〔 ᠠᠵᠢᠯ ᠦ᠋ᠨ ᠪᠠᠢᠳᠠᠯ 〕  ᠬᠡᠷᠡᠭ ᠢ᠋ᠶ᠋ᠡᠷ ᠲᠣᠯᠢ ᠪᠣᠯᠭᠠᠵᠤ᠂ ᠰᠡᠷᠡᠮᠵᠢ ᠶ᠋ᠢᠨ ᠬᠣᠩᠬᠣ ᠪᠠᠨ ᠬᠠᠩᠭᠢᠨᠠᠭᠤᠯᠤᠶ᠎ᠠ - ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠰᠡᠷᠡᠮᠵᠢᠯᠡᠯ ᠤᠨ ᠬᠥᠮᠦᠵᠢᠯ ᠦ᠋ᠨ ᠬᠤᠷᠠᠯ ᠬᠤᠷᠠᠯᠳᠤᠭᠤᠯᠪᠠ
2023.10.23 ᠲᠣᠰ ᠥᠷᠲᠡᠭᠡᠨ᠎ᠦ ᠨᠠᠢᠷᠠᠭᠤᠯᠤᠭᠴᠢ

    ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠪᠠ ᠢᠯᠵᠢᠷᠡᠯ ᠢ᠋ ᠡᠰᠡᠷᠭᠦᠴᠡᠬᠦ ᠠᠵᠢᠯ ᠢ᠋ ᠭᠦᠨᠵᠡᠭᠡᠢ ᠠᠬᠢᠭᠤᠯᠵᠤ ᠂ ᠪᠠᠢᠢᠩᠭᠤᠵᠢᠭᠰᠠᠨ ᠰᠡᠷᠡᠮᠵᠢᠯᠡᠭᠦᠯᠬᠦ ᠬᠥᠮᠦᠵᠢᠯ ᠢ᠋ ᠦᠷᠭᠦᠯᠵᠢᠯᠡᠨ ᠥᠷᠨᠢᠭᠦᠯᠵᠦ ᠂ ᠪᠦᠬᠦ ᠺᠠᠲᠷ ᠴᠠᠭᠳᠠᠭ᠎ᠠ ᠶ᠋ᠢ ᠨᠡᠢᠲᠡᠯᠢᠭ ᠬᠡᠷᠡᠭ ᠢ᠋ᠶ᠋ᠡᠷ ᠲᠣᠯᠢ ᠪᠣᠯᠭᠠᠨ ᠂ ᠢᠯᠵᠢᠷᠡᠨ ᠬᠤᠪᠢᠷᠠᠬᠤ ᠶ᠋ᠢ ᠰᠡᠷᠭᠡᠢᠯᠡᠬᠦ ᠦᠵᠡᠯ ᠰᠠᠨᠠᠭᠠᠨ ᠤ᠋ ᠰᠡᠷᠭᠡᠢᠯᠡᠯᠲᠡ ᠶ᠋ᠢᠨ ᠱᠤᠭᠤᠮ ᠪᠠ ᠳᠦᠷᠢᠮ ᠦ᠋ᠨ ᠰᠡᠷᠭᠡᠢᠯᠡᠯᠲᠡ ᠶ᠋ᠢᠨ ᠱᠤᠭᠤᠮ ᠢ᠋ ᠲᠠᠰᠤᠷᠠᠯᠲᠠ ᠦᠭᠡᠢ ᠪᠠᠲᠤ ᠪᠠᠢᠭᠤᠯᠬᠤ ᠶ᠋ᠢᠨ ᠲᠥᠯᠥᠭᠡ ᠂ ᠣᠢᠷ᠎ᠠ ᠳ᠋ᠤ᠌ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠰᠠᠬᠢᠯᠭ᠎ᠠ ᠪᠠᠲᠤ ᠬᠠᠤᠯᠢ ᠴᠠᠭᠠᠵᠠ ᠶ᠋ᠢ ᠵᠥᠷᠢᠴᠡᠭᠰᠡᠨ ᠨᠡᠢᠲᠡᠯᠢᠭ ᠬᠡᠷᠡᠭ ᠦ᠋ᠨ ᠰᠡᠷᠡᠮᠵᠢᠯᠡᠯ  ᠦ᠋ᠨ ᠬᠥᠮᠦᠵᠢᠯ ᠦ᠋ᠨ ᠬᠤᠷᠠᠯ ᠬᠤᠷᠠᠯᠳᠤᠭᠤᠯᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠂ ᠤᠳᠤᠷᠢᠳᠬᠤ ᠪᠠᠭ ᠤ᠋ᠨ ᠪᠦᠷᠢᠯᠳᠦᠬᠦᠨ ᠵᠢᠴᠢ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠬᠤᠷᠠᠯ ᠳ᠋ᠤ᠌ ᠣᠷᠣᠯᠴᠠᠵᠠᠢ ᠃

 

   

    ᠬᠤᠷᠠᠯ ᠠ᠋ᠴᠠ ᠠᠷᠠᠳ ᠤ᠋ᠨ ᠳᠡᠭᠡᠳᠦ ᠰᠢᠭᠦᠬᠦ ᠬᠣᠷᠢᠶᠠᠨ ᠤ᠋ ᠠᠯᠪᠠᠨ ᠲᠢᠩᠬᠢᠮ ᠡᠴᠡ ᠣᠢᠷ᠎ᠠ ᠶ᠋ᠢᠨ ᠵᠢᠯ ᠡᠴᠡ ᠨᠠᠰᠢᠬᠢ ᠰᠢᠭᠦᠬᠦ ᠬᠣᠷᠢᠶᠠᠨ ᠤ᠋ ᠺᠠᠲᠷ ᠴᠠᠭᠳᠠᠭ᠎ᠠ ᠰᠢᠭᠦᠨ ᠲᠠᠰᠤᠯᠬᠤ ᠭᠦᠢᠴᠡᠳᠬᠡᠬᠦ ᠡᠷᠬᠡ ᠪᠡᠨ ᠠᠰᠢᠭᠯᠠᠨ ᠰᠠᠬᠢᠯᠭ᠎ᠠ ᠪᠠᠲᠤ ᠶ᠋ᠢ ᠵᠥᠷᠢᠴᠡᠵᠦ ᠬᠠᠤᠯᠢ ᠶ᠋ᠢ ᠵᠥᠷᠢᠴᠡᠭᠰᠡᠨ16 ᠤᠳᠠᠭᠠᠨ ᠤ᠋ ᠪᠠᠢᠴᠠᠭᠠᠨ ᠰᠢᠢᠳᠪᠦᠷᠢᠯᠡᠭᠰᠡᠨ ᠨᠡᠢᠲᠡᠯᠢᠭ ᠬᠡᠷᠡᠭ ᠢ᠋ ᠨᠡᠢᠲᠡᠯᠡᠵᠠᠢ ᠃

    ᠬᠤᠷᠠᠯ ᠠ᠋ᠴᠠ ᠴᠢᠬᠤᠯᠠᠴᠢᠯᠠᠭᠰᠠᠨ ᠨᠢ ᠂ ᠨᠢᠭᠡ ᠳ᠋ᠦ᠍ ᠰᠡᠷᠡᠮᠵᠢᠯᠡᠯ ᠤᠨ ᠬᠥᠮᠦᠵᠢᠯ ᠢ᠋ ᠭᠦᠨᠵᠡᠭᠡᠢ ᠥᠷᠨᠢᠭᠦᠯᠵᠦ ᠂ ᠬᠡᠷᠡᠭ ᠢ᠋ᠶ᠋ᠡᠷ ᠰᠡᠷᠡᠮᠵᠢᠯᠡᠯ ᠪᠣᠯᠭᠠᠬᠤ ᠂ ᠬᠡᠷᠡᠭ ᠢ᠋ᠶ᠋ᠡᠷ ᠰᠠᠬᠢᠯᠭ᠎ᠠ ᠪᠠᠲᠤ ᠶ᠋ᠢ ᠲᠥᠪ ᠴᠢᠩᠭ᠎ᠠ ᠪᠣᠯᠭᠠᠬᠤ ᠂ ᠬᠡᠷᠡᠭ ᠢ᠋ᠶ᠋ᠡᠷ ᠵᠠᠰᠠᠨ ᠰᠠᠢᠵᠢᠷᠠᠭᠤᠯᠬᠤ ᠶ᠋ᠢ ᠦᠨᠡᠨᠬᠦ ᠭᠦᠢᠴᠡᠳᠬᠡᠵᠦ ᠂ ᠬᠡᠷᠡᠭ ᠦ᠋ᠨ ᠵᠢᠱ᠌ᠢᠶ᠎ᠡ ᠳ᠋ᠡᠬᠢ ᠬᠥᠮᠦᠨ ᠪᠠ ᠬᠡᠷᠡᠭ ᠶᠠᠪᠤᠳᠠᠯ  ᠬᠠᠷᠢᠴᠠᠭᠤᠯᠵᠤ ᠬᠢᠨᠠᠮᠠᠭᠠᠢ ᠡᠷᠭᠢᠴᠡᠭᠦᠯᠦᠨ ᠪᠣᠳᠣᠯᠬᠢᠯᠠᠵᠤ ᠂ ᠥᠪᠡᠷ ᠦ᠋ᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠪᠦᠬᠦ ᠲᠠᠯ᠎ᠠ ᠪᠠᠷ ᠪᠠᠢᠴᠠᠭᠠᠨ ᠦᠵᠡᠵᠦ ᠂ ᠴᠠᠭ ᠲᠤᠬᠠᠢ ᠳ᠋ᠤᠨᠢ 《 ᠬᠣᠭ ᠲᠣᠭᠣᠰᠣ ᠶ᠋ᠢ ᠠᠷᠢᠯᠭᠠᠬᠤ 》 ᠂ 《 ᠡᠪᠡᠳᠴᠢᠨ ᠢ᠋ ᠵᠠᠰᠠᠬᠤ 》 ᠶ᠋ᠢ ᠪᠡᠶᠡᠯᠡᠭᠦᠯᠵᠦ ᠂ ᠭᠠᠷ ᠲᠠᠬᠢ ᠡᠷᠬᠡ ᠪᠡᠨ ᠬᠢᠨᠠᠮᠠᠭᠠᠢ ᠰᠠᠢᠲᠤᠷ ᠬᠡᠷᠡᠭᠯᠡᠬᠦ ᠬᠡᠷᠡᠭᠲᠡᠢ ᠃ ᠬᠣᠶᠠᠷ ᠲᠤ᠌ ᠬᠢᠨᠠᠨ ᠬᠠᠮᠢᠶᠠᠷᠬᠤ ᠬᠠᠷᠢᠭᠤᠴᠠᠯᠭ᠎ᠠ ᠶ᠋ᠢ ᠴᠢᠩᠭ᠎ᠠ ᠨᠠᠢᠳᠠᠪᠤᠷᠢᠵᠢᠭᠤᠯᠵᠤ ᠂ ᠨᠠᠮ ᠢ᠋ ᠪᠥᠬᠥ ᠲᠠᠯ᠎ᠠ ᠪᠠᠷ ᠴᠢᠩᠭ᠎ᠠ ᠬᠠᠮᠢᠶᠠᠷᠤᠨ ᠰᠢᠭᠦᠬᠦ ᠬᠣᠷᠢᠶ᠎ᠠ ᠪᠠᠨ ᠵᠠᠰᠠᠬᠤ ᠰᠢᠰᠲ᠋ᠧᠮᠵᠢ ᠶ᠋ᠢ ᠪᠦᠷᠢᠨᠰᠢᠭᠦᠯᠦᠨ ᠂ ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠂ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠳ 《 ᠨᠢᠭᠡ ᠠᠵᠢᠯ ᠤ᠋ᠨ ᠪᠠᠢᠷᠢ ᠬᠣᠣᠰ ᠬᠠᠷᠢᠭᠤᠴᠠᠯᠭ᠎ᠠ 》 ᠶ᠋ᠢ ᠬᠢᠨᠠᠮᠠᠭᠠᠢ ᠭᠦᠢᠴᠡᠳᠬᠡᠵᠦ ᠂ ᠦᠨᠡᠨᠬᠦ ᠪᠣᠳᠠᠲᠠᠢ ᠪᠠᠷ ᠬᠡᠷᠡᠭᠵᠢᠭᠦᠯᠦᠨ ᠴᠢᠩᠭ᠎ᠠ ᠠᠳᠬᠤᠵᠤ ᠂ ᠦᠷᠭᠦᠯᠵᠢ ᠶ᠋ᠢᠨ ᠴᠢᠨᠠᠷᠲᠠᠢ ᠪᠠᠷ ᠴᠢᠬᠢᠨ ᠳᠦᠨᠢ ᠰᠢᠪᠡᠨᠡᠵᠦ ᠬᠠᠨᠴᠤᠢ ᠶᠢ ᠨᠢ ᠳᠠᠳᠠᠬᠤ ᠂ ᠬᠥᠮᠦᠵᠢᠯ ᠤᠨ ᠰᠡᠷᠡᠮᠵᠢᠯᠡᠯ ᠢ ᠬᠡᠪᠰᠢᠭᠦᠯᠵᠦ᠂ ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢ ᠲᠤᠢᠯ ᠤ᠋ᠨ ᠨᠠᠷᠢᠯᠢᠭᠵᠢᠭᠤᠯᠬᠤ ᠪᠠ ᠪᠣᠳᠠᠲᠠᠢ ᠳ᠋ᠤ᠌ ᠨᠠᠢᠳᠠᠪᠤᠷᠢᠵᠢᠭᠤᠯᠬᠤ ᠬᠡᠷᠡᠭᠲᠡᠢ ᠭᠡᠪᠡ ᠃ ᠭᠤᠷᠪᠠ ᠳ᠋ᠤ᠌ ᠬᠠᠤᠯᠢ ᠲᠣᠭᠲᠠᠭᠠᠯ ᠳᠦᠷᠢᠮ ᠦ᠋ᠨ ᠬᠠᠲᠠᠭᠤ ᠬᠢᠵᠠᠭᠠᠷᠯᠠᠯ ᠢ᠋ ᠴᠢᠩᠭᠠᠳᠬᠠᠵᠤ ᠂ ᠬᠠᠤᠯᠢ ᠴᠠᠭᠠᠵᠠ ᠶ᠋ᠢᠨ《 ᠭᠤᠷᠪᠠᠨ ᠲᠣᠭᠲᠠᠭᠠᠯ 》 ᠢ᠋ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢ ᠬᠠᠷᠰᠢᠯᠠᠬᠤ ᠶᠢ ᠬᠦᠴᠦᠲᠡᠢ ᠰᠡᠷᠭᠡᠢᠯᠡᠵᠦ ᠂ ᠠᠰᠢᠭ ᠲᠤᠰᠠ ᠶ᠋ᠢ ᠰᠦᠯᠪᠡᠭᠡᠯᠡᠵᠦ ᠳᠠᠮᠵᠢᠭᠤᠯᠬᠤ ᠠᠷᠭ᠎ᠠ ᠵᠠᠮ ᠢ᠋ ᠦᠨᠡᠨ ᠬᠦ᠌ ᠬᠣᠷᠢᠭᠯᠠᠵᠤ ᠂ 《 ᠭᠤᠷᠪᠠᠨ ᠲᠣᠭᠲᠠᠭᠠᠯ 》 ᠠ᠋ᠴᠠ ᠵᠥᠷᠢᠴᠡᠭᠰᠡᠨ ᠦᠢᠯᠡ ᠠᠵᠢᠯᠯᠠᠭ᠎ᠠ ᠶ᠋ᠢ ᠣᠭᠲᠣ ᠠᠭᠤᠴᠢᠯᠠᠵᠤ ᠪᠣᠯᠬᠤ ᠥᠬᠡᠢ ᠂ ᠨᠡᠢᠭᠡᠮ ᠦ᠋ᠨ ᠲᠥᠪ ᠭᠣᠣᠯᠴᠢ ᠰᠢᠳᠤᠷᠭᠤ ᠶᠣᠰᠣ ᠶ᠋ᠢ ᠬᠠᠮᠠᠭᠠᠯᠠᠬᠤ ᠪᠠ ᠬᠠᠤᠯᠢ ᠴᠠᠭᠠᠵᠠ ᠶ᠋ᠢᠨ ᠬᠡᠷᠡᠭ ᠰᠢᠢᠳᠪᠦᠷᠢᠯᠡᠬᠦ ᠶ᠋ᠢ ᠦᠨᠡᠨ ᠬᠦ᠌ ᠪᠠᠲᠤᠯᠠᠬᠤ ᠳ᠋ᠤ᠌ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )