2023 ᠣᠨ ᠤ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠣᠯᠤᠯᠲᠠ ᠲᠥᠷᠦᠭᠳᠡᠯ ᠪᠣᠯᠬᠤ ᠨᠠᠮ ᠤ᠋ᠨ ᠡᠭᠦᠷ ᠦ᠋ᠨ ᠱᠦᠵᠢ ᠶ᠋ᠢᠨ ᠶᠠᠷᠢᠶ᠎ᠠ
ᠦᠵᠡᠯ ᠰᠠᠨᠠᠭ᠎ᠠ ᠰᠤᠷᠤᠯᠴᠠᠨ᠂ ᠤᠬᠠᠮᠰᠠᠷ ᠢᠶᠡᠨ ᠶᠠᠷᠢᠯᠴᠠᠨ᠂ ᠬᠦᠴᠦᠨ ᠴᠢᠳᠠᠯ ᠢᠶᠡᠨ ᠨᠢᠭᠲᠠᠷᠠᠭᠤᠯᠬᠤ ᠰᠤᠷᠤᠯᠴᠠᠯᠭ᠎ᠠ ᠪᠠᠷ ᠰᠦᠭ ᠰᠦᠨᠡᠰᠦ ᠪᠡᠨ ᠴᠤᠭᠴᠠᠯᠠᠵᠦ᠂ ᠰᠤᠷᠤᠯᠴᠠᠯᠭ᠎ᠠ ᠪᠠᠷ ᠣᠶᠤᠨ ᠤᠬᠠᠭᠠᠨ ᠢ᠋ ᠨᠡᠮᠡᠭᠳᠡᠭᠦᠯᠬᠦ ᠂ ᠰᠤᠷᠤᠯᠴᠠᠯᠭ᠎ᠠ ᠪᠡᠷ ᠰᠤᠷᠲᠠᠯ ᠴᠡᠭᠴᠡᠯᠡᠵᠦ ᠂ ᠰᠤᠷᠤᠯᠴᠠᠯᠭ᠎ᠠ ᠪᠠᠷ ᠠᠵᠢᠯ ᠢᠶᠡᠨ ᠠᠬᠢᠭᠤᠯᠤᠨ᠎ᠠ ᠃ ᠬᠣᠶᠠᠳᠤᠭᠠᠷ ᠪᠥᠯᠦᠭ ᠤᠨ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠶ᠋ᠢ ᠥᠷᠨᠢᠭᠦᠯᠦᠭᠰᠡᠨ ᠡᠴᠡ ᠨᠡᠰᠢ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《 ᠦᠵᠡᠯ ᠰᠠᠨᠠᠭ᠎ᠠ ᠶ᠋ᠢ ᠰᠤᠷᠤᠯᠴᠠᠬᠤ ᠂ ᠨᠠᠮᠴᠢ ᠴᠢᠨᠠᠷ ᠢ᠋ ᠴᠢᠩᠭᠠᠳᠬᠠᠬᠤ ᠂ ᠦᠢᠯᠡᠳᠦᠯᠭᠡ ᠶ᠋ᠢ ᠴᠢᠬᠤᠯᠠᠴᠢᠯᠠᠬᠤ ᠂ ᠰᠢᠨ᠎ᠡ ᠭᠠᠪᠢᠶ᠎ᠠ ᠪᠠᠢᠭᠤᠯᠬᠤ 》 ᠶᠡᠷᠦᠩᠬᠡᠢ ᠱᠠᠭᠠᠷᠳᠠᠯᠭ᠎ᠠ ᠶ᠋ᠢᠨ ᠲᠣᠭᠣᠷᠢᠨ ᠳ᠋ᠤ᠌ ᠺᠠᠲᠷ ᠴᠠᠭᠳᠠᠭ᠎ᠠ ᠶ᠋ᠢ ᠤᠯᠠᠮ ᠨᠢᠭᠡ ᠠᠯᠬᠤᠮ ᠬᠥᠲᠥᠯᠦᠨ ᠵᠢᠯᠣᠭᠣᠳᠴᠤ ᠂ 《 ᠦᠵᠡᠯ ᠰᠠᠨᠠᠭ᠎ᠠ ᠰᠤᠷᠤᠯᠴᠠᠵᠦ ᠬᠡᠷᠡᠭᠯᠡᠬᠦ ᠶᠢ ᠨᠡᠪᠲᠡᠷᠡᠭᠦᠯᠵᠦ ᠂ ᠮᠡᠳᠡᠭᠡ ᠵᠠᠩᠭᠢ ᠦᠢᠯᠡ ᠠᠵᠢᠯᠯᠠᠭ᠎ᠠ ᠪᠡᠨ ᠨᠢᠭᠡᠳᠬᠡᠬᠦ 》 ᠳᠤᠮᠳᠠ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠬᠤ ᠰᠢᠨᠵᠢᠯᠡᠬᠦ ᠤᠬᠠᠭᠠᠨᠴᠢ ᠰᠢᠰᠲ᠋ᠧᠮ ᠂ ᠭᠣᠣᠯᠯᠠᠬᠤ ᠱᠠᠭᠠᠷᠳᠠᠯᠭ᠎ᠠ ᠂ ᠦᠢᠯᠡᠳᠦᠯᠭᠡ ᠶ᠋ᠢᠨ ᠱᠠᠭᠠᠷᠳᠠᠯᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠠᠢ ᠂ ᠣᠨᠴᠠᠭᠠᠢᠯᠠᠨ 〔 ᠦᠵᠡᠯ ᠰᠠᠨᠠᠭ᠎ᠠ ᠰᠤᠷᠤᠯᠴᠠᠨ᠂ ᠤᠬᠠᠮᠰᠠᠷ ᠢᠶᠡᠨ ᠶᠠᠷᠢᠯᠴᠠᠨ᠂ ᠬᠦᠴᠦᠨ ᠴᠢᠳᠠᠯ ᠢᠶᠡᠨ ᠨᠢᠭᠲᠠᠷᠠᠭᠤᠯᠬᠤ 〕 ᠲᠤᠰᠬᠠᠢ ᠪᠤᠯᠤᠩ ᠭᠠᠷᠭᠠᠵᠤ ᠂ ᠺᠠᠲᠷ ᠴᠠᠭᠳᠠᠭ᠎ᠠ ᠶ᠋ᠢᠨ ᠰᠤᠷᠴᠦ ᠰᠡᠳᠭᠢᠭᠰᠡᠨ ᠪᠦᠬᠦᠨ ᠂ ᠣᠯᠤᠯᠲᠠ ᠲᠥᠷᠦᠭᠳᠡᠯ ᠪᠦᠬᠦᠨ ᠢ᠋ ᠨᠡᠢᠲᠡᠯᠡᠵᠦ ᠂ ᠭᠣᠣᠯ ᠰᠡᠳᠦᠪᠲᠦ ᠬᠥᠮᠦᠵᠢᠯ ᠦ᠋ᠨ ᠳᠤᠮᠳᠠ ᠦᠵᠡᠯ ᠰᠠᠨᠠᠭᠠᠨ ᠤ᠋ ᠠᠭᠤᠤ ᠬᠦᠴᠦᠨ ᠢ᠋ ᠤᠬᠠᠵᠤ ᠂ ᠤᠷᠤᠭᠰᠢᠯᠠᠨ ᠲᠠᠪᠰᠢᠬᠤ ᠬᠦᠴᠦᠨ ᠢ᠋ ᠨᠢᠭᠲᠠᠷᠠᠭᠤᠯᠬᠤ ᠶ᠋ᠢ ᠳᠦᠯᠬᠢᠨ ᠠᠬᠢᠭᠤᠯᠪᠠ ᠃
ᠳᠣᠯᠣᠳᠤᠭᠠᠷ ᠨᠠᠮ ᠤ᠋ᠨ ᠡᠭᠦᠷ ᠦ᠋ᠨ ᠱᠦᠵᠢ ᠯᠠᠩ ᠲᠢᠶᠠᠨ ᠢᠦᠢ
ᠬᠣᠶᠠᠳᠤᠭᠠᠷ ᠪᠦᠯᠦᠭ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭᠠᠨ ᠤ᠋ ᠭᠣᠣᠯ ᠰᠡᠳᠦᠪᠲᠦ ᠬᠥᠮᠦᠵᠢᠯ ᠢ᠋ ᠥᠷᠨᠢᠭᠦᠯᠦᠭᠰᠡᠨ ᠡᠴᠡ ᠨᠡᠰᠢ ᠂ ᠪᠢ ᠲᠥᠪᠯᠡᠷᠡᠭᠦᠯᠦᠨ ᠰᠤᠷᠤᠯᠴᠠᠯᠭ᠎ᠠ ᠳ᠋ᠤ᠌ ᠣᠷᠣᠯᠴᠠᠬᠤ ᠂ ᠬᠤᠪᠢ ᠬᠥᠮᠦᠨ ᠤ ᠥᠪᠡᠰᠦᠪᠡᠨ ᠰᠤᠷᠤᠯᠴᠠᠬᠤ ᠵᠡᠷᠭᠡ ᠬᠡᠯᠪᠡᠷᠢ ᠪᠡᠷ ᠳᠠᠮᠵᠢᠨ ᠂ ᠦᠵᠡᠯ ᠰᠠᠨᠠᠭᠠᠨ ᠤ᠋ ᠲᠠᠯ᠎ᠠ ᠪᠠᠷ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭᠠᠨ ᠤ᠋ ᠰᠢᠮ᠎ᠡ ᠲᠡᠵᠢᠭᠡᠯ ᠢ᠋ ᠲᠠᠰᠤᠷᠠᠯᠲᠠ ᠦᠭᠡᠢ ᠰᠢᠩᠭᠡᠭᠡᠵᠦ ᠂ ᠣᠳᠣ ᠦᠶ᠎ᠡ ᠶ᠋ᠢᠨ ᠳᠤᠮᠳᠠᠳᠤ ᠤᠯᠤᠰ ᠤ᠋ᠨ ᠬᠠᠯᠠᠭᠤᠨ ᠬᠠᠢᠷ᠎ᠠ ᠪᠠ ᠢᠷᠡᠭᠡᠳᠦᠢ ᠶ᠋ᠢᠨ ᠰᠠᠢᠨ ᠰᠠᠢᠬᠠᠨ ᠠᠮᠢᠳᠤᠷᠠᠯ ᠳ᠋ᠤ᠌ ᠢᠲᠡᠭᠡᠯ ᠲᠡᠭᠦᠯᠳᠡᠷ ᠪᠣᠯᠤᠭᠰᠠᠨ ᠪᠠᠢᠨ᠎ᠠ ᠃
ᠬᠠᠤᠯᠢ ᠴᠠᠭᠠᠵᠠ ᠶ᠋ᠢᠨ ᠴᠠᠭᠳᠠᠭ᠎ᠠ ᠪᠣᠯᠤᠭᠰᠠᠨ ᠤ᠋ ᠬᠤᠪᠢ ᠳ᠋ᠤ᠌ ᠂ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶ᠋ᠢᠨ ᠪᠠᠢᠭᠤᠯᠤᠯᠲᠠ ᠶ᠋ᠢ ᠲᠡᠷᠢᠭᠦᠨ ᠪᠠᠢᠷᠢᠨ ᠳ᠋ᠤ᠌ ᠲᠠᠯᠪᠢᠵᠤ ᠂ ᠤᠯᠤᠰ ᠲᠥᠷᠥ ᠶ᠋ᠢᠨ ᠪᠠᠢᠭᠤᠯᠤᠯᠲᠠ ᠶ᠋ᠢ ᠴᠢᠩᠭᠠᠳᠬᠠᠨ ᠂ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠡᠩᠨᠡᠭᠡᠨ ᠦ᠌ ᠰᠢᠭᠦᠨ ᠲᠠᠰᠤᠯᠬᠤ ᠭᠦᠢᠴᠡᠳᠬᠡᠬᠦ ᠠᠵᠢᠯ ᠳ᠋ᠤ᠌ ᠦᠢᠯᠡᠴᠢᠯᠡᠬᠦ ᠵᠥᠪ ᠴᠢᠭᠯᠡᠯ ᠢ᠋ ᠪᠠᠲᠤᠯᠠᠭᠰᠠᠨ ᠪᠠᠢᠨ᠎ᠠ ᠃ ᠣᠨᠣᠯ ᠢ᠋ᠶ᠋ᠠᠷ ᠵᠡᠪᠰᠡᠭᠯᠡᠬᠦ ᠪᠡᠨ ᠴᠢᠩᠭᠠᠳᠬᠠᠵᠤ ᠂ ᠰᠤᠷᠤᠯᠴᠠᠯᠭ᠎ᠠ ᠪᠠᠷ ᠰᠦᠭ ᠰᠦᠨᠡᠰᠦ ᠪᠡᠨ ᠴᠤᠭᠴᠠᠯᠠᠵᠦ᠂ ᠰᠤᠷᠤᠯᠴᠠᠯᠭ᠎ᠠ ᠪᠠᠷ ᠣᠶᠤᠨ ᠤᠬᠠᠭᠠᠨ ᠢ᠋ ᠨᠡᠮᠡᠭᠳᠡᠭᠦᠯᠬᠦ ᠂ ᠰᠤᠷᠤᠯᠴᠠᠯᠭ᠎ᠠ ᠪᠡᠷ ᠰᠤᠷᠲᠠᠯ ᠴᠡᠭᠴᠡᠯᠡᠵᠦ ᠂ ᠰᠤᠷᠤᠯᠴᠠᠯᠭ᠎ᠠ ᠪᠠᠷ ᠠᠵᠢᠯ ᠢᠶᠡᠨ ᠠᠬᠢᠭᠤᠯᠵᠤ ᠂ ᠰᠢᠨ᠎ᠡ ᠣᠨᠣᠯ ᠢ᠋ᠶ᠋ᠠᠷ ᠲᠠᠷᠢᠬᠢ ᠲᠣᠯᠣᠭᠠᠢ ᠪᠠᠨ ᠲᠠᠰᠤᠷᠠᠯᠲᠠ ᠦᠭᠡᠢ ᠵᠡᠪᠰᠡᠭᠯᠡᠵᠦ ᠂ ᠦᠵᠡᠯ ᠰᠠᠨᠠᠭᠠᠨ ᠤ᠋ ᠲᠠᠯ᠎ᠠ ᠪᠠᠷ ᠴᠠᠭ ᠦᠶ᠎ᠡ ᠶ᠋ᠢᠨ ᠠᠯᠬᠤᠴᠠ ᠪᠣᠯᠤᠨ ᠤᠷᠤᠭᠰᠢᠯᠠᠯᠲᠠ ᠶ᠋ᠢᠨ ᠵᠥᠪ ᠴᠢᠭᠯᠡᠯ ᠢ᠋ ᠦᠨᠡᠨ ᠬᠦ᠌ ᠪᠠᠲᠤᠯᠠᠵᠠᠢ ᠃ ᠠᠷᠠᠳ ᠲᠦᠮᠡᠨ ᠢ᠋ ᠬᠠᠮᠤᠭ ᠠ᠋ᠴᠠ ᠢᠯᠡᠭᠦᠦ ᠡᠷᠬᠢᠮ ᠳᠡᠭᠡᠳᠦ ᠭᠡᠬᠦ ᠣᠢᠯᠭᠠᠭᠳᠠᠬᠤᠨ ᠶ᠋ᠢ ᠪᠣᠢ ᠪᠣᠯᠭᠠᠵᠤ ᠂ ᠶᠡᠷᠦᠩᠬᠡᠢ ᠱᠦᠵᠢ ᠰᠢ ᠵᠢᠨ ᠫᠢᠩ ᠦ᠋ᠨ ᠠᠷᠠᠳ ᠤ᠋ᠨ ᠲᠥᠯᠥᠭᠡ ᠭᠡᠬᠦ ᠰᠡᠳᠬᠢᠯᠭᠡ ᠶ᠋ᠢ ᠦᠨᠡᠨᠬᠦ ᠪᠣᠳᠠᠲᠠᠢ ᠪᠠᠷ ᠨᠠᠢᠳᠠᠪᠤᠷᠢᠵᠢᠭᠤᠯᠬᠤ ᠬᠡᠷᠡᠭᠲᠡᠢ ᠃ ᠠᠷᠠᠳ ᠲᠦᠮᠡᠨ ᠳ᠋ᠦ᠍ ᠦᠢᠯᠡᠴᠢᠯᠡᠬᠦ ᠦᠨᠳᠦᠰᠦᠨ ᠵᠣᠷᠢᠯᠲᠠ ᠶ᠋ᠢ ᠪᠣᠢ ᠪᠣᠯᠭᠠᠵᠤ ᠂ ᠲᠥᠷᠥ ᠭᠦᠷᠦᠨ ᠪᠣᠯ ᠠᠷᠠᠳ ᠲᠦᠮᠡᠨ ᠂ ᠠᠷᠠᠳ ᠲᠦᠮᠡᠨ ᠪᠣᠯ ᠲᠥᠷᠥ ᠭᠦᠷᠦᠨ ᠮᠥᠨ ᠭᠡᠳᠡᠭ ᠢ᠋ ᠪᠠᠲᠤ ᠴᠡᠭᠡᠵᠢᠯᠡᠵᠦ ᠂ ᠢᠮᠠᠭᠲᠠ ᠬᠠᠮᠤᠭ ᠤ᠋ᠨ ᠥᠷᠭᠡᠨ ᠣᠯᠠᠨ ᠠᠷᠠᠳ ᠲᠦᠮᠡᠨ ᠦ᠌ ᠦᠨᠳᠦᠰᠦᠨ ᠠᠰᠢᠭ ᠲᠤᠰᠠ ᠶ᠋ᠢ ᠠᠯᠢᠪᠠ ᠠᠵᠢᠯ ᠤ᠋ᠨ ᠢ᠋ᠶ᠋ᠠᠨ ᠡᠬᠢᠯᠡᠯᠲᠡ ᠪᠠ ᠵᠣᠭᠰᠣᠴᠠ ᠪᠠᠨ ᠪᠣᠯᠭᠠᠬᠤ ᠬᠡᠷᠡᠭᠲᠡᠢ ᠃
ᠶᠢᠰᠦᠳᠦᠭᠡᠷ ᠨᠠᠮ ᠤ᠋ᠨ ᠡᠭᠦᠷ ᠦ᠋ᠨ ᠱᠦᠵᠢ ᠬᠣᠣ ᠷᠦᠩ
ᠤᠭ ᠰᠠᠨᠠᠭ᠎ᠠ ᠪᠠᠨ ᠪᠠᠷᠢᠮᠲᠠᠯᠠᠵᠤ 《 ᠳᠠᠪᠠᠭᠤ ᠲᠠᠯ᠎ᠠ ᠪᠠᠨ ᠪᠠᠳᠠᠷᠠᠭᠤᠯᠬᠤ 》 ᠂ 《 ᠢᠷᠡᠬᠦ ᠦᠶ᠎ᠡ ᠶᠢᠨ ᠲᠡᠦᠬᠡ 》 ᠪᠡᠨ ᠦᠯᠦ ᠮᠠᠷᠲᠠᠨ᠎ᠠ ᠃ ᠶᠡᠷᠦᠩᠬᠡᠢ ᠱᠦᠵᠢ ᠰᠢ ᠵᠢᠨ ᠫᠢᠩ ᠄ 《 ᠲᠡᠮᠦᠷ ᠳᠠᠪᠲᠠᠬᠤ ᠳ᠋ᠤ᠌ ᠥᠪᠡᠷ ᠦ᠋ᠨ ᠪᠡᠶ᠎ᠡ ᠨᠢ ᠬᠠᠲᠠᠭᠤ ᠴᠢᠩᠭ᠎ᠠ ᠪᠠᠢᠬᠤ ᠬᠡᠷᠡᠭᠲᠡᠢ ᠃》 ᠲᠡᠮᠦᠷ ᠳᠠᠪᠲᠠᠳᠠᠭ ᠬᠥᠮᠦᠨ ᠪᠣᠯ ᠡᠷᠬᠡᠪᠰᠢ ᠰᠥᠰᠦ ᠲᠠᠢ ᠬᠥᠮᠦᠨ ᠪᠠᠢᠬᠤ ᠬᠡᠷᠡᠭᠲᠡᠢ ᠃ ᠡᠪ ᠬᠠᠮᠲᠤ ᠨᠠᠮ ᠤ᠋ᠨ ᠭᠡᠰᠢᠭᠦᠨ ᠂ ᠠᠷᠠᠳ ᠤ᠋ᠨ ᠬᠠᠤᠯᠢ ᠶ᠋ᠢᠨ ᠲᠤᠰᠢᠶᠠᠯᠲᠠᠨ ᠪᠣᠯᠤᠭᠰᠠᠨ ᠤ᠋ ᠬᠤᠪᠢ ᠳ᠋ᠤ᠌ ᠲᠥᠪ ᠭᠣᠣᠯᠴᠢ ᠰᠢᠳᠤᠷᠭᠤ ᠶᠣᠰᠣ ᠶ᠋ᠢ ᠢᠮᠠᠭᠲᠠ ᠰᠡᠳᠬᠢᠯ ᠳ᠋ᠡᠭᠡᠨ ᠬᠠᠳᠠᠩᠰᠢᠭᠰᠠᠨ ᠥᠷᠲᠡᠭ ᠦ᠋ᠨ ᠪᠠᠢᠷᠢᠰᠢᠯ ᠪᠣᠯᠭᠠᠵᠤ ᠂ 《 ᠬᠠᠤᠯᠢ ᠴᠠᠭᠠᠵᠠ ᠶ᠋ᠢᠨ ᠬᠡᠷᠡᠭ ᠨᠢᠭᠡᠪᠦᠷᠢ ᠳ᠋ᠦ᠍ ᠠᠷᠠᠳ ᠣᠯᠠᠨ ᠳ᠋ᠤ᠌ ᠲᠥᠪ ᠭᠣᠣᠯᠴᠢ ᠰᠢᠳᠤᠷᠭᠤ ᠶᠣᠰᠣ ᠶ᠋ᠢ ᠣᠢᠯᠠᠭᠠᠭᠤᠯᠬᠤ ᠪᠠᠷ ᠴᠢᠷᠮᠠᠢᠬᠤ ᠬᠡᠷᠡᠭᠲᠡᠢ 》 ᠭᠡᠳᠡᠭ ᠢ᠋ ᠭᠤᠢᠪᠢᠰᠢ ᠦᠭᠡᠢ ᠪᠡᠷ ᠲᠡᠮᠡᠴᠡᠬᠦ ᠬᠠᠷᠠᠯᠲᠠ ᠪᠣᠯᠭᠠᠵᠤ ᠂ ᠠᠷᠠᠳ ᠣᠯᠠᠨ ᠳᠦ ᠬᠠᠨᠳᠤᠬᠤ ᠭᠦᠨ ᠵᠤᠵᠠᠭᠠᠨ ᠬᠠᠢᠷ᠎ᠠ ᠰᠡᠳᠬᠢᠯᠭᠡ ᠪᠠ ᠴᠢᠩᠭ᠎ᠠ ᠬᠠᠷᠢᠭᠤᠴᠠᠯᠭᠠᠲᠤ ᠰᠡᠳᠬᠢᠯᠭᠡ ᠶ᠋ᠢ ᠡᠪᠦᠷᠯᠡᠨ ᠰᠢᠭᠦᠨ ᠲᠠᠰᠤᠯᠬᠤ ᠠᠵᠢᠯ ᠢ᠋ ᠦᠷᠭᠦᠯᠵᠢᠯᠡᠨ ᠰᠠᠢᠲᠤᠷ ᠬᠢᠬᠦ ᠬᠡᠷᠡᠭᠲᠡᠢ ᠃
ᠤᠷᠠᠨ ᠰᠠᠨᠠᠭ᠎ᠠ ᠪᠡᠨ ᠳᠠᠪᠲᠠᠨ ᠪᠤᠯᠪᠠᠰᠤᠷᠠᠭᠤᠯᠵᠦ 《 ᠵᠥᠷᠢᠶ᠎ᠡ ᠪᠡᠨ ᠡᠷᠢᠬᠦ 》 ᠂ 《ᠬᠦᠯ ᠳᠣᠣᠷᠠᠬᠢ ᠵᠠᠮ》 ᠢᠶᠡᠨ ᠯᠠᠪᠳᠠᠭᠤᠨ ᠰᠠᠢᠬᠠᠨ ᠶᠠᠪᠤᠨ᠎ᠠ ᠃ ᠠᠷᠠᠳ ᠣᠯᠠᠨ ᠤ᠋ ᠰᠢᠨ᠎ᠡ ᠬᠦᠰᠡᠯ ᠡᠷᠡᠮᠡᠯᠵᠡᠯ ᠲᠡᠢ ᠠᠳᠠᠯᠢᠳᠬᠠᠬᠤ ᠪᠠᠷ ᠳᠠᠮᠵᠢᠨ ᠂ ᠪᠢ ᠲᠠᠰᠤᠯᠤᠨ ᠲᠣᠭᠲᠠᠭᠠᠯᠲᠠ ᠶᠢ ᠬᠢᠨᠠᠨ ᠰᠢᠭᠦᠬᠦ ᠠᠵᠢᠯ ᠤ᠋ᠨ ᠳᠤᠮᠳᠠ ᠬᠡᠷᠡᠭ ᠢ᠋ ᠰᠢᠢᠳᠪᠦᠷᠢᠯᠡᠵᠦ ᠤᠴᠠᠷ ᠢ ᠪᠠᠷᠠᠬᠤ ᠨᠢ ᠲᠥᠷᠥ ᠳᠥᠪᠰᠢᠨ ᠲᠦᠮᠡᠨ ᠠᠮᠤᠭᠤᠯᠠᠩ ᠰᠠᠢᠨ ᠦᠷ᠎ᠡ ᠳ᠋ᠦᠩ ᠳ᠋ᠦ᠍ ᠪᠠᠰᠠ ᠵᠣᠬᠢᠬᠤ ᠬᠡᠮᠵᠢᠶᠡᠨ ᠦ᠌ ᠵᠥᠷᠢᠶ᠎ᠡ ᠣᠷᠣᠰᠢᠵᠤ ᠪᠠᠢᠬᠤ ᠶ᠋ᠢ ᠭᠦᠨᠵᠡᠭᠡᠢ ᠲᠠᠨᠢᠵᠤ ᠂ ᠳᠠᠷᠠᠭᠠᠴᠢ ᠶ᠋ᠢᠨ ᠠᠯᠬᠤᠮ ᠳ᠋ᠤ᠌ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠵᠤ ᠂ ᠲᠢᠩᠬᠢᠮ ᠦ᠋ᠨ ᠡᠮᠦᠨ᠎ᠡ ᠬᠠᠤᠯᠢ ᠶ᠋ᠢ ᠲᠠᠢᠯᠪᠤᠷᠢᠯᠠᠬᠤ ᠂ ᠪᠦᠬᠦ ᠶᠠᠪᠤᠴᠠ ᠳ᠋ᠤ᠌ ᠡᠶᠡᠳᠡᠭᠦᠯᠬᠦ ᠂ ᠰᠢᠭᠦᠨ ᠲᠠᠰᠤᠯᠤᠭᠰᠠᠨ ᠤ᠋ ᠳᠠᠷᠠᠭ᠎ᠠ ᠬᠠᠷᠢᠭᠤᠯᠳᠠ ᠠᠰᠠᠭᠤᠳᠠᠯ ᠤᠨ ᠲᠠᠯ᠎ᠠ ᠪᠠᠷ ᠬᠦᠴᠦ ᠪᠡᠨ ᠲᠥᠪᠯᠡᠷᠡᠭᠦᠯᠦᠨ ᠥᠪᠡᠷ ᠦ᠋ᠨ ᠪᠡᠶ᠎ᠡ ᠪᠡᠷ ᠢ᠋ᠶ᠋ᠡᠨ ᠦᠵᠡᠵᠦ ᠰᠣᠨᠣᠰᠴᠤ ᠂ ᠯᠠᠪᠳᠠᠭᠤᠨ ᠢᠶᠡᠷ ᠠᠵᠢᠯ ᠶᠠᠪᠤᠳᠠᠯ ᠢᠶᠡᠨ ᠬᠢᠵᠦ ᠂ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠠᠵᠢᠯ ᠤ᠋ᠨ ᠳᠤᠮᠳᠠ ᠠᠷᠠᠳ ᠣᠯᠠᠨ ᠤ᠋ ᠬᠦᠷᠲᠡᠮᠵᠢ ᠶ᠋ᠢᠨ ᠲᠥᠷᠥᠭᠳᠡᠯ ᠂ ᠵᠣᠯ ᠵᠢᠷᠭᠠᠯ ᠤ᠋ᠨ ᠲᠥᠷᠥᠭᠳᠡᠯ ᠂ ᠠᠮᠤᠷ ᠲᠦᠪᠰᠢᠨ ᠦ᠌ ᠲᠥᠷᠥᠭᠳᠡᠯ ᠢ᠋ ᠦᠨᠡᠨᠬᠦ ᠨᠡᠮᠡᠭᠳᠡᠭᠦᠯᠦᠨ᠎ᠡ ᠃
ᠢᠲᠡᠭᠡᠯ ᠵᠣᠷᠢᠭ ᠢ᠋ᠶ᠋ᠠᠨ ᠪᠠᠲᠤᠳᠬᠠᠵᠤ 《 ᠬᠥᠭᠵᠢᠯᠲᠡ ᠶ᠋ᠢ ᠠᠬᠢᠭᠤᠯᠬᠤ 》᠂《 ᠢᠷᠡᠭᠡᠳᠦᠢ ᠶ᠋ᠢᠨ ᠵᠠᠮ 》 ᠢ᠋ ᠪᠠᠷᠠᠯᠠᠨ᠎ᠠ ᠃ ᠦᠵᠡᠯ ᠰᠠᠨᠠᠭ᠎ᠠ ᠲᠠᠨᠢᠯᠲᠠ ᠶ᠋ᠢᠨ ᠲᠠᠯ᠎ᠠ ᠪᠠᠷ 《 ᠥᠷᠭᠡᠨ ᠤᠯᠠᠨᠴᠢᠯᠠᠬᠤ 》 ᠪᠣᠯᠵᠤ ᠂ ᠬᠡᠷᠡᠭ ᠳᠠᠭᠠᠭᠠᠵᠤ ᠬᠠᠷᠢᠭᠤᠴᠠᠯᠭ᠎ᠠ ᠡᠭᠦᠷᠭᠡᠯᠡᠬᠦ ᠲᠠᠯ᠎ᠠ ᠪᠠᠷ 《 ᠲᠤᠢᠯ ᠤᠨ ᠭᠦᠨ ᠨᠠᠷᠢᠨ 》 ᠂ ᠠᠷᠠᠳ ᠤ᠋ᠨ ᠨᠢᠭᠡᠳᠦᠭᠡᠷ ᠲᠢᠩᠬᠢᠮ ᠦ᠋ᠨ ᠰᠢᠭᠦᠨ ᠰᠢᠢᠳᠪᠦᠷᠢᠯᠡᠬᠦ ᠭᠠᠵᠠᠷ ᠰᠢᠷᠣᠢ ᠶ᠋ᠢᠨ ᠵᠢᠭᠤᠷᠠᠯᠳᠤᠭᠠᠨ ᠂ ᠭᠡᠷ ᠦ᠋ᠨ ᠶᠠᠪᠤᠳᠠᠯ ᠤ᠋ᠨ ᠵᠢᠭᠤᠷᠠᠯᠳᠤᠭᠠᠨ ᠵᠡᠷᠭᠡ ᠠᠷᠠᠳ ᠤ᠋ᠨ ᠠᠮᠢᠳᠤᠷᠠᠯ ᠤ᠋ᠨ ᠲᠤᠰ ᠪᠡᠶ᠎ᠡ ᠶ᠋ᠢᠨ ᠠᠰᠢᠭ ᠲᠤᠰᠠ ᠳ᠋ᠤ᠌ ᠬᠣᠯᠪᠣᠭᠳᠠᠬᠤ ᠬᠡᠷᠡᠭ ᠦ᠋ᠨ ᠡᠭᠦᠷᠭᠡ ᠴᠢᠳᠠᠪᠤᠷᠢ ᠶ᠋ᠢᠨ ᠣᠷᠣᠨ ᠪᠠᠢᠷᠢ ᠶ᠋ᠢ ᠲᠣᠭᠲᠠᠭᠠᠬᠤ ᠶᠠᠪᠤᠳᠠᠯ ᠲᠠᠢ ᠤᠶᠠᠯᠳᠤᠭᠤᠯᠤᠨ ᠂ ᠠᠮᠤᠷ ᠲᠦᠪᠰᠢᠨ ᠭᠡᠷ ᠪᠦᠯᠢ ᠶ᠋ᠢᠨ ᠪᠠᠢᠭᠤᠯᠤᠯᠲᠠ ᠳ᠋ᠤ᠌ ᠢᠳᠡᠪᠬᠢᠲᠡᠢ ᠣᠷᠣᠯᠴᠠᠵᠤ ᠂ 《 ᠡᠷᠴᠢᠮ ᠲᠡᠢ ᠂ ᠬᠤᠷᠳᠤᠴᠠ ᠲᠠᠢ ᠂ ᠭᠦᠨᠴᠡ ᠲᠡᠢ ᠂ ᠳᠤᠯᠠᠭᠠᠨ ᠲᠡᠢ 》 ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠬᠠᠯᠬᠠᠪᠴᠢ ᠶ᠋ᠢ ᠴᠢᠷᠮᠠᠢᠨ ᠪᠠᠢᠭᠤᠯᠵᠤ ᠂ ᠰᠢᠨ᠎ᠡ ᠠᠭᠤᠷ ᠠᠮᠢᠰᠬᠤᠯ ᠰᠢᠨ᠎ᠡ ᠪᠠᠢᠳᠠᠯ ᠢ᠋ᠶ᠋ᠠᠷ ᠠᠷᠠᠳ ᠤ᠋ᠨ ᠰᠢᠭᠦᠬᠦ ᠬᠣᠷᠢᠶ᠎ᠠ ᠶ᠋ᠢᠨ ᠴᠢᠨᠠᠷ ᠰᠠᠢᠲᠠᠢ ᠬᠥᠭᠵᠢᠯᠲᠡ ᠶ᠋ᠢ ᠲᠦᠯᠬᠢᠨ ᠠᠬᠢᠭᠤᠯᠬᠤ ᠰᠢᠨ᠎ᠡ ᠦᠷ᠎ᠡ ᠪᠦᠲᠦᠮᠵᠢ ᠣᠯᠵᠤ ᠂ 《 ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》 ᠢ᠋ ᠪᠦᠬᠦ ᠲᠠᠯ᠎ᠠ ᠪᠠᠷ ᠪᠦᠲᠦᠭᠡᠨ ᠪᠠᠢᠭᠤᠯᠬᠤ ᠳ᠋ᠤ᠌ ᠢᠳᠡᠪᠬᠢ ᠬᠦᠴᠦᠨ ᠴᠢᠳᠠᠯ ᠢ᠋ᠶ᠋ᠠᠨ ᠡᠷᠭᠦᠨ᠎ᠡ ᠃
ᠠᠷᠪᠠᠨ ᠬᠣᠶᠠᠳᠤᠭᠠᠷ ᠨᠠᠮ ᠤ᠋ᠨ ᠡᠭᠦᠷ ᠦ᠋ᠨ ᠱᠦᠵᠢ ᠯᠢᠦ ᠮᠢᠨ
ᠬᠣᠶᠠᠳᠤᠭᠠᠷ ᠤᠳᠠᠭᠠᠨ ᠤ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠶ᠋ᠢ ᠥᠷᠨᠢᠭᠦᠯᠦᠭᠰᠡᠨ ᠡᠴᠡ ᠨᠡᠰᠢ ᠂ ᠪᠢ ᠲᠥᠪᠯᠡᠷᠡᠭᠦᠯᠦᠨ ᠰᠤᠷᠤᠯᠴᠠᠬᠤ ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠠᠷᠭ᠎ᠠ ᠬᠡᠯᠪᠡᠷᠢ ᠪᠡᠷ ᠳᠠᠮᠵᠢᠨ ᠂ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢᠨ ᠲᠤᠬᠠᠢ ᠨᠡᠩ ᠭᠦᠨᠵᠡᠭᠡᠢ ᠲᠠᠨᠢᠯᠲᠠ ᠲᠠᠢ ᠪᠣᠯᠵᠤ ᠂ ᠪᠢᠳᠡ ᠡᠨᠡᠬᠦ ᠦᠵᠡᠯ ᠰᠠᠨᠠᠭᠠᠨ ᠤ᠋ ᠦᠨᠳᠦᠰᠦᠨ ᠦᠵᠡᠯᠲᠡ ᠂ ᠰᠢᠨᠵᠢᠯᠡᠬᠦ ᠤᠬᠠᠭᠠᠨᠴᠢ ᠰᠢᠰᠲ᠋ᠧᠮ ᠢ᠋ ᠪᠦᠬᠦ ᠲᠠᠯ᠎ᠠ ᠪᠠᠷ ᠰᠤᠷᠤᠯᠴᠠᠨ ᠣᠢᠯᠠᠭᠠᠬᠤ ᠶ᠋ᠢᠨ ᠬᠠᠮᠲᠤ ᠰᠢᠰᠲ᠋ᠧᠮ ᠲᠡᠢ ᠪᠡᠷ ᠡᠵᠡᠮᠰᠢᠵᠦ ᠂ ᠡᠨᠡᠬᠦ ᠦᠵᠡᠯ ᠰᠠᠨᠠᠭᠠᠨ ᠤ᠋ ᠶᠢᠷᠲᠢᠨᠴᠦ ᠶ᠋ᠢᠨ ᠦᠵᠡᠯᠲᠡ ᠂ ᠠᠷᠭ᠎ᠠ ᠶ᠋ᠢᠨ ᠣᠨᠣᠯ ᠢ᠋ ᠰᠠᠢᠲᠤᠷ ᠡᠵᠡᠮᠰᠢᠵᠦ ᠂ ᠲᠡᠭᠦᠨ ᠦ᠌ ᠳᠣᠲᠣᠷᠠᠬᠢ ᠵᠣᠭᠰᠣᠯᠲᠠ ᠦᠵᠡᠯᠲᠡ ᠶᠢᠨ ᠠᠷᠭ᠎ᠠ ᠶᠢ ᠰᠠᠢᠲᠤᠷ ᠪᠠᠷᠢᠮᠲᠠᠯᠠᠨ ᠰᠠᠢᠲᠤᠷ ᠬᠡᠷᠡᠭᠯᠡᠵᠦ ᠂ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠡᠯ᠎ᠡ ᠵᠦᠢᠯ ᠦ᠋ᠨ ᠠᠵᠢᠯ ᠢ᠋ᠶ᠋ᠠᠨ ᠵᠢᠯᠤᠭᠤᠳᠤᠭᠤᠯᠤᠨ᠎ᠠ᠃
ᠰᠢᠭᠦᠨ ᠲᠠᠰᠤᠯᠬᠤ ᠠᠵᠢᠯ ᠤ᠋ᠨ ᠳᠤᠮᠳᠠ ᠪᠣᠳᠠᠲᠠᠢ ᠪᠠᠷ ᠬᠡᠯᠡᠪᠡᠯ ᠂ ᠳᠠᠷᠤᠢ ᠠᠷᠠᠳ ᠲᠦᠮᠡᠨ ᠢ᠋ᠶ᠋ᠡᠷ ᠭᠣᠣᠯ ᠪᠣᠯᠭᠠᠬᠤ ᠶ᠋ᠢ ᠪᠠᠷᠢᠮᠲᠠᠯᠠᠵᠤ ᠂ ᠬᠠᠤᠯᠢ ᠪᠠᠷ ᠵᠠᠰᠠᠬᠤ ᠳᠦᠷᠢᠮ ᠢ᠋ᠶ᠋ᠡᠷ ᠠᠷᠠᠳ ᠲᠦᠮᠡᠨ ᠦ᠌ ᠠᠮᠤᠷ ᠳᠤᠭᠲᠠᠭᠤᠨ ᠠᠵᠤ ᠲᠥᠷᠥᠬᠦ ᠶ᠋ᠢ ᠪᠠᠲᠤᠯᠠᠵᠤ ᠂ ᠨᠡᠢᠭᠡᠮ ᠦ᠋ᠨ ᠲᠥᠪ ᠭᠣᠣᠯᠴᠢ ᠰᠢᠳᠤᠷᠭᠤ ᠶᠣᠰᠣ ᠭᠡᠬᠦ ᠡᠨᠡᠬᠦ ᠬᠠᠤᠯᠢ ᠪᠠᠷ ᠵᠠᠰᠠᠬᠤ ᠥᠷᠲᠡᠭ ᠦ᠋ᠨ ᠬᠥᠭᠡᠭᠡᠴᠡᠯᠳᠦᠯ ᠢ᠋ ᠪᠠᠲᠤ ᠡᠵᠡᠮᠳᠡᠵᠦ ᠂ ᠠᠷᠠᠳ ᠲᠦᠮᠡᠨ ᠳᠦ ᠬᠠᠤᠯᠢ ᠴᠠᠭᠠᠵᠠ ᠶ᠋ᠢᠨ ᠬᠡᠷᠡᠭ ᠨᠢᠭᠡ ᠪᠦᠷᠢ ᠳ᠋ᠦ᠍ ᠲᠥᠪ ᠭᠣᠣᠯᠴᠢ ᠰᠢᠳᠤᠷᠭᠤ ᠶᠣᠰᠣ ᠶ᠋ᠢ ᠣᠢᠯᠠᠭᠠᠭᠤᠯᠬᠤ ᠪᠠᠷ ᠴᠢᠷᠮᠠᠢᠬᠤ ᠬᠡᠷᠡᠭᠲᠡᠢ ; ᠣᠯᠠᠨ ᠲᠦᠮᠡᠨ ᠦ᠌ ᠱᠠᠭᠠᠷᠳᠠᠯᠭ᠎ᠠ ᠶ᠋ᠢ ᠭᠦᠨᠵᠡᠭᠡᠢ ᠣᠢᠯᠠᠭᠠᠵᠤ ᠂ ᠥᠷᠭᠡᠨ ᠣᠯᠠᠨ ᠲᠦᠮᠡᠨ ᠦ᠌ ᠠᠩᠬᠠᠷᠴᠤ ᠪᠠᠢᠭ᠎ᠠ ᠠᠰᠢᠭ ᠲᠤᠰᠠ ᠶ᠋ᠢᠨ ᠠᠰᠠᠭᠤᠳᠠᠯ ᠢ᠋ ᠦᠨᠡᠨᠬᠦ ᠰᠢᠢᠳᠪᠦᠷᠢᠯᠡᠵᠦ ᠂ ᠪᠦᠲᠦᠭᠡᠨ ᠪᠠᠢᠭᠤᠯᠤᠯᠲᠠ ᠶ᠋ᠢᠨ ᠪᠠᠷᠢᠯᠭ᠎ᠠ ᠶ᠋ᠢᠨ ᠬᠡᠷᠡᠭ ᠵᠢᠴᠢ ᠭᠡᠷ ᠪᠠᠢᠰᠢᠩ ᠭᠠᠵᠠᠷ ᠬᠥᠷᠥᠩᠭᠡ ᠶ᠋ᠢᠨ ᠬᠡᠷᠡᠭ ᠢ᠋ ᠰᠢᠭᠦᠨ ᠰᠢᠢᠳᠪᠦᠷᠢᠯᠡᠬᠦ ᠶᠠᠪᠤᠴᠠ ᠳ᠋ᠤ᠌ ᠂ ᠠᠵᠤ ᠠᠬᠤᠢᠯᠠᠯ ᠂ ᠠᠷᠠᠳ ᠣᠯᠠᠨ ᠤ᠋ ᠪᠠᠴᠢᠮ ᠬᠦᠴᠢᠷᠳᠡᠯᠲᠡᠢ ᠬᠦᠰᠡᠯ ᠱᠠᠭᠠᠷᠳᠠᠯᠭ᠎ᠠ ᠶ᠋ᠢ ᠣᠢᠯᠠᠭᠠᠵᠤ ᠂ ᠪᠠᠷᠢᠯᠭ᠎ᠠ ᠶ᠋ᠢᠨ ᠠᠵᠢᠯ ᠲᠥᠷᠥᠯ ᠂ ᠭᠡᠷ ᠪᠠᠢᠰᠢᠩ ᠭᠠᠵᠠᠷ ᠬᠥᠷᠥᠩᠭᠡ ᠶ᠋ᠢᠨ ᠠᠵᠢᠯ ᠲᠥᠷᠥᠯ ᠦ᠋ᠨ ᠬᠥᠭᠵᠢᠯᠲᠡ ᠶ᠋ᠢᠨ ᠳᠤᠮᠳᠠ ᠲᠤᠬᠠᠢ ᠶ᠋ᠢᠨ ᠬᠥᠮᠦᠨ ᠦ᠌ ᠤᠴᠠᠷᠠᠵᠤ ᠮᠡᠳᠡᠬᠦ ᠬᠠᠤᠯᠢ ᠴᠠᠭᠠᠵᠠ ᠶ᠋ᠢᠨ ᠠᠶᠤᠯ ᠲᠦᠭᠰᠢᠭᠦᠷᠢ ᠶ᠋ᠢ ᠣᠢᠯᠠᠭᠠᠵᠤ ᠂ ᠠᠶᠤᠯ ᠲᠦᠭᠰᠢᠭᠦᠷᠢ ᠶ᠋ᠢ ᠤᠷᠢᠳᠴᠢᠯᠠᠨ ᠰᠡᠷᠭᠡᠢᠯᠡᠵᠦ ᠰᠢᠢᠳᠪᠦᠷᠢᠯᠡᠬᠦ ᠬᠡᠷᠡᠭᠲᠡᠢ ︔ ᠬᠠᠲᠠᠭᠤ ᠴᠢᠩᠬ᠎ᠠ ᠰᠤᠷᠲᠠᠯ ᠢ᠋ ᠪᠣᠢ ᠪᠣᠯᠭᠠᠵᠤ ᠂ ᠠᠷᠢᠭᠤᠨ ᠴᠢᠬᠡᠴᠢ ᠪᠠᠢᠬᠤ ᠶ᠋ᠢ ᠡᠭᠦᠷᠢᠳᠡ ᠪᠠᠲᠤᠯᠠᠵᠤ ᠂ 《 ᠭᠣᠣᠯᠴᠢ ᠲᠣᠳᠤᠷᠬᠠᠢ ᠂ ᠠᠷᠢᠭᠤᠨ ᠴᠢᠬᠡᠴᠢ ᠰᠦᠷ ᠪᠠᠳᠠᠷᠠᠩᠭᠤᠢ 》 ᠪᠠᠢᠵᠦ ᠂ ᠭᠠᠭᠴᠠ ᠬᠦ᠌ ᠥᠪᠡᠷ ᠤᠨ ᠪᠡᠶ᠎ᠡ ᠪᠡᠨ ᠲᠥᠪ ᠭᠣᠣᠯᠴᠢ ᠠᠷᠢᠭᠤᠨ ᠴᠢᠬᠡᠴᠢ ᠪᠠᠢᠯᠭᠠᠪᠠᠯ ᠂ ᠰᠠᠶᠢ ᠬᠠᠤᠯᠢ ᠴᠠᠭᠠᠵᠠ ᠶ᠋ᠢᠨ ᠰᠢᠭᠦᠨ ᠲᠠᠰᠤᠯᠬᠤ ᠠᠵᠢᠯ ᠢ᠋ ᠰᠠᠢᠲᠤᠷ ᠬᠢᠵᠦ ᠴᠢᠳᠠᠨ᠎ᠠ ; ᠬᠦᠴᠢᠷ ᠢ᠋ ᠰᠥᠷᠦᠨ ᠤᠷᠤᠭᠰᠢᠯᠠᠵᠤ ᠂ ᠬᠦᠨᠳᠦ ᠡᠭᠦᠷᠭᠡ ᠶ᠋ᠢ ᠵᠣᠷᠢᠭᠲᠠᠢ ᠪᠠᠷ ᠡᠭᠦᠷᠭᠡᠯᠡᠵᠦ ᠂ ᠥᠪᠡᠷ ᠦ᠋ᠨ ᠬᠠᠤᠯᠢ ᠪᠠᠷᠢᠬᠤ ᠬᠢᠷᠢ ᠬᠡᠮᠵᠢᠶ᠎ᠡ ᠪᠠ ᠴᠢᠳᠠᠪᠤᠷᠢ ᠬᠡᠪ ᠴᠢᠨᠠᠷ ᠢ᠋ᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠦᠨ ᠂ ᠡᠭᠦᠷᠭᠡ ᠲᠤᠰᠢᠶᠠᠯ ᠢ᠋ᠶ᠋ᠠᠨ ᠰᠠᠢᠲᠤᠷ ᠭᠦᠢᠴᠡᠳᠬᠡᠵᠦ ᠂ ᠬᠠᠷᠢᠭᠤᠴᠠᠯᠭ᠎ᠠ ᠪᠠᠨ ᠰᠠᠢᠲᠤᠷ ᠡᠭᠦᠷᠭᠡᠯᠡᠨ ᠂ ᠰᠢᠨ᠎ᠡ ᠠᠭᠤᠷ ᠠᠮᠢᠰᠬᠤᠯ ᠰᠢᠨ᠎ᠡ ᠦᠢᠯᠡ ᠠᠵᠢᠯᠯᠠᠭ᠎ᠠ ᠪᠡᠷ ᠢᠶᠡᠨ ᠮᠠᠨ ᠤ᠋ ᠬᠣᠷᠢᠶᠠᠨ ᠤ᠋ ᠰᠢᠭᠦᠨ ᠲᠠᠰᠤᠯᠬᠤ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠲᠦᠯᠬᠢᠨ ᠠᠬᠢᠭᠤᠯᠬᠤ ᠳ᠋ᠤ᠌ ᠰᠢᠨ᠎ᠡ ᠦᠷ᠎ᠡ ᠪᠦᠲᠦᠮᠵᠢ ᠣᠯᠭᠤᠨ᠎ᠠ ᠃
ᠦᠨᠡᠯᠡᠬᠦ 0ᠦᠨᠡᠯᠡᠯᠲᠡ᠎ᠲᠠᠢ