ᠵᠣᠣ ᠱᠣᠣ ᠲᠣᠰᠬᠣᠨ ᠤ᠋ ᠳᠠᠭᠤᠤ ᠪᠦᠬᠦ ᠤᠯᠤᠰ ᠤ᠋ᠨ ᠤᠷᠤᠯᠳᠤᠭᠠᠨ ᠳ᠋ᠤ᠌ ᠰᠢᠯᠢᠳᠡᠭ ᠪᠦᠲᠦᠮᠵᠢ ᠣᠯᠪᠠ
ᠣᠢᠷ᠎ᠠ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠳᠠᠭᠠᠭᠠᠴᠢᠯᠠᠨ ᠠᠪᠤᠭᠰᠠᠨ ᠵᠣᠣ ᠱᠣᠣ ᠲᠣᠰᠬᠣᠨ 2022 ᠣᠨ ᠤ᠋ ᠪᠦᠬᠦ ᠤᠯᠤᠰ ᠤ᠋ᠨ ᠲᠣᠰᠬᠣᠨ ᠤ᠋ ᠳᠠᠭᠤᠤ ᠶ᠋ᠢᠨ ᠤᠷᠤᠯᠳᠤᠭᠠᠨ ᠤ᠋ ᠵᠣᠬᠢᠶᠠᠨ ᠪᠠᠢᠭᠤᠯᠬᠤ ᠵᠥᠪᠯᠡᠯ ᠡᠴᠡ ᠣᠯᠭᠣᠭᠰᠠᠨ ᠢᠷᠠᠭᠤ ᠠᠯᠳᠠᠷ ᠤ᠋ᠨ ᠦᠨᠡᠮᠯᠡᠯ ᠢ᠋ ᠲᠣᠰᠴᠤ ᠂ ᠵᠣᠣ ᠱᠣᠣ ᠲᠣᠰᠬᠣᠨ ᠤ᠋ ᠲᠣᠰᠬᠣᠨ ᠳᠠᠭᠤᠤ 《 ᠦᠵᠡᠰᠬᠦᠯᠡᠩᠲᠦ ᠵᠣᠣ ᠱᠣᠣ ᠮᠢᠨᠦ ᠨᠤᠲᠤᠭ 》 ᠨᠢ ᠪᠦᠬᠦ ᠤᠯᠤᠰ ᠤ᠋ᠨ ᠲᠠᠪᠤᠨ ᠶᠡᠬᠡ ᠤᠷᠤᠯᠳᠤᠭᠠᠨ ᠤ᠋ ᠲᠣᠭᠣᠷᠢᠭ ᠤ᠋ᠨ ᠮᠢᠩᠭ᠎ᠠ ᠰᠢᠬᠠᠮ ᠲᠣᠰᠬᠣᠨ ᠤ᠋ ᠳᠠᠭᠤᠤ ᠶ᠋ᠢᠨ ᠪᠦᠲᠦᠭᠡᠯ ᠡᠴᠡ ᠴᠣᠯᠭᠣᠷᠠᠨ ᠭᠠᠷᠴᠤ ᠂ 《 2022 ᠣᠨ ᠤ᠋ ᠳᠤᠮᠳᠠᠳᠤ ᠤᠯᠤᠰ ᠤ᠋ᠨ ᠲᠣᠰᠬᠣᠨ ᠤ᠋ ᠳᠠᠭᠤᠤ ᠶ᠋ᠢᠨ ᠤᠷᠤᠯᠳᠤᠭᠠᠨ ᠤ᠋ ᠵᠠᠭᠤᠨ ᠰᠣᠳᠣᠨ ᠲᠣᠰᠬᠣᠨ ᠤ᠋ ᠳᠠᠭᠤᠤ 》 ᠶ᠋ᠢᠨ ᠢᠷᠠᠭᠤ ᠠᠯᠳᠠᠷ ᠢ᠋ ᠬᠦᠷᠲᠡᠪᠡ ᠃
2021 ᠣᠨ ᠳ᠋ᠤ᠌ ᠂ ᠬᠣᠲᠠ ᠶ᠋ᠢᠨ ᠳᠠᠭᠠᠭᠠᠴᠢᠯᠠᠨ ᠡᠵᠡᠩᠨᠡᠬᠦ ᠭᠠᠵᠠᠷ ᠤ᠋ᠨ ᠬᠢᠨ ᠲᠣᠬᠢᠷᠠᠭᠤᠯᠤᠯᠲᠠ ᠬᠢᠵᠦ ᠵᠣᠣ ᠱᠣᠣ ᠲᠣᠰᠬᠣᠨ ᠢ᠋ ᠬᠣᠲᠠ ᠢ᠋ᠢᠨ ᠳᠤᠮᠳᠠ ᠵᠡᠷᠭᠡ ᠢ᠋ᠢᠨ ᠰᠢᠭᠦᠬᠦ ᠬᠣᠷᠢᠶᠠᠨ ᠳᠠᠭᠠᠭᠠᠴᠢᠯᠠᠨ ᠥᠭᠭᠦᠭᠰᠡᠨ ᠠ᠋ᠴᠠ ᠬᠣᠢᠰᠢ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠠ᠋ᠴᠠ ᠬᠣᠶᠠᠷ ᠺᠠᠳ᠋ᠷ ᠢ᠋ ᠲᠣᠮᠢᠯᠠᠨ ᠲᠣᠰᠬᠣᠨ ᠳ᠋ᠤ᠌ ᠰᠠᠭᠤᠬᠤ ᠠᠵᠢᠯᠯᠠᠬᠤ ᠠᠩᠭᠢ ᠪᠣᠯᠭᠠᠵᠤ ᠲᠣᠰᠬᠣᠨ ᠳ᠋ᠤ᠌ ᠠᠵᠢᠯᠯᠠᠭᠤᠯᠪᠠ ᠃ ᠰᠢᠨ᠎ᠡ ᠴᠠᠭ ᠦᠶ᠎ᠡ ᠶ᠋ᠢᠨ ᠨᠤᠲᠤᠭ ᠤ᠋ᠨ ᠰᠤᠷᠲᠠᠯ ᠤ᠋ᠨ ᠪᠣᠯᠪᠠᠰᠤᠨ ᠤ᠋ ᠪᠠᠢᠭᠤᠯᠤᠯᠲᠠ ᠶ᠋ᠢ ᠲᠦᠯᠬᠢᠨ ᠠᠬᠢᠭᠤᠯᠵᠤ ᠂ ᠮᠠᠯᠴᠢᠨ ᠲᠠᠷᠢᠶᠠᠴᠢᠨ ᠤ᠋ ᠣᠶᠤᠨ ᠤ᠋ ᠰᠣᠶᠣᠯ ᠤ᠋ᠨ ᠠᠮᠢᠳᠤᠷᠠᠯ ᠢ᠋ ᠪᠠᠶᠠᠯᠢᠭᠵᠢᠭᠤᠯᠤᠨ ᠂ ᠲᠣᠰᠬᠣᠨ ᠳ᠋ᠤ᠌ ᠰᠠᠭᠤᠭ᠎ᠠ ᠠᠵᠢᠯᠯᠠᠬᠤ ᠠᠩᠭᠢ ᠨᠢ ᠰᠣᠶᠣᠯ ᠤᠷᠠᠯᠢᠭ ᠤ᠋ᠨ ᠤᠬᠠᠭᠤᠯᠭ᠎ᠠ ᠶ᠋ᠢᠨ ᠠᠩᠭᠢ ᠶ᠋ᠢ ᠳᠠᠬᠢᠨ ᠵᠣᠬᠢᠶᠠᠨ ᠪᠠᠢᠭᠤᠯᠵᠤ ᠂ 《 ᠡᠬᠡ ᠨᠤᠲᠤᠭ ᠢ᠋ᠶ᠋ᠠᠨ ᠬᠠᠢᠷᠠᠯᠠᠬᠤ ᠂ ᠲᠣᠰᠬᠣᠨ ᠤ᠋ ᠳᠠᠭᠤᠤ ᠶ᠋ᠢᠨ ᠲᠥᠯᠥᠪᠯᠡᠭᠡ 》 ᠶ᠋ᠢᠨ ᠪᠦᠯᠬᠦᠮ ᠨᠢᠭᠡᠴᠡ ᠶ᠋ᠢ ᠤᠷᠢᠵᠤ ᠂ ᠲᠣᠰᠬᠣᠨ ᠤ᠋ ᠠᠷᠠᠳ ᠲᠠᠢ ᠬᠠᠮᠲᠤᠪᠠᠷ ᠲᠣᠰᠬᠣᠨ ᠤ᠋ ᠳᠠᠭᠤᠤ 《 ᠦᠵᠡᠰᠬᠦᠯᠡᠩᠲᠦ ᠰᠠᠢᠬᠠᠨ ᠵᠣᠣ ᠱᠣᠣ ᠮᠢᠨᠦ ᠨᠤᠲᠤᠭ 》 ᠢ᠋ ᠵᠣᠬᠢᠶᠠᠨ ᠪᠦᠲᠦᠭᠡᠪᠡ ᠃ ᠡᠨᠡ ᠤᠳᠠᠭ᠎ᠠ ᠱᠠᠩᠨᠠᠯ ᠲᠤᠰᠤᠭᠰᠠᠨ ᠤ᠋ ᠳᠠᠷᠠᠭ᠎ᠠ ᠂ ᠲᠣᠰᠬᠣᠨ ᠤ᠋ ᠠᠷᠠᠳ ᠤ᠋ᠨ ᠢᠷᠠᠭᠤ ᠠᠯᠳᠠᠷᠲᠤ ᠰᠡᠳᠬᠢᠯᠭᠡ ᠂ ᠬᠠᠮᠲᠤ ᠶ᠋ᠢᠨ ᠬᠠᠷᠢᠶᠠᠯᠠᠭᠳᠠᠬᠤ ᠰᠡᠳᠬᠢᠯᠭᠡ ᠪᠣᠯᠤᠨ ᠨᠢᠭᠲᠠᠷᠠᠯ ᠤ᠋ᠨ ᠬᠦᠴᠦᠨ ᠪᠦᠲᠦᠮᠵᠢᠲᠡᠢ ᠨᠡᠮᠡᠭᠳᠡᠵᠦ ᠂ ᠡᠶ᠎ᠡ ᠵᠣᠬᠢᠴᠠᠯ ᠲᠠᠢ ᠬᠥᠳᠡᠭᠡ ᠲᠣᠰᠬᠣᠨ ᠢ᠋ ᠪᠠᠢᠭᠤᠯᠬᠤ ᠂ ᠪᠦᠬᠦ ᠲᠣᠰᠬᠣᠨ ᠤ᠋ ᠠᠷᠠᠳ ᠢ᠋ ᠵᠣᠷᠢᠭᠵᠢᠭᠤᠯᠤᠨ ᠵᠣᠯ ᠵᠢᠷᠭᠠᠯᠲᠤ ᠰᠠᠢᠨ ᠰᠠᠢᠬᠠᠨ ᠠᠮᠢᠳᠤᠷᠠᠯ ᠤ᠋ᠨ ᠬᠦᠰᠡᠯ ᠡᠷᠡᠮᠡᠯᠵᠡᠯ ᠳ᠋ᠦ᠍ ᠢᠳᠡᠪᠬᠢᠲᠡᠢ ᠲᠦᠯᠬᠢᠨ ᠠᠬᠢᠭᠤᠯᠬᠤ ᠦᠢᠯᠡᠳᠦᠯ ᠦᠵᠡᠭᠦᠯᠦᠭᠰᠡᠨ ᠪᠠᠢᠨ᠎ᠠ ᠃
ᠳᠠᠷᠠᠭ᠎ᠠ ᠠᠯᠬᠤᠮ ᠳ᠋ᠤ᠌ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠲᠣᠰᠬᠣᠨ ᠳ᠋ᠤ᠌ ᠰᠠᠭᠤᠭ᠎ᠠ ᠠᠵᠢᠯᠯᠠᠬᠤ ᠠᠩᠭᠢ ᠲᠤᠰ ᠤᠳᠠᠭ᠎ᠠ ᠶ᠋ᠢᠨ ᠱᠠᠩᠨᠠᠯ ᠬᠦᠷᠲᠡᠬᠦ ᠪᠡᠷ ᠲᠣᠬᠢᠶᠠᠯ ᠪᠣᠯᠭᠠᠵᠤ ᠂ ᠲᠣᠰᠬᠣᠨ ᠤ᠋ ᠳᠠᠭᠤᠤ ᠶ᠋ᠢᠨ ᠬᠥᠮᠦᠨ ᠢ᠋ ᠬᠥᠮᠦᠵᠢᠭᠦᠯᠬᠦ ᠂ ᠬᠥᠮᠦᠨ ᠢ᠋ ᠵᠣᠷᠢᠭᠵᠢᠭᠤᠯᠬᠤ ᠂ ᠬᠥᠮᠦᠨ ᠲᠡᠢ ᠪᠦᠯᠬᠦᠮᠳᠡᠭᠦᠯᠬᠦ ᠦᠢᠯᠡᠳᠦᠯ ᠢ᠋ ᠭᠦᠢᠴᠡᠳ ᠪᠠᠳᠠᠷᠠᠭᠤᠯᠵᠤ ᠂ ᠣᠯᠠᠨ ᠶᠠᠩᠵᠤ ᠬᠡᠯᠪᠡᠷᠢ ᠶ᠋ᠢᠨ ᠡᠯᠪᠡᠭ ᠪᠠᠶᠠᠯᠢᠭ ᠲᠣᠰᠬᠣᠨ ᠤ᠋ ᠳᠠᠭᠤᠤ ᠶ᠋ᠢ ᠤᠯᠠᠮᠵᠢᠯᠠᠨ ᠳᠠᠭᠤᠯᠠᠬᠤ ᠵᠡᠷᠭᠡ ᠰᠣᠶᠣᠯ ᠲᠠᠮᠢᠷ ᠤ᠋ᠨ ᠬᠥᠳᠡᠯᠭᠡᠭᠡᠨ ᠢ᠋ ᠢᠳᠡᠪᠬᠢᠲᠡᠢ ᠥᠷᠨᠢᠭᠦᠯᠵᠦ ᠂ ᠲᠣᠰᠬᠣᠨ ᠤ᠋ ᠬᠥᠭᠵᠢᠯᠲᠡ ᠶ᠋ᠢᠨ ᠳᠣᠲᠣᠭᠠᠳᠤ ᠬᠥᠳᠡᠯᠭᠡᠬᠦ ᠬᠦᠴᠦᠨ ᠪᠠ ᠲᠣᠰᠬᠣᠨ ᠤ᠋ ᠠᠷᠠᠳᠴᠢᠯᠠᠭᠰᠠᠨ ᠬᠥᠮᠦᠰ ᠤ᠋ᠨ ᠦᠵᠡᠯ ᠤᠬᠠᠮᠰᠠᠷ ᠢ᠋ ᠤᠯᠠᠮ ᠴᠢᠨᠠᠭᠰᠢᠳᠠ ᠬᠥᠭᠵᠢᠭᠡᠨ ᠂ ᠬᠥᠳᠡᠭᠡ ᠲᠣᠰᠬᠣᠨ ᠤ᠋ ᠰᠣᠶᠣᠯ ᠢ᠋ ᠪᠠᠳᠠᠷᠠᠭᠤᠯᠵᠤ ᠂ ᠪᠣᠯᠪᠠᠰᠤᠨ ᠲᠣᠰᠬᠣᠨ ᠤ᠋ ᠬᠡᠪ ᠰᠤᠷᠲᠠᠯ ᠢ᠋ ᠪᠣᠢ ᠪᠣᠯᠭᠠᠨ ᠂ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠳ᠋ᠤ᠌ ᠬᠦᠴᠦ ᠨᠡᠮᠡᠷᠢᠯᠡᠨ᠎ᠡ ᠃
ᠦᠨᠡᠯᠡᠬᠦ 0ᠦᠨᠡᠯᠡᠯᠲᠡ᠎ᠲᠠᠢ