《 ᠰᠡᠳᠬᠢᠯ ᠤ᠋ᠨ ᠳᠠᠭᠤᠨ ᠢ᠋ ᠰᠣᠨᠣᠰᠴᠤ ᠂ ᠬᠥᠭᠵᠢᠯᠲᠡ ᠶ᠋ᠢ ᠠᠬᠢᠭᠤᠯᠵᠤ ᠂ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ  ᠢ᠋ ᠰᠢᠯᠢᠳᠡᠭᠵᠢᠭᠦᠯᠬᠦ 》
2023.10.31 ᠲᠣᠰ ᠥᠷᠲᠡᠭᠡᠨ᠎ᠦ ᠨᠠᠢᠷᠠᠭᠤᠯᠤᠭᠴᠢ

    ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ 《 ᠰᠡᠳᠬᠢᠯ ᠤ᠋ᠨ ᠳᠠᠭᠤᠨ ᠢ᠋ ᠰᠣᠨᠣᠰᠴᠤ ᠂ ᠬᠥᠭᠵᠢᠯᠲᠡ ᠶ᠋ᠢ ᠠᠬᠢᠭᠤᠯᠵᠤ ᠂ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ  ᠢ᠋ ᠰᠢᠯᠢᠳᠡᠭᠵᠢᠭᠦᠯᠬᠦ 》 ᠠᠵᠤ ᠠᠬᠤᠢᠯᠠᠯᠲᠠᠨ ᠤ᠋ ᠰᠠᠭᠤᠳᠠᠯ ᠤ᠋ᠨ ᠬᠤᠷᠠᠯ ᠬᠢᠪᠡ

   

    ᠠᠵᠤ ᠠᠬᠤᠢᠯᠠᠯ ᠤ᠋ᠨ ᠬᠠᠤᠯᠢ ᠴᠠᠭᠠᠵᠠ ᠶ᠋ᠢᠨ ᠱᠠᠭᠠᠷᠳᠠᠯᠭ᠎ᠠ ᠶ᠋ᠢ ᠭᠦᠨᠵᠡᠭᠡᠢ ᠣᠢᠯᠠᠭᠠᠵᠤ ᠂ ᠠᠵᠤ ᠠᠬᠤᠢᠯᠠᠯᠲᠠᠨ ᠤ᠋ ᠰᠢᠭᠦᠬᠦ ᠬᠣᠷᠢᠶᠠᠨ ᠤ᠋ ᠠᠵᠢᠯ ᠤ᠋ᠨ ᠲᠤᠬᠠᠢ ᠰᠠᠨᠠᠯ ᠰᠠᠨᠠᠭᠤᠯᠭ᠎ᠠ ᠶ᠋ᠢ ᠨᠠᠷᠢᠨ ᠣᠨᠣᠪᠴᠢᠲᠠᠢ ᠡᠵᠡᠮᠳᠡᠵᠦ ᠂ ᠨᠢᠭᠡᠳᠦᠭᠡᠷ ᠳᠡᠰ ᠤ᠋ᠨ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠪᠥᠬᠥ ᠬᠦᠴᠦᠨ ᠢ᠋ᠶ᠋ᠡᠷ ᠪᠣᠢ ᠪᠣᠯᠭᠠᠬᠤ ᠶ᠋ᠢᠨ ᠲᠥᠯᠥᠭᠡ ᠂ 10 ᠰᠠᠷ᠎ᠠ ᠶ᠋ᠢᠨ 26 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ 《 ᠰᠡᠳᠬᠢᠯ ᠤ᠋ᠨ ᠳᠠᠭᠤᠨ ᠢ᠋ ᠰᠣᠨᠣᠰᠴᠤ ᠂ ᠬᠥᠭᠵᠢᠯᠲᠡ ᠶ᠋ᠢ ᠠᠬᠢᠭᠤᠯᠵᠤ ᠂ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ 》 ᠠᠵᠤ ᠠᠬᠤᠢᠯᠠᠯᠲᠠᠳ ᠤ᠋ᠨ ᠰᠠᠭᠤᠳᠠᠯ ᠤ᠋ᠨ ᠬᠤᠷᠠᠯ ᠬᠢᠵᠦ ᠂ ᠲᠤᠰ ᠬᠣᠲᠠ ᠶ᠋ᠢᠨ 13 ᠠᠵᠤ ᠠᠬᠤᠢᠯᠠᠯ ᠤ᠋ᠨ ᠲᠥᠯᠥᠭᠡᠯᠡᠭᠴᠢ ᠤᠷᠢᠯᠭ᠎ᠠ ᠪᠠᠷ ᠣᠷᠣᠯᠴᠠᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠂ ᠬᠣᠲᠠ ᠶ᠋ᠢᠨ ᠨᠠᠮ ᠤ᠋ᠨ ᠬᠣᠷᠢᠶᠠᠨ ᠤ᠋ ᠨᠢᠭᠡᠳᠦᠮᠡᠯ ᠹᠷᠣᠨᠲ ᠤ᠋ᠨ ᠬᠡᠯᠲᠡᠰ ᠤ᠋ᠨ ᠳᠡᠳ᠋ ᠳᠠᠷᠤᠭ᠎ᠠ ᠂ ᠦᠢᠯᠡᠳᠪᠦᠷᠢ ᠬᠤᠳᠠᠯᠳᠤᠭᠠᠨ ᠤ᠋ ᠬᠣᠯᠪᠣᠭᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠶᠠᠩ ᡁᠢ ᠵᠦᠩ ᠬᠤᠷᠠᠯ ᠳ᠋ᠤ ᠣᠷᠣᠯᠴᠠᠵᠤ ᠶᠠᠷᠢᠶ᠎ᠠ ᠲᠠᠯᠪᠢᠵᠠᠢ ᠃

 

     

    ᠬᠤᠷᠠᠯ ᠳᠡᠭᠡᠷ᠎ᠡ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ ᠵᠤᠤ ᠭᠠᠩ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠡᠨᠡ ᠵᠢᠯ ᠡᠴᠡ ᠨᠠᠰᠢᠬᠢ ᠠᠵᠢᠯ ᠤ᠋ᠨ ᠪᠠᠢᠳᠠᠯ ᠢ᠋ ᠮᠡᠳᠡᠭᠦᠯᠵᠦ ᠂ ᠬᠤᠷᠠᠯ ᠳ᠋ᠤ᠌ ᠣᠷᠣᠯᠴᠠᠭᠰᠠᠨ ᠠᠵᠤ ᠠᠬᠤᠢᠯᠠᠯ ᠤ᠋ᠨ ᠲᠥᠯᠥᠭᠡᠯᠡᠭᠴᠢᠳ ᠠᠵᠤ ᠠᠬᠤᠢᠯᠠᠯ ᠤ᠋ᠨ ᠦᠢᠯᠡᠳᠪᠦᠷᠢᠯᠡᠯ ᠡᠵᠡᠩᠨᠡᠯᠲᠡ ᠶ᠋ᠢᠨ ᠳᠤᠮᠳᠠ ᠲᠤᠯᠭᠠᠷᠠᠭᠰᠠᠨ ᠬᠠᠤᠯᠢ ᠵᠠᠷᠭᠤ ᠳ᠋ᠤ᠌ ᠬᠣᠯᠪᠣᠭᠳᠠᠭᠰᠠᠨ ᠠᠰᠠᠭᠤᠳᠠᠯ ᠂ ᠠᠵᠤ ᠠᠬᠤᠢᠯᠠᠯ ᠤ᠋ᠨ ᠬᠠᠤᠯᠢ ᠴᠠᠭᠠᠵᠠ ᠶ᠋ᠢᠨ ᠲᠦᠭᠰᠢᠭᠦᠷᠢ ᠶ᠋ᠢ ᠬᠡᠷᠬᠢᠨ ᠰᠡᠷᠭᠡᠢᠯᠡᠬᠦ ᠵᠡᠷᠭᠡ ᠲᠠᠯ᠎ᠠ ᠪᠠᠷ ᠰᠠᠨᠠᠯ ᠢ᠋ᠶ᠋ᠠᠨ ᠰᠣᠯᠢᠯᠴᠠᠪᠠ ᠃

    ᠶᠠᠩ ᡁᠢ ᠵᠦᠩ ᠣᠷᠳᠣᠰ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠠᠵᠢᠯ ᠤ᠋ᠨ ᠳᠤᠮᠳᠠ ᠣᠯᠤᠭᠰᠠᠨ ᠰᠢᠯᠢᠳᠡᠭ ᠠᠮᠵᠢᠯᠲᠠ ᠶ᠋ᠢ ᠳᠡᠭᠡᠳᠦ ᠬᠡᠮᠵᠢᠶ᠎ᠡ ᠪᠡᠷ ᠨᠤᠲᠠᠯᠠᠵᠤ ᠂ ᠣᠨᠴᠠᠭᠠᠢᠯᠠᠨ ᠠᠵᠤ ᠠᠬᠤᠢᠯᠠᠯ ᠤ᠋ᠨ ᠬᠠᠤᠯᠢ ᠶᠣᠰᠣᠨ ᠤ᠋ ᠡᠷᠬᠡ ᠠᠰᠢᠭ ᠂ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠲᠠᠯ᠎ᠠ ᠪᠠᠷ ᠠᠪᠤᠭᠰᠠᠨ ᠡᠯ᠎ᠡ ᠲᠥᠷᠥᠯ ᠤ᠋ᠨ  ᠪᠣᠳᠠᠲᠤ ᠥᠨᠳᠥᠷ ᠪᠦᠲᠦᠮᠵᠢᠲᠡᠢ ᠠᠷᠭ᠎ᠠ ᠬᠡᠮᠵᠢᠶ᠎ᠡ ᠶ᠋ᠢ ᠳᠡᠭᠡᠳᠦ ᠬᠡᠮᠵᠢᠶ᠎ᠡ ᠪᠡᠷ ᠨᠤᠲᠠᠯᠠᠪᠠ ᠃ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠤᠯᠠᠮ ᠨᠢᠭᠡ ᠠᠯᠬᠤᠮ ᠰᠢᠯᠢᠳᠡᠭᠵᠢᠭᠦᠯᠬᠦ ᠰᠠᠨᠠᠭᠤᠯᠭ᠎ᠠ ᠶ᠋ᠢ ᠶᠠᠷᠢᠯᠴᠠᠬᠤ ᠦᠶ᠎ᠡ ᠳ᠋ᠦ᠍ ᠂ ᠲᠡᠷᠡ ᠢᠯᠡᠷᠬᠡᠢᠯᠡᠬᠦ ᠳ᠋ᠡᠭᠡᠨ ᠠᠵᠤ ᠠᠬᠤᠢᠯᠠᠯ ᠂ ᠠᠵᠤ ᠠᠬᠤᠢᠯᠠᠯ ᠤ᠋ᠨ ᠬᠥᠮᠦᠨ ᠦ᠌ ᠪᠡᠶ᠎ᠡ ᠶ᠋ᠢᠨ ᠡᠳ᠋ ᠬᠥᠷᠥᠩᠭᠡ ᠶ᠋ᠢᠨ ᠡᠷᠬᠡ ᠠᠰᠢᠭ ᠢ᠋ ᠬᠠᠮᠠᠭᠠᠯᠠᠬᠤ ᠲᠠᠯ᠎ᠠ ᠪᠠᠷ ᠰᠢᠭᠦᠬᠦ ᠬᠣᠷᠢᠶ᠎ᠠ ᠲᠠᠢ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ ᠂ ᠠᠵᠤ ᠠᠬᠤᠢᠯᠠᠯ ᠂ ᠠᠵᠤ ᠠᠬᠤᠢᠯᠠᠯᠲᠠᠨ ᠪᠣᠯᠤᠨ ᠰᠢᠭᠦᠬᠦ ᠬᠣᠷᠢᠶ᠎ᠠ ᠲᠠᠢ ᠨᠡᠩ ᠰᠠᠢᠨ ᠰᠠᠢᠬᠠᠨ ᠨᠡᠪᠲᠡᠷᠡᠯᠴᠡᠬᠦ ᠲᠠᠪᠴᠠᠩ ᠪᠠᠢᠭᠤᠯᠵᠤ ᠥᠭᠬᠦ ᠶ᠋ᠢ ᠢᠯᠡᠳᠬᠡᠵᠡᠢ ᠃

    ᠰᠦ ᠯᠢ ᠵᠢᠶᠦ᠋ᠨ ᠬᠣᠷᠢᠶᠠᠨ ᠳᠠᠷᠤᠭ᠎ᠠ ᠬᠤᠷᠠᠯ ᠳ᠋ᠤ᠌ ᠣᠷᠣᠯᠴᠠᠭᠰᠠᠳ ᠤ᠋ᠨ ᠰᠠᠨᠠᠯ ᠰᠠᠨᠠᠭᠤᠯᠭ᠎ᠠ ᠶ᠋ᠢ ᠨᠢᠭᠡᠳ ᠨᠢᠭᠡ ᠪᠡᠷ ᠬᠠᠷᠢᠭᠤᠯᠵᠤ ᠂ ᠲᠤᠰ ᠤᠳᠠᠭᠠᠨ ᠤ᠋ ᠪᠠᠢᠴᠠᠭᠠᠨ ᠰᠤᠳᠤᠯᠤᠯᠲᠠ ᠶ᠋ᠢᠨ ᠰᠠᠭᠤᠳᠠᠯ ᠤ᠋ᠨ ᠬᠤᠷᠠᠯ ᠨᠢ ᠠᠵᠤ ᠠᠬᠤᠢᠯᠠᠯᠲᠠᠨ ᠤ᠋ ᠪᠣᠳᠣᠯ ᠬᠦᠰᠡᠯ ᠢ᠋ ᠣᠢᠯᠠᠭᠠᠵᠤ ᠂ ᠠᠵᠤ ᠠᠬᠤᠢᠯᠠᠯᠲᠠᠳ ᠤ᠋ᠨ ᠰᠠᠨᠠᠯ ᠰᠠᠨᠠᠭᠤᠯᠭ᠎ᠠ ᠶ᠋ᠢ ᠰᠣᠨᠣᠰᠴᠤ ᠂ ᠰᠢᠭᠦᠬᠦ ᠬᠣᠷᠢᠶᠠᠨ ᠤ᠋ ᠵᠠᠬ᠎ᠠ ᠳᠡᠯᠭᠡᠭᠦᠷ ᠲᠦ᠍ ᠦᠢᠯᠡᠴᠢᠯᠡᠬᠦ ᠭᠣᠣᠯ ᠴᠣᠭᠴᠠ ᠶ᠋ᠢᠨ ᠰᠢᠨ᠎ᠡ ᠠᠷᠭ᠎ᠠ ᠠᠪᠴᠠᠯ ᠢ᠋ ᠤᠬᠠᠭᠤᠯᠵᠤ ᠂ ᠣᠳᠣᠬᠠᠨ ᠤ᠋ ᠠᠵᠢᠯ ᠤ᠋ᠨ ᠳᠤᠮᠳᠠ ᠣᠷᠣᠰᠢᠵᠤ ᠪᠠᠢᠭ᠎ᠠ ᠠᠰᠠᠭᠤᠳᠠᠯ ᠢ᠋ ᠰᠠᠢᠵᠢᠷᠠᠭᠤᠯᠵᠤ ᠂ ᠵᠠᠬ᠎ᠠ ᠳᠡᠯᠭᠡᠭᠦᠷ ᠤ᠋ᠨ ᠭᠣᠣᠯ ᠴᠣᠭᠴᠠ ᠶ᠋ᠢᠨ ᠰᠢᠨ᠎ᠡ ᠶ᠋ᠢ ᠡᠭᠦᠳᠬᠦ ᠬᠥᠭᠵᠢᠯᠲᠡ ᠳ᠋ᠦ᠍ ᠵᠠᠮ ᠨᠡᠭᠡᠭᠡᠨ ᠥᠭᠴᠡᠢ ᠭᠡᠪᠡ ᠃ ᠪᠥᠬᠥ ᠬᠣᠲᠠ ᠶ᠋ᠢᠨ ᠰᠢᠭᠦᠬᠦ ᠬᠣᠷᠢᠶ᠎ᠠ ᠶᠡᠷᠦᠩᠬᠡᠢ ᠱᠦᠵᠢ ᠰᠢ ᠵᠢᠨ ᠫᠢᠩ ᠤ᠋ᠨ ᠠᠷᠠᠳ ᠠ᠋ᠴᠠ ᠡᠵᠡᠩᠨᠡᠭᠰᠡᠨ ᠠᠵᠤ ᠠᠬᠤᠢ ᠶ᠋ᠢᠨ ᠬᠥᠭᠵᠢᠯᠲᠡ ᠶ᠋ᠢᠨ ᠲᠤᠬᠠᠢ ᠴᠢᠬᠤᠯᠠ ᠱᠠᠭᠠᠷᠳᠠᠯᠭ᠎ᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠭᠣᠣᠯ ᠰᠡᠳᠦᠪᠲᠦ ᠰᠤᠷᠭᠠᠨ ᠬᠥᠮᠦᠵᠢᠯ ᠢ᠋ᠶ᠋ᠡᠷ ᠠᠵᠠ ᠲᠣᠬᠢᠶᠠᠯ ᠪᠣᠯᠭᠠᠨ ᠂ ᠠᠵᠢᠯ ᠤ᠋ᠨ ᠳᠤᠮᠳᠠᠬᠢ ᠬᠦᠷᠦᠯᠴᠡᠬᠦ ᠦᠭᠡᠢ ᠠᠰᠠᠭᠤᠳᠠᠯ ᠢ᠋ ᠰᠤᠳᠤᠯᠤᠨ ᠰᠢᠢᠳᠪᠦᠷᠢᠯᠡᠵᠦ ᠂ ᠥᠷᠭᠡᠨ ᠣᠯᠠᠨ ᠠᠵᠤ ᠠᠬᠤᠢᠯᠠᠯᠲᠠᠨ ᠤ᠋ ᠰᠢᠨ᠎ᠡ ᠬᠦᠰᠡᠯ ᠱᠠᠭᠠᠷᠳᠠᠯᠭ᠎ᠠ ᠶ᠋ᠢ ᠢᠳᠡᠪᠬᠢᠲᠡᠢ ᠬᠠᠷᠢᠭᠤᠯᠵᠤ ᠂ ᠨᠡᠩ ᠬᠦᠴᠦᠲᠡᠢ ᠠᠷᠭ᠎ᠠ ᠬᠡᠮᠵᠢᠶ᠎ᠡ ᠪᠡᠷ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ  ᠢ᠋ ᠰᠢᠯᠢᠳᠡᠭᠵᠢᠭᠦᠯᠵᠦ ᠂ ᠡᠯ᠎ᠡ ᠲᠥᠷᠥᠯ ᠤ᠋ᠨ ᠠᠵᠤ ᠠᠬᠤᠢᠯᠠᠯ ᠤ᠋ᠨ ᠪᠤᠵᠠᠭᠠᠢᠷᠠᠨ ᠬᠦᠴᠦᠷᠬᠡᠭᠵᠢᠬᠦ ᠶ᠋ᠢ ᠠᠬᠢᠭᠤᠯᠤᠨ᠎ᠠ ᠃

     ᠬᠤᠷᠠᠯ ᠠ᠋ᠴᠠ ᠴᠢᠬᠤᠯᠠᠴᠢᠯᠠᠭᠰᠠᠨ ᠨᠢ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠬᠠᠷᠢᠭᠤᠴᠠᠯᠭ᠎ᠠ ᠶ᠋ᠢ ᠤᠯᠠᠮ ᠨᠢᠭᠡ ᠠᠯᠬᠤᠮ ᠪᠠᠲᠤ ᠡᠭᠦᠷᠭᠡᠯᠡᠵᠦ ᠂ ᠰᠤᠯᠠᠷᠠᠭᠤᠯᠤᠯ ᠦᠭᠡᠢ ᠪᠠᠢᠩᠭᠤ ᠠᠳᠬᠤᠵᠤ ᠂ ᠯᠠᠪᠳᠠᠭᠤᠨ ᠪᠠᠲᠤᠲᠠᠢ ᠠᠵᠢᠯᠯᠠᠭᠠᠨ ᠤ᠋ ᠠᠷᠭ᠎ᠠ ᠠᠪᠴᠠᠯ ᠢ᠋ᠶ᠋ᠠᠷ ᠬᠦᠴᠢᠷ ᠠᠰᠠᠭᠤᠳᠠᠯ ᠢ᠋ ᠰᠢᠢᠳᠪᠦᠷᠢᠯᠡᠨ ᠂ ᠨᠡᠩ ᠣᠯᠠᠨ ᠭᠢᠯᠠᠰ ᠴᠡᠭ ᠭᠠᠷᠭᠠᠵᠤ ᠂ ᠠᠵᠤ ᠠᠬᠤᠢᠯᠠᠯ ᠤ᠋ᠨ ᠬᠥᠭᠵᠢᠯᠲᠡ ᠳ᠋ᠦ᠍ ᠬᠠᠤᠯᠢ ᠪᠠᠷ ᠵᠠᠰᠠᠬᠤ ᠰᠠᠢᠨ ᠰᠠᠢᠬᠠᠨ ᠣᠷᠴᠢᠨ ᠲᠣᠭᠣᠷᠢᠨ ᠢ᠋ ᠡᠭᠦᠳᠦᠨ ᠥᠭᠴᠦ ᠂ ᠪᠥᠬᠥ ᠬᠣᠲᠠ ᠶ᠋ᠢᠨ ᠠᠵᠤ ᠠᠬᠤᠢ ᠨᠡᠢᠭᠡᠮ ᠤ᠋ᠨ ᠴᠢᠨᠠᠷ ᠰᠠᠢᠲᠠᠢ ᠬᠥᠭᠵᠢᠯᠲᠡ ᠳ᠋ᠦ᠍ ᠪᠠᠲᠤ ᠴᠢᠩᠭ᠎ᠠ ᠬᠠᠤᠯᠢ ᠴᠠᠭᠠᠵᠠ ᠶ᠋ᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠪᠡ ᠃ ᠳᠡᠯᠡᠬᠡᠢ ᠶ᠋ᠢᠨ ᠪᠠᠩᠬᠢ ᠶ᠋ᠢᠨ ᠰᠢᠨ᠎ᠡ ᠪᠠᠷᠢᠮᠵᠢᠶ᠎ᠠ ᠂ ᠬᠠᠷᠢᠴᠠᠭᠤᠯᠤᠨ ᠦᠨᠡᠯᠡᠬᠦ ᠰᠢᠰᠲ᠋ᠧᠮ ᠲᠠᠢ ᠰᠠᠨᠠᠭᠠᠴᠢᠯᠠᠭ᠎ᠠ ᠠ᠋ᠴᠠ ᠪᠠᠨ ᠬᠠᠷᠭᠤᠭᠤᠯᠵᠤ ᠂ ᠲᠡᠷᠢᠭᠦᠨ ᠦ᠌ ᠬᠠᠤᠯᠢᠵᠢᠭᠰᠠᠨ ᠬᠤᠳᠠᠯᠳᠤᠭᠠᠨ ᠤ᠋ ᠣᠷᠴᠢᠨ ᠲᠣᠭᠣᠷᠢᠨ ᠢ᠋ ᠬᠦᠴᠦᠯᠡᠨ ᠪᠠᠢᠭᠤᠯᠵᠤ ᠂ ᠬᠠᠤᠯᠢᠵᠢᠯ ᠤ᠋ᠨ ᠪᠠᠢᠭᠤᠯᠤᠯᠲᠠ ᠪᠠᠷ ᠣᠷᠳᠣᠰ ᠬᠣᠲᠠ ᠶ᠋ᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠤ᠋ ᠭᠣᠣᠯᠯᠠᠭᠴᠢ ᠥᠷᠢᠰᠦᠯᠳᠦᠬᠦ ᠬᠦᠴᠦᠨ ᠪᠣᠯᠭᠠᠵᠤ ᠂ ᠡᠯ᠎ᠡ ᠠᠵᠤ ᠠᠬᠤᠢᠯᠠᠯ ᠢ᠋ ᠨᠢᠭᠡ ᠰᠡᠳᠬᠢᠯ ᠨᠢᠭᠡ ᠵᠣᠷᠢᠭ ᠢ᠋ᠶ᠋ᠠᠷ ᠦᠢᠯᠡᠰ ᠪᠣᠰᠬᠠᠵᠤ ᠂ ᠰᠠᠨᠠᠭ᠎ᠠ ᠠᠮᠤᠷ ᠪᠡᠯᠡ ᠣᠷᠣᠭᠤᠯᠵᠤ ᠂ ᠰᠠᠨᠠᠭ᠎ᠠ ᠠᠮᠤᠷ ᠡᠵᠡᠩᠨᠡᠭᠦᠯᠬᠦ ᠪᠡᠷ ᠴᠢᠷᠮᠠᠢᠨ᠎ᠠ ᠃ ᠡᠭᠦᠨ ᠦ᠌ ᠬᠠᠮᠲᠤ ᠂ ᠥᠷᠭᠡᠨ ᠣᠯᠠᠨ ᠠᠵᠤ ᠠᠬᠤᠢᠯᠠᠯᠲᠠᠨ ᠬᠠᠤᠯᠢ ᠶᠣᠰᠣᠭᠠᠷ ᠦᠨᠡᠨᠴᠢ ᠢᠲᠡᠭᠡᠮᠵᠢ ᠲᠡᠢ ᠪᠡᠷ ᠠᠵᠤ ᠠᠬᠤᠢᠯᠠᠯ ᠡᠷᠬᠢᠯᠡᠬᠦ ᠶ᠋ᠢ ᠪᠠᠷᠢᠮᠲᠠᠯᠠᠨ ᠂ ᠤᠬᠠᠮᠰᠠᠷ ᠠ᠋ᠴᠠ ᠪᠠᠨ ᠬᠠᠤᠯᠢ ᠴᠠᠭᠠᠵᠠ ᠶ᠋ᠢᠨ ᠡᠷᠬᠡ ᠰᠦᠷ ᠢ᠋ ᠬᠠᠮᠠᠭᠠᠯᠠᠵᠤ ᠂ ᠬᠠᠤᠯᠢ ᠶᠣᠰᠣᠨ ᠤ᠋ ᠪᠥᠭᠡᠳ ᠵᠦᠢ ᠵᠣᠬᠢᠰᠲᠠᠢ ᠪᠠᠷ ᠬᠦᠰᠡᠯ ᠱᠠᠭᠠᠷᠳᠠᠯᠭ᠎ᠠ ᠪᠠᠨ ᠢᠯᠡᠳᠬᠡᠵᠦ ᠂ 《 ᠤᠴᠢᠷ ᠶᠠᠪᠤᠳᠠᠯ ᠰᠢᠢᠳᠪᠦᠷᠢᠯᠡᠬᠦ ᠳ᠋ᠡᠭᠡᠨ ᠬᠠᠤᠯᠢ ᠶᠣᠰᠣᠭᠠᠷ ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶ᠋ᠢ ᠡᠷᠢᠵᠦ ᠂ ᠠᠰᠠᠭᠤᠳᠠᠯ ᠢ᠋ ᠰᠢᠢᠳᠪᠦᠷᠢᠯᠡᠬᠦ ᠳ᠋ᠦ᠍ ᠬᠠᠤᠯᠢ ᠶ᠋ᠢ ᠬᠡᠷᠡᠭᠯᠡᠵᠦ ᠂ ᠵᠥᠷᠢᠴᠡᠯ ᠢ᠋ ᠨᠠᠮᠳᠠᠭᠠᠬᠤ ᠳ᠋ᠤ᠌ ᠬᠠᠤᠯᠢ ᠳ᠋ᠤ᠌ ᠲᠦᠰᠢᠭᠯᠡᠬᠦ 》 ᠬᠠᠤᠯᠢᠵᠢᠯ ᠤ᠋ᠨ ᠣᠷᠴᠢᠨ ᠲᠣᠭᠣᠷᠢᠨ ᠢ᠋ ᠬᠠᠮᠲᠤ ᠪᠠᠷ ᠪᠣᠢ ᠪᠣᠯᠭᠠᠬᠤ ᠶ᠋ᠢ ᠬᠦᠰᠡᠵᠦ ᠪᠠᠢᠨ᠎ᠠ ᠭᠡᠪᠡ᠃

    ᠬᠤᠷᠠᠯ ᠠ᠋ᠴᠠ ᠡᠮᠦᠨ᠎ᠡ ᠬᠤᠷᠠᠯ ᠳ᠋ᠤ᠌ ᠣᠷᠣᠯᠴᠠᠭᠰᠠᠳ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠠᠤᠯᠢᠵᠢᠯ ᠤ᠋ᠨ ᠰᠣᠶᠣᠯ ᠤ᠋ᠨ  ᠬᠠᠨ᠎ᠠ ᠂ ᠨᠠᠮ ᠤ᠋ᠨ ᠪᠠᠢᠭᠤᠯᠤᠯᠲᠠ ᠶ᠋ᠢᠨ ᠴᠢᠬᠡᠴᠢ ᠵᠠᠰᠠᠭ ᠤ᠋ᠨ ᠬᠥᠮᠦᠵᠢᠯ ᠤ᠋ᠨ ᠰᠠᠭᠤᠷᠢᠨ ᠭᠠᠵᠠᠷ ᠂ ᠰᠢᠭᠦᠬᠦ ᠦᠢᠯᠡᠴᠢᠯᠡᠭᠡᠨ ᠦ᠌ ᠪᠠᠲᠤᠯᠠᠭ᠎ᠠ ᠶ᠋ᠢᠨ ᠲᠥᠪ ᠂ ᠵᠠᠭᠠᠯᠳᠤᠯᠭ᠎ᠠ ᠶ᠋ᠢᠨ ᠢᠷᠡᠯᠲᠡ ᠶ᠋ᠢ ᠵᠠᠰᠠᠬᠤ ᠦᠵᠡᠭᠦᠯᠦᠯᠭᠡ ᠶ᠋ᠢᠨ ᠲᠣᠭᠣᠷᠢᠭ ᠂ ᠨᠣᠮ ᠤ᠋ᠨ ᠰᠠᠩ ᠂ ᠠᠭᠤᠰᠤᠯᠴᠠᠯ ᠤ᠋ᠨ ᠰᠢᠭᠦᠬᠦ ᠲᠢᠩᠬᠢᠮ ᠵᠡᠷᠭᠡ ᠲᠠᠯᠠᠪᠤᠷ ᠢ᠋ ᠲᠣᠭᠣᠷᠢᠨ ᠦᠵᠡᠭᠰᠡᠨ ᠪᠥᠭᠡᠳ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠲᠤᠰᠬᠠᠢ ᠰᠡᠳᠦᠪᠲᠦ ᠪᠠᠷᠢᠮᠲᠠᠲᠤ ᠺᠢᠨᠣ᠋ 《 ᠪᠠᠲᠤᠴᠠᠭᠠᠨ ᠤ᠋ ᠦᠵᠡᠮᠵᠢ 》 ᠶ᠋ᠢ ᠦᠵᠡᠪᠡ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )