ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ
2023.10.24 ᠲᠣᠰ ᠥᠷᠲᠡᠭᠡᠨ᠎ᠦ ᠨᠠᠢᠷᠠᠭᠤᠯᠤᠭᠴᠢ

    ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠳᠤᠭᠤᠢᠯᠠᠩ ᠤ᠋ᠨ ᠣᠨᠣᠯ ᠰᠤᠷᠤᠯᠴᠠᠬᠤ ᠭᠣᠣᠯ ᠲᠥᠪ ᠤᠨ ᠳᠤᠭᠤᠢᠯᠠᠩ ᠤᠨ ( ᠥᠷᠭᠡᠳᠬᠡᠭᠰᠡᠨ ) ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠬᠣᠶᠠᠳᠤᠭᠠᠷ ᠬᠤᠭᠤᠴᠠᠭᠠᠨ ᠤ᠋ ᠨᠣᠮ ᠤᠩᠰᠢᠬᠤ ᠠᠩᠭᠢ ᠶ᠋ᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠢᠪᠡ

    ᠭᠣᠣᠯ ᠰᠡᠳᠦᠪᠲᠦ ᠬᠥᠮᠦᠵᠢᠯ ᠦᠨ ᠬᠣᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠶᠢᠨ ᠵᠥᠪᠯᠡᠮᠵᠢ ᠶᠢᠨ ᠲᠣᠬᠢᠷᠠᠭᠤᠯᠤᠯᠲᠠ ᠶᠣᠰᠣᠭᠠᠷ ᠂ ᠤᠢᠷ ᠠ ᠳᠤ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠢ᠎ᠠ ᠨᠠᠮ ᠤᠨ ᠤᠳᠤᠷᠢᠳᠬᠤ ᠳᠤᠭᠤᠢᠯᠠᠩ ᠤᠨ ᠤᠨᠤᠯ ᠰᠤᠷᠤᠯᠴᠠᠬᠤ ᠭᠣᠣᠯ ᠳᠤᠭᠤᠢᠯᠠᠩ  ᠤᠨ ( ᠥᠷᠭᠡᠳᠬᠡᠭᠰᠡᠨ ) ᠰᠤᠷᠤᠯᠴᠠᠨ ᠲᠤᠤᠱᠯᠠᠭᠤᠯᠬᠤ ᠂ ᠰᠢ ᠵᠢᠨ ᠫᠢᠩ  ᠤᠨ ᠰᠢᠨ᠎ᠡ ᠴᠠᠭ ᠦᠶ ᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠢᠭᠡᠮ ᠵᠢᠷᠤᠮ ᠤᠨ ᠦᠵᠡᠯ ᠰᠠᠨᠠᠭ ᠠ ᠶᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠬᠥᠮᠦᠵᠢᠯ ᠦᠨ ᠬᠣᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠬᠢ ᠶᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ ᠂ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠢ ᠠ ᠶᠢᠨ ᠨᠠᠮ ᠤᠨ ᠤᠳᠤᠷᠢᠳᠬᠤ ᠳᠤᠭᠤᠢᠯᠠᠩ ᠤᠨ ᠱᠦᠵᠢ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠢ ᠡᠷᠬᠢᠯᠡᠵᠦ᠂ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠢ ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠡᠯ᠎ᠡ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

 

 

    ᠬᠤᠷᠠᠯ ᠨᠢ ᠶᠡᠷᠦᠩᠬᠡᠢ ᠱᠦᠵᠢ ᠰᠢ ᠵᠢᠨ ᠫᠢᠩ ᠤ᠋ᠨ ᠦᠵᠡᠯ ᠰᠠᠨᠠᠭ᠎ᠠ ᠰᠣᠶᠣᠯ ᠤ᠋ᠨ ᠰᠤᠷᠲᠠᠯ ᠤᠬᠠᠭᠤᠯᠭ᠎ᠠ ᠶᠢᠨ ᠠᠵᠢᠯ ᠤ᠋ᠨ ᠲᠤᠬᠠᠢ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠂ 《ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠰᠠᠬᠢᠯᠭ᠎ᠠ ᠪᠠᠲᠤ  ᠶ᠋ᠢᠨ ᠰᠢᠳᠬᠡᠯ ᠥᠭᠬᠦ ᠳᠦᠷᠢᠮ 》᠂ ᠬᠠᠤᠯᠢ ᠴᠠᠭᠠᠵᠠ ᠶ᠋ᠢᠨ《 ᠭᠤᠷᠪᠠᠨ ᠲᠣᠭᠲᠠᠭᠠᠯ 》 ᠶᠢ  ᠬᠠᠷᠰᠢᠯᠠᠬᠤ ᠶ᠋ᠢ ᠰᠡᠷᠭᠡᠢᠯᠡᠨ ᠬᠣᠷᠢᠭᠯᠠᠬᠤ ᠵᠡᠷᠭᠡ ᠠᠭᠤᠯᠭ᠎ᠠ  ᠶ᠋ᠢ ᠲᠥᠪᠯᠡᠷᠡᠭᠦᠯᠦᠨ ᠰᠤᠷᠤᠯᠴᠠᠵᠤ ᠂ ᠤᠳᠤᠷᠢᠳᠬᠤ ᠪᠠᠭ ᠤ᠋ᠨ ᠪᠦᠷᠢᠯᠳᠦᠬᠦᠨ ᠦ᠌ ᠲᠥᠯᠥᠭᠡᠯᠡᠭᠴᠢ ᠪᠣᠯᠤᠨ ᠰᠠᠯᠠᠭ᠎ᠠ ᠮᠥᠴᠢᠷ ᠤ᠋ᠨ ᠬᠠᠷᠢᠭᠤᠴᠠᠯᠭᠠᠲᠠᠨ ᠤ᠋ ᠲᠥᠯᠥᠭᠡᠯᠡᠭᠴᠢ《 ᠳᠠᠪᠠᠭᠤᠯᠢᠭ ᠢ᠋ᠶ᠋ᠠᠨ ᠪᠠᠳᠠᠷᠠᠭᠤᠯᠬᠤ ᠂ ᠵᠥᠷᠢᠶ᠎ᠡ ᠪᠡᠨ ᠡᠷᠢᠬᠦ ᠂  ᠬᠥᠭᠵᠢᠯᠲᠡ ᠶ᠋ᠢ ᠠᠬᠢᠭᠤᠯᠬᠤ 》 ᠭᠣᠣᠯ ᠰᠡᠳᠦᠪ  ᠤ᠋ᠨ ᠲᠣᠭᠣᠷᠢᠨ ᠳ᠋ᠤ᠌ ᠰᠤᠳᠤᠯᠤᠨ ᠶᠠᠷᠢᠯᠴᠠᠵᠤ ᠰᠠᠨᠠᠯ ᠢ᠋ᠶ᠋ᠠᠨ ᠰᠣᠯᠢᠯᠴᠠᠪᠠ ᠃

    ᠬᠤᠷᠠᠯ ᠠ᠋ᠴᠠ ᠴᠢᠬᠤᠯᠠᠴᠢᠯᠠᠭᠰᠠᠨ ᠨᠢ 《 ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠢ ᠡ ᠪᠡᠨ ᠡᠷᠢᠵᠦ᠂ ᠬᠥᠭᠵᠢᠯᠲᠡ ᠎ᠶ᠋ᠢ ᠠᠬᠢᠭᠤᠯᠬᠤ》ᠲᠤᠰᠬᠠᠢ ᠰᠡᠳᠦᠪᠲᠦ ᠰᠤᠳᠤᠯᠤᠨ ᠶᠠᠷᠢᠯᠴᠠᠬᠤ  ᠶᠢ ᠥᠷᠨᠢᠭᠦᠯᠦᠭᠰᠡᠨ ᠨᠢ ᠭᠣᠣᠯ ᠰᠡᠳᠦᠪᠲᠦ ᠰᠤᠷᠭᠠᠨ ᠬᠥᠮᠦᠵᠢᠯ᠎ ᠤᠨ ᠠᠵᠢᠯ᠎ ᠤᠨ ᠱᠠᠭᠠᠷᠳᠠᠯᠭ᠎ᠠ ᠎ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠨᠠᠮ᠎ ᠤᠨ ᠭᠡᠰᠢᠭᠦᠨ ᠺᠠᠲᠷᠴᠤᠳ ᠢ ᠬᠥᠲᠥᠯᠦᠨ ᠵᠢᠯᠣᠭᠣᠳᠴᠤ ᠪᠠᠢᠭᠠᠳ ᠰᠢᠨ᠎ᠡ ᠬᠥᠭᠵᠢᠯᠲᠡ᠎ ᠶ᠋ᠢᠨ ᠣᠢᠯᠠᠭᠠᠭᠳᠠᠬᠤᠨ ᠢ  ᠪᠠᠲᠤ ᠪᠣᠢ ᠪᠣᠯᠭᠠᠵᠤ ᠂ ᠦᠵᠡᠯ ᠰᠠᠨᠠᠭ᠎ᠠ ᠣᠢᠯᠠᠭᠠᠭᠳᠠᠬᠤᠨ ᠵᠦᠭ ᠬᠤᠪᠢᠷᠠᠭᠤᠯᠬᠤ ᠂ ᠠᠰᠠᠭᠤᠳᠠᠯ ᠤᠨ ᠳᠤᠲᠠᠭᠳᠠᠯ ᠲᠠᠢ ᠲᠠᠯ᠎ᠠ ᠳᠦ ᠵᠥᠪ᠎ ᠢᠶᠡᠷ ᠬᠠᠨᠳᠤᠬᠤ ᠨᠢᠭᠡᠨ ᠬᠦᠴᠦᠲᠡᠢ ᠠᠷᠭ᠎ᠠ ᠬᠡᠮᠵᠢᠶ᠎ᠡ ᠪᠣᠯᠤᠨ᠎ᠠ ᠃ ᠲᠤᠰ ᠤᠳᠠᠭᠠᠨ  ᠤ ᠰᠤᠳᠤᠯᠤᠨ ᠶᠠᠷᠢᠯᠴᠠᠬᠤ ᠬᠤᠷᠠᠯ᠎ ᠢᠶᠡᠷ ᠲᠣᠬᠢᠶᠠᠯ ᠪᠣᠯᠭᠠᠨ ᠂ ᠪᠥᠬᠥ ᠬᠣᠲᠠ ᠎ᠶ᠋ᠢᠨ ᠰᠢᠭᠦᠬᠦ ᠬᠣᠷᠢᠶᠠᠨ ᠤ ᠠᠵᠢᠯ᠎ ᠤᠨ ᠴᠢᠨᠠᠷ ᠰᠠᠢᠲᠠᠢ ᠬᠥᠭᠵᠢᠯᠲᠡ᠎ᠶ᠋ᠢᠨ ᠬᠠᠷᠠᠯᠲᠠ ᠎ᠶ᠋ᠢᠨ ᠱᠠᠭᠠᠷᠳᠠᠯᠭ᠎ᠠ᠎ ᠶ᠋ᠢᠨ ᠲᠣᠭᠣᠷᠢᠨ ᠎ᠳ᠋ᠤ᠌ ᠰᠤᠷᠤᠯᠴᠠᠯᠭ᠎ᠠ ᠎ᠪᠠᠨ ᠴᠢᠩᠭᠠᠳᠬᠠᠵᠤ ᠂ ᠳᠠᠪᠠᠭᠤᠯᠢᠭ ᠢᠶᠠᠨ ᠪᠠᠳᠠᠷᠠᠭᠤᠯᠤᠨ ᠂ ᠲᠡᠷᠢᠭᠦᠨ ᠦ ᠬᠢ ᠰᠤᠷᠤᠯᠴᠠᠵᠤ ᠂ ᠵᠥᠷᠢᠶ ᠡ ᠪᠡᠨ ᠡᠷᠢᠵᠦ ᠂ ᠠᠷᠭᠠᠴᠠᠬᠤ ᠪᠣᠳᠣᠯᠭ᠎ᠠ ᠡᠷᠢᠯᠬᠢᠯᠡᠨ ᠂ ᠬᠥᠭᠵᠢᠯᠲᠡ᠎ ᠪᠡᠨ ᠠᠬᠢᠭᠤᠯᠵᠤ ᠂ ᠬᠣᠲᠠ ᠶᠢᠨ ᠨᠠᠮ ᠤᠨ ᠬᠣᠷᠢᠶ ᠠ ᠶᠢᠨ《 ᠭᠤᠷᠪᠠᠨ ᠳᠥᠷᠪᠡ 》 ᠶᠢᠨ ᠡᠭᠦᠷᠭᠡ ᠬᠠᠷᠠᠯᠲᠠ ᠶᠢ ᠪᠡᠶᠡᠯᠡᠭᠦᠯᠬᠦ  ᠳᠦ ᠪᠠᠲᠤ ᠴᠢᠩᠭ᠎ᠠ ᠬᠠᠤᠯᠢ ᠴᠠᠭᠠᠵᠠ᠎ᠶ᠋ᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠰᠡᠨ ᠪᠠᠢᠨ᠎ᠠ᠃

    ᠨᠢᠭᠡ ᠳ᠋ᠦ᠍ ᠳᠠᠯᠳᠠ ᠴᠢᠳᠠᠪᠤᠷᠢ ᠪᠠᠨ ᠪᠠᠳᠠᠷᠠᠭᠤᠯᠵᠤ ᠂ ᠰᠢ ᠶᠢᠨ ᠫᠢᠩ  ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠦᠨᠡᠨ ᠢᠲᠡᠭᠡᠯ ᠢ᠋ ᠪᠠᠲᠤ ᠬᠡᠷᠡᠭᠵᠢᠭᠦᠯᠵᠦ ᠂ ᠰᠢ ᠵᠢᠨ ᠫᠢᠩ  ᠤ᠋ᠨ ᠰᠣᠶᠣᠯ ᠤ᠋ᠨ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠤᠯᠤᠰ ᠲᠥᠷᠥ ᠶ᠋ᠢᠨ ᠪᠠᠢᠭᠤᠯᠤᠯᠲᠠ ᠂ ᠰᠠᠬᠢᠯᠭ᠎ᠠ ᠪᠠᠲᠤ ᠶ᠋ᠢᠨ ᠪᠠᠢᠭᠤᠯᠤᠯᠲᠠ ᠂ ᠡᠩᠨᠡᠭᠡᠨ ᠦ᠌ ᠪᠠᠢᠭᠤᠯᠤᠯᠲᠠ ᠵᠡᠷᠭᠡ ᠲᠠᠯ᠎ᠠ ᠶ᠋ᠢᠨ ᠳᠠᠪᠠᠭᠤᠯᠢᠭ ᠳᠠᠯᠳᠠ ᠴᠢᠳᠠᠪᠤᠷᠢ ᠶ᠋ᠢ ᠦᠷᠭᠦᠯᠵᠢᠯᠡᠨ ᠪᠡᠬᠢᠵᠢᠭᠦᠯᠵᠦ ᠂ ᠠᠵᠢᠯ ᠢ᠋ᠶ᠋ᠠᠨ ᠤᠯᠠᠮ ᠨᠢᠭᠡ ᠠᠯᠬᠤᠮ ᠪᠣᠳᠠᠲᠠᠢ ᠠᠳᠬᠤᠵᠤ ᠂ ᠰᠠᠭᠤᠷᠢ ᠪᠠᠨ ᠪᠠᠲᠤ᠂ ᠠᠯᠬᠤᠮ ᠢᠶᠠᠨ ᠯᠠᠪᠳᠠᠭᠤᠨ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠳᠤᠮᠳᠠ ᠴᠢᠳᠠᠪᠤᠷᠢ ᠪᠠᠨ ᠪᠠᠳᠠᠷᠠᠭᠤᠯᠬᠤ ᠬᠡᠷᠡᠭᠲᠡᠢ᠃ ᠬᠣᠶᠠᠷ ᠲᠤ᠌ ᠂ ᠲᠡᠷᠢᠭᠦᠨ ᠦ᠌ ᠬᠢ ᠲᠡᠢ ᠬᠠᠷᠢᠴᠠᠭᠤᠯᠤᠨ ᠵᠥᠷᠢᠶ᠎ᠡ ᠪᠡᠨ ᠡᠷᠢᠵᠦ ᠂ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠠᠵᠢᠯ ᠤ᠋ᠨ ᠱᠠᠭᠠᠷᠳᠠᠯᠭ᠎ᠠ ᠂ ᠨᠠᠮ ᠤ᠋ᠨ ᠳᠦᠷᠢᠮ ᠨᠠᠮ ᠤ᠋ᠨ ᠲᠣᠭᠲᠠᠭᠠᠯ ᠂ ᠲᠡᠷᠢᠭᠦᠨ ᠦ᠌ ᠨᠡᠢᠲᠡᠯᠢᠭ ᠵᠢᠱ᠌ᠢᠶ᠎ᠡ ᠂ ᠬᠠᠵᠠᠭᠤ ᠶ᠋ᠢᠨ ᠦᠯᠢᠭᠡᠷ ᠳᠠᠭᠤᠷᠢᠶᠠᠯ ᠪᠠ ᠠᠷᠠᠳ ᠣᠯᠠᠨ ᠤ᠋ ᠰᠢᠨ᠎ᠡ ᠬᠦᠰᠡᠯ ᠡᠷᠡᠮᠡᠯᠵᠡᠯ ᠵᠡᠷᠭᠡ ᠲᠡᠢ ᠪᠦᠬᠦ ᠲᠠᠯ᠎ᠠ  ᠪᠠᠷ ᠬᠠᠷᠢᠴᠠᠭᠤᠯᠤᠨ ᠂ ᠰᠢᠭᠦᠨ ᠲᠠᠰᠤᠯᠤᠯᠲᠠ ᠎ᠶ᠋ᠢᠨ ᠭᠦᠢᠴᠡᠳᠬᠡᠯᠲᠡ ᠂ ᠡᠩᠨᠡᠭᠡᠨ ᠦ᠌ ᠪᠠᠢᠭᠤᠯᠤᠯᠲᠠ ᠂ ᠨᠠᠮ ᠤ᠋ᠨ ᠰᠤᠷᠲᠠᠯ ᠴᠢᠬᠡᠴᠢ ᠵᠠᠰᠠᠭ ᠵᠡᠷᠭᠡ ᠲᠠᠯ᠎ᠠ ᠪᠠᠷ ᠣᠷᠣᠰᠢᠵᠤ ᠪᠠᠢᠭ᠎ᠠ ᠪᠠᠭᠤᠷᠠᠢ ᠵᠦᠢᠯ ᠤ᠋ᠨ ᠲᠣᠭᠣᠷᠢᠨ ᠳ᠋ᠤ᠌ ᠂ ᠵᠥᠷᠢᠶ᠎ᠡ ᠶ᠋ᠢ ᠲᠣᠳᠣᠷᠬᠠᠢ ᠲᠠᠨᠢᠵᠤ ᠂ ᠴᠢᠭᠯᠡᠯ ᠢ᠋ᠶ᠋ᠡᠨ ᠲᠣᠳᠣᠷᠬᠠᠢᠯᠠᠨ ᠂ ᠭᠣᠣᠯᠳᠠᠯᠭ᠎ᠠ ᠶ᠋ᠢ ᠠᠳᠬᠤᠵᠤ ᠂ ᠳᠤᠲᠠᠭᠳᠠᠯ  ᠢ᠋ ᠨᠥᠬᠥᠪᠥᠷᠢᠯᠡᠨ ᠂ ᠪᠠᠭᠤᠷᠠᠢ ᠵᠦᠢᠯ ᠢ᠋ ᠴᠢᠩᠭᠠᠳᠬᠠᠵᠤ ᠂ ᠪᠣᠳᠠᠲᠤ ᠦᠷ᠎ᠡ ᠪᠦᠲᠦᠮᠵᠢ ᠶ᠋ᠢ ᠡᠷᠬᠢᠮᠯᠡᠨ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠴᠢᠳᠠᠪᠤᠷᠢ ᠪᠠ ᠴᠢᠳᠠᠪᠤᠷᠢ ᠶ᠋ᠢ ᠦᠨᠡᠨᠬᠦ  ᠴᠢᠩᠭᠠᠳᠭᠠᠬᠤ  ᠬᠡᠷᠡᠭᠲᠡᠢ ᠃ ᠭᠤᠷᠪᠠ ᠳ᠋ᠤ᠌ ᠬᠠᠷᠠᠯᠲᠠ ᠶ᠋ᠢ ᠨᠠᠢᠳᠠᠪᠤᠷᠢᠵᠢᠭᠤᠯᠬᠤ ᠶ᠋ᠢ ᠴᠢᠩᠭ᠎ᠠ ᠠᠳᠬᠤᠵᠤ ᠂ ᠥᠪᠡᠷᠲᠡᠭᠡᠨ ᠵᠠᠰᠠᠬᠤ ᠣᠷᠣᠨ ᠤ᠋《ᠬᠣᠶᠠᠷ ᠶᠡᠬᠡ ᠶᠠᠪᠤᠳᠠᠯ》᠂ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ 《ᠭᠤᠷᠪᠠᠨ ᠳᠥᠷᠪᠡ 》 ᠎ᠶ᠋ᠢᠨ ᠬᠠᠷᠠᠯᠲᠠ ᠡᠭᠦᠷᠭᠡ ᠳ᠋ᠦ᠍ ᠲᠥᠪᠯᠡᠷᠡᠭᠦᠯᠦᠨ ᠂ ᠠᠵᠢᠯ ᠤ᠋ᠨ ᠰᠤᠷᠲᠠᠯ ᠢ᠋ ᠤᠯᠠᠮ ᠨᠢᠭᠡ ᠠᠯᠬᠤᠮ ᠴᠢᠩᠭᠠᠳᠬᠠᠵᠤ ᠂ ᠦᠨᠡᠨ ᠢ᠋ ᠪᠠᠷᠢᠮᠲᠠᠯᠠᠨ ᠪᠣᠳᠠᠲᠠᠢ ᠶ᠋ᠢ ᠡᠷᠬᠢᠮᠯᠡᠬᠦ ᠶ᠋ᠢ ᠪᠠᠷᠢᠮᠲᠠᠯᠠᠵᠤ ᠂ ᠪᠠᠢᠴᠠᠭᠠᠨ ᠰᠤᠳᠤᠯᠤᠯᠲᠠ ᠶ᠋ᠢ ᠶᠡᠬᠡᠪᠡᠷ ᠥᠷᠨᠢᠭᠦᠯᠦᠨ ᠂ ᠬᠢᠨᠠᠨ ᠵᠢᠯᠣᠭᠣᠳᠴᠤ ᠰᠢᠯᠭᠠᠨ ᠪᠠᠢᠴᠠᠭᠠᠬᠤ ᠶ᠋ᠢ ᠴᠢᠩᠭᠠᠳᠬᠠᠵᠤ ᠂ ᠠᠷᠭ᠎ᠠ ᠬᠡᠮᠵᠢᠶ᠎ᠡ  ᠠᠷᠭ᠎ᠠ ᠪᠠᠷᠢᠯ ᠳᠡᠭᠡᠷ᠎ᠡ ᠳᠠᠬᠢᠨ ᠨᠠᠷᠢᠯᠢᠭᠵᠢᠭᠤᠯᠵᠤ ᠂ ᠦᠷ᠎ᠡ ᠪᠦᠲᠦᠮᠵᠢ ᠶ᠋ᠢ ᠨᠠᠢᠳᠠᠪᠤᠷᠢᠵᠢᠭᠤᠯᠬᠤ ᠲᠠᠯ᠎ᠠ ᠪᠠᠷ ᠳᠠᠬᠢᠨ ᠠᠬᠢᠭᠤᠯᠵᠤ ᠂ ᠭᠣᠣᠯ ᠰᠡᠳᠦᠪᠲᠦ ᠰᠤᠷᠭᠠᠨ ᠬᠥᠮᠦᠵᠢᠯ ᠪᠠ ᠰᠢᠭᠦᠨ ᠭᠦᠢᠴᠡᠳᠬᠡᠬᠦ ᠠᠵᠢᠯ ᠤ᠋ᠨ ᠰᠠᠢᠨ ᠦᠷ᠎ᠡ ᠪᠦᠲᠦᠮᠵᠢ ᠪᠡᠷ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠠᠵᠢᠯ ᠤ᠋ᠨ ᠰᠢᠨ᠎ᠡ ᠪᠠᠢᠳᠠᠯ ᠢ᠋ ᠡᠬᠢᠯᠡᠭᠦᠯᠵᠦ ᠂ ᠳᠠᠬᠢᠨ ᠰᠢᠨ᠎ᠡ  ᠬᠠᠭᠤᠳᠠᠰᠦ ᠶᠢ ᠪᠢᠴᠢᠭᠯᠡᠶ᠎ᠡ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )