ᠪᠦᠷᠢᠶᠡᠨ ᠳᠠᠭᠤᠨ ᠳᠤᠤᠭᠠᠷᠬᠤ ᠲᠠᠢ ᠵᠡᠷᠭᠡ ᠭᠦᠢᠴᠡᠳᠬᠡᠬᠦ ᠠᠵᠢᠯ ᠶᠠᠭ ᠴᠠᠭ ᠲᠦ ᠪᠡᠨ ᠡᠬᠢᠯᠡᠨ᠎ᠡ
2023.10.31 ᠲᠣᠰ ᠥᠷᠲᠡᠭᠡᠨ᠎ᠦ ᠨᠠᠢᠷᠠᠭᠤᠯᠤᠭᠴᠢ

    ᠪᠦᠷᠢᠶᠡᠨ ᠳᠠᠭᠤᠨ ᠳᠤᠤᠭᠠᠷᠬᠤ ᠲᠠᠢ ᠵᠡᠷᠭᠡ ᠭᠦᠢᠴᠡᠳᠬᠡᠬᠦ ᠠᠵᠢᠯ ᠶᠠᠭ ᠴᠠᠭ ᠲᠦ ᠪᠡᠨ ᠡᠬᠢᠯᠡᠨ᠎ᠡ -- ᠪᠥᠬᠥ ᠬᠣᠲᠠ ᠶ᠋ᠢᠨ ᠰᠢᠭᠦᠬᠦ  ᠬᠣᠷᠢᠶ᠎ᠠ  ᠶᠢᠨ ᠭᠦᠢᠴᠡᠳᠬᠡᠬᠦ ᠰᠢᠰᠲ᠋ᠧᠮ ᠦ᠋ᠨ ᠡᠬᠡ ᠤᠯᠤᠰ ᠤ᠋ᠨ ᠤᠮᠠᠷᠠᠲᠤ ᠬᠢᠯᠢ ᠶ᠋ᠢᠨ ᠠᠮᠤᠷ ᠲᠦᠪᠰᠢᠨ  ᠲᠣᠭᠲᠠᠭᠤᠨ ᠬᠠᠯᠬᠠᠪᠴᠢ ᠶ᠋ᠢ ᠪᠡᠬᠢᠵᠢᠭᠦᠯᠬᠦ 2023 ᠣᠨ ᠤ ᠭᠦᠢᠴᠡᠳᠬᠡᠬᠦ ᠬᠦᠷᠢᠶ᠎ᠡ ᠬᠡᠪᠴᠢᠶ᠎ᠡ ᠶᠢᠨ ᠵᠠᠭᠤᠨ ᠡᠳᠦᠷ ᠦ᠋ᠨ ᠪᠣᠭᠣᠮᠲᠠ ᠰᠢᠪᠲᠤᠯᠬᠤ ᠠᠵᠢᠯᠯᠠᠭᠠᠨ ᠡᠬᠢᠯᠡᠭᠰᠡᠨ

    10 ᠰᠠᠷ᠎ᠠ ᠶ᠋ᠢᠨ 27 ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶ᠎ᠠ ᠶᠢᠨ ᠭᠦᠢᠴᠡᠳᠬᠡᠬᠦ ᠰᠢᠰᠲ᠋ᠧᠮ ᠦ᠋ᠨ ᠡᠬᠡ ᠤᠯᠤᠰ ᠤ᠋ᠨ ᠤᠮᠠᠷᠠᠲᠤ ᠬᠢᠯᠢ ᠶ᠋ᠢᠨ ᠠᠮᠤᠷ ᠲᠦᠪᠰᠢᠨ  ᠲᠣᠭᠲᠠᠭᠤᠨ ᠬᠠᠯᠬᠠᠪᠴᠢ ᠶ᠋ᠢ ᠪᠡᠬᠢᠵᠢᠭᠦᠯᠬᠦ 2023 ᠣᠨ ᠤ ᠭᠦᠢᠴᠡᠳᠬᠡᠬᠦ ᠬᠦᠷᠢᠶ᠎ᠡ ᠬᠡᠪᠴᠢᠶ᠎ᠡ ᠶᠢᠨ ᠵᠠᠭᠤᠨ ᠡᠳᠦᠷ ᠦ᠋ᠨ ᠪᠣᠭᠣᠮᠲᠠ ᠰᠢᠪᠲᠤᠯᠬᠤ ᠠᠵᠢᠯᠯᠠᠭ᠎ᠠ ᠶ᠋ᠢᠨ ᠡᠬᠢᠯᠡᠯᠲᠡ ᠶ᠋ᠢᠨ ᠶᠣᠰᠣᠯᠠᠯ ᠶᠠᠪᠤᠭᠤᠯᠪᠠ ᠃ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠡᠬᠢᠯᠡᠯᠲᠡ ᠶ᠋ᠢᠨ ᠶᠣᠰᠣᠯᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ ᠂ ᠭᠤᠷᠪᠠᠳᠤᠭᠠᠷ ᠳᠡᠰ ᠦ᠋ᠨ ᠥᠨᠳᠦᠷ ᠵᠡᠷᠭᠡ ᠶ᠋ᠢᠨ ᠰᠢᠭᠦᠬᠦ ᠲᠤᠰᠢᠶᠠᠯᠲᠠᠨ ᠸᠠᠩ ᠯᠢᠶᠠᠩ ᠵᠢᠴᠢ ᠭᠦᠢᠴᠡᠳᠬᠡᠬᠦ ᠲᠣᠪᠴᠢᠶ᠎ᠠ ᠶ᠋ᠢᠨ ᠪᠥᠬᠥ ᠺᠠᠲᠷ ᠴᠠᠭᠳᠠᠭ᠎ᠠ ᠨᠠᠷ ᠭᠣᠣᠯ ᠬᠤᠷᠠᠯ ᠤ᠋ᠨ ᠲᠠᠯᠠᠪᠠᠢ ᠳ᠋ᠤ᠌ ᠣᠷᠣᠯᠴᠠᠵᠤ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠬᠠᠮᠢᠶ᠎ᠠ ᠪᠥᠬᠥᠢ ᠬᠠᠷᠢᠭᠤᠴᠠᠯᠭᠠᠲᠠᠨ ᠨᠥᠬᠥᠳ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌ ᠸᠢᠳᠢᠣ᠋ ᠬᠤᠷᠠᠯ ᠳ᠋ᠤ᠌ ᠣᠷᠣᠯᠴᠠᠪᠠ ᠃

 

   

    ᠡᠬᠢᠯᠡᠯᠲᠡ ᠶ᠋ᠢᠨ ᠶᠣᠰᠣᠯᠠᠯ ᠳᠡᠭᠡᠷ᠎ᠡ 《ᠪᠥᠬᠥ ᠬᠣᠲᠠ ᠶ᠋ᠢᠨ ᠰᠢᠭᠦᠬᠦ ᠬᠣᠷᠢᠶ᠎ᠠ ᠶᠢᠨ ᠭᠦᠢᠴᠡᠳᠬᠡᠬᠦ ᠰᠢᠰᠲ᠋ᠧᠮ ᠦ᠋ᠨ ᠡᠬᠡ ᠤᠯᠤᠰ ᠤ᠋ᠨ ᠤᠮᠠᠷᠠᠲᠤ ᠬᠢᠯᠢ ᠶ᠋ᠢᠨ ᠠᠮᠤᠷ ᠲᠦᠪᠰᠢᠨ ᠲᠣᠭᠲᠠᠭᠤᠨ ᠬᠠᠯᠬᠠᠪᠴᠢ ᠶ᠋ᠢ ᠪᠡᠬᠢᠵᠢᠭᠦᠯᠬᠦ 2023 ᠣᠨ ᠤ ᠭᠦᠢᠴᠡᠳᠬᠡᠬᠦ ᠬᠦᠷᠢᠶ᠎ᠡ ᠬᠡᠪᠴᠢᠶ᠎ᠡ ᠶᠢᠨ ᠵᠠᠭᠤᠨ ᠡᠳᠦᠷ ᠦ᠋ᠨ ᠪᠣᠭᠣᠮᠲᠠ ᠰᠢᠪᠲᠤᠯᠬᠤ ᠠᠵᠢᠯᠯᠠᠭ᠎ᠠ ᠶᠢ ᠬᠡᠷᠡᠭᠵᠢᠭᠦᠯᠬᠦ ᠲᠥᠰᠦᠯ 》 ᠢ᠋ ᠤᠩᠰᠢᠨ ᠨᠡᠢᠲᠡᠯᠡᠵᠦ ᠂  ᠮᠣᠩᠭᠤᠯ ᠮᠣᠷᠢ ᠶᠢᠨ ᠲᠥᠪᠡᠷᠭᠡᠨ ᠭᠡᠬᠦ 4.0  ᠬᠡᠪ ᠦ᠋ᠨ ᠭᠦᠢᠴᠡᠳᠬᠡᠬᠦ  ᠪᠥᠯᠦᠭ ᠵᠢᠴᠢ 《 ᠨᠠᠮᠤᠷ ᠤ᠋ᠨ ᠬᠤᠷᠴᠠ ᠰᠡᠯᠡᠮ᠎ᠡ 》 ᠶ᠋ᠢᠨ ᠠᠵᠢᠯᠯᠠᠭ᠎ᠠ ᠶ᠋ᠢᠨ ᠪᠠᠢᠳᠠᠯ ᠢ᠋ ᠵᠠᠳᠠᠯᠤᠨ ᠮᠡᠳᠡᠭᠡᠯᠡᠵᠦ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶ᠎ᠠ ᠡᠬᠢᠯᠡᠯᠲᠡ ᠶ᠋ᠢᠨ ᠶᠣᠰᠣᠯᠠᠯ ᠤ᠋ᠨ ᠪᠡᠯᠡᠳᠭᠡᠭᠰᠡᠨ ᠪᠠᠢᠳᠠᠯ ᠤ᠋ᠨ ᠲᠤᠬᠠᠢ ᠬᠠᠷᠢᠭᠤ ᠮᠡᠳᠡᠭᠦᠯᠦᠯᠲᠡ ᠬᠢᠵᠡᠢ ᠃

 

 

    ᠬᠤᠷᠠᠯ ᠠ᠋ᠴᠠ ᠴᠢᠬᠤᠯᠠᠴᠢᠯᠠᠭᠰᠠᠨ ᠨᠢ ᠂ ᠨᠢᠭᠡ ᠳ᠋ᠦ᠍ ᠤᠯᠤᠰ ᠲᠥᠷᠥ ᠶ᠋ᠢᠨ ᠵᠣᠭᠰᠣᠴᠠ ᠪᠠᠨ ᠦᠨᠡᠨ ᠬᠦ᠌ ᠳᠡᠭᠡᠭᠰᠢᠯᠡᠭᠦᠯᠵᠦ ᠂ ᠡᠬᠡ ᠤᠯᠤᠰ ᠤ᠋ᠨ ᠤᠮᠠᠷᠠᠲᠤ ᠬᠢᠯᠢ ᠶ᠋ᠢᠨ ᠠᠮᠤᠷ ᠲᠦᠪᠰᠢᠨ ᠲᠣᠭᠲᠠᠭᠤᠨ ᠬᠠᠯᠬᠠᠪᠴᠢ ᠶ᠋ᠢ ᠪᠡᠬᠢᠵᠢᠭᠦᠯᠬᠦ ᠤᠯᠤᠰ ᠲᠥᠷᠥ ᠶ᠋ᠢᠨ ᠬᠠᠷᠢᠭᠤᠴᠠᠯᠭ᠎ᠠ ᠶ᠋ᠢ ᠡᠷᠡᠰ ᠡᠭᠦᠷᠭᠡᠯᠡᠨ ᠂ ᠲᠤᠰᠬᠠᠢ ᠠᠵᠢᠯᠯᠠᠭ᠎ᠠ ᠶ᠋ᠢ ᠰᠠᠢᠲᠤᠷ ᠥᠷᠨᠢᠭᠦᠯᠬᠦ ᠬᠠᠷᠢᠭᠤᠴᠠᠯᠭᠠᠲᠤ ᠰᠡᠳᠬᠢᠯᠭᠡ ᠂ ᠡᠭᠦᠷᠭᠡᠲᠦ ᠰᠡᠳᠬᠢᠯᠭᠡ ᠂ ᠲᠤᠯᠭᠠᠮ᠎ᠠ ᠰᠡᠳᠬᠢᠯᠭᠡ ᠪᠡᠨ ᠨᠡᠮᠡᠭᠳᠡᠭᠦᠯᠬᠦ ᠬᠡᠷᠡᠭᠲᠡᠢ ᠃ ᠬᠣᠶᠠᠷ ᠲᠤ᠌ ᠭᠦᠢᠴᠡᠳᠬᠡᠬᠦ ᠬᠦᠷᠢᠶᠡᠨ ᠦ᠌ ᠵᠠᠭᠤᠨ ᠡᠳᠦᠷ ᠦ᠋ᠨ ᠪᠣᠭᠣᠮᠲᠠ ᠰᠢᠪᠲᠤᠯᠬᠤ ᠠᠵᠢᠯᠯᠠᠭ᠎ᠠ ᠶ᠋ᠢ ᠭᠦᠨᠵᠡᠭᠡᠢ ᠥᠷᠨᠢᠭᠦᠯᠵᠦ ᠂ ᠠᠵᠢᠯ ᠤ᠋ᠨ ᠭᠣᠣᠯᠳᠠᠯᠭ᠎ᠠ ᠪᠠᠨ ᠲᠣᠳᠣᠷᠬᠠᠢᠯᠠᠵᠤ ᠂ ᠡᠭᠦᠷᠭᠡ ᠪᠡᠨ ᠨᠠᠢᠳᠠᠪᠤᠷᠢᠵᠢᠭᠤᠯᠬᠤ ᠶ᠋ᠢ ᠬᠦᠴᠦᠲᠡᠢ ᠠᠳᠬᠤᠵᠤ ᠂ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ ᠂ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠰᠤᠷᠤᠯᠴᠠᠯᠭ᠎ᠠ ᠶ᠋ᠢᠨ ᠦᠷ᠎ᠡ ᠪᠦᠲᠦᠭᠡᠯ ᠦ᠋ᠨ ᠰᠢᠨ᠎ᠡ ᠳᠦᠷᠰᠦ ᠪᠠᠢᠳᠠᠯ ᠢ᠋ ᠢᠯᠡᠷᠡᠭᠦᠯᠬᠦ ᠬᠡᠷᠡᠭᠲᠡᠢ ᠃ ᠭᠤᠷᠪᠠ ᠳ᠋ᠤ᠌ ᠭᠦᠢᠴᠡᠳᠬᠡᠬᠦ ᠠᠵᠢᠯ ᠤ᠋ᠨ 《 ᠭᠤᠷᠪᠠ ᠶ᠋ᠢ ᠨᠢᠭᠡᠳᠬᠡᠬᠦ 》 ᠦᠵᠡᠯ ᠤᠬᠠᠮᠰᠠᠷ ᠢ᠋ ᠴᠢᠩᠭ᠋ᠠᠳᠬᠠᠵᠤ ᠂ ᠰᠠᠢᠨ ᠰᠠᠨᠠᠭ᠎ᠠ  ᠪᠡᠷ ᠪᠣᠯᠪᠠᠰᠤᠨ ᠢ᠋ᠶ᠋ᠠᠷ ᠬᠡᠷᠡᠭᠵᠢᠭᠦᠯᠬᠦ ᠶ᠋ᠢ ᠪᠠᠷᠢᠮᠲᠠᠯᠠᠨ ᠂ ᠬᠠᠮᠲᠤ ᠶ᠋ᠢᠨ ᠲᠠᠨᠢᠯᠲᠠ ᠶ᠋ᠢ ᠨᠢᠭᠲᠠᠷᠠᠭᠤᠯᠵᠤ ᠂ ᠭᠦᠢᠴᠡᠳᠬᠡᠬᠦ ᠠᠵᠢᠯ ᠤ᠋ᠨ ᠬᠦᠴᠦᠷᠬᠡᠭ ᠶᠡᠬᠡ ᠨᠡᠢᠯᠡᠮᠡᠯ ᠬᠦᠴᠦᠨ ᠢ᠋ ᠪᠦᠷᠢᠯᠳᠦᠭᠦᠯᠬᠦ ᠬᠡᠷᠡᠭᠲᠡᠢ ᠃ ᠳᠥᠷᠪᠡ ᠳ᠋ᠦ᠍ ᠂ 《 ᠲᠠᠪᠤ ᠶ᠋ᠢ ᠴᠢᠩᠭ᠎ᠠ ᠰᠠᠬᠢᠬᠤ 》 ᠶ᠋ᠢ ᠪᠠᠷᠢᠮᠲᠠᠯᠠᠵᠤ ᠂ ᠭᠣᠣᠯᠳᠠᠯᠭ᠎ᠠ ᠲᠠᠢ ᠠᠵᠢᠯ ᠢ᠋ ᠴᠢᠩᠭ᠎ᠠ ᠠᠳᠬᠤᠵᠤ ᠂ ᠬᠢᠨᠠᠨ ᠰᠢᠯᠭᠠᠬᠤ ᠭᠦᠢᠴᠡᠳᠬᠡᠯ ᠲᠣᠭ᠎ᠠ ᠶ᠋ᠢ ᠴᠢᠩᠭ᠎ᠠ ᠠᠩᠬᠠᠷᠴᠤ ᠂ ᠵᠠᠬᠢᠳᠠᠯ ᠰᠤᠷᠪᠤᠯᠵᠢᠯᠠᠭ᠎ᠠ ᠶ᠋ᠢᠨ ᠮᠥᠨ ᠴᠢᠨᠠᠷ ᠤ᠋ᠨ ᠨᠠᠮᠳᠠᠯ ᠢ᠋ ᠴᠢᠩᠭ᠎ᠠ ᠠᠳᠬᠤᠨ ᠬᠡᠷᠡᠭᠵᠢᠭᠦᠯᠵᠦ ᠂ ᠵᠠᠬᠢᠳᠠᠯ ᠪᠠᠢᠪᠠᠯ ᠵᠠᠪᠠᠯ ᠰᠢᠢᠳᠪᠦᠷᠢᠯᠡᠵᠦ ᠂ ᠭᠦᠢᠴᠡᠳᠬᠡᠬᠦ ᠡᠩᠨᠡᠭᠡᠨ ᠦ᠌ ᠪᠠᠢᠭᠤᠯᠤᠯᠲᠠ ᠶ᠋ᠢ ᠴᠢᠩᠭ᠎ᠠ ᠰᠠᠬᠢᠬᠤ ᠬᠡᠷᠡᠭᠲᠠᠢ ᠃

    ᠪᠦᠷᠢᠶᠡᠨ ᠳᠠᠭᠤᠨ ᠳᠤᠤᠭᠠᠷᠬᠤ ᠲᠠᠢ ᠵᠡᠷᠭᠡ ᠭᠦᠢᠴᠡᠳᠬᠡᠬᠦ ᠠᠵᠢᠯ ᠶᠠᠭ ᠴᠠᠭ ᠲᠦ ᠪᠡᠨ ᠡᠬᠢᠯᠡᠨ᠎ᠡ ︕ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠡᠬᠡ ᠤᠯᠤᠰ ᠤ᠋ᠨ ᠤᠮᠠᠷᠠᠲᠤ ᠬᠢᠯᠢ ᠶ᠋ᠢᠨ ᠠᠮᠤᠷ ᠲᠣᠭᠲᠠᠭᠤᠨ ᠤ᠋ ᠬᠠᠯᠬᠠᠪᠴᠢ ᠶ᠋ᠢ ᠪᠡᠬᠢᠵᠢᠭᠦᠯᠬᠦ ᠶ᠋ᠢ ᠦᠷᠭᠦᠯᠵᠢᠯᠡᠨ ᠠᠬᠢᠭᠤᠯᠵᠤ ᠂ 2023 ᠭᠦᠢᠴᠡᠳᠬᠡᠬᠦ ᠬᠦᠷᠢᠶ᠎ᠡ ᠬᠡᠪᠴᠢᠶ᠎ᠡ ᠶ᠋ᠢᠨ ᠵᠠᠭᠤᠨ ᠡᠳᠦᠷ ᠦ᠋ᠨ ᠪᠣᠭᠣᠮᠲᠠ ᠰᠢᠪᠲᠤᠯᠬᠤ ᠠᠵᠢᠯᠯᠠᠭ᠎ᠠ ᠶ᠋ᠢ ᠥᠷᠨᠢᠭᠦᠯᠦᠨ ᠂ ᠰᠡᠳᠬᠢᠯ ᠢ᠋ᠶ᠋ᠡᠨ ᠨᠢᠭᠡᠳᠬᠡᠵᠦ ᠬᠦᠴᠦᠨ ᠢ᠋ᠶ᠋ᠡᠨ ᠬᠠᠮᠲᠤᠳᠬᠠᠨ ᠂ ᠬᠦᠴᠢᠷ ᠪᠡᠷᠬᠡᠰᠢᠶᠡᠯ ᠢ ᠢᠯᠠᠨ ᠳᠠᠪᠠᠵᠦ ᠂ ᠭᠦᠢᠴᠡᠳᠬᠡᠬᠦ ᠴᠢᠨᠠᠷ ᠴᠢᠨᠰᠠᠭ᠎ᠠ ᠥᠨᠳᠥᠷ ᠪᠠᠷᠢᠮᠵᠢᠶ᠎ᠠ ᠪᠠᠷ ᠶᠠᠪᠤᠭᠳᠠᠬᠤ ᠶ᠋ᠢ ᠪᠠᠲᠤᠯᠠᠵᠤ ᠂ ᠬᠠᠤᠯᠢ ᠴᠠᠭᠠᠵᠠ ᠶ᠋ᠢᠨ ᠬᠡᠷᠡᠭ ᠪᠦᠬᠦᠨ ᠤ ᠳᠤᠮᠳᠠ ᠠᠷᠠᠳ ᠣᠯᠠᠨ ᠳ᠋ᠤ᠌ ᠲᠥᠪ ᠭᠣᠣᠯᠴᠢ ᠰᠢᠳᠤᠷᠭᠤ ᠶᠣᠰᠣ ᠶ᠋ᠢ ᠡᠳ᠋ᠯᠡᠭᠦᠯᠦᠨ᠎ᠡ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )