ᠢᠳᠡᠪᠬᠢᠲᠡᠢ ᠬᠠᠷᠢᠭᠤᠯᠲᠠ ᠥᠭᠴᠦ ᠦᠳᠲᠡᠷ ᠲᠦᠷᠭᠡᠨ ᠬᠥᠳᠡᠯᠦᠯᠴᠡᠶ᠎ᠡ ︱
2023.10.24 ᠲᠣᠰ ᠥᠷᠲᠡᠭᠡᠨ᠎ᠦ ᠨᠠᠢᠷᠠᠭᠤᠯᠤᠭᠴᠢ

ᠢᠳᠡᠪᠬᠢᠲᠡᠢ ᠬᠠᠷᠢᠭᠤᠯᠲᠠ ᠥᠭᠴᠦ ᠦᠳᠲᠡᠷ ᠲᠦᠷᠭᠡᠨ ᠬᠥᠳᠡᠯᠦᠯᠴᠡᠶ᠎ᠡ ︱ 《ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ + ᠰᠢᠭᠦᠬᠦ ᠬᠣᠷᠢᠶ᠎ᠠ 》 ᠶ᠋ᠢᠨ ᠣᠯᠠᠨ ᠡᠰᠢᠲᠦ ᠵᠢᠭᠤᠷᠠᠯᠳᠤᠭᠠᠨ ᠢ᠋ ᠡᠶᠡᠳᠡᠭᠦᠯᠬᠦ ᠣᠷᠳᠣᠰ ᠤ᠋ᠨ ᠬᠠᠭᠤᠳᠠᠰᠤ ᠶ᠋ᠢ ᠴᠢᠷᠮᠠᠢᠨ ᠪᠢᠴᠢᠭᠯᠡᠪᠡ

 

 

    10 ᠳ᠋ᠤᠭᠠᠷ ᠰᠠᠷ᠎ᠠ ᠶ᠋ᠢᠨ 10 ᠤ᠋ ᠡᠳᠦᠷ ᠂ ᠪᠦᠬᠦ ᠣᠷᠣᠨ ᠤ᠋ ᠰᠢᠭᠦᠬᠦ ᠬᠣᠷᠢᠶ᠎ᠠ ᠶ᠋ᠢᠨ ᠵᠠᠷᠭᠤ ᠶ᠋ᠢᠨ ᠢᠷᠡᠯᠲᠡ ᠶ᠋ᠢ ᠵᠠᠰᠠᠬᠤ ᠶ᠋ᠢ ᠠᠬᠢᠭᠤᠯᠬᠤ ᠬᠤᠷᠠᠯ ᠵᠢᠴᠢ 《ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ + ᠰᠢᠭᠦᠬᠦ ᠬᠣᠷᠢᠶ᠎ᠠ 》 ᠶ᠋ᠢᠨ ᠠᠵᠢᠯ ᠤ᠋ᠨ ᠪᠠᠢᠷᠢᠯᠠᠭᠤᠯᠤᠯᠲᠠ ᠶ᠋ᠢᠨ ᠬᠤᠷᠠᠯ ᠬᠤᠷᠠᠯᠳᠤᠵᠤ ᠂ ᠪᠦᠬᠦ ᠣᠷᠣᠨ ᠤ᠋ ᠰᠢᠭᠦᠬᠦ ᠬᠣᠷᠢᠶ᠎ᠠ ᠶ᠋ᠢᠨ ᠵᠠᠷᠭᠤ ᠶ᠋ᠢᠨ ᠰᠤᠷᠪᠤᠯᠵᠢ ᠶ᠋ᠢ ᠵᠠᠰᠠᠬᠤ ᠠᠵᠢᠯ ᠢ᠋ ᠶᠡᠬᠡᠪᠡᠷ ᠠᠬᠢᠭᠤᠯᠬᠤ ᠂ 《ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ + ᠰᠢᠭᠦᠬᠦ ᠬᠣᠷᠢᠶ᠎ᠠ 》 ᠶ᠋ᠢᠨ ᠰᠢᠨ᠎ᠡ ᠬᠡᠪ ᠵᠠᠭᠪᠤᠷ ᠢ᠋ ᠳᠡᠯᠭᠡᠷᠡᠭᠦᠯᠬᠦ ᠂ 《ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ + ᠰᠢᠭᠦᠬᠦ ᠬᠣᠷᠢᠶ᠎ᠠ 》ᠶ᠋ᠢᠨ ᠣᠯᠠᠨ ᠡᠰᠢᠲᠦ ᠡᠶᠡᠳᠡᠭᠦᠯᠬᠦ ᠲᠣᠭᠲᠠᠴᠠ ᠶ᠋ᠢᠨ ᠪᠠᠢᠭᠤᠯᠤᠯᠲᠠ ᠳ᠋ᠤ᠌ ᠦᠢᠯᠡᠳᠦᠯᠭᠡ ᠶ᠋ᠢᠨ ᠵᠠᠮ ᠪᠠ ᠴᠢᠭᠯᠡᠯ ᠢ᠋ ᠲᠣᠳᠣᠷᠬᠠᠢᠯᠠᠪᠠ ᠃

    ᠬᠤᠷᠠᠯ ᠡᠬᠢᠯᠡᠭᠰᠡᠨ ᠦ᠌ ᠳᠠᠷᠠᠭ᠎ᠠ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠰᠣᠨᠣᠰᠤᠭᠰᠠᠨ ᠵᠠᠷᠯᠢᠭ ᠢ᠋ᠶ᠋ᠠᠷ ᠶᠠᠪᠤᠵᠤ ᠂ ᠠᠷᠭ᠎ᠠ ᠤᠬᠠᠭᠠᠨ ᠰᠦᠪᠡᠭᠴᠢᠯᠡᠨ ᠬᠥᠳᠡᠯᠦᠯᠴᠡᠵᠦ ᠂ ᠬᠤᠷᠠᠯ ᠤ᠋ᠨ ᠪᠠᠢᠷᠢᠯᠠᠭᠤᠯᠤᠯᠲᠠ ᠱᠠᠭᠠᠷᠳᠠᠯᠭ᠎ᠠ ᠪᠠ ᠭᠣᠣᠯᠳᠠᠯᠭ᠎ᠠ ᠲᠠᠢ ᠠᠵᠢᠯ ᠤ᠋ᠨ ᠡᠭᠦᠷᠭᠡ ᠲᠡᠢ ᠨᠢᠭᠲᠠ ᠤᠶᠠᠯᠳᠤᠭᠤᠯᠤᠨ ᠂ ᠬᠠᠮᠤᠭ ᠲᠡᠷᠢᠭᠦᠨ ᠳ᠋ᠦ᠍ ᠬᠣᠲᠠ ᠶ᠋ᠢᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶ᠎ᠠ ᠲᠠᠢ ᠬᠠᠮᠲᠤ ᠪᠠᠷ 《 ᠣᠷᠳᠣᠰ ᠬᠣᠲᠠ ᠶ᠋ᠢᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶ᠎ᠠ ᠶ᠋ᠢᠨ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠶ᠋ᠢ ᠢᠷᠭᠡᠨ ᠦ᠌ ᠬᠡᠷᠡᠭ ᠦ᠋ᠨ ᠵᠢᠭᠤᠷᠠᠯᠳᠤᠭᠠᠨ ᠠ᠋ᠴᠠ ᠡᠮᠦᠨ᠎ᠡ ᠡᠶᠡᠳᠡᠭᠦᠯᠬᠦ ᠠᠵᠢᠯ ᠳ᠋ᠤ᠌ ᠣᠷᠣᠯᠴᠠᠬᠤ ᠶ᠋ᠢ ᠪᠦᠬᠦ ᠲᠠᠯ᠎ᠠ ᠪᠠᠷ ᠠᠬᠢᠭᠤᠯᠬᠤ ᠲᠤᠬᠠᠢ ᠬᠡᠷᠡᠭᠵᠢᠭᠦᠯᠬᠦ ᠠᠷᠭ᠎ᠠ 》  ᠡᠴᠡ ᠭᠠᠷᠳᠠᠨ ᠲᠤᠭᠤᠷᠪᠢᠨ ᠪᠢᠴᠢᠭᠰᠡᠨ ᠪᠥᠭᠡᠳ 10 ᠰᠠᠷ᠎ᠠ ᠶ᠋ᠢᠨ 13 ᠤ᠋ ᠡᠳᠦᠷ ᠂ ᠪᠥᠬᠥ ᠬᠣᠲᠠ ᠶ᠋ᠢᠨ 《 ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ + ᠰᠢᠭᠦᠬᠦ ᠬᠣᠷᠢᠶ᠎ᠠ 》 ᠶ᠋ᠢᠨ ᠢᠷᠭᠡᠨ ᠦ᠌ ᠬᠡᠷᠡᠭ ᠦ᠋ᠨ ᠵᠢᠭᠤᠷᠠᠯᠳᠤᠭᠠᠨ ᠢ᠋ ᠵᠠᠷᠭᠤ ᠠ᠋ᠴᠠ ᠡᠮᠦᠨ᠎ᠡ ᠡᠶᠡᠳᠡᠭᠦᠯᠬᠦ ᠠᠵᠢᠯ ᠤ᠋ᠨ ᠪᠠᠢᠷᠢᠯᠠᠭᠤᠯᠤᠯᠲᠠ ᠵᠢᠴᠢ ᠠᠷᠠᠳ ᠤ᠋ᠨ ᠲᠥᠯᠥᠭᠡᠯᠡᠭᠴᠢᠳ ᠦ᠋ᠨ ᠣᠨᠴᠠ ᠤᠷᠢᠭᠰᠠᠨ ᠡᠶᠡᠳᠡᠭᠦᠯᠦᠭᠴᠢ ᠶ᠋ᠢ ᠤᠷᠢᠨ ᠲᠣᠮᠢᠯᠠᠬᠤ ᠶᠣᠰᠣᠯᠠᠯ ᠢ᠋ ᠵᠣᠬᠢᠶᠠᠨ ᠪᠠᠢᠭᠤᠯᠤᠨ ᠬᠤᠷᠠᠯᠳᠤᠭᠤᠯᠪᠠ ᠃ ᠣᠷᠳᠣᠰ ᠬᠣᠲᠠ ᠶ᠋ᠢᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠡᠷᠬᠢᠯᠡᠭᠴᠢ ᠵᠠᠩ ᠵᠠᠨ ᠯᠢᠨ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠳ᠋ᠤ᠌ ᠣᠷᠣᠯᠴᠠᠵᠤ ᠶᠠᠷᠢᠶ᠎ᠠ ᠲᠠᠯᠪᠢᠵᠠᠢ ᠃ ᠪᠥᠬᠥ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠴᠢ ᠢᠦᠢ ᠴᠢᠨ ᠂ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠸᠠᠩ ᠰᠢᠶᠠᠩ ᠯᠧᠢ ᠂ ᠹᠧᠩ ᠰᠢᠶᠣᠤ ᠯᠠᠨ ᠵᠢᠴᠢ 106 ᠬᠣᠲᠠ᠂ ᠬᠣᠰᠢᠭᠤ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠤᠷᠢᠯᠭ᠎ᠠ ᠪᠠᠷ ᠬᠤᠷᠠᠯ ᠳ᠋ᠤ᠌ ᠣᠷᠣᠯᠴᠠᠪᠠ ᠃

 

 

    ᠬᠤᠷᠠᠯ ᠤ᠋ᠨ ᠳᠠᠷᠠᠭ᠎ᠠ ᠂ ᠬᠤᠷᠠᠯ ᠳ᠋ᠤ᠌ ᠣᠷᠣᠯᠴᠠᠭᠰᠠᠨ ᠬᠥᠮᠦᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠲᠥᠯᠥᠭᠡᠯᠡᠭᠴᠢ ᠭᠡᠰᠢᠭᠦᠳ ᠦ᠋ᠨ ᠬᠡᠷᠡᠭ ᠵᠥᠪᠯᠡᠬᠦ ᠲᠢᠩᠬᠢᠮ ᠳ᠋ᠦ᠍ 《 ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ + ᠰᠢᠭᠦᠬᠦ ᠬᠣᠷᠢᠶ᠎ᠠ 》 ᠶ᠋ᠢᠨ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠠᠵᠢᠯ ᠢ᠋ ᠬᠡᠷᠬᠢᠨ ᠠᠬᠢᠭᠤᠯᠬᠤ ᠲᠤᠬᠠᠢ ᠭᠦᠨᠵᠡᠭᠡᠢ ᠶᠠᠷᠢᠯᠴᠠᠨ ᠰᠣᠯᠢᠯᠴᠠᠵᠤ ᠂ ᠢᠷᠭᠡᠨ ᠦ᠌ ᠬᠡᠷᠡᠭ ᠦ᠋ᠨ ᠵᠥᠷᠢᠴᠡᠯ ᠵᠢᠭᠤᠷᠠᠯᠳᠤᠭᠠᠨ ᠤ᠋ ᠡᠮᠦᠨ᠎ᠡ ᠲᠠᠯ ᠠ ᠶ᠋ᠢ 《ᠠᠷᠠᠳ ᠤ᠋ᠨ ᠪᠠᠢᠳᠠᠯ ᠳ᠋ᠤ᠌ ᠨᠡᠩ ᠣᠢᠷᠠᠲᠤᠭᠤᠯᠬᠤ》 ᠂ 《ᠬᠥᠮᠦᠰ ᠦᠨ ᠴᠣᠭ ᠵᠣᠯᠢ ᠴᠤᠭᠯᠠᠬᠤ》 ᠰᠠᠢᠨ ᠠᠷᠭ᠎ᠠ ᠂ ᠪᠣᠳᠠᠲᠠᠢ ᠠᠷᠭ᠎ᠠ ᠶ᠋ᠢ ᠳᠤᠷᠠᠳᠤᠨ ᠭᠠᠷᠭᠠᠵᠤ ᠂ ᠬᠣᠢᠰᠢᠳᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠪᠠ ᠨᠢᠭᠡ ᠥᠷᠲᠡᠭᠡ ᠮᠠᠶᠢᠭ ᠤ᠋ᠨ ᠣᠯᠠᠨ ᠡᠰᠢᠲᠦ ᠵᠢᠭᠤᠷᠠᠯᠳᠤᠭᠠᠨ ᠢ᠋ ᠰᠢᠢᠳᠪᠦᠷᠢᠯᠡᠬᠦ ᠠᠵᠢᠯ ᠳ᠋ᠤ᠌ ᠰᠢᠨ᠎ᠡ ᠰᠡᠳᠬᠢᠴᠡ ᠳᠡᠪᠰᠢᠭᠦᠯᠵᠦ ᠂ ᠰᠢᠨ᠎ᠡ ᠠᠷᠭ᠎ᠠ ᠵᠠᠮ ᠢ᠋ ᠲᠣᠳᠣᠷᠬᠠᠢ ᠪᠣᠯᠭᠠᠪᠠ ᠃

    ᠳᠠᠷᠠᠭᠠᠴᠢ ᠶ᠋ᠢᠨ ᠠᠯᠬᠤᠮ ᠳ᠋ᠤ᠌ ᠂ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠭᠣᠣᠯ ᠰᠡᠳᠦᠪᠲᠦ ᠰᠤᠷᠭᠠᠨ ᠬᠥᠮᠦᠵᠢᠯ ᠢ᠋ ᠯᠠᠪᠳᠠᠭᠤᠨ ᠪᠠᠲᠤᠲᠠᠢ ᠥᠷᠨᠢᠭᠦᠯᠬᠦ ᠪᠡᠷ ᠲᠣᠬᠢᠶᠠᠯ ᠪᠣᠯᠭᠠᠨ ᠂ ᠰᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ ᠦ᠋ᠨ ᠡᠶᠡᠳᠡᠭᠦᠯᠬᠦ ᠠᠵᠢᠯ ᠤ᠋ᠨ ᠲᠤᠬᠠᠢ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠤᠯᠠᠮ ᠨᠢᠭᠡ ᠠᠯᠬᠤᠮ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠪᠥᠬᠥ ᠤᠯᠤᠰ ᠤ᠋ᠨ ᠡᠶᠡᠳᠡᠭᠦᠯᠬᠦ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠪᠠ ᠪᠦᠬᠦ ᠣᠷᠣᠨ ᠤ᠋ ᠰᠢᠭᠦᠬᠦ ᠬᠣᠷᠢᠶᠠᠨ ᠤ᠋ ᠵᠠᠷᠭᠤ ᠶ᠋ᠢᠨ ᠡᠬᠢ ᠰᠤᠷᠪᠤᠯᠵᠢ ᠶ᠋ᠢ ᠵᠠᠰᠠᠬᠤ ᠶ᠋ᠢ ᠠᠬᠢᠭᠤᠯᠬᠤ ᠬᠤᠷᠠᠯ ᠵᠢᠴᠢ 《 ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ + ᠰᠢᠭᠦᠬᠦ ᠬᠣᠷᠢᠶ᠎ᠠ 》 ᠶ᠋ᠢᠨ ᠠᠵᠢᠯ ᠤ᠋ᠨ ᠪᠠᠢᠷᠢᠯᠠᠭᠤᠯᠤᠯᠲᠠ ᠶ᠋ᠢᠨ ᠬᠤᠷᠠᠯ ᠤ᠋ᠨ ᠵᠣᠷᠢᠭ ᠰᠠᠨᠠᠭ᠎ᠠ ᠶ᠋ᠢ ᠪᠥᠬᠥ ᠲᠠᠯ᠎ᠠ ᠪᠠᠷ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠬᠣᠶᠠᠷ ᠲᠣᠮᠣ ᠶᠠᠪᠤᠳᠠᠯ ᠢ᠋ ᠰᠠᠢᠲᠤᠷ ᠬᠢᠬᠦ ᠪᠠ ᠣᠷᠳᠣᠰ ᠤ᠋ᠨ 《 ᠭᠤᠷᠪᠠᠨ ᠳᠥᠷᠪᠡ 》 ᠶ᠋ᠢᠨ ᠬᠠᠷᠠᠯᠲᠠ ᠶ᠋ᠢᠨ ᠡᠭᠦᠷᠭᠡ ᠶ᠋ᠢ ᠲᠦᠷᠭᠡᠳᠬᠡᠨ ᠠᠬᠢᠭᠤᠯᠬᠤ ᠲᠠᠢ ᠨᠢᠭᠲᠠ ᠤᠶᠠᠯᠳᠤᠭᠤᠯᠤᠨ ᠂ 《 ᠤᠷᠢᠳᠤᠬᠢ ᠦᠵᠦᠭᠦᠷ ᠢ᠋ ᠠᠳᠬᠤᠬᠤ᠂ ᠡᠪᠡᠳᠴᠢᠨ ᠰᠡᠷᠭᠡᠢᠯᠡᠬᠦ 》 ᠣᠢᠯᠠᠭᠠᠭᠳᠠᠬᠤᠨ ᠢ᠋ ᠭᠦᠨᠵᠡᠭᠡᠢ ᠲᠤᠤᠱᠯᠠᠭᠤᠯᠵᠤ ᠂ 《 ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ + ᠰᠢᠭᠦᠬᠦ ᠬᠣᠷᠢᠶ᠎ᠠ 》 ᠶ᠋ᠢᠨ ᠣᠯᠠᠨ ᠡᠰᠢᠲᠦ ᠵᠥᠷᠢᠴᠡᠯ ᠢ᠋ ᠰᠢᠢᠳᠪᠦᠷᠢᠯᠡᠬᠦ ᠲᠣᠭᠲᠠᠴᠠ ᠶ᠋ᠢᠨ ᠪᠠᠢᠭᠤᠯᠤᠯᠲᠠ ᠶ᠋ᠢ ᠶᠡᠬᠡᠪᠡᠷ ᠠᠬᠢᠭᠤᠯᠵᠤ ᠂ ᠨᠡᠩ ᠤᠯᠠᠨ ᠵᠥᠷᠢᠴᠡᠯ ᠵᠢᠭᠤᠷᠠᠯᠳᠤᠭᠠᠨ ᠶ᠋ᠢᠨ ᠡᠭᠦᠰᠪᠦᠷᠢ ᠶᠢ ᠰᠢᠢᠳᠪᠦᠷᠢᠯᠡᠬᠦ ᠂ ᠵᠠᠷᠭᠤ ᠶ᠋ᠢᠨ ᠡᠮᠦᠨ᠎ᠡ ᠨᠠᠮᠳᠠᠭᠠᠬᠤ ᠪᠠᠷ ᠪᠠᠢᠨ᠎ᠠ ᠃ ᠨᠢᠭᠡ ᠳ᠋ᠦ᠍ ᠂ ᠬᠠᠤᠯᠢ ᠴᠠᠭᠠᠵᠠ ᠶ᠋ᠢᠨ ᠡᠭᠦᠷᠭᠡ ᠴᠢᠳᠠᠪᠬᠢ ᠳ᠋ᠤ᠌ ᠰᠠᠭᠤᠷᠢᠯᠠᠨ ᠂ 《 ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠶ᠋ᠢᠨ ᠢᠷᠭᠡᠨ ᠦ᠌ ᠬᠡᠷᠡᠭ ᠦ᠋ᠨ ᠵᠢᠭᠤᠷᠠᠯᠳᠤᠭᠠᠨ ᠢ᠋ ᠵᠠᠭᠠᠯᠳᠤᠬᠤ ᠠ᠋ᠴᠠ ᠡᠮᠦᠨ᠎ᠡ ᠡᠶᠡᠳᠡᠭᠦᠯᠬᠦ ᠠᠵᠢᠯ ᠳ᠋ᠤ᠌ ᠣᠷᠣᠯᠴᠠᠬᠤ ᠶ᠋ᠢ ᠪᠥᠬᠥ ᠲᠠᠯ᠎ᠠ ᠪᠠᠷ ᠭᠦᠨᠵᠡᠭᠡᠢᠷᠡᠭᠦᠯᠬᠦ ᠲᠤᠬᠠᠢ ᠬᠡᠷᠡᠭᠵᠢᠭᠦᠯᠬᠦ ᠲᠥᠰᠦᠯ 》 ᠂ 《 ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠢᠷᠭᠡᠨ ᠦ᠌ ᠬᠡᠷᠡᠭ ᠦ᠋ᠨ ᠵᠢᠭᠤᠷᠠᠯᠳᠤᠭᠠᠨ ᠢ᠋ ᠡᠶᠡᠳᠡᠭᠦᠯᠬᠦ ᠠᠵᠢᠯ ᠳ᠋ᠤ᠌ ᠣᠷᠣᠯᠴᠠᠬᠤ ᠬᠡᠷᠡᠭᠵᠢᠭᠦᠯᠬᠦ ᠠᠷᠭ᠎ᠠ 》 ᠶ᠋ᠢ ᠲᠤᠤᠱᠯᠠᠭᠤᠯᠤᠨ ᠬᠡᠷᠡᠭᠵᠢᠭᠦᠯᠬᠦ ᠶ᠋ᠢ ᠪᠥᠬᠥ ᠲᠠᠯ᠎ᠠ ᠪᠠᠷ ᠠᠬᠢᠭᠤᠯᠵᠤ ᠂ ᠬᠠᠮᠢᠶ᠎ᠠ ᠪᠥᠬᠥᠢ ᠳᠦᠬᠦᠷᠵᠢᠭᠦᠯᠬᠦ ᠠᠵᠢᠯ ᠤ᠋ᠨ ᠠᠷᠭ᠎ᠠ ᠪᠠᠷᠢᠯ ᠢ᠋ ᠬᠠᠮᠲᠤ ᠳ᠋ᠤᠨᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠪᠥᠬᠥ ᠬᠡᠯᠬᠢᠶ᠎ᠡ ᠪᠡᠷ ᠡᠮᠦᠨ᠎ᠡ ᠲᠣᠮᠢᠯᠠᠬᠤ ᠂ ᠡᠶᠡᠳᠡᠭᠦᠯᠬᠦ ᠳᠤᠮᠳᠠ ᠬᠠᠮᠵᠢᠯᠴᠠᠬᠤ ᠪᠠ ᠡᠶᠡᠳᠡᠭᠦᠯᠬᠦ ᠪᠠ ᠰᠡᠭᠦᠯᠴᠢ ᠶ᠋ᠢᠨ ᠪᠠᠲᠤᠯᠠᠭ᠎ᠠ ᠶ᠋ᠢᠨ ᠠᠵᠢᠯ ᠢ᠋ ᠰᠠᠢᠲᠤᠷ ᠬᠢᠵᠦ ᠂ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠶ᠋ᠢ ᠣᠨᠴᠠᠭᠠᠢᠯᠠᠨ ᠤᠷᠢᠭᠰᠠᠨ ᠡᠶᠡᠳᠡᠭᠦᠯᠦᠭᠴᠢ ᠶ᠋ᠢᠨ ᠲᠤᠰᠢᠶᠠᠯ ᠢ᠋ᠶ᠋ᠠᠨ ᠭᠦᠢᠴᠡᠳᠬᠡᠬᠦ ᠳ᠋ᠦ᠍ ᠪᠦᠬᠦ ᠬᠦᠴᠦ ᠪᠡᠷ ᠢ᠋ᠶ᠋ᠡᠨ ᠰᠠᠢᠨ ᠦᠢᠯᠡᠴᠢᠯᠡᠭᠡ ᠬᠠᠩᠭᠠᠨ᠎ᠠ ᠃ ᠬᠣᠶᠠᠷ ᠲᠤ᠌ ᠂ ᠠᠵᠢᠯ ᠤ᠋ᠨ ᠰᠡᠳᠬᠢᠴᠡ ᠳ᠋ᠡᠭᠡᠨ ᠰᠢᠨ᠎ᠡ ᠶ᠋ᠢ ᠡᠭᠦᠳᠴᠦ ᠂ 《 ᠹᠧᠩ ᠴᠢᠶᠣᠤ ᠮᠠᠶᠢᠭ ᠤ᠋ᠨ ᠠᠷᠠᠳ ᠤ᠋ᠨ ᠰᠢᠭᠦᠬᠦ ᠲᠢᠩᠬᠢᠮ 》 ᠢ᠋ ᠴᠣᠭᠴᠠᠯᠠᠨ ᠪᠠᠢᠭᠤᠯᠬᠤ ᠠᠵᠢᠯ ᠢ᠋ ᠭᠦᠨᠵᠡᠭᠡᠢᠷᠡᠭᠦᠯᠬᠦ ᠪᠡᠷ ᠬᠦᠴᠦᠯᠡᠬᠦ ᠴᠡᠭ ᠪᠣᠯᠭᠠᠵᠤ ᠂ ᠠᠷᠠᠳ ᠤ᠋ᠨ ᠲᠥᠯᠥᠭᠡᠯᠡᠭᠴᠢᠳ ᠦ᠋ᠨ ᠵᠠᠷᠭᠤᠯᠳᠤᠬᠤ ᠠ᠋ᠴᠠ ᠡᠮᠦᠨ᠎ᠡ ᠡᠶᠡᠳᠡᠭᠦᠯᠬᠦ ᠬᠦᠷᠦᠯᠴᠡᠬᠦ ᠲᠠᠯ᠎ᠠ ᠪᠠᠨ ᠦᠨᠳᠦᠰᠦᠨ ᠱᠠᠲᠤᠨ ᠤ᠋ ᠨᠡᠢᠭᠡᠮ ᠦ᠋ᠨ ᠵᠠᠰᠠᠯᠲᠠ ᠶ᠋ᠢᠨ ᠦᠵᠦᠭᠦᠷ ᠬᠦᠷᠲᠡᠯ᠎ᠡ ᠢᠳᠡᠪᠬᠢᠲᠡᠢ ᠥᠷᠭᠡᠳᠬᠡᠵᠦ ᠂ ᠵᠥᠷᠢᠴᠡᠯ ᠮᠥᠷᠭᠥᠯᠳᠦᠭᠡᠨ ᠢ᠋ ᠡᠶᠡᠳᠡᠭᠦᠯᠦᠨ ᠰᠢᠢᠳᠪᠦᠷᠢᠯᠡᠬᠦ ᠬᠦᠴᠦᠷᠬᠡᠭ ᠶᠡᠬᠡ ᠨᠡᠢᠯᠡᠮᠡᠯ ᠬᠦᠴᠦᠨ ᠢ᠋ ᠥᠷᠭᠡᠨ ᠢ᠋ᠶ᠋ᠡᠷ ᠨᠢᠭᠲᠠᠷᠠᠭᠤᠯᠤᠨ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ 《 ᠵᠠᠷᠭᠤ ᠶ᠋ᠢᠨ ᠢᠷᠡᠯᠲᠡ ᠶ᠋ᠢᠨ ᠵᠠᠰᠠᠯᠲᠠ 》 ᠶ᠋ᠢᠨ ᠠᠵᠢᠯ ᠤ᠋ᠨ ᠰᠢᠨ᠎ᠡ ᠪᠣᠳᠠᠲᠤ ᠦᠷ᠎ᠡ ᠪᠦᠲᠦᠮᠵᠢ ᠣᠯᠬᠤ ᠶ᠋ᠢ ᠠᠬᠢᠭᠤᠯᠤᠨ᠎ᠠ ᠃ ᠭᠤᠷᠪᠠ ᠳ᠋ᠤ᠌ ᠂ ᠨᠡᠷᠡᠲᠦ ᠲᠡᠮᠳᠡᠭ ᠦ᠋ᠨ ᠤᠬᠠᠮᠰᠠᠷ ᠢ᠋ ᠪᠠᠲᠤᠳᠬᠠᠵᠤ᠂ ᠨᠡᠢᠲᠡᠯᠢᠭ ᠲᠤᠷᠰᠢᠯᠭ᠎ᠠ ᠪᠠ ᠠᠵᠢᠯ ᠤ᠋ᠨ ᠦᠷ᠎ᠡ ᠪᠦᠲᠦᠮᠵᠢ ᠶ᠋ᠢ ᠲᠠᠰᠤᠷᠠᠯᠲᠠ ᠦᠭᠡᠢ ᠳ᠋ᠦᠩᠨᠡᠵᠦ ᠂ ᠯᠠᠪᠯᠠᠯᠲᠠ ᠪᠣᠯᠭᠠᠵᠤ ᠪᠣᠯᠬᠤ ᠂ ᠳᠠᠭᠤᠷᠢᠶᠠᠵᠤ ᠪᠣᠯᠬᠤ ᠂ ᠳᠡᠯᠭᠡᠷᠡᠭᠦᠯᠵᠦ ᠪᠣᠯᠬᠤ 《 ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ + ᠰᠢᠭᠦᠬᠦ ᠬᠣᠷᠢᠶ᠎ᠠ 》 ᠶ᠋ᠢᠨ ᠣᠯᠠᠨ ᠡᠰᠢᠲᠦ ᠵᠥᠷᠢᠴᠡᠯ ᠵᠢᠭᠤᠷᠠᠯᠳᠤᠭᠠᠨ ᠢ᠋ ᠰᠢᠢᠳᠪᠦᠷᠢᠯᠡᠬᠦ ᠣᠷᠳᠣᠰ ᠤ᠋ᠨ ᠲᠤᠷᠰᠢᠯᠭ᠎ᠠ ᠂ ᠣᠷᠳᠣᠰ ᠤ᠋ᠨ ᠬᠡᠪ ᠵᠠᠭᠪᠤᠷ ᠢ᠋ ᠪᠦᠷᠢᠯᠳᠦᠭᠦᠯᠵᠦ ᠂ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠶ᠋ᠢᠨ ᠢᠷᠭᠡᠨ ᠦ᠌ ᠬᠡᠷᠡᠭ ᠦ᠋ᠨ ᠵᠢᠭᠤᠷᠠᠯᠳᠤᠭᠠᠨ ᠢ᠋ ᠵᠠᠷᠭᠤᠯᠳᠤᠬᠤ ᠠ᠋ᠴᠠ ᠡᠮᠦᠨ᠎ᠡ ᠰᠢᠢᠳᠪᠦᠷᠢᠯᠡᠬᠦ ᠠᠵᠢᠯ ᠳ᠋ᠤ᠌ ᠣᠷᠣᠯᠴᠠᠬᠤ ᠶ᠋ᠢ ᠠᠬᠢᠭᠤᠯᠵᠤ ᠦᠷ᠎ᠡ ᠪᠦᠲᠦᠮᠵᠢ ᠶ᠋ᠢ ᠪᠦᠬᠦ ᠣᠷᠣᠨ ᠳ᠋ᠤ᠌ ᠨᠡᠢᠳᠡᠮ ᠳᠡᠯᠭᠡᠷᠡᠭᠦᠯᠪᠡ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )