ᠵᠠᠰᠠᠭ ᠤ᠋ᠨ ᠣᠷᠳᠣᠨ ᠪᠣᠯᠤᠨ ᠠᠷᠠᠳ ᠤ᠋ᠨ ᠵᠠᠰᠠᠭ ᠤ᠋ᠨ ᠣᠷᠳᠣᠨ ᠬᠠᠮᠲᠤᠷᠠᠨ ᠬᠥᠳᠡᠯᠦᠯᠴᠡᠵᠦ ᠬᠦᠴᠦ ᠪᠡᠨ ᠬᠠᠮᠲᠤᠳᠬᠠᠨ 37 ᠡᠷᠦᠬᠡ ᠶ᠋ᠢᠨ ᠠᠷᠠᠳ ᠣᠯᠠᠨ ᠳ᠋ᠤ᠌ 《 ᠦᠨᠡᠮᠯᠡᠯ ᠠᠪᠬᠤ ᠳ᠋ᠤ᠌ ᠬᠦᠴᠢᠷᠲᠡᠢ 》 ᠠᠰᠠᠭᠤᠳᠠᠯ ᠢ᠋ ᠰᠶᠢᠳᠪᠦᠷᠢᠯᠡᠬᠦ ᠪᠡᠷ ᠪᠠᠢᠨ ᠠ
2023.10.31 ᠲᠣᠰ ᠥᠷᠲᠡᠭᠡᠨ᠎ᠦ ᠨᠠᠢᠷᠠᠭᠤᠯᠤᠭᠴᠢ

    ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ᠋ ᠦᠷᠭᠦᠯᠵᠢᠯᠡᠨ ᠰᠢᠯᠢᠳᠡᠭᠵᠢᠭᠦᠯᠵᠦ ᠂ ᠠᠵᠤ ᠠᠬᠤᠢᠯᠠᠯ ᠤ᠋ᠨ ᠬᠦᠴᠢᠷᠳᠡᠯ ᠢ᠋ ᠰᠢᠢᠳᠪᠦᠷᠢᠯᠡᠨ ᠥᠭᠴᠦ ᠂ ᠣᠯᠠᠨ ᠲᠦᠮᠡᠨ ᠦ᠌ ᠬᠦᠴᠢᠷ ᠲᠦᠪᠡᠭ ᠢ᠋ ᠨᠢ ᠰᠢᠢᠳᠪᠦᠷᠢᠯᠡᠵᠦ ᠥᠭᠬᠦ ᠶ᠋ᠢᠨ ᠲᠥᠯᠥᠭᠡ 2023 ᠣᠨ ᠠ᠋ᠴᠠ ᠨᠡᠰᠢ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《 ᠭᠦᠢᠴᠡᠳᠬᠡᠬᠦ ᠪᠣᠭᠣᠮᠲᠠ ᠰᠢᠪᠲᠤᠯᠬᠤ ᠢᠨᠵᠧᠨᠧᠷᠢᠩ 》 ᠢ᠋ ᠭᠦᠨᠵᠡᠭᠡᠢ ᠥᠷᠨᠢᠭᠦᠯᠬᠦ ᠪᠡᠷ ᠭᠣᠣᠯ ᠱᠤᠭᠤᠮ ᠪᠣᠯᠭᠠᠨ ᠂ 《 ᠵᠠᠰᠠᠭ ᠤ᠋ᠨ ᠣᠷᠳᠣᠨ ᠪᠣᠯᠤᠨ ᠰᠢᠭᠦᠬᠦ ᠬᠣᠷᠢᠶ᠎ᠠ ᠬᠠᠮᠲᠤᠷᠠᠨ ᠬᠥᠳᠡᠯᠦᠯᠴᠡᠬᠦ ᠂ ᠬᠣᠶᠠᠷ ᠲᠠᠯ᠎ᠠ ᠪᠠᠷ ᠢ᠋ᠶ᠋ᠠᠨ ᠰᠢᠢᠳᠪᠦᠷᠢᠯᠡᠬᠦ 》 ᠶ᠋ᠢ ᠭᠦᠨᠵᠡᠭᠡᠢ ᠠᠬᠢᠭᠤᠯᠬᠤ ᠪᠠᠷ ᠲᠥᠪᠯᠡᠷᠡᠭᠦᠯᠦᠨ ᠭᠦᠢᠴᠡᠳᠬᠡᠬᠦ ᠠᠵᠢᠯᠯᠠᠭ᠎ᠠ ᠶ᠋ᠢ ᠴᠢᠩᠭ᠎ᠠ ᠠᠳᠬᠤᠵᠤ ᠂ ᠠᠵᠤ ᠠᠬᠤᠢᠯᠠᠯ ᠳ᠋ᠤ᠌ ᠬᠣᠯᠪᠣᠭᠳᠠᠭᠰᠠᠨ ᠂ ᠠᠷᠠᠳ ᠤ᠋ᠨ ᠠᠮᠢᠳᠤᠷᠠᠯ ᠳ᠋ᠤ᠌ ᠬᠣᠯᠪᠣᠭᠳᠠᠭᠰᠠᠨ ᠬᠡᠷᠡᠭ ᠢ᠋ ᠭᠦᠢᠴᠡᠳᠬᠡᠬᠦ ᠡᠷᠴᠢᠮ ᠢ᠋ᠶ᠋ᠡᠨ ᠲᠠᠰᠤᠷᠠᠯᠲᠠ ᠦᠭᠡᠢ ᠴᠢᠩᠭᠠᠷᠠᠭᠤᠯᠵᠤ ᠂ ᠲᠤᠬᠠᠢ ᠶ᠋ᠢᠨ ᠬᠥᠮᠦᠨ ᠦ᠌ ᠵᠠᠷᠭᠤ ᠢᠯᠠᠬᠤ ᠡᠷᠬᠡ ᠠᠰᠢᠭ ᠢ᠋ ᠪᠥᠬᠥ ᠬᠦᠴᠦᠨ ᠢ᠋ᠶ᠋ᠡᠷ ᠢ᠋ᠶ᠋ᠡᠨ ᠪᠡᠶᠡᠯᠡᠭᠦᠯᠵᠦ ᠂ ᠨᠡᠢᠭᠡᠮ ᠤ᠋ᠨ ᠦᠨᠡᠨᠴᠢ ᠢᠲᠡᠭᠡᠮᠵᠢ ᠶ᠋ᠢᠨ ᠡᠮᠬᠢ ᠳᠢᠭᠯᠢᠮ ᠢ᠋ ᠬᠠᠮᠠᠭᠠᠯᠠᠪᠠ ᠃

    ᠡᠨᠡ ᠵᠢᠯ ᠤ᠋ᠨ 10 ᠰᠠᠷ᠎ᠠ ᠳ᠋ᠤ᠌ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠲᠣᠪᠴᠢᠶ᠎ᠠ ᠨᠢᠭᠡᠨ ᠪᠠᠩᠬᠢ ᠪᠣᠯᠤᠨ ᠨᠢᠭᠡᠨ ᠭᠡᠷ ᠭᠠᠵᠠᠷ ᠤ᠋ᠨ ᠬᠥᠷᠥᠩᠭᠡ ᠶ᠋ᠢᠨ ᠺᠣᠮᠫᠠᠨᠢ ᠵᠡᠷᠭᠡ ᠬᠥᠮᠦᠰ ᠤ᠋ᠨ ᠮᠥᠩᠭᠥᠨ ᠭᠦᠢᠯᠭᠡᠭᠡᠨ ᠦ᠌ ᠵᠣᠭᠣᠰ ᠵᠢᠭᠡᠯᠡᠬᠦ ᠶ᠋ᠢ ᠰᠢᠢᠳᠪᠦᠷᠢᠯᠡᠵᠦ ᠂ ᠬᠡᠷᠡᠭ ᠲᠦ᠍ ᠬᠣᠯᠪᠣᠭᠳᠠᠭᠰᠠᠨ ᠭᠡᠷ ᠬᠥᠷᠥᠩᠭᠡ ᠶ᠋ᠢ ᠪᠠᠷᠢᠴᠠᠭᠠᠯᠠᠬᠤ ᠳ᠋ᠤ᠌ ᠪᠠᠢᠴᠠᠭᠠᠯᠲᠠ ᠬᠢᠬᠦ ᠪᠡᠷ ᠳᠠᠮᠵᠢᠨ ᠲᠤᠰ ᠪᠠᠷᠢᠴᠠᠭᠠᠨ ᠤ᠋ ᠭᠡᠷ ᠬᠥᠷᠥᠩᠭᠡ ᠶ᠋ᠢ ᠴᠥᠮ ᠬᠡᠷᠡᠭ ᠤ᠋ᠨ ᠭᠠᠳᠠᠨᠠᠬᠢ ᠬᠥᠮᠦᠨ ᠳ᠋ᠦ᠍ ᠬᠤᠳᠠᠯᠳᠤᠵᠤ ᠪᠠᠢᠬᠤ ᠶ᠋ᠢ ᠮᠡᠳᠡᠪᠡ ︔ ᠬᠡᠷᠪᠡ ᠠᠯᠪᠠᠳᠠᠯᠭ᠎ᠠ ᠪᠠᠷ 《 ᠭᠡᠷ ᠪᠠᠢᠰᠢᠩ ᠢ᠋ ᠰᠤᠯᠠᠯᠠᠬᠤ 》  ᠳ᠋ᠤ ᠬᠦᠷᠪᠡᠯ ᠬᠡᠷᠡᠭ ᠤ᠋ᠨ ᠭᠠᠳᠠᠨᠠᠬᠢ ᠬᠥᠮᠦᠨ ᠦ᠌ ᠬᠠᠤᠯᠢ ᠶᠣᠰᠣᠨ ᠤ᠋ ᠡᠷᠬᠡ ᠠᠰᠢᠭ ᠲᠤ᠌ ᠬᠣᠬᠢᠷᠠᠯ ᠤᠴᠠᠷᠠᠭᠤᠯᠬᠤ ᠨᠢ ᠯᠠᠪᠲᠠᠢ ᠶᠤᠮ ; ᠮᠥᠷᠲᠡᠭᠡᠨ ᠭᠡᠷ ᠬᠥᠷᠥᠩᠭᠡ ᠶ᠋ᠢᠨ 《 ᠦᠨᠡᠮᠯᠡᠯ ᠠᠪᠬᠤ ᠳ᠋ᠤ᠌ ᠬᠦᠴᠢᠷᠲᠡᠢ 》 ᠪᠠᠢᠬᠤ ᠠᠰᠠᠭᠤᠳᠠᠯ ᠡᠴᠡ ᠪᠣᠯᠵᠤ ᠂ ᠬᠡᠷᠡᠭ ᠨᠢ ᠭᠡᠷ ᠪᠠᠢᠰᠢᠩ ᠤ᠋ᠨ ᠣᠯᠠᠨ ᠲᠦᠮᠡᠨ ᠦ᠌ ᠵᠠᠬᠢᠳᠠᠯ ᠰᠤᠷᠪᠤᠯᠵᠢᠯᠠᠭ᠎ᠠ ᠳ᠋ᠤ᠌ ᠬᠣᠯᠪᠣᠭᠳᠠᠵᠤ ᠂ ᠬᠠᠮᠢᠶ᠎ᠠ ᠪᠦᠬᠦᠢ ᠰᠠᠯᠠᠭ᠎ᠠ ᠮᠥᠴᠢᠷ ᠲᠦ᠍ ᠥᠮᠴᠢᠯᠡᠬᠦ ᠡᠷᠬᠡ ᠶ᠋ᠢᠨ ᠦᠨᠡᠮᠯᠡᠯ ᠠᠪᠬᠤ ᠬᠡᠷᠡᠭᠲᠡᠢ ᠭᠡᠵᠦ ᠱᠠᠭᠠᠷᠳᠠᠵᠠᠢ ᠃

    《 ᠬᠣᠣᠰ ᠡᠳ᠋ᠯᠡᠬᠦ ᠣᠯᠠᠨ ᠡᠳ᠋ᠯᠡᠬᠦ ᠬᠠᠮᠲᠤ ᠪᠠᠷ ᠡᠳ᠋ᠯᠡᠬᠦ 》 ᠪᠠ 《 ᠭᠤᠷᠪᠠᠨ ᠦᠷ᠎ᠡ ᠪᠦᠲᠦᠮᠵᠢ 》 ᠶ᠋ᠢ ᠨᠢᠭᠡᠳᠬᠡᠬᠦ ᠶ᠋ᠢ ᠪᠡᠶᠡᠯᠡᠭᠦᠯᠬᠦ ᠶ᠋ᠢᠨ ᠲᠥᠯᠥᠭᠡ ᠂ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠲᠣᠪᠴᠢᠶ᠎ᠠ ᠨᠢ ᠳ᠋ᠦᠩᠱᠧᠩ ᠲᠣᠭᠣᠷᠢᠭ ᠤ᠋ᠨ ᠨᠠᠮ ᠤ᠋ᠨ ᠬᠣᠷᠢᠶ᠎ᠠ ᠤᠯᠤᠰ ᠲᠥᠷᠥ ᠬᠠᠤᠯᠢ ᠴᠠᠭᠠᠵᠠ ᠶ᠋ᠢᠨ ᠵᠥᠪᠯᠡᠯ ᠂ ᠲᠣᠭᠣᠷᠢᠭ ᠤ᠋ᠨ ᠵᠠᠰᠠᠭ ᠤ᠋ᠨ ᠣᠷᠳᠣᠨ ᠂ ᠲᠣᠭᠲᠠᠮᠠᠯ ᠬᠥᠷᠥᠩᠭᠡ ᠶ᠋ᠢ ᠳᠠᠩᠰᠠᠯᠠᠬᠤ ᠵᠡᠷᠭᠡ ᠬᠡᠷᠡᠭ ᠲᠦ᠍ ᠬᠣᠯᠪᠣᠭᠳᠠᠭᠰᠠᠨ ᠠᠵᠤ ᠠᠬᠤᠢᠯᠠᠯ ᠵᠢᠴᠢ ᠰᠠᠯᠠᠭ᠎ᠠ ᠮᠥᠴᠢᠷ ᠢ᠋ ᠢᠳᠡᠪᠬᠢᠲᠡᠢ ᠵᠣᠬᠢᠶᠠᠨ ᠪᠠᠢᠭᠤᠯᠤᠨ ᠵᠣᠬᠢᠴᠠᠭᠤᠯᠵᠤ ᠬᠡᠷᠡᠭ ᠤ᠋ᠨ ᠶᠠᠷᠢᠯᠴᠠᠬᠤ ᠬᠤᠷᠠᠯ ᠬᠤᠷᠠᠯᠳᠤᠭᠤᠯᠵᠤ ᠂ ᠣᠯᠠᠨ ᠤ᠋ ᠤᠬᠠᠭᠠᠨ ᠬᠠᠮᠲᠤ ᠶ᠋ᠢᠨ ᠬᠦᠴᠦᠨ ᠢ᠋ ᠰᠦᠪᠡᠭᠴᠢᠯᠡᠵᠦ ᠂ ᠬᠡᠷᠡᠭ ᠢ᠋ ᠰᠢᠢᠳᠪᠦᠷᠢᠯᠡᠬᠦ ᠳ᠋ᠦ᠍ ᠣᠷᠣᠰᠢᠵᠤ ᠪᠠᠢᠭ᠎ᠠ 《 ᠬᠣᠷᠢᠭᠳᠠᠯ ᠤ᠋ᠨ ᠴᠡᠭ 》 ᠪᠠ 《 ᠬᠦᠴᠢᠷᠲᠡᠢ ᠲᠠᠯ᠎ᠠ 》 ᠢ᠋ ᠵᠥᠪᠳᠡᠯᠴᠡᠨ ᠰᠢᠢᠳᠪᠦᠷᠢᠯᠡᠪᠡ ᠃ ᠰᠡᠭᠦᠯᠡᠷ ᠨᠢ ᠣᠯᠠᠨ ᠲᠠᠯ᠎ᠠ ᠶ᠋ᠢᠨ ᠬᠠᠮᠵᠢᠯᠴᠠᠨ ᠂ ᠲᠥᠷᠥ ᠶ᠋ᠢᠨ ᠪᠣᠳᠣᠯᠭ᠎ᠠ ᠶ᠋ᠢ ᠣᠨᠣᠪᠴᠢᠲᠠᠢ ᠬᠡᠷᠡᠭᠵᠢᠭᠦᠯᠦᠭᠰᠡᠨ ᠡᠴᠡ ᠂ ᠲᠤᠰ ᠬᠡᠷᠡᠭ ᠨᠢ ᠬᠦᠢᠴᠡᠳᠬᠡᠯᠬᠡᠬᠦ ᠪᠡᠷ ᠭᠤᠶᠤᠴᠢᠯᠠᠭᠴᠢ ᠶ᠋ᠢᠨ ᠡᠷᠬᠡ ᠠᠰᠢᠭ ᠢ᠋ ᠪᠡᠶᠡᠯᠡᠭᠦᠯᠵᠦ ᠂ ᠬᠦᠢᠴᠡᠳᠬᠡᠯᠬᠡᠭᠴᠢ ᠶ᠋ᠢᠨ ᠥᠭᠴᠡᠭᠡ ᠶ᠋ᠢ ᠨᠠᠮᠳᠠᠭᠤᠯᠬᠤ ᠶ᠋ᠢᠨ ᠵᠡᠷᠭᠡᠪᠡᠷ ᠬᠡᠷᠡᠭ ᠲᠦ᠍ ᠬᠣᠯᠪᠣᠭᠳᠠᠭᠰᠠᠨ ᠭᠡᠷ ᠪᠠᠢᠰᠢᠩ ᠤ᠋ᠨ 37 ᠡᠷᠦᠬᠡ ᠠᠷᠠᠳ ᠲᠦᠮᠡᠨ ᠳ᠋ᠦ᠍ 《 ᠦᠨᠡᠮᠯᠡᠯ ᠠᠪᠬᠤ ᠳ᠋ᠤ᠌ ᠬᠦᠴᠢᠷᠲᠡᠢ 》 ᠠᠰᠠᠭᠤᠳᠠᠯ ᠢ᠋ ᠰᠢᠢᠳᠪᠦᠷᠢᠯᠡᠵᠦ ᠂ 《 ᠨᠢᠭᠡ ᠬᠡᠷᠡᠭ 》 ᠢ᠋ ᠰᠢᠢᠳᠪᠦᠷᠢᠯᠡᠵᠦ ᠂ 《 ᠬᠣᠶᠠᠷ ᠬᠡᠷᠡᠭ 》 ᠢ᠋ ᠰᠢᠢᠳᠪᠦᠷᠢᠯᠡᠬᠦ ᠰᠠᠢᠨ ᠦᠷ᠎ᠡ ᠪᠦᠲᠦᠮᠵᠢ ᠣᠯᠵᠤ ᠂ ᠬᠡᠷᠡᠭ ᠲᠦ᠍ ᠬᠣᠯᠪᠣᠭᠳᠠᠭᠰᠠᠨ ᠠᠵᠤ ᠠᠬᠤᠢᠯᠠᠯ ᠂ ᠣᠯᠠᠨ ᠲᠦᠮᠡᠨ ᠦ᠌ ᠰᠠᠢᠨ ᠦᠨᠡᠯᠡᠯᠲᠡ ᠶ᠋ᠢ ᠣᠯᠤᠭᠰᠠᠨ ᠪᠠᠢᠨ᠎ᠠ ᠃

    ᠳᠠᠷᠠᠭᠠᠴᠢ ᠶ᠋ᠢᠨ ᠠᠯᠬᠤᠮ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《 ᠲᠥᠪ ᠭᠣᠣᠯᠴᠢ ᠬᠢᠭᠡᠳ ᠦᠷ᠎ᠡ ᠪᠦᠲᠦᠮᠵᠢ 》 ᠶ᠋ᠢᠨ ᠠᠵᠢᠯ ᠤ᠋ᠨ ᠭᠣᠣᠯ ᠰᠡᠳᠦᠪ ᠤ᠋ᠨ ᠲᠣᠭᠣᠷᠢᠨ ᠳ᠋ᠤ᠌ ᠂ ᠬᠠᠤᠯᠢ ᠶᠣᠰᠣᠭᠠᠷ ᠡᠭᠦᠷᠭᠡ ᠲᠤᠰᠢᠶᠠᠯ ᠢ᠋ᠶ᠋ᠠᠨ ᠭᠦᠢᠴᠡᠳᠬᠡᠵᠦ ᠂ ᠰᠠᠨᠠᠭᠠᠴᠢᠯᠠᠭ᠎ᠠ ᠠ᠋ᠴᠠ ᠪᠠᠨ ᠡᠮᠦᠨ᠎ᠡ ᠨᠢ ᠦᠢᠯᠡᠴᠢᠯᠡᠵᠦ ᠂ 《 ᠬᠦᠴᠦ ᠪᠡᠨ ᠬᠠᠮᠲᠤᠳᠬᠠᠨ ᠂ ᠦᠷ᠎ᠡ ᠪᠦᠲᠦᠮᠵᠢ ᠪᠠᠨ ᠰᠠᠢᠵᠢᠷᠠᠭᠤᠯᠵᠤ ᠂ ᠳᠣᠲᠣᠭᠠᠳᠤ ᠬᠦᠴᠦᠨ ᠢ᠋ᠶ᠋ᠡᠨ ᠴᠢᠩᠭᠠᠳᠬᠠᠬᠤ 》 ᠳᠡᠭᠡᠷ᠎ᠡ ᠲᠠᠰᠤᠷᠠᠯᠲᠠ ᠦᠭᠡᠢ ᠬᠦᠴᠦ ᠲᠠᠯᠪᠢᠨ ᠂ 《 ᠵᠠᠰᠠᠭ ᠤ᠋ᠨ ᠣᠷᠳᠣᠨ ᠪᠣᠯᠤᠨ ᠰᠢᠭᠦᠬᠦ ᠬᠣᠷᠢᠶ᠎ᠠ ᠬᠠᠮᠲᠤᠷᠠᠨ ᠬᠥᠳᠡᠯᠦᠯᠴᠡᠬᠦ ᠂ ᠬᠣᠶᠠᠷ ᠲᠠᠯ᠎ᠠ ᠪᠠᠷ ᠢ᠋ᠶ᠋ᠠᠨ ᠰᠢᠢᠳᠪᠦᠷᠢᠯᠡᠬᠦ 》 ᠶ᠋ᠢ ᠦᠷᠭᠦᠯᠵᠢᠯᠡᠨ ᠪᠡᠬᠢᠵᠢᠭᠦᠯᠦᠨ ᠳᠡᠭᠡᠭᠰᠢᠯᠡᠭᠦᠯᠬᠦ ᠲᠥᠪᠯᠡᠷᠡᠭᠦᠯᠦᠨ ᠭᠦᠢᠴᠡᠳᠬᠡᠬᠦ ᠠᠵᠢᠯᠯᠠᠭ᠎ᠠ ᠶ᠋ᠢᠨ ᠦᠷ᠎ᠡ ᠪᠦᠲᠦᠮᠵᠢ ᠶ᠋ᠢ ᠦᠷᠭᠦᠯᠵᠢᠯᠡᠨ ᠪᠠᠲᠤᠳᠬᠠᠵᠤ ᠂ ᠪᠣᠳᠠᠲᠤ ᠠᠵᠢᠯᠯᠠᠭ᠎ᠠ ᠪᠠ ᠠᠵᠢᠯ ᠤ᠋ᠨ ᠪᠣᠳᠠᠲᠤ ᠦᠷ᠎ᠡ ᠪᠦᠲᠦᠮᠵᠢ ᠪᠡᠷ ᠠᠷᠠᠳ ᠣᠯᠠᠨ ᠤ᠋ ᠭᠦᠢᠴᠡᠳᠬᠡᠬᠦ ᠠᠵᠢᠯ ᠤ᠋ᠨ ᠰᠢᠨ᠎ᠡ ᠱᠠᠭᠠᠷᠳᠠᠯᠭ᠎ᠠ ᠪᠠ ᠰᠢᠨ᠎ᠡ ᠬᠦᠰᠡᠯ ᠡᠷᠡᠮᠡᠯᠵᠡᠯ ᠢ᠋ ᠬᠠᠩᠭᠠᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠭᠦᠢᠴᠡᠳᠬᠡᠬᠦ ᠠᠵᠢᠯ ᠢ᠋ ᠳᠠᠬᠢᠨ ᠰᠢᠨ᠎ᠡ ᠳᠡᠭᠲᠡᠷ ᠲᠦ᠍ ᠭᠠᠷᠭᠠᠬᠤ ᠂ ᠳᠠᠬᠢᠨ ᠰᠢᠨ᠎ᠡ ᠶ᠋ᠢ ᠡᠭᠦᠳᠬᠦ ᠶ᠋ᠢ ᠠᠬᠢᠭᠤᠯᠤᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )