【ᠠᠵᠢᠯ ᠤᠨ ᠪᠠᠢᠳᠠᠯ】
2023.10.31 ᠲᠣᠰ ᠥᠷᠲᠡᠭᠡᠨ᠎ᠦ ᠨᠠᠢᠷᠠᠭᠤᠯᠤᠭᠴᠢ

    【ᠠᠵᠢᠯ ᠤᠨ ᠪᠠᠢᠳᠠᠯ】ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠪᠠᠢᠴᠠᠭᠠᠨ ᠰᠤᠳᠤᠯᠬᠤ ᠳᠤᠭᠤᠢᠯᠠᠩ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶᠠᠨ ᠳ᠋ᠤ᠌ ᠬᠦᠷᠴᠦ ᠵᠠᠰᠠᠭ ᠵᠠᠬᠢᠷᠭᠠᠨ ᠤ᠋ ᠬᠡᠷᠡᠭ ᠢ᠋ ᠲᠥᠪᠯᠡᠷᠡᠭᠦᠯᠦᠨ ᠵᠠᠬᠢᠷᠤᠨ ᠬᠠᠮᠢᠶᠠᠷᠬᠤ ᠠᠵᠢᠯ ᠢ᠋ ᠪᠠᠢᠴᠠᠭᠠᠨ ᠰᠤᠳᠤᠯᠪᠠ

    ᠵᠠᠰᠠᠭ ᠵᠠᠬᠢᠷᠭᠠᠨ ᠤ᠋ ᠮᠠᠷᠭᠤᠯᠳᠤᠭᠠᠨ ᠢ᠋ ᠪᠣᠳᠠᠲᠠᠢ ᠪᠠᠷ ᠰᠢᠢᠳᠪᠦᠷᠢᠯᠡᠨ ᠂ ᠵᠠᠰᠠᠭ ᠵᠠᠬᠢᠷᠭᠠᠨ ᠤ᠋ ᠮᠠᠷᠭᠤᠯᠳᠤᠭᠠᠨ ᠤ ᠵᠠᠷᠭᠤ ᠤᠨ  ᠢᠷᠡᠯᠲᠡ ᠶᠢᠨ ᠵᠠᠰᠠᠯᠲᠠ ᠶᠢ ᠪᠦᠲᠦᠮᠵᠢᠲᠡᠢ ᠠᠬᠢᠭᠤᠯᠬᠤ ᠶ᠋ᠢᠨ ᠲᠥᠯᠥᠭᠡ ᠂ ᠣᠢᠷ᠎ᠠ ᠶ᠋ᠢᠨ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ ᠵᠦ ᠭᠠᠩ ᠵᠡᠷᠭᠡ ᠵᠠᠰᠠᠭ ᠵᠠᠬᠢᠷᠭᠠᠨ ᠤ᠋ ᠰᠢᠭᠦᠨ ᠲᠠᠰᠤᠯᠬᠤ ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶᠠᠨ ᠳ᠋ᠤ᠌ ᠬᠦᠷᠴᠦ ᠵᠠᠰᠠᠭ ᠵᠠᠬᠢᠷᠭᠠᠨ ᠤ᠋ ᠬᠡᠷᠡᠭ ᠢ᠋ ᠲᠥᠪᠯᠡᠷᠡᠭᠦᠯᠦᠨ ᠵᠠᠬᠢᠷᠤᠨ ᠬᠠᠮᠢᠶᠠᠷᠬᠤ ᠠᠵᠢᠯ ᠢ᠋ ᠪᠠᠢᠴᠠᠭᠠᠨ ᠰᠤᠳᠤᠯᠪᠠ ᠃

 

 

    ᠶᠠᠷᠢᠯᠴᠠᠬᠤ ᠬᠤᠷᠠᠯ ᠳᠡᠭᠡᠷ᠎ᠡ ᠂ 2023 ᠣᠨ ᠤ᠋ 1 ︱ 9  ᠳ᠋ᠤᠭᠡᠷ ᠰᠠᠷ᠎ᠠ ᠪᠣᠯᠲᠠᠯ᠎ᠠ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠵᠠᠰᠠᠭ ᠵᠠᠬᠢᠷᠭᠠᠨ ᠤ᠋ ᠬᠥᠭᠵᠢᠭᠦᠯᠦᠯᠲᠡ ᠥᠭᠡᠷᠡᠴᠢᠯᠡᠯᠲᠡ ᠶ᠋ᠢᠨ ᠬᠡᠷᠡᠭ ᠦ᠋ᠨ ᠪᠠᠢᠳᠠᠯ ᠢ᠋ ᠮᠡᠳᠡᠭᠳᠡᠵᠦ ᠂ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶ᠎ᠠ ᠨᠢ ᠲᠥᠪᠯᠡᠷᠡᠭᠦᠯᠦᠨ ᠵᠠᠬᠢᠷᠤᠨ ᠬᠠᠮᠢᠶᠠᠷᠬᠤ ᠵᠠᠰᠠᠭ ᠵᠠᠬᠢᠷᠭᠠᠨ ᠤ᠋ ᠬᠡᠷᠡᠭ ᠦ᠋ᠨ ᠲᠠᠪᠤᠨ ᠵᠢᠯ ᠦ᠋ᠨ ᠲᠤᠷᠰᠢᠬᠢ ᠬᠡᠷᠡᠭ ᠢ᠋ ᠬᠦᠯᠢᠶᠡᠨ ᠠᠪᠴᠤ ᠰᠢᠢᠳᠪᠦᠷᠢᠯᠡᠭᠰᠡᠨ ᠪᠠᠢᠳᠠᠯ ᠂ ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠴᠢᠨᠠᠷ ᠴᠢᠨᠰᠠᠭ᠎ᠠ ᠦᠷ᠎ᠡ ᠪᠦᠲᠦᠮᠵᠢ ᠂ ᠣᠷᠣᠨ ᠪᠦᠰᠡ ᠠᠯᠤᠰᠯᠠᠨ ᠲᠥᠪᠯᠡᠷᠡᠭᠦᠯᠦᠨ ᠵᠠᠬᠢᠷᠤᠨ ᠬᠠᠮᠢᠶᠠᠷᠬᠤ ᠥᠭᠡᠷᠡᠴᠢᠯᠡᠯᠲᠡ ᠶ᠋ᠢᠨ ᠲᠤᠷᠰᠢᠯᠲᠠ ᠶ᠋ᠢᠨ ᠦᠷ᠎ᠡ ᠪᠦᠲᠦᠮᠵᠢ ᠪᠠ ᠣᠷᠣᠰᠢᠵᠤ ᠪᠠᠢᠭ᠎ᠠ ᠠᠰᠠᠭᠤᠳᠠᠯ ᠢ᠋ ᠬᠠᠷᠢᠭᠤ ᠮᠡᠳᠡᠭᠦᠯᠬᠦ ᠶ᠋ᠢᠨ ᠬᠠᠮᠲᠤ ᠂ ᠬᠣᠲᠠ ᠶ᠋ᠢᠨ ᠬᠡᠪᠴᠢᠶᠡᠨ ᠦ᠌ ᠨᠡᠢᠭᠡᠮ ᠦ᠋ᠨ ᠵᠠᠰᠠᠯᠲᠠ ᠳ᠋ᠤ᠌ ᠢᠳᠡᠪᠬᠢᠲᠡᠢ ᠣᠷᠣᠯᠴᠠᠵᠤ ᠂ ᠬᠠᠤᠯᠢ ᠶᠣᠰᠣᠭᠠᠷ ᠵᠠᠰᠠᠭ ᠵᠠᠬᠢᠷᠭᠠᠨ ᠤ᠋ ᠦᠢᠯᠡᠳᠦᠯᠭᠡ ᠶ᠋ᠢᠨ ᠰᠤᠷᠭᠠᠨ ᠬᠥᠮᠦᠵᠢᠯ ᠦ᠋ᠨ ᠰᠠᠭᠤᠷᠢᠨ ᠭᠠᠵᠠᠷ ᠢ᠋ ᠡᠭᠦᠳᠦᠨ ᠪᠠᠢᠭᠤᠯᠵᠤ ᠂ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠠᠬᠢᠭᠤᠯᠵᠤ ᠂ ᠵᠠᠰᠠᠭ ᠤ᠋ᠨ ᠣᠷᠳᠣᠨ ᠰᠢᠭᠦᠬᠦ ᠬᠣᠷᠢᠶ᠎ᠠ ᠬᠣᠯᠪᠣᠭᠠᠯᠠᠨ ᠬᠥᠳᠡᠯᠦᠯᠴᠡᠬᠦ ᠶ᠋ᠢ ᠭᠦᠨᠵᠡᠭᠡᠢᠷᠡᠭᠦᠯᠵᠦ ᠂ ᠵᠠᠰᠠᠭ ᠵᠠᠬᠢᠷᠭᠠᠨ ᠤ᠋ ᠮᠠᠷᠭᠤᠭᠠᠨ ᠢ᠋ ᠡᠬᠢ ᠡᠭᠦᠰᠦᠯ ᠡᠴᠡ ᠨᠢ ᠪᠠᠭᠠᠰᠬᠠᠬᠤ ᠵᠡᠷᠭᠡ ᠠᠵᠢᠯ ᠢ᠋ ᠲᠠᠨᠢᠯᠴᠠᠭᠤᠯᠪᠠ ᠃ ᠬᠤᠷᠠᠯ ᠳ᠋ᠤ᠌ ᠣᠷᠣᠯᠴᠠᠭᠰᠠᠨ ᠬᠥᠮᠦᠰ ᠬᠥᠭᠵᠢᠭᠦᠯᠦᠯᠲᠡ ᠥᠭᠡᠷᠡᠴᠢᠯᠡᠯᠲᠡ  ᠶ᠋ᠢᠨ ᠬᠡᠷᠡᠭ ᠳᠤᠮᠳᠠ ᠣᠷᠣᠰᠢᠵᠤ ᠪᠠᠢᠭ᠎ᠠ ᠮᠠᠷᠭᠤᠯᠳᠤᠭᠠᠨ ᠪᠣᠯᠤᠨ ᠰᠢᠭᠦᠨ ᠲᠠᠰᠤᠯᠬᠤ ᠦᠢᠯᠡᠳᠦᠯᠭᠡ ᠳᠤᠮᠳᠠᠬᠢ ᠵᠠᠷᠢᠮ ᠬᠡᠯᠡᠯᠴᠡᠭᠡᠨ ᠶᠡᠬᠡᠲᠡᠢ ᠂ ᠬᠦᠴᠢᠷ ᠠᠰᠠᠭᠤᠳᠠᠯ ᠪᠣᠯᠤᠨ ᠲᠥᠪᠯᠡᠷᠡᠯ ᠠᠰᠠᠭᠤᠳᠠᠯ ᠤ᠋ᠨ ᠲᠤᠬᠠᠢ ᠭᠦᠨᠵᠡᠭᠡᠢ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠪᠠ ᠃

    ᠬᠤᠷᠠᠯ ᠠ᠋ᠴᠠ ᠴᠢᠬᠤᠯᠠᠴᠢᠯᠠᠭᠰᠠᠨ ᠨᠢ ᠂ ᠦᠵᠡᠯ ᠰᠠᠨᠠᠭᠠᠨ ᠤ᠋ ᠲᠠᠨᠢᠯᠲᠠ ᠪᠠᠨ ᠳᠡᠭᠡᠭᠰᠢᠯᠡᠭᠦᠯᠵᠦ ᠂ ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠡᠭᠦᠷᠭᠡ ᠴᠢᠳᠠᠪᠤᠷᠢ ᠶ᠋ᠢᠨ ᠦᠢᠯᠡᠳᠦᠯ ᠢ᠋ ᠭᠦᠢᠴᠡᠳ ᠪᠠᠳᠠᠷᠠᠭᠤᠯᠵᠤ ᠂ ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢ ᠬᠠᠷᠰᠢᠯᠠᠵᠤ ᠪᠠᠢᠭ᠎ᠠ ᠬᠦᠴᠢᠷᠳᠡᠯ ᠪᠠ ᠠᠰᠠᠭᠤᠳᠠᠯ ᠢ᠋ ᠬᠢᠨᠠᠮᠠᠭᠠᠢ ᠰᠤᠳᠤᠯᠤᠨ ᠰᠢᠢᠳᠪᠦᠷᠢᠯᠡᠵᠦ ᠂ ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠠᠵᠢᠯ ᠢ᠋ ᠪᠥᠬᠥ ᠲᠠᠯ᠎ᠠ ᠪᠠᠷ ᠴᠢᠩᠭᠠᠳᠬᠠᠬᠤ ᠬᠡᠷᠡᠭᠲᠡᠢ ᠃ ᠣᠢᠯᠠᠭᠠᠯᠴᠠᠨ ᠵᠣᠬᠢᠴᠠᠭᠤᠯᠬᠤ ᠪᠠᠨ ᠴᠢᠩᠭᠠᠳᠬᠠᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠵᠠᠰᠠᠭ ᠵᠠᠬᠢᠷᠭᠠᠨ ᠤ᠋ ᠰᠢᠭᠦᠨ ᠲᠠᠰᠤᠯᠬᠤ ᠪᠦᠯᠬᠦᠮ ᠨᠢ ᠬᠠᠷᠢᠯᠴᠠᠨ ᠳᠠᠮᠵᠢᠨ ᠬᠠᠮᠵᠢᠯᠴᠠᠵᠤ ᠂ ᠲᠠᠰᠤᠯᠤᠨ ᠲᠣᠭᠲᠠᠭᠠᠬᠤ ᠣᠢᠯᠠᠭᠠᠭᠳᠠᠬᠤᠨ ᠢ᠋ ᠨᠢᠭᠡᠳᠬᠡᠵᠦ ᠂ ᠠᠵᠢᠯ ᠤ᠋ᠨ ᠨᠡᠢᠯᠡᠮᠡᠯ ᠬᠦᠴᠦᠨ ᠢ᠋ ᠪᠦᠷᠢᠯᠳᠦᠭᠦᠯᠬᠦ ᠬᠡᠷᠡᠭᠲᠡᠢ ᠃ ᠬᠥᠭᠵᠢᠭᠦᠯᠦᠯᠲᠡ ᠥᠭᠡᠷᠡᠴᠢᠯᠡᠯᠲᠡ ᠶ᠋ᠢᠨ ᠬᠡᠷᠡᠭ ᠦ᠋ᠨ ᠵᠠᠳᠠᠯᠤᠯᠲᠠ ᠰᠤᠳᠤᠯᠤᠯᠲᠠ ᠶ᠋ᠢ ᠴᠢᠩᠭᠠᠳᠬᠠᠵᠤ ᠂ ᠲᠤᠷᠰᠢᠯᠭ᠎ᠠ ᠰᠤᠷᠭᠠᠮᠵᠢ ᠪᠠᠨ ᠴᠠᠭ ᠲᠤᠬᠠᠢ ᠳ᠋ᠤᠨᠢ ᠳ᠋ᠦᠩᠨᠡᠵᠦ ᠂ ᠬᠥᠭᠵᠢᠭᠦᠯᠦᠯᠲᠡ ᠥᠭᠡᠷᠡᠴᠢᠯᠡᠯᠲᠡ ᠶ᠋ᠢᠨ ᠬᠡᠷᠡᠭ ᠦ᠋ᠨ ᠪᠦᠷᠢᠯᠳᠦᠬᠦᠨ ᠢᠶᠡᠷ ᠵᠢᠯᠣᠭᠣᠳᠤᠮᠵᠢ  ᠪᠣᠯᠭᠠᠵᠤ ᠂ ᠲᠤᠰ ᠲᠥᠷᠦᠯ ᠤᠨ ᠬᠡᠷᠡᠭ ᠢ ᠲᠠᠰᠤᠯᠤᠨ ᠲᠣᠭᠲᠠᠭᠠᠯᠲᠠ ᠶ᠋ᠢᠨ ᠲᠤᠰᠬᠠᠢ ᠪᠠᠷᠢᠮᠵᠢᠶ᠎ᠠ ᠶ᠋ᠢ ᠨᠢᠭᠡᠳᠬᠡᠵᠦ ᠂ ᠬᠥᠭᠵᠢᠭᠦᠯᠦᠯᠲᠡ ᠥᠭᠡᠷᠡᠴᠢᠯᠡᠯᠲᠡ ᠶ᠋ᠢᠨ ᠬᠡᠷᠡᠭ  ᠦ᠋ᠨ ᠬᠠᠷᠢᠴᠠᠯ ᠢ᠋ ᠪᠦᠲᠦᠮᠵᠢᠲᠡᠢ ᠪᠠᠭᠤᠷᠠᠭᠤᠯᠬᠤ ᠬᠡᠷᠡᠭᠲᠡᠢ ᠃ ᠵᠠᠰᠠᠭ ᠤ᠋ᠨ ᠣᠷᠳᠣᠨ ᠯᠤᠭ᠎ᠠ ᠶ᠋ᠢᠨ ᠬᠠᠷᠢᠯᠴᠠᠨ ᠦᠢᠯᠡᠳᠦᠯᠴᠡᠬᠦ ᠶᠢ ᠴᠢᠩᠭᠠᠳᠬᠠᠵᠤ ᠂ ᠵᠠᠰᠠᠭ ᠵᠠᠬᠢᠷᠭᠠᠨ ᠤ᠋ ᠮᠠᠷᠭᠤᠯᠳᠤᠭᠠᠨ ᠢ᠋ ᠣᠯᠠᠨ ᠡᠰᠢᠵᠢᠭᠦᠯᠦᠨ ᠰᠢᠢᠳᠪᠦᠷᠢᠯᠡᠬᠦ ᠬᠡᠪᠰᠢᠯ ᠢ᠋ ᠲᠦᠷᠭᠡᠬᠡᠨ ᠪᠣᠢ ᠪᠣᠯᠭᠠᠬᠤ ᠬᠡᠷᠡᠭᠲᠡᠢ ᠃ ᠵᠠᠷᠭᠤ ᠶ᠋ᠢᠨ ᠡᠬᠢ ᠰᠤᠷᠪᠤᠯᠵᠢ ᠶ᠋ᠢ ᠵᠠᠰᠠᠬᠤ ᠠᠵᠢᠯ ᠤ᠋ᠨ ᠭᠦᠨᠵᠡᠭᠡᠢᠷᠡᠨ ᠬᠥᠭᠵᠢᠬᠦ ᠶ᠋ᠢ ᠠᠬᠢᠭᠤᠯᠤᠨ᠎ᠠ ᠃ ᠬᠠᠷᠢᠶ᠎ᠠ ᠭᠠᠵᠠᠷ ᠤ᠋ᠨ ᠬᠠᠤᠯᠢ ᠴᠠᠭᠠᠵᠠ ᠶ᠋ᠢᠨ ᠵᠠᠰᠠᠭ ᠵᠠᠬᠢᠷᠭᠠᠨ ᠤ᠋ ᠪᠠᠢᠭᠤᠯᠤᠯᠭ᠎ᠠ ᠵᠢᠴᠢ ᠵᠣᠬᠢᠴᠠᠭᠤᠯᠤᠨ ᠰᠢᠢᠳᠪᠦᠷᠢᠯᠡᠬᠦ ᠲᠥᠪ ᠯᠦ᠍ᠭᠡ ᠠᠪᠴᠠᠯᠳᠤᠭᠤᠯᠬᠤ ᠂ ᠳᠠᠬᠢᠨ ᠵᠥᠪᠯᠡᠬᠦ ᠪᠠ ᠵᠠᠷᠭᠤᠯᠳᠤᠬᠤ ᠶ᠋ᠢ ᠠᠪᠴᠠᠯᠳᠤᠭᠤᠯᠬᠤ ᠠᠵᠢᠯ ᠢ᠋ ᠪᠦᠬᠦ ᠬᠦᠴᠦᠨ ᠢ᠋ᠶ᠋ᠡᠷ ᠰᠠᠢᠲᠤᠷ ᠬᠢᠵᠦ ᠂ ᠵᠠᠰᠠᠭ ᠵᠠᠬᠢᠷᠭᠠᠨ  ᠤ ᠳᠠᠬᠢᠨ ᠵᠥᠪᠯᠡᠯᠭᠡ ᠪᠡᠷ ᠵᠠᠰᠠᠭ ᠵᠠᠬᠢᠷᠭᠠᠨ ᠤ᠋ ᠮᠠᠷᠭᠤᠯᠳᠤᠭᠠᠨ ᠢ᠋ ᠰᠢᠢᠳᠪᠦᠷᠢᠯᠡᠬᠦ ᠭᠣᠣᠯ ᠠᠷᠭ᠎ᠠ ᠵᠠᠮ ᠤ᠋ᠨ ᠦᠢᠯᠡᠳᠦᠯ ᠢ᠋ᠶ᠋ᠡᠨ ᠪᠠᠳᠠᠷᠠᠭᠤᠯᠬᠤ ᠶ᠋ᠢ ᠪᠠᠲᠤᠯᠠᠨ ᠂ ᠵᠠᠰᠠᠭ ᠵᠠᠬᠢᠷᠭᠠᠨ ᠤ᠋ ᠮᠠᠷᠭᠤᠯᠳᠤᠭᠠᠨ ᠢ᠋ ᠮᠥᠨ ᠴᠢᠨᠠᠷ ᠡᠴᠡ ᠨᠢ ᠰᠢᠢᠳᠪᠦᠷᠢᠯᠡᠬᠦ ᠶ᠋ᠢ ᠲᠦᠯᠬᠢᠨ ᠠᠬᠢᠭᠤᠯᠬᠤ ᠬᠡᠷᠡᠭᠲᠡᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )