ᠡᠷᠴᠢ ᠵᠣᠷᠢᠭ ᠢ᠋ᠶ᠋ᠠᠨ ᠳᠠᠬᠢᠨᠲᠠ ᠬᠥᠪᠴᠢᠯᠡᠵᠦ᠂ ᠣᠶᠤᠨ ᠰᠠᠨᠠᠭ᠎ᠠ ᠪᠠᠨ ᠳᠠᠬᠢᠨᠲᠠ ᠰᠡᠷᠭᠦᠭᠡᠵᠦ᠂ ᠴᠢᠳᠠᠪᠬᠢ ᠡᠨᠧᠷᠭᠢ ᠪᠡᠨ ᠳᠠᠬᠢᠨᠲᠠ ᠨᠢᠭᠡᠳᠭᠡᠶ᠎ᠡ — ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠳᠥᠷᠪᠡᠳᠦᠭᠡᠷ ᠤᠯᠠᠷᠢᠯ ᠤ᠋ᠨ ᠰᠢᠢᠳᠪᠦᠷᠢᠲᠦ ᠲᠡᠢᠨ ᠦ᠌ ᠪᠣᠭᠣᠮᠲᠠ ᠰᠢᠪᠲᠤᠯᠬᠤ ᠳᠠᠢᠴᠢᠯᠠᠯᠲᠠ ᠶ᠋ᠢᠨ ᠬᠤᠷᠠᠯ ᠬᠤᠷᠠᠯᠳᠤᠪᠠ
2023.10.23 ᠲᠣᠰ ᠥᠷᠲᠡᠭᠡᠨ᠎ᠦ ᠨᠠᠢᠷᠠᠭᠤᠯᠤᠭᠴᠢ

    ᠲᠦᠷᠦᠭᠦᠦ ᠭᠤᠷᠪᠠᠨ ᠤᠯᠠᠷᠢᠯ ᠤ᠋ᠨ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠪᠠᠢᠳᠠᠯ ᠢ᠋ ᠳ᠋ᠦᠩᠨᠡᠨ ᠂ ᠴᠠᠭ ᠤᠨ ᠪᠠᠢᠳᠠᠯ ᠤᠨ ᠡᠭᠦᠷᠭᠡ ᠶ᠋ᠢ ᠰᠢᠨᠵᠢᠯᠡᠬᠦ ᠤᠬᠠᠭᠠᠨᠴᠢ ᠪᠠᠷ ᠵᠠᠳᠠᠯᠵᠤ ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ ᠂ ᠬᠠᠷᠢᠭᠤᠴᠠᠯᠭ᠎ᠠ ᠪᠠᠨ ᠨᠠᠢᠳᠠᠪᠤᠷᠢᠵᠢᠭᠤᠯᠵᠤ ᠂ ᠳᠠᠪᠠᠭᠤᠯᠢᠭ ᠢ᠋ᠶ᠋ᠠᠨ ᠪᠠᠳᠠᠷᠠᠭᠤᠯᠵᠤ ᠳᠤᠲᠠᠭᠳᠠᠯ ᠢ᠋ᠶ᠋ᠠᠨ ᠨᠥᠬᠥᠪᠥᠷᠢᠯᠡᠵᠦ ᠂ ᠳᠥᠷᠪᠡᠳᠦᠭᠡᠷ ᠤᠯᠠᠷᠢᠯ ᠳ᠋ᠤ᠌ ᠪᠦᠬᠦ ᠵᠢᠯ ᠦ᠋ᠨ ᠬᠠᠷᠠᠯᠲᠠ ᠪᠠᠨ ᠪᠦᠬᠦ ᠬᠦᠴᠦᠨ ᠢ᠋ᠶ᠋ᠡᠷ ᠰᠢᠪᠲᠤᠯᠬᠤ ᠶᠢ ᠲᠥᠯᠦᠭᠡ ᠂ 10 ᠰᠠᠷ᠎ᠠ ᠶ᠋ᠢᠨ 18 ᠤ᠋ ᠡᠳᠦᠷ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠳᠥᠷᠪᠡᠳᠦᠭᠡᠷ ᠤᠯᠠᠷᠢᠯ ᠤ᠋ᠨ ᠰᠢᠢᠳᠪᠦᠷᠢᠲᠦ ᠳᠠᠢᠯᠠᠯᠳᠤᠭᠠᠨ ᠤ᠋ ᠪᠣᠭᠣᠮᠲᠠ ᠰᠢᠪᠲᠤᠯᠬᠤ ᠳᠠᠢᠴᠢᠯᠠᠯᠲᠠ ᠶ᠋ᠢᠨ ᠬᠤᠷᠠᠯ ᠬᠢᠪᠡ ᠃ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠦ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠂ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠬᠤᠷᠠᠯ ᠤ᠋ᠨ ᠭᠣᠣᠯ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠵᠤ ᠂ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠂ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠵᠠᠢ ᠃

 

 

    ᠬᠤᠷᠠᠯ ᠠ᠋ᠴᠠ ᠨᠠᠷᠢᠨ ᠪᠣᠳᠠᠲᠠᠢ ᠲᠣᠭ᠎ᠠ ᠪᠠᠷᠢᠮᠲᠠ ᠪᠠ ᠪᠥᠬᠥ ᠲᠠᠯ᠎ᠠ ᠪᠠᠷ ᠵᠠᠳᠠᠯᠤᠯᠲᠠ ᠬᠢᠬᠦ ᠪᠡᠷ ᠳᠠᠮᠵᠢᠨ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ 2023 ᠣᠨ ᠤ᠋ ᠡᠮᠦᠨ᠎ᠡ ᠭᠤᠷᠪᠠᠨ ᠤᠯᠠᠷᠢᠯ ᠤ᠋ᠨ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠠᠵᠢᠯ ᠤ᠋ᠨ ᠪᠠᠢᠳᠠᠯ ᠂ ᠬᠠᠤᠯᠢ ᠴᠠᠭᠠᠵᠠ ᠶ᠋ᠢᠨ ᠰᠠᠨᠠᠭᠤᠯᠭ᠎ᠠ ᠶ᠋ᠢᠨ ᠪᠠᠢᠳᠠᠯ ᠂ ᠭᠤᠷᠪᠠᠨ ᠲᠣᠭᠲᠠᠭᠠᠯ ᠢ᠋ ᠨᠠᠢᠳᠠᠪᠤᠷᠢᠵᠢᠭᠤᠯᠵᠤ ᠲᠠᠭᠯᠠᠭᠰᠠᠨ ᠪᠠᠢᠳᠠᠯ ᠂ ᠰᠢᠭᠦᠨ ᠭᠦᠢᠴᠡᠳᠬᠡᠬᠦ ᠲᠣᠭ᠎ᠠ ᠶ᠋ᠢᠨ ᠪᠦᠬᠦᠯᠢ ᠴᠣᠭᠴᠠ ᠶ᠋ᠢᠨ ᠪᠠᠢᠳᠠᠯ ᠂ ᠬᠠᠤᠯᠢᠵᠢᠭᠰᠠᠨ ᠬᠤᠳᠠᠯᠳᠤᠭᠠᠨ ᠤ᠋ ᠣᠷᠴᠢᠨ ᠲᠣᠭᠣᠷᠢᠨ ᠢ᠋ ᠰᠢᠯᠢᠳᠡᠭᠵᠢᠭᠦᠯᠦᠭᠰᠡᠨ ᠪᠠᠢᠳᠠᠯ ᠂ ᠤᠷᠲᠤ ᠬᠤᠭᠤᠴᠠᠭ᠎ᠠ ᠪᠠᠷ ᠦᠯᠦ ᠳᠠᠭᠤᠰᠬᠠᠭᠰᠠᠨ ᠬᠡᠷᠡᠭ ᠢ᠋ ᠲᠢᠭᠯᠡᠭᠰᠡᠨ ᠪᠠᠢᠳᠠᠯ ᠂ ᠵᠠᠬᠢᠳᠠᠯ ᠰᠤᠷᠪᠤᠯᠵᠢᠯᠠᠭ᠎ᠠ ᠶ᠋ᠢᠨ ᠳᠠᠷᠤᠭᠳᠠᠮᠠᠯ ᠬᠡᠷᠡᠭ ᠢ᠋ ᠡᠶᠡᠳᠡᠭᠦᠯᠦᠨ ᠰᠢᠢᠳᠪᠦᠷᠢᠯᠡᠭᠰᠡᠨ ᠪᠠᠢᠳᠠᠯ ᠵᠡᠷᠭᠡ ᠭᠣᠣᠯᠳᠠᠯᠭ᠎ᠠ ᠲᠠᠢ ᠠᠵᠢᠯ ᠢ᠋  ᠮᠡᠳᠡᠭᠦᠯᠦᠭᠰᠡᠨ ᠪᠠᠢᠨ᠎ᠠ ᠃ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶ᠎ᠠ ᠪᠢᠴᠢᠭ᠌ ᠦ᠋ᠨ ᠬᠡᠯᠪᠡᠷᠢ ᠪᠡᠷ ᠲᠦᠷᠦᠭᠦᠦ ᠭᠤᠷᠪᠠᠨ ᠤᠯᠠᠷᠢᠯ ᠤ᠋ᠨ ᠣᠯᠠᠨ ᠲᠥᠷᠥᠯ ᠦ᠋ᠨ ᠭᠢᠯᠠᠰ ᠴᠡᠭ ᠦ᠋ᠨ ᠠᠵᠢᠯ ᠤ᠋ᠨ ᠲᠣᠭᠣᠷᠢᠨ ᠳ᠋ᠤ᠌ ᠲᠤᠷᠰᠢᠯᠭ᠎ᠠ ᠰᠣᠯᠢᠯᠴᠠᠵᠤ ᠂ ᠣᠷᠣᠰᠢᠵᠤ ᠪᠠᠢᠭ᠎ᠠ ᠠᠰᠠᠭᠤᠳᠠᠯ ᠵᠢᠴᠢ ᠳᠥᠷᠪᠡᠳᠦᠭᠡᠷ ᠤᠯᠠᠷᠢᠯ ᠳ᠋ᠤ᠌ ᠬᠡᠷᠬᠢᠨ ᠰᠠᠢᠨ ᠢ᠋ ᠨᠢ ᠪᠠᠳᠠᠷᠠᠭᠤᠯᠤᠨ ᠂ ᠮᠠᠭᠤ ᠶ᠋ᠢ ᠨᠢ ᠨᠥᠬᠥᠪᠥᠷᠢᠯᠡᠵᠦ ᠂ ᠳᠠᠬᠢᠨ ᠳᠡᠭᠡᠭᠰᠢᠯᠡᠭᠦᠯᠬᠦ ᠣᠪᠤᠷ ᠢᠶᠡᠨ ᠢᠯᠡᠷᠬᠡᠢᠯᠡᠭᠰᠡᠨ ᠪᠠᠢᠨ᠎ᠠ᠃

    ᠰᠢᠭᠦᠨ ᠲᠠᠰᠤᠯᠤᠯᠲᠠ ᠶ᠋ᠢᠨ ᠴᠢᠨᠠᠷ ᠴᠢᠨᠰᠠᠭ᠎ᠠ ᠦᠷ᠎ᠡ ᠪᠦᠲᠦᠮᠵᠢ ᠶ᠋ᠢᠨ ᠨᠢᠭᠤᠷᠳᠠᠬᠤ ᠭᠣᠭᠴᠣᠭ᠎ᠠ ᠳ᠋ᠤ᠌ ᠂ ᠲᠤᠬᠠᠢ ᠶ᠋ᠢᠨ ᠲᠠᠯᠠᠪᠤᠷ ᠤ᠋ᠨ ᠸᠢᠳᠢᠣ᠋ ᠳᠠᠪᠲᠠᠮᠵᠢ ᠪᠡᠷ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠂ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠷᠠᠳ ᠤ᠋ᠨ ᠳᠥᠷᠪᠡᠳᠦᠭᠡᠷ ᠲᠢᠩᠬᠢᠮ ᠂ ᠵᠠᠰᠠᠭ ᠵᠠᠬᠢᠷᠭᠠᠨ ᠤ᠋ ᠲᠢᠩᠬᠢᠮ ᠂ ᠭᠦᠢᠴᠡᠳᠬᠡᠬᠦ ᠲᠣᠪᠴᠢᠶ᠎ᠠ ᠂ ᠬᠢᠨᠠᠨ ᠬᠠᠮᠢᠶᠠᠷᠬᠤ ᠠᠯᠪᠠᠨ ᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠢ᠋ ᠤᠷᠢᠵᠤ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠲᠤᠬᠠᠢᠯᠠᠭᠰᠠᠨ ᠠᠵᠢᠯ ᠤ᠋ᠨ ᠵᠢᠷᠤᠭᠠᠰᠦ ᠱᠤᠭᠤᠮ ᠤ᠋ᠨ ᠠᠵᠢᠯ ᠳ᠋ᠤ᠌ ᠦᠨᠡᠯᠡᠯᠲᠡ ᠪᠠ ᠨᠠᠷᠢᠨ ᠨᠢᠮᠪᠠᠢ ᠵᠢᠯᠣᠭᠣᠳᠤᠯᠭ᠎ᠠ ᠬᠢᠵᠦ ᠂ ᠳᠥᠷᠪᠡᠳᠦᠭᠡᠷ ᠤᠯᠠᠷᠢᠯ ᠤ᠋ᠨ ᠠᠵᠢᠯ ᠢ᠋ ᠥᠷᠨᠢᠭᠦᠯᠬᠦ ᠬᠠᠷᠠᠯᠲᠠ ᠴᠢᠭᠯᠡᠯ ᠪᠠ ᠪᠣᠳᠠᠲᠠᠢ ᠠᠷᠭ᠎ᠠ ᠶ᠋ᠢᠨ ᠲᠤᠬᠠᠢ ᠬᠠᠨᠳᠤᠯᠭᠠᠲᠤ ᠴᠢᠨᠠᠷ ᠂ ᠪᠦᠲᠦᠭᠡᠯᠴᠢ ᠴᠢᠨᠠᠷ ᠲᠠᠢ ᠰᠠᠨᠠᠯ ᠰᠠᠨᠠᠭᠤᠯᠭ᠎ᠠ ᠳᠤᠷᠠᠳᠤᠭᠤᠯᠵᠠᠢ ᠃

    ᠬᠤᠷᠠᠯ ᠤ᠋ᠨ ᠡᠴᠦᠰ ᠲᠦ᠍ ᠂  ᠰᠦ ᠯᠢ ᠵᠢᠶᠦ᠋ᠨ ᠬᠣᠷᠢᠶᠠᠨ ᠳᠠᠷᠤᠭ᠎ᠠ ᠂ ᠪᠠᠢᠷᠢᠰᠢᠭᠤᠯᠤᠯᠲᠠ ᠶᠢᠨ ᠳᠠᠢᠴᠢᠯᠠᠯᠲᠠ ᠳᠦ ᠶᠠᠷᠢᠶ᠎ᠠ ᠲᠠᠯᠪᠢᠵᠦ᠂ ᠳᠥᠷᠪᠡᠳᠦᠭᠡᠷ ᠤᠯᠠᠷᠢᠯ ᠤ᠋ᠨ ᠠᠵᠢᠯ ᠢ᠋ ᠰᠠᠢᠲᠤᠷ ᠠᠳᠬᠤᠬᠤ ᠲᠤᠬᠠᠢ ᠭᠤᠷᠪᠠᠨ ᠲᠠᠯ᠎ᠠ ᠪᠠᠷ ᠱᠠᠭᠠᠷᠳᠠᠯᠭ᠎ᠠ ᠳᠤᠷᠠᠳᠴᠠᠢ ᠃ ᠨᠢᠭᠡ ᠳ᠋ᠦ᠍ ᠂  ᠴᠠᠭ ᠤᠨ ᠪᠠᠢᠳᠠᠯ ᠤᠨ ᠡᠭᠦᠷᠭᠡ ᠶ᠋ᠢ ᠲᠣᠳᠣᠷᠬᠠᠢ ᠲᠠᠨᠢᠵᠤ ᠂ ᠢᠯᠠᠯᠲᠠ ᠣᠯᠬᠤ ᠢᠲᠡᠭᠡᠯ ᠪᠢᠰᠢᠷᠡᠯ ᠢ᠋ᠶ᠋ᠡᠷ ᠬᠠᠷᠠᠯᠲᠠ ᠪᠠᠨ ᠲᠣᠭᠲᠠᠭᠠᠵᠤ ᠵᠣᠷᠢᠭᠲᠠᠢ ᠤᠷᠤᠭᠰᠢᠯᠠᠬᠤ ᠬᠡᠷᠡᠭᠲᠡᠢ ᠃ ᠳᠠᠪᠠᠭᠤᠯᠢᠭ ᠢ᠋ ᠡᠵᠡᠮᠰᠢᠬᠦ ᠳᠤᠮᠳᠠ ᠳᠠᠪᠠᠭᠤᠯᠢᠭ ᠢ᠋ᠶ᠋ᠠᠨ ᠪᠠᠳᠠᠷᠠᠭᠤᠯᠵᠤ ᠂ ᠭᠣᠣᠯᠳᠠᠯᠭ᠎ᠠ ᠲᠠᠢ ᠂ ᠭᠢᠯᠠᠰ ᠴᠢᠭ᠌ ᠦ᠋ᠨ ᠠᠵᠢᠯ ᠢ᠋ ᠦᠷᠭᠦᠯᠵᠢᠯᠡᠨ ᠰᠢᠯᠢᠳᠡᠭᠵᠢᠭᠦᠯᠵᠦ ᠂ ᠨᠠᠷᠢᠯᠢᠭ ᠬᠢᠵᠦ ᠂ ᠬᠠᠷᠠᠯᠲᠠ ᠲᠣᠭᠲᠠᠭᠠᠨ ᠂ ᠲᠡᠷᠢᠭᠦᠨ ᠦ᠌ ᠬᠢ ᠶ᠋ᠢ ᠡᠭᠦᠳᠴᠦ ᠂ ᠲᠡᠷᠢᠭᠦᠨ ᠦ᠌ ᠬᠢ ᠶ᠋ᠢ ᠪᠣᠢ ᠪᠣᠯᠭᠠᠬᠤ ᠳᠠᠰᠢ ᠯᠠᠪᠳᠠᠭᠤᠨ ᠢ᠋ᠶ᠋ᠠᠷ ᠠᠬᠢᠭᠤᠯᠬᠤ ᠬᠡᠷᠡᠭᠲᠡᠢ ᠃ ᠠᠰᠠᠭᠤᠳᠠᠯ ᠢ᠋ ᠣᠨᠣᠪᠴᠢᠲᠠᠢ ᠡᠷᠢᠵᠦ ᠣᠯᠬᠤ ᠳᠤᠮᠳᠠ ᠠᠰᠠᠭᠤᠳᠠᠯ ᠢ᠋ ᠰᠢᠢᠳᠪᠦᠷᠢᠯᠡᠨ ᠂ ᠰᠢᠨ᠎ᠡ ᠭᠦᠢᠴᠡᠳᠬᠡᠬᠦ ᠲᠣᠭ᠎ᠠ ᠶ᠋ᠢᠨ ᠰᠢᠰᠲ᠋ᠧᠮᠵᠢ ᠲᠡᠢ ᠬᠠᠷᠢᠴᠠᠭᠤᠯᠵᠤ ᠪᠣᠳᠠᠲᠠᠢ ᠠᠰᠠᠭᠤᠳᠠᠯ ᠢ᠋ ᠣᠨᠣᠪᠴᠢᠲᠠᠢ ᠡᠷᠢᠨ ᠣᠯᠵᠤ ᠂ ᠠᠰᠠᠭᠤᠳᠠᠯ ᠳ᠋ᠤ᠌ ᠵᠣᠷᠢᠭᠲᠠᠢ ᠬᠠᠨᠳᠤᠨ ᠂ ᠬᠠᠷᠠᠯᠲᠠ ᠲᠠᠢ ᠪᠠᠷ ᠠᠰᠠᠭᠤᠳᠠᠯ ᠢ᠋ ᠰᠢᠢᠳᠪᠦᠷᠢᠯᠡᠬᠦ ᠬᠡᠷᠡᠭᠲᠡᠢ ᠃ ᠬᠣᠶᠠᠷ ᠲᠤ᠌ ᠂ ᠲᠥᠪ ᠭᠣᠣᠯᠴᠢ ᠪᠠ ᠦᠷ᠎ᠡ ᠠᠰᠢᠭ ᠲᠤ᠌ ᠠᠩᠬᠠᠷᠤᠯ ᠢ᠋ᠶ᠋ᠠᠨ ᠲᠥᠪᠯᠡᠷᠡᠭᠦᠯᠵᠦ ᠂ ᠡᠷᠡᠰ ᠰᠢᠭᠤᠷᠬᠠᠢ ᠦᠢᠯᠡ ᠠᠵᠢᠯᠯᠠᠭ᠎ᠠ ᠪᠡᠷ ᠬᠡᠷᠡᠭ ᠢ᠋ ᠰᠢᠢᠳᠪᠦᠷᠢᠯᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠪᠡᠨ ᠳᠡᠭᠡᠭᠰᠢᠯᠡᠭᠦᠯᠬᠦ ᠬᠡᠷᠡᠭᠲᠡᠢ ᠃ ᠵᠠᠩ ᠵᠢᠶᠦ᠋ᠨ ᠬᠣᠷᠢᠶᠠᠨ ᠳᠠᠷᠤᠭ᠎ᠠ ᠶ᠋ᠢᠨ ᠶᠠᠷᠢᠶᠠᠨ ᠤ᠋ ᠵᠣᠷᠢᠭ ᠰᠠᠨᠠᠭ᠎ᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠰᠢᠭᠦᠨ ᠲᠠᠰᠤᠯᠬᠤ ᠠᠵᠢᠯ ᠤ᠋ᠨ ᠣᠳᠣᠬᠢᠴᠢᠯᠠᠯᠲᠠ ᠶ᠋ᠢ ᠠᠬᠢᠭᠤᠯᠬᠤ ᠳᠡᠭᠡᠷ᠎ᠡ ᠶᠡᠬᠡ ᠬᠦᠴᠦ ᠣᠷᠣᠭᠤᠯᠵᠤ ᠂ ᠰᠢᠭᠦᠨ ᠭᠦᠢᠴᠡᠳᠬᠡᠬᠦ ᠬᠡᠷᠡᠭ ᠢ᠋ ᠰᠢᠢᠳᠪᠦᠷᠢᠯᠡᠬᠦ ᠴᠢᠨᠠᠷ ᠴᠢᠨᠰᠠᠭ᠎ᠠ ᠶ᠋ᠢ ᠴᠢᠩᠬ᠎ᠠ ᠠᠳᠬᠤᠨ ᠂ ᠪᠥᠬᠦ ᠬᠦᠴᠦᠨ ᠢᠶᠡᠷ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠡᠶᠡᠳᠡᠭᠦᠯᠦᠨ ᠰᠢᠢᠳᠪᠦᠷᠢᠯᠡᠵᠦ ᠲᠣᠭᠲᠠᠭᠤᠨ ᠢ ᠪᠠᠲᠤᠯᠠᠬᠤ ᠶᠢ ᠠᠬᠢᠭᠤᠯᠵᠤ ᠂ 《 ᠭᠤᠷᠪᠠᠨ ᠲᠣᠭᠲᠠᠭᠠᠯ 》 ᠢ᠋ ᠴᠢᠩᠭ᠎ᠠ ᠨᠠᠢᠳᠠᠪᠤᠷᠢᠵᠢᠭᠤᠯᠵᠤ ᠂ ᠲᠥᠪ ᠭᠣᠣᠯᠴᠢ ᠶ᠋ᠢ ᠠᠬᠢᠭᠤᠯᠵᠤ ᠂ ᠦᠷ᠎ᠡ ᠪᠦᠲᠦᠮᠵᠢ ᠶ᠋ᠢ ᠳᠡᠭᠡᠭᠰᠢᠯᠡᠭᠦᠯᠵᠦ ᠂ ᠡᠩᠨᠡᠭᠡ ᠶ᠋ᠢ ᠬᠦᠴᠦᠷᠬᠡᠭᠵᠢᠭᠦᠯᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠬᠤ ᠬᠡᠷᠡᠭᠲᠡᠢ᠃ ᠭᠤᠷᠪᠠ ᠳ᠋ᠤ᠌ ᠂ ᠲᠡᠷᠢᠭᠦᠨ ᠦ᠌ ᠪᠠᠷᠢᠮᠵᠢᠶ᠎ᠠ ᠶ᠋ᠢ ᠪᠠᠷᠢᠮᠲᠠᠯᠠᠵᠤ ᠂ ᠪᠣᠳᠠᠲᠠᠢ ᠠᠷᠭ᠎ᠠ ᠪᠠᠷᠢᠯ ᠢ᠋ᠶ᠋ᠠᠷ ᠶᠡᠬᠡ ᠲᠠᠯ᠎ᠠ ᠳ᠋ᠤ᠌ ᠦᠢᠯᠡᠴᠢᠯᠡᠬᠦ ᠤᠯᠤᠰ ᠲᠥᠷᠥ ᠶ᠋ᠢᠨ ᠬᠠᠷᠢᠭᠤᠴᠠᠯᠭ᠎ᠠ ᠶ᠋ᠢ ᠡᠭᠦᠷᠭᠡᠯᠡᠬᠦ ᠬᠡᠷᠡᠭᠲᠡᠢ ᠃ ᠭᠣᠣᠯ ᠰᠡᠳᠦᠪᠲᠦ ᠬᠥᠮᠦᠵᠢᠯ ᠢ᠋ ᠴᠢᠩᠭ᠎ᠠ ᠠᠳᠬᠤᠨ ᠂ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠤ᠋ ᠠᠷᠭ᠎ᠠ ᠬᠡᠮᠵᠢᠶ᠎ᠡ ᠶ᠋ᠢ ᠨᠠᠢᠳᠠᠪᠤᠷᠢᠵᠢᠭᠤᠯᠤᠨ ᠰᠢᠯᠢᠳᠡᠭᠵᠢᠭᠦᠯᠵᠦ ᠂ ᠵᠠᠷᠭᠤ ᠶ᠋ᠢᠨ ᠡᠭᠦᠰᠦᠯ ᠦ᠋ᠨ ᠵᠠᠰᠠᠯᠲᠠ ᠶ᠋ᠢᠨ ᠰᠡᠷᠭᠡᠢᠯᠡᠯᠲᠡ ᠶ᠋ᠢᠨ ᠱᠤᠭᠤᠮ ᠢ᠋ ᠪᠠᠲᠤ ᠪᠡᠬᠢ ᠪᠠᠢᠭᠤᠯᠵᠤ ᠂ ᠲᠥᠪ ᠬᠣᠷᠢᠶ᠎ᠠ ᠪᠠ ᠡᠯ᠎ᠡ ᠱᠠᠲᠤᠨ ᠤ᠋ ᠨᠠᠮ ᠤ᠋ᠨ ᠬᠣᠷᠢᠶ᠎ᠠ ᠶ᠋ᠢᠨ ᠪᠠᠢᠷᠢᠯᠠᠭᠤᠯᠤᠯᠲᠠ ᠶ᠋ᠢ ᠨᠠᠷᠢᠨ ᠬᠢᠨᠠᠮᠠᠭᠠᠢ ᠲᠤᠤᠱᠯᠠᠭᠤᠯᠵᠤ ᠂ ᠣᠷᠳᠣᠰ ᠤ᠋ᠨ ᠠᠵᠤ ᠠᠬᠤᠢ ᠨᠡᠢᠭᠡᠮ ᠦ᠋ᠨ ᠬᠥᠭᠵᠢᠯᠲᠡ ᠶ᠋ᠢᠨ ᠬᠢᠷᠢ ᠲᠦᠪᠰᠢᠨ ᠲᠡᠢ ᠵᠣᠬᠢᠴᠠᠭᠰᠠᠨ ᠂ ᠵᠣᠬᠢᠴᠠᠯᠳᠤᠭᠰᠠᠨ ᠲᠡᠷᠢᠭᠦᠨ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠵᠢᠯ ᠢ᠋ ᠴᠢᠷᠮᠠᠢᠨ ᠪᠠᠢᠭᠤᠯᠬᠤ ᠬᠡᠷᠡᠭᠲᠡᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )