《ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ + ᠰᠢᠭᠦᠬᠦ ᠬᠣᠷᠢᠶ᠎ᠠ》
2023.10.24 ᠲᠣᠰ ᠥᠷᠲᠡᠭᠡᠨ᠎ᠦ ᠨᠠᠢᠷᠠᠭᠤᠯᠤᠭᠴᠢ

    ᠪᠥᠬᠥ ᠬᠣᠲᠠ ᠶ᠋ᠢᠨ《ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ + ᠰᠢᠭᠦᠬᠦ ᠬᠣᠷᠢᠶ᠎ᠠ》 ᠶ᠋ᠢᠨ ᠠᠵᠢᠯ ᠤ᠋ᠨ ᠪᠠᠢᠷᠢᠯᠠᠭᠤᠯᠤᠯᠲᠠ ᠶ᠋ᠢᠨ ᠬᠤᠷᠠᠯ ᠵᠢᠴᠢ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠶ᠋ᠢ ᠣᠨᠴᠠ ᠤᠷᠢᠭᠰᠠᠨ ᠡᠶᠡᠳᠡᠭᠦᠯᠦᠭᠴᠢ ᠶ᠋ᠢ ᠤᠷᠢᠨ ᠲᠣᠮᠢᠯᠠᠬᠤ ᠶᠣᠰᠣᠯᠠᠯ ᠶᠠᠪᠤᠭᠳᠠᠪᠠ

 

    10 ᠰᠠᠷ᠎ᠠ ᠶ᠋ᠢᠨ 13 ᠤ᠋ ᠡᠳᠦᠷ ᠂ ᠪᠥᠬᠥ ᠬᠣᠲᠠ ᠶ᠋ᠢᠨ《ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ + ᠰᠢᠭᠦᠬᠦ ᠬᠣᠷᠢᠶ᠎ᠠ》ᠶ᠋ᠢᠨ ᠠᠵᠢᠯ ᠤ᠋ᠨ ᠪᠠᠢᠷᠢᠯᠠᠭᠤᠯᠤᠯᠲᠠ ᠶ᠋ᠢᠨ ᠬᠤᠷᠠᠯ ᠵᠢᠴᠢ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠶ᠋ᠢ ᠣᠨᠴᠠ ᠤᠷᠢᠭᠰᠠᠨ ᠡᠶᠡᠳᠡᠭᠦᠯᠦᠭᠴᠢ ᠶ᠋ᠢ ᠤᠷᠢᠨ ᠲᠣᠮᠢᠯᠠᠬᠤ ᠶᠣᠰᠣᠯᠠᠯ ᠶᠠᠪᠤᠭᠳᠠᠪᠠ ᠃ ᠬᠣᠲᠠ ᠶ᠋ᠢᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠡᠷᠬᠢᠯᠡᠭᠴᠢ ᠵᠠᠩ ᠵᠠᠨ ᠯᠢᠨ ᠂ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠳᠠᠷᠤᠭ᠎ᠠ ᠰᠦ ᠯᠢ ᠵᠢᠶᠦ᠋ᠨ ᠣᠷᠣᠯᠴᠠᠵᠤ ᠶᠠᠷᠢᠶ᠎ᠠ ᠲᠠᠯᠪᠢᠵᠠᠢ ᠃

 

 

    ᠬᠤᠷᠠᠯ ᠳᠡᠭᠡᠷ᠎ᠡ ᠂ 《ᠣᠷᠳᠣᠰ ᠬᠣᠲᠠ ᠶ᠋ᠢᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶ᠎ᠠ ᠶ᠋ᠢᠨ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠶ᠋ᠢᠨ ᠢᠷᠭᠡᠨ ᠦ᠌ ᠬᠡᠷᠡᠭ ᠦ᠋ᠨ ᠵᠢᠭᠤᠷᠠᠯᠳᠤᠭᠠᠨ ᠳ᠋ᠤ᠌ ᠣᠷᠣᠯᠴᠠᠬᠤ ᠠᠵᠢᠯᠯᠠᠭ᠎ᠠ ᠶ᠋ᠢ ᠪᠦᠬᠦ ᠲᠠᠯ᠎ᠠ ᠪᠠᠷ ᠠᠬᠢᠭᠤᠯᠬᠤ ᠲᠤᠬᠠᠢ ᠬᠡᠷᠡᠭᠵᠢᠭᠦᠯᠬᠦ ᠠᠷᠭ᠎ᠠ(ᠲᠤᠷᠰᠢᠨ ᠬᠡᠷᠡᠭᠵᠢᠭᠦᠯᠬᠦ )》ᠶ᠋ᠢ ᠤᠩᠰᠢᠨ ᠲᠠᠢᠯᠪᠤᠷᠢᠯᠠᠬᠤ ᠶ᠋ᠢᠨ ᠬᠠᠮᠲᠤ ᠂ ᠤᠷᠢᠨ ᠲᠣᠮᠢᠯᠠᠭᠰᠠᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠶ᠋ᠢᠨ ᠣᠨᠴᠠ ᠤᠷᠢᠭᠰᠠᠨ ᠡᠶᠡᠳᠡᠭᠦᠯᠦᠭᠴᠢ ᠳ᠋ᠦ᠍ ᠤᠷᠢᠨ ᠬᠡᠷᠡᠭᠯᠡᠬᠦ ᠪᠢᠴᠢᠭ ᠣᠯᠭᠣᠪᠠ ᠃

 

 

    ᠵᠠᠩ ᠵᠠᠨ ᠯᠢᠨ ᠬᠡᠯᠡᠭᠰᠡᠨ ᠨᠢ ᠂ ᠡᠭᠦᠷᠭᠡ ᠳᠣᠰᠢᠶᠠᠯ ᠬᠠᠷᠢᠭᠤᠴᠠᠯᠭ᠎ᠠ ᠡᠭᠦᠷᠭᠡᠯᠡᠯ ᠢ᠋ᠶ᠋ᠡᠨ ᠴᠢᠩᠭᠠᠳᠬᠠᠨ ᠂ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠪᠠ ᠬᠣᠲᠠ ᠶ᠋ᠢᠨ ᠨᠠᠮ ᠤ᠋ᠨ ᠬᠣᠷᠢᠶᠠᠨ ᠤ᠋ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠦᠨᠳᠦᠰᠦᠨ ᠱᠠᠲᠤᠨ ᠤ᠋ ᠰᠠᠭᠤᠷᠢ ᠳᠠᠪᠠᠭᠤᠯᠢᠭ ᠢ᠋ᠶ᠋ᠠᠨ ᠭᠦᠢᠴᠡᠳ ᠪᠠᠳᠠᠷᠠᠭᠤᠯᠤᠨ ᠂ ᠠᠵᠢᠯ ᠤ᠋ᠨ ᠲᠣᠭᠲᠠᠴᠠ ᠪᠠᠨ ᠲᠡᠭᠦᠯᠳᠡᠷᠵᠢᠭᠦᠯᠵᠦ ᠂ ᠠᠷᠭ᠎ᠠ ᠬᠡᠯᠪᠡᠷᠢ ᠶ᠋ᠢᠨ ᠰᠢᠨ᠎ᠡ ᠶ᠋ᠢ ᠡᠭᠦᠳᠴᠦ ᠂ ᠰᠢᠭᠦᠭᠴᠢ ᠪᠠ ᠲᠥᠯᠥᠭᠡᠯᠡᠭᠴᠢ ᠶ᠋ᠢᠨ ᠬᠣᠶᠠᠷ ᠬᠦᠴᠦᠨ ᠢ᠋ ᠨᠡᠢᠯᠡᠭᠦᠯᠦᠨ ᠨᠢᠭᠡᠳᠬᠡᠵᠦ ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶ᠋ᠢ ᠨᠡᠩ ᠰᠠᠢᠨ ᠤᠬᠠᠭᠤᠯᠤᠨ ᠂ ᠦᠨᠳᠦᠰᠦᠨ ᠱᠠᠲᠤᠨ ᠤ᠋ ᠵᠥᠷᠢᠴᠡᠯ ᠢ᠋ ᠨᠠᠮᠳᠠᠭᠤᠯᠤᠨ ᠂ ᠨᠡᠢᠭᠡᠮ ᠦ᠋ᠨ ᠵᠠᠰᠠᠯᠲᠠ ᠶ᠋ᠢ ᠰᠢᠯᠢᠳᠡᠭᠵᠢᠭᠦᠯᠵᠦ ᠂ ᠵᠠᠷᠭᠤᠯᠳᠤᠬᠤ ᠠ᠋ᠴᠠ ᠡᠮᠦᠨ᠎ᠡ ᠡᠶᠡᠳᠡᠭᠦᠯᠬᠦ ᠪᠦᠬᠦ ᠬᠦᠷᠢᠶ᠎ᠡ  ᠶ᠋ᠢ ᠥᠷᠭᠡᠳᠬᠡᠨ ᠂ ᠪᠦᠬᠦ ᠬᠡᠯᠬᠢᠶᠠᠵᠢᠯ ᠤ᠋ᠨ ᠰᠢᠨ᠎ᠡ ᠶ᠋ᠢ ᠡᠭᠦᠳᠴᠦ ᠂ ᠣᠯᠠᠨ ᠡᠰᠢᠵᠢᠭᠰᠡᠨ ᠠᠵᠢᠯᠯᠠᠭᠠᠨ ᠢ᠋ ᠲᠦᠯᠬᠢᠨ ᠠᠬᠢᠭᠤᠯᠬᠤ ᠬᠡᠷᠡᠭᠲᠠᠢ ᠃

 

    ᠰᠦ ᠯᠢ ᠵᠢᠶᠦ᠋ᠨ ᠢᠯᠡᠷᠬᠡᠢᠯᠡᠬᠦ ᠳᠡᠭᠡᠨ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠲᠤᠰ ᠤᠳᠠᠭᠠᠨ ᠤ᠋ ᠬᠤᠷᠠᠯ ᠢ᠋ᠶ᠋ᠠᠷ ᠠᠵᠠ ᠲᠣᠬᠢᠶᠠᠯ ᠪᠣᠯᠭᠠᠨ ᠂ 《ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ + ᠰᠢᠭᠦᠬᠦ ᠬᠣᠷᠢᠶ᠎ᠠ》 ᠶ᠋ᠢᠨ ᠰᠢᠨ᠎ᠡ ᠵᠠᠭᠪᠤᠷ ᠢ᠋ ᠪᠥᠬᠥ ᠲᠠᠯ᠎ᠠ ᠪᠠᠷ ᠳᠡᠯᠭᠡᠷᠡᠭᠦᠯᠵᠦ ᠂ 《ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ + ᠰᠢᠭᠦᠬᠦ ᠬᠣᠷᠢᠶ᠎ᠠ》 ᠶ᠋ᠢᠨ ᠣᠯᠠᠨ ᠡᠰᠢᠲᠦ ᠵᠥᠷᠢᠴᠡᠯ ᠢ᠋ ᠰᠢᠢᠳᠪᠦᠷᠢᠯᠡᠬᠦ ᠲᠣᠭᠲᠠᠴᠠ ᠶ᠋ᠢᠨ ᠪᠠᠢᠭᠤᠯᠤᠯᠲᠠ ᠶ᠋ᠢ ᠭᠦᠨᠵᠡᠭᠡᠢᠷᠡᠭᠦᠯᠵᠦ ᠂ ᠨᠡᠩ ᠣᠯᠠᠨ ᠵᠥᠷᠢᠴᠡᠯ ᠵᠢᠭᠤᠷᠠᠯᠳᠤᠭᠠᠨ ᠢ᠋ ᠵᠠᠷᠭᠤᠯᠳᠤᠬᠤ ᠠ᠋ᠴᠠ ᠡᠮᠦᠨ᠎ᠡ ᠂ ᠮᠠᠨ ᠤ᠋ ᠬᠣᠲᠠ ᠶ᠋ᠢᠨ 《 ᠪᠥᠬᠥ ᠤᠯᠤᠰ ᠤ᠋ᠨ ᠬᠣᠲᠠ ᠶ᠋ᠢᠨ ᠬᠡᠪᠴᠢᠶᠡᠨ ᠦ᠌ ᠨᠡᠢᠭᠡᠮ ᠦ᠋ᠨ ᠵᠠᠰᠠᠯᠲᠠ ᠶ᠋ᠢᠨ ᠵᠢᠱ᠌ᠢᠶ᠎ᠡ》 ᠶ᠋ᠢ ᠪᠠᠢᠭᠤᠯᠬᠤ ᠳ᠋ᠤ᠌ ᠬᠦᠴᠦᠨ ᠨᠡᠮᠡᠷᠢᠯᠡᠬᠦ ᠪᠡᠷ ᠪᠠᠢᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )