᠲᠠᠯᠠᠷᠬᠠᠬᠤ ᠂ ᠨᠠᠮ ᠢᠶᠡᠨ ᠳᠠᠭᠠᠨ ᠶᠠᠪᠤᠵᠤ᠂ ᠡᠷᠡᠰ ᠪᠠᠷᠢᠮᠲᠠᠯᠠᠵᠤ ᠂ ᠪᠥᠬᠥ ᠬᠦᠴᠦᠨ ᠢ᠋ᠶ᠋ᠡᠷ ᠢ᠋ᠶ᠋ᠡᠨ 《 ᠤᠭ ᠰᠠᠨᠠᠭ᠎ᠠ ᠪᠠᠨ ᠰᠠᠬᠢᠨ ᠂ ᠢᠮᠠᠭᠲᠠ ᠬᠤᠪᠢᠷᠠᠰᠢ ᠦᠭᠡᠢ 》 ᠪᠠᠢᠬᠤ ᠶᠢ ᠪᠡᠶᠡᠯᠡᠭᠦᠯᠦᠨ᠎ᠡ ᠃
《 ᠡᠭᠦᠷᠭᠡᠯᠡᠵᠦ ᠳᠡᠢᠯᠬᠦ 》 ᠶᠠᠪᠤᠳᠠᠯ ᠢ᠋ᠶ᠋ᠠᠷ ᠠᠵᠢᠯᠯᠠᠭᠠᠨ ᠤ᠋ ᠵᠦᠭᠯᠡᠭᠦᠷ ᠪᠣᠯᠭᠠᠬᠤ ᠶ᠋ᠢ ᠪᠠᠷᠢᠮᠲᠠᠯᠠᠨ᠎ᠠ ᠃ ᠰᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠨᠠᠷᠢᠨ ᠨᠢᠮᠪᠠᠢ ᠰᠤᠳᠤᠯᠵᠤ ᠂ ᠴᠢᠳᠠᠮᠠᠭᠠᠢ ᠪᠠᠷ ᠬᠠᠤᠯᠢ ᠬᠡᠷᠡᠭᠵᠢᠭᠦᠯᠬᠦ ᠵᠡᠷᠭᠡ ᠬᠠᠮᠤᠭ ᠰᠢᠨ᠎ᠡ ᠰᠢᠭᠦᠨ ᠲᠠᠰᠤᠯᠬᠤ ᠣᠢᠯᠠᠭᠠᠭᠳᠠᠬᠤᠨ ᠢ᠋ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ ᠂ ᠴᠣ ᠰᠢᠨ᠎ᠡ ᠰᠡᠳᠬᠢᠬᠦᠢ ᠪᠡᠷ ᠬᠥᠭᠵᠢᠯᠲᠡ ᠶ᠋ᠢᠨ ᠴᠢᠭᠯᠡᠯ ᠢ᠋ ᠲᠣᠭᠲᠠᠭᠠᠨ ᠂ ᠶᠡᠬᠡ ᠲᠠᠯ᠎ᠠ ᠶ᠋ᠢᠨ ᠤᠬᠠᠮᠰᠠᠷ ᠢ᠋ ᠲᠠᠰᠤᠷᠠᠯᠲᠠ ᠥᠬᠡᠢ ᠳᠡᠭᠡᠭᠰᠢᠯᠡᠭᠦᠯᠦᠨ᠎ᠡ ᠃ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠡᠷᠴᠢ ᠵᠣᠷᠢᠭ ᠢ᠋ᠶ᠋ᠠᠨ ᠢᠮᠠᠭᠲᠠ ᠪᠠᠷᠢᠮᠲᠠᠯᠠᠵᠤ ᠂ ᠠᠵᠢᠯ ᠤ᠋ᠨ ᠪᠠᠢᠷᠢ ᠶ᠋ᠢᠨ ᠣᠨᠴᠠᠯᠢᠭ ᠲᠤ᠌ ᠠᠩᠬᠠᠷᠤᠯ ᠢ᠋ᠶ᠋ᠠᠨ ᠲᠥᠪᠯᠡᠷᠡᠭᠦᠯᠵᠦ ᠪᠠᠢᠭᠠᠳ ᠲᠤᠰ ᠪᠡᠶ᠎ᠡ ᠶ᠋ᠢᠨ ᠬᠡᠪ ᠴᠢᠨᠠᠷ ᠴᠢᠳᠠᠪᠤᠷᠢ ᠪᠠᠨ ᠳᠡᠭᠡᠭᠰᠢᠯᠡᠭᠦᠯᠵᠦ ᠂ ᠲᠤᠰ ᠪᠡᠶ᠎ᠡ ᠶ᠋ᠢᠨ ᠰᠠᠬᠢᠯᠭ᠎ᠠ ᠪᠠᠲᠤ ᠤᠬᠠᠮᠰᠠᠷ ᠂ ᠶᠣᠰᠣ ᠳᠦᠷᠢᠮ ᠦ᠋ᠨ ᠤᠬᠠᠮᠰᠠᠷ ᠢ᠋ᠶ᠋ᠠᠨ ᠴᠢᠩᠭᠠᠳᠬᠠᠵᠤ ᠂ ᠦᠨᠡᠨ ᠬᠦ᠌ ᠵᠣᠷᠢᠭᠲᠠᠢ ᠡᠭᠦᠷᠭᠡᠯᠡᠬᠦ ᠂ ᠴᠢᠳᠠᠮᠠᠭᠠᠢ ᠡᠭᠦᠷᠭᠡᠯᠡᠬᠦ ᠂ ᠡᠭᠦᠷᠭᠡᠯᠡᠵᠦ ᠴᠢᠳᠠᠬᠤ ᠂ ᠠᠵᠢᠯ ᠶᠠᠪᠤᠳᠠᠯ ᠬᠢᠬᠦ ᠶᠢ ᠰᠠᠨᠠᠬᠤ ᠂ ᠠᠵᠢᠯ ᠶᠠᠪᠤᠳᠠᠯ ᠬᠢᠬᠦ ᠂ ᠠᠵᠢᠯ ᠶᠠᠪᠤᠳᠠᠯ ᠪᠦᠲᠦᠭᠡᠬᠦ ᠶ᠋ᠢ ᠪᠡᠶᠡᠯᠡᠭᠦᠯᠬᠦ ᠬᠡᠷᠡᠭᠲᠡᠢ ᠃
《 ᠬᠥᠭᠵᠢᠯ ᠢ᠋ ᠠᠬᠢᠭᠤᠯᠬᠤ 》 ᠶ᠋ᠢ ᠰᠢᠯᠭᠠᠨ ᠪᠠᠢᠴᠠᠭᠠᠬᠤ ᠴᠢᠩᠭ᠎ᠠ ᠪᠠᠷᠢᠮᠵᠢᠶ᠎ᠠ ᠪᠣᠯᠭᠠᠬᠤ ᠶ᠋ᠢ ᠪᠠᠷᠢᠮᠲᠠᠯᠠᠨ᠎ᠠ ᠃ ᠰᠢᠭᠦᠬᠦ ᠬᠣᠷᠢᠶ᠎ᠠ ᠶᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ ᠶ᠋ᠢ ᠨᠠᠷᠢᠨ ᠬᠢᠨᠠᠮᠠᠭᠠᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠡᠷᠳᠡᠮ ᠴᠢᠳᠠᠪᠤᠷᠢ ᠶᠢᠨ ᠬᠡᠯᠮᠡᠭᠳᠡᠯ ᠤᠨ ᠤᠬᠠᠮᠰᠠᠷ ᠶᠢ ᠴᠠᠭ ᠢᠮᠠᠭᠲᠠ ᠪᠠᠷᠢᠮᠲᠠᠯᠠᠵᠤ ᠂ ᠠᠵᠢᠯ ᠤ᠋ᠨ ᠰᠤᠷᠲᠠᠯ ᠢ᠋ᠶ᠋ᠠᠨ ᠤᠯᠠᠮ ᠨᠢᠭᠡ ᠠᠯᠬᠤᠮ ᠴᠢᠩᠭᠠᠳᠬᠠᠵᠤ ᠂ ᠰᠠᠯᠠᠭ᠎ᠠ ᠮᠥᠴᠢᠷ ᠦ᠋ᠨ ᠺᠠᠲᠷ ᠴᠠᠭᠳᠠᠭ᠎ᠠ ᠲᠠᠢ ᠬᠠᠮᠲᠤ ᠪᠠᠷ ᠦᠨᠡᠨ ᠢ ᠠᠳᠬᠤᠵᠤ ᠪᠣᠳᠠᠲᠠᠢ ᠠᠵᠢᠯᠯᠠᠨ ᠂ ᠵᠠᠷᠭᠤ ᠶᠢᠨ ᠢᠷᠡᠯᠲᠡ ᠶᠢ ᠵᠠᠰᠠᠬᠤ ᠶᠢ ᠰᠢᠯᠢᠳᠡᠭ ᠨᠠᠷᠢᠯᠢᠭ ᠬᠢᠵᠦ ᠂ ᠬᠠᠤᠯᠢ ᠪᠠᠷ ᠵᠠᠰᠠᠬᠤ ᠪᠠᠢᠭᠤᠯᠤᠯᠲᠠ ᠂ ᠬᠣᠲᠠ ᠶ᠋ᠢᠨ ᠬᠡᠪᠴᠢᠶᠡᠨ ᠦ᠌ ᠨᠡᠢᠭᠡᠮ ᠦ᠋ᠨ ᠵᠠᠰᠠᠯᠲᠠ ᠵᠡᠷᠭᠡ ᠭᠣᠣᠯᠳᠠᠯᠭ᠎ᠠ ᠲᠠᠢ ᠠᠵᠢᠯ ᠢ᠋ ᠰᠠᠢᠲᠤᠷ ᠬᠢᠵᠦ ᠂ ᠨᠠᠷᠢᠨ ᠨᠢᠮᠪᠠᠢ ᠪᠠᠢᠴᠠᠭᠠᠨ ᠰᠤᠳᠤᠯᠤᠯᠲᠠ ᠂ ᠬᠠᠤᠯᠢ ᠴᠠᠭᠠᠵᠠ ᠶ᠋ᠢᠨ ᠰᠠᠨᠠᠭᠤᠯᠭ᠎ᠠ ᠂ ᠬᠠᠤᠯᠢ ᠴᠠᠭᠠᠵᠠ ᠶ᠋ᠢᠨ ᠬᠡᠷᠡᠭ ᠦ᠋ᠨ ᠵᠢᠱ᠌ᠢᠶ᠎ᠡ ᠵᠡᠷᠭᠡ ᠣᠨᠣᠯ ᠤ᠋ᠨ ᠰᠤᠳᠤᠯᠭᠠᠨ ᠤ᠋ ᠠᠵᠢᠯ ᠢ᠋ ᠰᠠᠢᠲᠤᠷ ᠬᠢᠵᠦ ᠂ ᠬᠢᠨᠠᠨ ᠭᠦᠢᠴᠡᠳᠬᠡᠬᠦ ᠠᠵᠢᠯ ᠢ᠋ ᠪᠥᠬᠥ ᠬᠦᠴᠦᠨ ᠢ᠋ᠶ᠋ᠡᠷ ᠬᠢᠪᠡ ᠃ ᠨᠠᠮ ᠤ᠋ᠨ ᠡᠭᠦᠷ ᠦ᠋ᠨ ᠱᠦᠵᠢ ᠶ᠋ᠢᠨ ᠨᠠᠮ ᠤ᠋ᠨ ᠪᠠᠢᠭᠤᠯᠤᠯᠲᠠ ᠶ᠋ᠢ ᠠᠳᠬᠤᠬᠤ ᠬᠠᠷᠢᠭᠤᠴᠠᠯᠭ᠎ᠠ ᠶ᠋ᠢ ᠨᠠᠷᠢᠨ ᠬᠢᠨᠠᠮᠠᠭᠠᠢ ᠭᠦᠢᠴᠡᠳᠬᠡᠵᠦ ᠂ ᠨᠠᠮ ᠤ᠋ᠨ ᠡᠭᠦᠷ ᠢ᠋ ᠪᠠᠲᠤ ᠴᠢᠩᠭ᠎ᠠ ᠳᠠᠢᠴᠢᠨ ᠪᠡᠬᠢᠯᠡᠯᠲᠡ ᠪᠣᠯᠭᠠᠨ ᠴᠣᠭᠴᠠᠯᠠᠨ᠎ᠠ ᠃
ᠦᠨᠡᠯᠡᠬᠦ 0ᠦᠨᠡᠯᠡᠯᠲᠡ᠎ᠲᠠᠢ