ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠪᠥᠬᠥ ᠬᠣᠲᠠ ᠶᠢᠨ ᠰᠢᠭᠦᠬᠦ ᠬᠣᠷᠢᠶ ᠠ ᠶᠢᠨ ᠢᠷᠭᠡᠨ ᠦ ᠪᠠ ᠬᠤᠳᠠᠯᠳᠤᠭᠠᠨ ᠤ ᠬᠡᠷᠡᠭ ᠦᠨ ᠰᠢᠭᠦᠨ ᠲᠠᠰᠤᠯᠬᠤ ᠠᠵᠢᠯ ᠤᠨ ᠬᠤᠷᠠᠯ ᠵᠢᠴᠢ ᠢᠷᠭᠡᠨ ᠦ ᠪᠠ ᠬᠤᠳᠠᠯᠳᠤᠭᠠᠨ ᠤ ᠬᠡᠷᠡᠭ ᠦᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠡᠷᠡᠭ ᠢ ᠦᠨᠡᠯᠡᠨ ᠵᠠᠳᠠᠯᠬᠤ ᠬᠤᠷᠠᠯ ᠬᠤᠷᠠᠯᠳᠤᠭᠤᠯᠪᠠ
ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ ᠂ ᠡᠭᠦᠷᠭᠡ ᠪᠡᠨ ᠲᠣᠳᠣᠷᠬᠠᠢᠯᠠᠵᠤ ᠂ ᠬᠠᠷᠢᠭᠤᠴᠠᠯᠭ᠎ᠠ ᠪᠠᠨ ᠨᠠᠢᠳᠠᠪᠤᠷᠢᠵᠢᠭᠤᠯᠤᠨ ᠂ ᠬᠡᠷᠡᠭ ᠰᠢᠭᠦᠨ ᠲᠠᠰᠤᠯᠬᠤ ᠴᠢᠨᠠᠷ ᠴᠢᠨᠰᠠᠭ᠎ᠠ ᠶ᠋ᠢ ᠦᠨᠡᠨᠬᠦ ᠳᠡᠭᠡᠭᠰᠢᠯᠡᠭᠦᠯᠵᠦ ᠂ ᠰᠢᠭᠦᠨ ᠲᠠᠰᠤᠯᠬᠤ ᠲᠤᠷᠰᠢᠯᠭ᠎ᠠ ᠪᠠᠨ ᠴᠠᠭ ᠲᠤᠬᠠᠢ ᠳ᠋ᠤᠨᠢ ᠳ᠋ᠦᠩᠨᠡᠨ ᠂ ᠴᠢᠨᠠᠷ ᠰᠠᠢᠲᠠᠢ ᠢᠷᠭᠡᠨ ᠦ ᠪᠠ ᠬᠤᠳᠠᠯᠳᠤᠭᠠᠨ ᠤ ᠬᠡᠷᠡᠭ ᠢ᠋ ᠰᠢᠭᠦᠨ ᠲᠠᠰᠤᠯᠬᠤ ᠠᠵᠢᠯ ᠢ᠋ᠶ᠋ᠠᠷ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠵᠤ ᠂ ᠣᠷᠳᠣᠰ ᠤ᠋ᠨ ᠠᠵᠤ ᠠᠬᠤᠢ ᠨᠡᠢᠭᠡᠮ ᠦ᠋ᠨ ᠴᠢᠨᠠᠷ ᠰᠠᠢᠲᠠᠢ ᠬᠥᠭᠵᠢᠯᠲᠡ ᠶ᠋ᠢ ᠪᠠᠲᠤᠯᠠᠬᠤ ᠳ᠋ᠤ᠌ ᠦᠢᠯᠡᠴᠢᠯᠡᠬᠦ ᠶ᠋ᠢᠨ ᠲᠥᠯᠥᠭᠡ ᠂ ᠣᠢᠷ᠎ᠠ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠢᠷᠭᠡᠨ ᠦ ᠪᠠ ᠬᠤᠳᠠᠯᠳᠤᠭᠠᠨ ᠤ ᠬᠡᠷᠡᠭ ᠢ᠋ ᠰᠢᠭᠦᠨ ᠲᠠᠰᠤᠯᠬᠤ ᠠᠵᠢᠯ ᠤ᠋ᠨ ᠬᠤᠷᠠᠯ ᠵᠢᠴᠢ ᠢᠷᠭᠡᠨ ᠦ ᠪᠠ ᠬᠤᠳᠠᠯᠳᠤᠭᠠᠨ ᠤ ᠬᠡᠷᠡᠭ ᠬᠥᠭᠵᠢᠭᠦᠯᠦᠯᠲᠡ ᠥᠭᠡᠷᠡᠴᠢᠯᠡᠯᠲᠡ ᠶ᠋ᠢᠨ ᠬᠡᠷᠡᠭ ᠢ᠋ ᠦᠨᠡᠯᠡᠨ ᠵᠠᠳᠠᠯᠬᠤ ᠬᠤᠷᠠᠯ ᠬᠤᠷᠠᠯᠳᠤᠭᠤᠯᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠨᠡᠷ᠎ᠡ ᠳᠤᠷᠠᠳᠤᠭᠰᠠᠨ ᠳᠡᠳ᠋ ᠬᠣᠷᠢᠶᠠᠨ ᠳᠠᠷᠤᠭ᠎ᠠ ᠵᠣ᠌ ᠭᠠᠩ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ᠂ ᠳᠡᠳ᠋ ᠬᠣᠷᠢᠶᠠᠨ ᠳᠠᠷᠤᠭ᠎ᠠ ᠾᠧ ᠶᠠᠨ ᠴᠦᠨ ᠬᠤᠷᠠᠯ ᠳ᠋ᠤ᠌ ᠣᠷᠣᠯᠴᠠᠵᠤ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ ᠴᠢᠶᠠᠨ ᠡᠦ ᠶᠦᠨ ᠬᠤᠷᠠᠯ ᠡᠷᠬᠢᠯᠡᠵᠦ ᠂ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠡᠯ᠎ᠡ ᠠᠷᠠᠳ ᠤ᠋ᠨ ᠬᠤᠳᠠᠯᠳᠤᠭᠠᠨ ᠤ᠋ ᠦᠢᠯᠡᠰ ᠦ᠋ᠨ ᠲᠤᠬᠠᠢᠯᠠᠭᠰᠠᠨ ᠠᠵᠢᠯ ᠢ᠋ ᠬᠤᠪᠢᠳᠠᠨ ᠬᠠᠮᠢᠶᠠᠷᠴᠤ ᠪᠠᠢᠭ᠎ᠠ ᠭᠡᠷ ᠪᠦᠯᠢ ᠶ᠋ᠢᠨ ᠤᠳᠤᠷᠢᠳᠬᠤ ᠬᠥᠮᠦᠰ ᠵᠢᠴᠢ ᠢᠷᠭᠡᠨ ᠦ ᠪᠠ ᠬᠤᠳᠠᠯᠳᠤᠭᠠᠨ ᠤ ᠬᠡᠷᠡᠭ ᠶᠠᠪᠤᠳᠠᠯ ᠤ᠋ᠨ ᠠᠵᠢᠯᠲᠠᠨ ᠤ᠋ ᠣᠷᠣᠨ ᠲᠣᠭ᠎ᠠ ᠶ᠋ᠢᠨ ᠰᠢᠭᠦᠭᠴᠢ ᠬᠤᠷᠠᠯ ᠳ᠋ᠤ᠌ ᠣᠷᠣᠯᠴᠠᠵᠠᠢ᠃
ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ ᠂ ᠡᠭᠦᠷᠭᠡ ᠪᠡᠨ ᠲᠣᠳᠣᠷᠬᠠᠢᠯᠠᠵᠤ ᠂ ᠬᠠᠷᠢᠭᠤᠴᠠᠯᠭ᠎ᠠ ᠪᠠᠨ ᠨᠠᠢᠳᠠᠪᠤᠷᠢᠵᠢᠭᠤᠯᠬᠤ ᠶᠢᠨ ᠲᠥᠯᠥᠭᠡ ᠂ ᠬᠡᠷᠡᠭ ᠢ ᠰᠢᠭᠦᠨ ᠲᠠᠰᠤᠯᠬᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠰᠢᠭᠦᠨ ᠲᠠᠰᠤᠯᠤᠭᠰᠠᠨ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠵᠦ᠂ ᠴᠢᠨᠠᠷ ᠰᠠᠢᠲᠠᠢ ᠢᠷᠭᠡᠨ ᠦ ᠪᠠ ᠬᠤᠳᠠᠯᠳᠤᠭᠠᠨ ᠤ ᠬᠡᠷᠡᠭ ᠤᠨ ᠰᠢᠭᠦᠨ ᠲᠠᠰᠤᠯᠬᠤ ᠠᠵᠢᠯ ᠢᠶᠠᠷ ᠪᠦᠬᠦ ᠬᠤᠳᠠ ᠶᠢᠨ ᠰᠢᠭᠦᠬᠦ ᠬᠣᠷᠢᠢ ᠠ ᠶᠢᠨ ᠠᠵᠢᠯ ᠤᠨ ᠴᠢᠨᠠᠷ ᠰᠠᠢᠲᠠᠢ ᠬᠥᠭᠵᠢᠯᠲᠡ ᠶᠢ ᠠᠬᠢᠭᠤᠯᠵᠤ᠂ ᠤᠷᠳᠤᠰ ᠤᠨ ᠠᠵᠤ ᠠᠬᠤᠢ ᠨᠡᠢᠭᠡᠮ ᠦᠨ ᠴᠢᠨᠠᠷ ᠰᠠᠢᠲᠠᠢ ᠬᠥᠭᠵᠢᠯᠲᠡ ᠳᠦ ᠦᠢᠯᠡᠴᠢᠯᠡᠬᠦ ᠶᠢ ᠪᠠᠲᠤᠯᠠᠪᠠ᠂ ᠤᠢᠷ ᠠ ᠳᠤ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠢ᠎ᠠ ᠪᠦᠬᠦ ᠬᠤᠳᠠ ᠶᠢᠨ ᠰᠢᠭᠦᠬᠦ ᠬᠣᠷᠢᠢ ᠠ ᠶᠢᠨ ᠢᠷᠭᠡᠨ ᠦ ᠪᠠ ᠬᠤᠳᠠᠯᠳᠤᠭᠠᠨ ᠤ ᠬᠡᠷᠡᠭ ᠤᠨ ᠰᠢᠭᠦᠨ ᠲᠠᠰᠤᠯᠬᠤ ᠠᠵᠢᠯ ᠤᠨ ᠬᠤᠷᠠᠯ ᠵᠢᠴᠢ ᠢᠷᠭᠡᠨ ᠦ ᠪᠠ ᠬᠤᠳᠠᠯᠳᠤᠭᠠᠨ ᠤ ᠬᠡᠷᠡᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠡᠷᠡᠭ ᠢ ᠦᠨᠡᠯᠡᠨ ᠵᠠᠳᠠᠯᠬᠤ ᠬᠤᠷᠠᠯ ᠬᠤᠷᠠᠯᠳᠤᠭᠤᠯᠪᠠ᠃ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠂ ᠨᠠᠮ ᠤᠨ ᠤᠳᠤᠷᠢᠳᠬᠤ ᠳᠤᠭᠤᠢᠯᠠᠩ ᠤᠨ ᠪᠦᠷᠢᠯᠳᠦᠬᠦᠨ ᠂ ᠨᠡᠷ᠎ᠡ ᠳᠤᠷᠠᠳᠤᠭᠰᠠᠨ ᠳᠡᠳ᠋ ᠬᠣᠷᠢᠶᠠᠨ ᠳᠠᠷᠤᠭ᠎ᠠ ᠵᠤ ᠭᠠᠩ ᠂ ᠨᠠᠮ ᠤᠨ ᠤᠳᠤᠷᠢᠳᠬᠤ ᠳᠤᠭᠤᠢᠯᠠᠩ ᠤᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ ᠾᠧ ᠶᠠᠨ ᠴᠦᠨ ᠬᠤᠷᠠᠯ ᠳᠤ ᠣᠷᠣᠯᠴᠠᠵᠤ ᠂ ᠨᠠᠮ ᠤᠨ ᠤᠳᠤᠷᠢᠳᠬᠤ ᠳᠤᠭᠤᠢᠯᠠᠩ ᠤᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ ᠴᠢᠶᠠᠨ ᠡᠦ ᠶᠦᠨ ᠬᠤᠷᠠᠯ ᠢ ᠡᠷᠭᠢᠯᠡᠵᠦ ᠂ ᠪᠦᠬᠦ ᠬᠣᠲᠠ ᠶᠢᠨ ᠬᠣᠶᠠᠷ ᠱᠠᠲᠤᠨ ᠤ ᠰᠢᠭᠦᠬᠦ ᠬᠣᠷᠢᠶᠠᠨ ᠤ ᠡᠯ᠎ᠡ ᠢᠷᠭᠡᠨ ᠦ ᠪᠠ ᠬᠤᠳᠠᠯᠳᠤᠭᠠᠨ ᠤ ᠬᠡᠷᠡᠭ ᠤᠨ ᠲᠤᠬᠠᠢᠯᠠᠭᠰᠠᠨ ᠠᠵᠢᠯ ᠤᠨ ᠰᠢᠭᠦᠯᠲᠡ ᠲᠠᠰᠤᠭ ᠤᠨ ᠬᠣᠷᠢᠶᠠᠨ ᠤ ᠤᠳᠤᠷᠢᠳᠤᠯᠭ᠎ᠠ ᠵᠢᠴᠢ ᠢᠷᠭᠡᠨ ᠦ ᠪᠠ ᠬᠤᠳᠠᠯᠳᠤᠭᠠᠨ ᠤ ᠶᠠᠪᠤᠳᠠᠯ ᠤᠨ ᠠᠵᠢᠯᠲᠠᠨ ᠤ ᠣᠷᠣᠨ ᠲᠣᠭ᠎ᠠ ᠶ᠋ᠢᠨ ᠰᠢᠭᠦᠭᠴᠢ ᠬᠤᠷᠠᠯ ᠳ᠋ᠤ᠌ ᠣᠷᠣᠯᠴᠠᠪᠠ ᠃
ᠬᠤᠷᠠᠯ ᠳᠡᠭᠡᠷ᠎ᠡ ᠂ ᠭᠤᠷᠪᠠᠳᠤᠭᠠᠷ ᠳᠡᠰ ᠤᠨ ᠳᠡᠭᠡᠳᠦ ᠵᠡᠷᠭᠡ ᠶᠢᠨ ᠰᠢᠭᠦᠬᠦ ᠲᠤᠰᠢᠶᠠᠯᠲᠠᠨ ᠯᠢᠦ ᠶᠦᠩ ᠵᠢᠶᠦ᠋ᠨ ᠪᠥᠬᠥ ᠬᠣᠲᠠ ᠶᠢᠨ ᠰᠢᠭᠦᠬᠦ ᠬᠣᠷᠢᠶ ᠠ ᠶᠢᠨ 2023 ᠣᠨ ᠤ ᠢᠷᠭᠡᠨ ᠦ ᠪᠠ ᠬᠤᠳᠠᠯᠳᠤᠭᠠᠨ ᠤ ᠬᠡᠷᠡᠭ ᠤᠨ ᠦᠨᠳᠦᠰᠦᠨ ᠪᠠᠢᠳᠠᠯ ᠢ ᠵᠠᠷᠯᠠᠨ ᠮᠡᠳᠡᠭᠳᠡᠵᠦ ᠂ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ ᠠ ᠶᠢᠨ ᠡᠯ᠎ᠡ ᠢᠷᠭᠡᠨ ᠦ ᠪᠠ ᠬᠤᠳᠠᠯᠳᠤᠭᠠᠨ ᠤ ᠬᠡᠷᠡᠭ ᠤᠨ ᠰᠢᠭᠦᠨ ᠲᠠᠰᠤᠯᠬᠤ ᠲᠤᠬᠠᠢᠯᠠᠭᠰᠠᠨ ᠠᠵᠢᠯ ᠤᠨ ᠰᠠᠯᠠᠭ᠎ᠠ ᠮᠥᠴᠢᠷ ᠪᠠ ᠡᠯ᠎ᠡ ᠦᠨᠳᠦᠰᠦᠨ ᠱᠠᠲᠤᠨ ᠤ ᠰᠢᠭᠦᠬᠦ ᠬᠣᠷᠢᠶ ᠠ ᠨᠤᠭᠤᠳ ᠬᠥᠭᠵᠢᠭᠦᠯᠦᠯᠲᠡ ᠥᠭᠡᠷᠡᠴᠢᠯᠡᠯᠲᠡ ᠶᠢᠨ ᠬᠡᠷᠡᠭ ᠦᠨ ᠪᠠᠶᠢᠳᠠᠯ ᠤᠨ ᠲᠤᠬᠠᠶ ᠦᠨᠡᠯᠡᠨ ᠵᠠᠳᠠᠯᠤᠯᠲᠠ ᠬᠢᠵᠦ ᠬᠠᠷᠢᠭᠤ ᠮᠡᠳᠡᠭᠦᠯᠦᠯᠲᠡ ᠬᠢᠵᠡᠶ ᠃ ᠳᠠᠷᠠᠭ᠎ᠠ ᠨᠢ᠂ ᠬᠤᠷᠠᠯ ᠳᠤ ᠣᠷᠣᠯᠴᠠᠭᠰᠠᠳ ᠭᠤᠷᠪᠠᠨ ᠳᠤᠭᠤᠢᠯᠠᠩ ᠬᠤᠪᠢᠶᠠᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠡᠷᠡᠭ ᠲᠦ ᠣᠷᠣᠰᠢᠵᠤ ᠪᠠᠢᠭ᠎ᠠ ᠠᠰᠠᠭᠤᠳᠠᠯ᠂ ᠲᠦᠷᠦᠯ ᠵᠦᠢᠯ ᠦᠨ ᠬᠡᠷᠡᠭ ᠢ ᠲᠠᠰᠤᠯᠤᠨ ᠲᠣᠭᠲᠠᠭᠠᠬᠤ ᠰᠡᠳᠬᠢᠴᠡ ᠵᠢᠴᠢ ᠬᠠᠤᠯᠢ ᠴᠠᠭᠠᠵᠠ ᠶᠢ ᠬᠡᠷᠡᠭᠯᠡᠬᠦ ᠳᠦ ᠬᠦᠴᠢᠷ ᠪᠡᠷᠬᠡᠲᠡᠶ ᠠᠰᠠᠭᠤᠳᠠᠯ ᠤᠨ ᠲᠤᠬᠠᠶ ᠶᠠᠷᠢᠯᠴᠠᠨ ᠰᠣᠯᠢᠯᠴᠠᠵᠤ᠂ ᠤᠭ ᠦᠨᠳᠦᠰᠦ ᠰᠤᠷᠪᠤᠯᠵᠢ ᠶᠢ ᠨᠢ ᠵᠠᠳᠠᠯᠵᠤ᠂ ᠲᠤᠷᠰᠢᠯᠭ᠎ᠠ ᠪᠠᠨ ᠳ᠋ᠦᠩᠨᠡᠵᠦ᠂ ᠰᠢᠭᠦᠨ ᠲᠠᠰᠤᠯᠤᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠷᠭ᠎ᠠ ᠵᠠᠮ ᠪᠠ ᠠᠷᠭ᠎ᠠ ᠶᠢ ᠢᠳᠡᠪᠬᠢᠲᠡᠶ ᠪᠡᠷ ᠬᠠᠢᠨ ᠰᠦᠪᠡᠭᠴᠢᠯᠡᠪᠡ᠃ ᠬᠠᠮᠤᠭ ᠤᠨ ᠰᠡᠭᠦᠯ ᠳᠦ ᠂ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠢᠷᠭᠡᠨ ᠦ ᠪᠠ ᠬᠤᠳᠠᠯᠳᠤᠭᠠᠨ ᠤ ᠬᠡᠷᠡᠭ ᠤᠨ ᠡᠯ᠎ᠡ ᠬᠤᠪᠢᠳᠠᠨ ᠬᠠᠮᠢᠶᠠᠷᠬᠤ ᠬᠣᠷᠢᠶᠠᠨ ᠤ ᠤᠳᠤᠷᠢᠳᠤᠯᠭ᠎ᠠ ᠠᠴᠠ ᠬᠥᠭᠵᠢᠭᠦᠯᠦᠯᠲᠡ ᠥᠭᠡᠷᠡᠴᠢᠯᠡᠯᠲᠡ ᠶᠢᠨ ᠬᠡᠷᠡᠭ ᠦᠨ ᠪᠠᠢᠳᠠᠯ ᠳᠤ ᠦᠨᠡᠯᠡᠯᠲᠡ ᠬᠢᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠤᠭᠰᠠᠨ ᠪᠠᠢᠨ᠎ᠠ ᠃
ᠬᠤᠷᠠᠯ ᠠ᠋ᠴᠠ ᠴᠢᠬᠤᠯᠠᠴᠢᠯᠠᠭᠰᠠᠨ ᠨᠢ ᠄ ᠨᠢᠭᠡ ᠳ᠋ᠦ᠍ ᠲᠥᠪ ᠭᠣᠣᠯᠴᠢ ᠪᠠ ᠦᠷ᠎ᠡ ᠪᠦᠲᠦᠮᠵᠢ ᠶ᠋ᠢᠨ ᠭᠣᠣᠯ ᠰᠡᠳᠦᠪ ᠢ᠋ ᠴᠢᠩᠭ᠎ᠠ ᠠᠳᠬᠤᠵᠤ ᠂ ᠬᠡᠷᠡᠭ ᠦ᠋ᠨ ᠴᠢᠨᠠᠷ ᠴᠢᠨᠰᠠᠭ᠎ᠠ ᠶ᠋ᠢᠨ ᠬᠠᠮᠢᠶᠠᠷᠤᠯᠲᠠ ᠶ᠋ᠢ ᠴᠢᠩᠭ᠋ᠠᠳᠬᠠᠬᠤ ᠬᠡᠷᠡᠭᠲᠡᠢ ᠃ ᠳ᠋ᠦᠩᠨᠡᠨ ᠵᠠᠳᠠᠯᠬᠤ ᠪᠠᠨ ᠴᠢᠩᠭᠠᠳᠬᠠᠵᠤ ᠂ ᠲᠣᠭᠲᠠᠭᠰᠠᠨ ᠬᠤᠭᠤᠴᠠᠭ᠎ᠠ ᠲᠠᠢ ᠪᠠᠷ ᠬᠥᠭᠵᠢᠭᠦᠯᠦᠯᠲᠡ ᠥᠭᠡᠷᠡᠴᠢᠯᠡᠯᠲᠡ ᠶ᠋ᠢᠨ ᠬᠡᠷᠡᠭ ᠢ᠋ ᠲᠠᠢᠯᠪᠤᠷᠢᠯᠠᠨ ᠰᠢᠭᠦᠮᠵᠢᠯᠡᠬᠦ ᠠᠵᠢᠯ ᠢ᠋ ᠥᠷᠨᠢᠭᠦᠯᠵᠦ ᠂ ᠴᠠᠭ ᠲᠤᠬᠠᠢ ᠳᠤᠨᠢ ᠵᠠᠰᠠᠪᠤᠷᠢ ᠣᠷᠣᠭᠤᠯᠤᠭᠰᠠᠨ ᠲᠥᠰᠦᠯ ᠢ ᠰᠢᠭᠦᠨ ᠰᠢᠢᠳᠪᠦᠷᠢᠯᠡᠬᠦ ᠰᠡᠳᠬᠢᠴᠡ ᠪᠠ ᠲᠠᠰᠤᠯᠤᠨ ᠲᠣᠭᠲᠠᠭᠠᠬᠤ ᠪᠠᠷᠢᠮᠵᠢᠶ ᠠ ᠳᠤ ᠵᠠᠰᠠᠪᠤᠷᠢ ᠣᠷᠣᠭᠤᠯᠬᠤ ᠬᠡᠷᠡᠭᠲᠡᠢ᠃ ᠰᠢᠭᠦᠨ ᠲᠠᠰᠤᠯᠤᠯᠲᠠ ᠶ᠋ᠢᠨ ᠬᠠᠮᠢᠶᠠᠷᠤᠯᠲᠠ ᠶ᠋ᠢ ᠦᠷᠭᠦᠯᠵᠢᠯᠡᠨ ᠴᠢᠩᠭᠠᠳᠬᠠᠵᠤ ᠂ 《 ᠳᠥᠷᠪᠡᠨ ᠱᠠᠲᠤᠨ ᠤ᠋ ᠬᠠᠮᠢᠶᠠᠷᠤᠯᠲᠠ 》ᠶ᠋ᠢᠨ ᠵᠠᠭᠪᠤᠷ ᠤ᠋ᠨ ᠪᠠᠢᠭᠤᠯᠤᠯᠲᠠ ᠶ᠋ᠢ ᠴᠢᠩᠭᠠᠳᠬᠠᠬᠤ ᠶ᠋ᠢᠨ ᠬᠠᠮᠲᠤ ᠂ ᠳᠠᠷᠠᠭᠠᠴᠢ ᠶ᠋ᠢᠨ ᠠᠵᠢᠯ ᠢ᠋ ᠵᠢᠯᠣᠭᠣᠳᠬᠤ ᠪᠠᠨ ᠴᠢᠩᠭᠠᠳᠬᠠᠵᠤ ᠂ ᠬᠡᠷᠡᠭ ᠦᠨ ᠶᠠᠰᠤ ᠴᠢᠨᠠᠷ ᠢ ᠳᠡᠭᠡᠭᠰᠢᠯᠡᠭᠦᠯᠬᠦ ᠲᠠᠯ ᠠ ᠪᠠᠷ ᠰᠠᠢᠢᠨ ᠦᠢᠯᠡᠳᠦᠯᠴᠡᠯ ᠢ ᠪᠦᠷᠢᠯᠳᠦᠭᠦᠯᠬᠦ ᠬᠡᠷᠡᠭᠲᠡᠢ᠃ ᠬᠣᠶᠠᠷ ᠲᠤ᠌ ᠂ ᠣᠯᠠᠨ ᠲᠦᠮᠡᠨ ᠦ᠌ ᠬᠠᠤᠯᠢ ᠴᠠᠭᠠᠵᠠ ᠶ᠋ᠢᠨ ᠬᠦᠰᠡᠯ ᠡᠷᠡᠮᠡᠯᠵᠡᠯ ᠲᠡᠶ ᠨᠢᠭᠲᠠ ᠤᠶᠠᠯᠳᠤᠭᠤᠯᠤᠨ᠂ ᠬᠠᠤᠯᠢ ᠶᠣᠰᠣᠨ ᠤ ᠡᠷᠬᠡ ᠠᠰᠢᠭ ᠢ᠋ ᠰᠠᠢᠲᠤᠷ ᠬᠠᠮᠠᠭᠠᠯᠠᠬᠤ ᠬᠡᠷᠡᠭᠲᠡᠢ ᠃ ᠵᠢᠱ᠌ᠢᠶᠡᠯᠡᠪᠡᠯ 《 ᠪᠢ ᠵᠠᠷᠭᠤ ᠬᠢᠬᠦ 》 ᠵᠣᠷᠢᠭ ᠰᠠᠨᠠᠭ᠎ᠠ ᠪᠠᠷ ᠢᠷᠭᠡᠨ ᠦ ᠪᠠ ᠬᠤᠳᠠᠯᠳᠤᠭᠠᠨ ᠤ ᠬᠡᠷᠡᠭ ᠤᠨ ᠰᠢᠭᠦᠨ ᠲᠠᠰᠤᠯᠬᠤ ᠠᠵᠢᠯ ᠢ᠋ ᠰᠠᠢᠲᠤᠷ ᠬᠢᠵᠦ ᠂ ᠶᠣᠰᠣ ᠵᠦᠢ ᠶ᠋ᠢᠨ ᠬᠠᠤᠯᠢ ᠶ᠋ᠢᠨ ᠠᠭᠤᠰᠤᠯᠴᠠᠯ ᠤ᠋ᠨ ᠲᠡᠩᠴᠡᠭᠦᠷᠢ ᠶ᠋ᠢ ᠴᠢᠬᠤᠯᠠᠴᠢᠯᠠᠵᠤ ᠂《 ᠭᠤᠷᠪᠠᠨ ᠦᠷ᠎ᠡ ᠪᠦᠲᠦᠮᠵᠢ 》ᠶ᠋ᠢ ᠬᠠᠷᠢᠯᠴᠠᠨ ᠨᠢᠭᠡᠳᠦᠭᠦᠯᠬᠦ ᠶ᠋ᠢ ᠴᠢᠷᠮᠠᠢᠨ ᠪᠡᠶᠡᠯᠡᠭᠦᠯᠵᠦ ᠂ 《 ᠭᠤᠷᠪᠠᠨ ᠦᠵᠦᠭᠦᠷ ᠦ᠋ᠨ ᠲᠠᠪᠤᠨ ᠰᠡᠷᠭᠡᠢᠯᠡᠯᠲᠡ ᠶ᠋ᠢᠨ ᠱᠤᠭᠤᠮ》ᠤ᠋ᠨ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠬᠡᠪ ᠵᠠᠭᠪᠤᠷ ᠢ᠋ ᠦᠷᠭᠦᠯᠵᠢᠯᠡᠨ ᠪᠡᠬᠢᠵᠢᠭᠦᠯᠵᠦ ᠂ 《 ᠦᠵᠦᠭᠦᠷᠯᠢᠭ ᠢ᠋ ᠠᠳᠬᠤᠬᠤ ᠂ ᠡᠪᠡᠳᠴᠢᠨ ᠰᠡᠷᠭᠡᠢᠯᠡᠬᠦ 》ᠣᠨᠣᠯᠵᠢᠬᠤᠨ ᠢ᠋ ᠪᠠᠷᠢᠮᠲᠠᠯᠠᠨ ᠲᠤᠤᠱᠯᠠᠭᠤᠯᠤᠨ᠎ᠠ ᠃ ᠭᠤᠷᠪᠠ ᠳ᠋ᠤ᠌ ᠬᠡᠪ ᠴᠢᠨᠠᠷ ᠤ᠋ᠨ ᠴᠢᠳᠠᠪᠤᠷᠢ ᠶ᠋ᠢᠨ ᠪᠠᠢᠭᠤᠯᠤᠯᠲᠠ ᠶ᠋ᠢ ᠴᠢᠩᠭ᠎ᠠ ᠠᠳᠬᠤᠵᠤ ᠂ ᠠᠵᠢᠯ ᠦᠢᠯᠡᠰ ᠦ᠋ᠨ ᠬᠥᠭᠵᠢᠯᠲᠡ ᠶ᠋ᠢᠨ ᠰᠠᠭᠤᠷᠢ ᠶ᠋ᠢ ᠪᠠᠲᠤᠳᠬᠠᠨ᠎ᠠ ᠃ ᠪᠥᠬᠥ ᠬᠣᠲᠠ ᠶ᠋ᠢᠨ ᠰᠢᠭᠦᠬᠦ ᠬᠣᠷᠢᠶ᠎ᠠ ᠤᠯᠤᠰ ᠲᠥᠷᠥ ᠶ᠋ᠢᠨ ᠦᠨᠡᠨᠴᠢ ᠰᠢᠳᠤᠷᠭᠤ ᠶ᠋ᠢ ᠪᠡᠬᠢᠵᠢᠭᠦᠯᠵᠦ ᠂ ᠭᠣᠣᠯ ᠰᠡᠳᠦᠪᠲᠦ ᠬᠥᠮᠦᠵᠢᠯ ᠢ᠋ᠶ᠋ᠡᠷ ᠲᠣᠬᠢᠶᠠᠯ ᠪᠣᠯᠭᠠᠨ ᠂ ᠢᠷᠭᠡᠨ ᠦ᠌ ᠪᠠ ᠬᠤᠳᠠᠯᠳᠤᠭᠠᠨ ᠤ᠋ ᠬᠡᠷᠡᠭ ᠦ᠋ᠨ ᠬᠠᠤᠯᠢ ᠶ᠋ᠢᠨ ᠲᠤᠰᠢᠶᠠᠯᠲᠠᠨ ᠤ᠋ ᠦᠵᠡᠯ ᠰᠠᠨᠠᠭ᠎ᠠ ᠤᠯᠤᠰ ᠲᠥᠷᠥ ᠶ᠋ᠢᠨ ᠠᠵᠢᠯ ᠢ᠋ ᠰᠠᠢᠲᠤᠷ ᠠᠳᠬᠤᠵᠤ ᠂ ᠢᠷᠭᠡᠨ ᠦ᠌ ᠪᠠ ᠬᠤᠳᠠᠯᠳᠤᠭᠠᠨ ᠤ᠋ ᠬᠡᠷᠡᠭ ᠦ᠋ᠨ ᠰᠢᠭᠦᠨ ᠲᠠᠰᠤᠯᠤᠯᠲᠠ ᠶ᠋ᠢᠨ ᠠᠵᠢᠯ ᠤ᠋ᠨ ᠪᠠᠢᠷᠢ ᠳ᠋ᠠᠬᠢ ᠪᠣᠯᠪᠠᠰᠤᠷᠠᠯ ᠪᠠ ᠲᠤᠬᠠᠢᠯᠠᠭᠰᠠᠨ ᠠᠵᠢᠯ ᠤ᠋ᠨ ᠪᠣᠯᠪᠠᠰᠤᠷᠠᠯ ᠢ᠋ ᠵᠣᠬᠢᠶᠠᠨ ᠪᠠᠢᠭᠤᠯᠵᠤ ᠂ ᠺᠠᠳ᠋ᠷ ᠴᠠᠭᠳᠠᠭ᠎ᠠ ᠶ᠋ᠢᠨ ᠬᠠᠤᠯᠢ ᠶᠣᠰᠣᠭᠠᠷ ᠡᠭᠦᠷᠭᠡ ᠲᠤᠰᠢᠶᠠᠯ ᠢ᠋ᠶ᠋ᠠᠨ ᠭᠦᠢᠴᠡᠳᠬᠡᠬᠦ ᠳ᠋ᠦ᠍ ᠡᠷᠬᠡᠪᠰᠢ ᠮᠡᠳᠡᠬᠦ ᠲᠤᠰᠬᠠᠢ ᠮᠡᠷᠭᠡᠵᠢᠯ ᠦ᠋ᠨ ᠮᠡᠳᠡᠯᠭᠡ ᠶ᠋ᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ ᠃
ᠳᠠᠷᠠᠭᠠᠴᠢ ᠶᠢᠨ ᠠᠯᠬᠤᠮ ᠳᠤ ᠂ ᠪᠦᠬᠦ ᠬᠣᠲᠠ ᠶᠢᠨ ᠰᠢᠭᠦᠬᠦ ᠬᠣᠷᠢᠶᠠᠨ ᠤ ᠢᠷᠭᠡᠨ ᠦ ᠪᠠ ᠬᠤᠳᠠᠯᠳᠤᠭᠠᠨ ᠤ ᠬᠡᠷᠡᠭ ᠤᠨ ᠰᠢᠭᠦᠨ ᠲᠠᠰᠤᠯᠬᠤ ᠰᠠᠯᠠᠭ᠎ᠠ ᠮᠥᠴᠢᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ ᠂ ᠲᠤᠬᠠᠢᠯᠠᠭᠰᠠᠨ ᠠᠵᠢᠯ ᠳ᠋ᠠᠭᠠᠨ ᠰᠠᠭᠤᠷᠢᠯᠠᠨ ᠂ ᠰᠠᠨᠠᠭᠠᠴᠢᠯᠠᠭ᠎ᠠ ᠠ᠋ᠴᠠ ᠪᠠᠨ ᠬᠠᠷᠢᠭᠤᠴᠠᠯᠭ᠎ᠠ ᠡᠭᠦᠷᠭᠡᠯᠡᠵᠦ ᠂ ᠡᠭᠦᠷᠭᠡ ᠴᠢᠳᠠᠪᠤᠷᠢ ᠪᠠᠨ ᠤᠷᠲᠤᠳᠬᠠᠵᠤ ᠂ ᠨᠠᠷᠢᠯᠢᠭ ᠣᠨᠣᠪᠴᠢᠲᠠᠢ ᠪᠠᠷ ᠦᠢᠯᠡᠴᠢᠯᠡᠨ ᠂ ᠨᠡᠩ ᠥᠨᠳᠥᠷ ᠤᠯᠤᠰ ᠲᠥᠷᠥ ᠶ᠋ᠢᠨ ᠵᠣᠭᠰᠣᠴᠠ ᠂ ᠨᠡᠩ ᠭᠦᠨ ᠠᠷᠠᠳ ᠤ᠋ᠨ ᠲᠥᠯᠥᠭᠡ ᠵᠢᠳᠬᠦᠬᠦ ᠰᠡᠳᠬᠢᠯᠭᠡ ᠂ ᠨᠡᠩ ᠥᠷᠭᠡᠨ ᠪᠠᠢᠷᠢᠰᠢᠯ ᠤ᠋ᠨ ᠬᠠᠷᠠᠭᠠᠰᠤ ᠪᠠᠷ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠢᠷᠭᠡᠨ ᠦ᠌ ᠬᠡᠷᠡᠭ ᠬᠤᠳᠠᠯᠳᠤᠭᠠᠨ ᠤ᠋ ᠬᠡᠷᠡᠭ ᠢ᠋ ᠰᠢᠭᠦᠨ ᠲᠠᠰᠤᠯᠬᠤ ᠦᠢᠯᠡᠰ ᠦ᠋ᠨ ᠲᠠᠰᠤᠷᠠᠯᠲᠠ ᠦᠭᠡᠢ ᠰᠢᠨ᠎ᠡ ᠲᠠᠪᠰᠢᠯᠲᠠ ᠲᠠᠢ ᠪᠣᠯᠬᠤ᠂ ᠰᠢᠨ᠎ᠡ ᠬᠥᠭᠵᠢᠯᠲᠡ ᠶ᠋ᠢ ᠠᠬᠢᠭᠤᠯᠤᠨ ᠂ ᠮᠠᠨ ᠤ᠋ ᠬᠣᠲᠠ ᠶ᠋ᠢᠨ ᠨᠡᠢᠭᠡᠮ ᠦ᠋ᠨ ᠶᠡᠬᠡ ᠲᠠᠯ᠎ᠠ ᠶ᠋ᠢᠨ ᠲᠣᠭᠲᠠᠭᠤᠨ ᠪᠠᠢᠳᠠᠯ ᠢ᠋ ᠬᠠᠮᠠᠭᠠᠯᠠᠬᠤ ᠂ ᠨᠡᠢᠭᠡᠮ ᠦ᠋ᠨ ᠲᠥᠪ ᠭᠣᠣᠯᠴᠢ ᠰᠢᠳᠤᠷᠭᠤ ᠶᠣᠰᠣ ᠶ᠋ᠢ ᠠᠬᠢᠭᠤᠯᠬᠤ ᠂ ᠠᠷᠠᠳ ᠲᠦᠮᠡᠨ ᠦ᠌ ᠠᠮᠤᠷ ᠵᠢᠮᠤᠷ ᠠᠵᠤ ᠲᠥᠷᠥᠬᠦ ᠶ᠋ᠢ ᠪᠠᠲᠤᠯᠠᠬᠤ ᠳ᠋ᠤ᠌ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠪᠡ᠃
ᠦᠨᠡᠯᠡᠬᠦ 0ᠦᠨᠡᠯᠡᠯᠲᠡ᠎ᠲᠠᠢ