ᠰᠢ ᠶᠢᠨ ᠫᠢᠩ ᠤᠨ ᠰᠢᠨ᠎ᠡ ᠴᠠᠭ ᠦᠶ ᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠡᠴᠡ ᠨᠠᠰᠢ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠢ᠎ᠠ ᠶᠡᠷᠦᠩᠬᠡᠢ ᠱᠦᠵᠢ ᠰᠢ ᠵᠢᠨ ᠫᠢᠩ ᠦ᠋ᠨ ᠭᠣᠣᠯ ᠰᠡᠳᠦᠪᠲᠦ ᠰᠤᠷᠭᠠᠨ ᠬᠥᠮᠦᠵᠢᠯ ᠦᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠣᠷᠢᠢ ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ ᠠ᠂ ᠬᠤᠳᠠ ᠶᠢᠨ ᠨᠠᠮ ᠤᠨ ᠬᠣᠷᠢᠢ ᠠ ᠶᠢᠨ ᠭᠣᠣᠯ ᠰᠡᠳᠦᠪᠲᠦ ᠬᠥᠮᠦᠵᠢᠯ ᠦᠨ ᠬᠠᠮᠢᠶ᠎ᠠ ᠪᠦᠬᠦᠢ ᠪᠠᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ᠂ ᠤᠨᠤᠯ ᠤᠨ ᠰᠤᠷᠤᠯᠴᠠᠯᠭ᠎ᠠ ᠶᠢ ᠢᠮᠠᠭᠲᠠ ᠲᠤᠤᠱᠯᠠᠭᠤᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠪᠠᠷ ᠡᠬᠢᠯᠡᠯᠲᠡ ᠪᠣᠯᠭᠠᠬᠤ ᠶ᠋ᠢ ᠡᠷᠡᠰ ᠪᠡᠶᠡᠯᠡᠭᠦᠯᠵᠦ ᠂ ᠪᠠᠢᠩᠭᠤ᠂ ᠴᠢᠬᠤᠯᠠᠴᠢᠯᠠᠬᠤ ᠂ ᠦᠢᠯᠡᠳᠦᠯ ᠂ ᠬᠢᠬᠦ᠂《 ᠲᠦᠷᠪᠡᠨ ᠦᠰᠦᠭ ᠢᠶᠡᠷ ᠲᠥᠪᠯᠡᠷᠡᠭᠦᠯᠬᠦ 》ᠰᠤᠷᠤᠯᠴᠠᠬᠤ ᠠᠷᠭ᠎ᠠ ᠶᠢ ᠰᠦᠪᠡᠭᠴᠢᠯᠡᠨ ᠪᠠᠢᠭᠤᠯᠵᠤ᠂ ᠰᠢᠶᠠᠨ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠪᠠᠭ ᠢᠶᠠᠷ ᠭᠣᠣᠯ ᠪᠣᠯᠭᠠᠨ ᠪᠦᠬᠦ ᠲᠠᠯ ᠠ ᠪᠠᠷ᠂ ᠪᠦᠬᠦᠨ ᠢ ᠪᠦᠷᠬᠦᠬᠦᠯᠬᠦ ᠪᠡᠷ ᠪᠦᠬᠦ ᠬᠦᠷᠢᠶᠡᠯᠡᠩ ᠦᠨ ᠺᠠᠳ᠋ᠷ ᠴᠠᠭᠳᠠᠭ᠎ᠠ ᠶᠢᠨ ᠤᠨᠤᠯ ᠤᠨ ᠰᠤᠷᠤᠯᠴᠠᠯᠭ᠎ᠠ ᠥᠷᠨᠢᠭᠦᠯᠬᠦ ᠶᠢ ᠳᠠᠢᠴᠢᠯᠠᠬᠤ ᠬᠡᠷᠡᠭᠲᠡᠢ᠃
《ᠪᠠᠢᠩᠭᠤ》ᠲᠥᠪᠯᠡᠷᠡᠭᠦᠯᠬᠦ ᠪᠡᠷ ᠦᠨᠳᠦᠰᠦ ᠪᠣᠯᠭᠠᠬᠤ
ᠪᠦᠬᠦ ᠲᠠᠯ᠎ᠠ ᠶ᠋ᠢ ᠬᠠᠮᠤᠷᠤᠭᠰᠠᠨ ᠬᠡᠪ ᠦ᠋ᠨ ᠰᠤᠳᠤᠯᠤᠯ
ᠰᠤᠷᠤᠯᠴᠠᠬᠤ ᠬᠥᠮᠦᠵᠢᠯ ᠢ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠵᠤ ᠂ ᠪᠠᠢᠩᠭᠤ ᠠᠳᠬᠤᠵᠤ ᠪᠠᠷᠢᠮᠲᠠᠯᠠᠨ ᠂ ᠤᠳᠤᠷᠢᠳᠬᠤ ᠪᠠᠭ ᠪᠣᠯᠤᠨ ᠨᠠᠮ ᠤᠨ ᠡᠭᠦᠷ ᠦᠨ ᠰᠤᠷᠤᠯᠴᠠᠬᠤ ᠭᠠᠷᠠᠭ ᠤᠨ ᠲᠥᠯᠥᠪᠯᠡᠭᠡ ᠶᠢ ᠲᠣᠭᠲᠠᠭᠠᠵᠤ ᠂ ᠤᠳᠤᠷᠢᠳᠬᠤ ᠪᠠᠭ ᠨᠢ ᠨᠠᠮ ᠤᠨ ᠤᠳᠤᠷᠢᠳᠬᠤ ᠳᠤᠭᠤᠢᠯᠠᠩ ᠤᠨ ᠤᠨᠤᠯ ᠰᠤᠷᠤᠯᠴᠠᠬᠤ ᠭᠣᠣᠯ ᠳᠤᠭᠤᠢᠯᠠᠩ ᠤᠨ ᠵᠢᠱ᠌ᠢᠶ᠎ᠡ ᠦᠵᠡᠭᠦᠯᠬᠦ ᠰᠤᠷᠤᠯᠴᠠᠯᠭ᠎ᠠ᠂ ᠡᠯ᠎ᠡ ᠨᠠᠮ ᠤᠨ ᠡᠭᠦᠷ 《ᠭᠤᠷᠪᠠᠨ ᠬᠤᠷᠠᠯ ᠨᠢᠭᠡ ᠬᠢᠴᠢᠶᠡᠯ》 ᠋ ᠢ᠋ᠶ᠋ᠡᠷ ᠳᠠᠮᠵᠢᠨ ᠭᠦᠨᠵᠡᠭᠡᠢ ᠰᠤᠷᠤᠯᠴᠠᠵᠤ᠂ ᠪᠦᠬᠦ ᠺᠠᠳ᠋ᠷ ᠴᠠᠭᠳᠠᠭ᠎ᠠ ᠨᠠᠷ ᠰᠠᠯᠠᠭ᠎ᠠ ᠮᠥᠴᠢᠷ ᠦᠨ ᠲᠣᠭᠲᠠᠮᠠᠯ ᠬᠤᠷᠠᠯ ᠢᠶᠠᠷ ᠳᠠᠮᠵᠢᠨ ᠪᠦᠬᠦ ᠲᠠᠯ ᠠ ᠪᠠᠷ ᠰᠤᠷᠤᠯᠴᠠᠵᠤ᠂ 《ᠨᠠᠮ ᠤᠨ ᠤᠳᠤᠷᠢᠳᠬᠤ ᠳᠤᠭᠤᠢᠯᠠᠩ ᠨᠠᠮ ᠤᠨ ᠡᠭᠦᠷ ᠢ ᠳᠠᠭᠠᠭᠤᠯᠬᠤ᠂ ᠨᠠᠮ ᠤᠨ ᠡᠭᠦᠷ ᠨᠠᠮ ᠤᠨ ᠭᠡᠰᠢᠭᠦᠨ ᠢ ᠳᠠᠭᠠᠭᠤᠯᠬᠤ᠂ ᠨᠠᠮ ᠤᠨ ᠭᠡᠰᠢᠭᠦᠨ ᠪᠦᠬᠦ ᠺᠠᠳ᠋ᠷ ᠴᠠᠭᠳᠠᠭ᠎ᠠ ᠶᠢ ᠳᠠᠭᠠᠭᠤᠯᠬᠤ》《1+1+N》 ᠰᠠᠢᠨ ᠰᠠᠢᠬᠠᠨ ᠰᠤᠷᠤᠯᠴᠠᠬᠤ ᠬᠡᠪ ᠵᠠᠭᠪᠤᠷ ᠢ ᠪᠦᠷᠢᠯᠳᠦᠭᠦᠯᠵᠦ᠂ ᠪᠦᠬᠦᠨ ᠢ ᠬᠠᠮᠤᠷᠬᠤ᠂ ᠪᠦᠬᠦ ᠲᠠᠯ ᠠ ᠪᠠᠷ᠂ ᠪᠦᠬᠦ ᠠᠭᠤᠯᠭ ᠠ ᠪᠠᠷ ᠰᠤᠷᠤᠯᠴᠠᠵᠤ᠂ ᠪᠠᠢᠩᠭᠤ ᠰᠡᠳᠬᠢᠵᠦ ᠪᠠᠢᠩᠭᠤ ᠣᠢᠯᠠᠭᠠᠬᠤ᠂ ᠪᠠᠢᠩᠭᠤ ᠰᠤᠷᠤᠯᠴᠠᠵᠤ ᠪᠠᠢᠩᠭᠤ ᠰᠢᠨᠡᠴᠢᠯᠡᠬᠦ᠂ ᠪᠠᠢᠩᠭᠤ ᠦᠢᠯᠡᠳᠦᠯᠭᠡᠵᠢᠭᠦᠯᠵᠦ ᠪᠠᠢᠩᠭᠤ ᠠᠵᠢᠯᠯᠠᠬᠤ ᠶᠢ ᠴᠢᠷᠮᠠᠢᠨ ᠪᠡᠶᠡᠯᠡᠭᠦᠯᠬᠦ ᠬᠡᠷᠡᠭᠲᠡᠢ᠃ ᠣᠳᠣᠬᠠᠨ ᠪᠣᠯᠲᠠᠯ ᠠ᠂ ᠭᠣᠣᠯ ᠰᠡᠳᠦᠪᠲᠦ ᠬᠥᠮᠦᠵᠢᠯ ᠦᠨ ᠨᠣᠮ ᠤᠩᠰᠢᠬᠤ ᠠᠩᠬᠢ ᠶᠢ ᠨᠠᠢᠳᠠ 2 ᠬᠤᠭᠤᠴᠠᠭ᠎ᠠ ᠡᠷᠬᠢᠯᠡᠵᠦ᠂ ᠨᠠᠮ ᠤᠨ ᠤᠳᠤᠷᠢᠳᠬᠤ ᠳᠤᠭᠤᠢᠯᠠᠩ ᠤᠨ ᠤᠨᠤᠯ ᠰᠤᠷᠤᠯᠴᠠᠬᠤ ᠭᠣᠣᠯ ᠳᠤᠭᠤᠢᠯᠠᠩ ᠤᠨ ᠲᠤᠰᠬᠠᠢ ᠰᠡᠳᠦᠪ ᠢᠶᠡᠷ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ 2 ᠤᠳᠠᠭ᠎ᠠ ᠡᠷᠬᠢᠯᠡᠵᠦ᠂ ᠲᠤᠰᠬᠠᠢ ᠰᠡᠳᠦᠪᠲᠦ ᠲᠠᠢᠯᠤᠮᠵᠢ ᠶᠢ 1 ᠤᠳᠠᠭ᠎ᠠ ᠡᠷᠬᠢᠯᠡᠵᠦ᠂ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠨᠠᠮ ᠤᠨ ᠬᠢᠴᠢᠶᠡᠯ ᠢ 1 ᠤᠳᠠᠭ᠎ᠠ ᠤᠷᠤᠵᠤ᠂ ᠡᠯ᠎ᠡ ᠨᠠᠮ ᠤ᠋ᠨ ᠡᠭᠦᠷ ᠦ᠋ᠨ ᠲᠥᠪᠯᠡᠷᠡᠩᠭᠦᠢ ᠰᠤᠷᠤᠯᠴᠠᠯᠭ᠎ᠠ ᠰᠤᠳᠤᠯᠤᠨ ᠶᠠᠷᠢᠯᠴᠠᠬᠤ ᠬᠤᠷᠠᠯ ᠨᠡᠢᠲᠡ 40 ᠭᠠᠷᠤᠢ ᠤᠳᠠᠭ᠎ᠠ ᠡᠷᠬᠢᠯᠡᠵᠦ᠂ ᠰᠤᠷᠤᠯᠴᠠᠯᠭ᠎ᠠ ᠶᠢᠨ ᠠᠭᠤᠯᠭ᠎ᠠ ᠶᠢ ᠨᠢᠭᠡ ᠶᠢ ᠴᠦ ᠣᠷᠬᠢᠭᠳᠠᠭᠤᠯᠬᠤ ᠦᠭᠡᠢ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠪᠦᠬᠦ ᠲᠠᠯ ᠠ ᠪᠠᠷ ᠳᠡᠭᠡᠭᠰᠢᠯᠡᠭᠦᠯᠪᠡ᠃
《ᠴᠢᠬᠤᠯᠠᠴᠢᠯᠠᠬᠤ》ᠪᠠᠷ ᠭᠣᠣᠯ ᠪᠤᠯᠭᠠᠵᠤ ᠲᠥᠪᠯᠡᠷᠡᠭᠦᠯᠬᠦ
ᠭᠣᠣᠯᠳᠠᠯᠭ᠎ᠠ ᠶᠢ ᠳᠣᠪᠣᠢᠯᠭᠠᠵᠤ ᠭᠦᠨᠵᠡᠭᠡᠶ ᠰᠤᠷᠤᠯᠴᠠᠬᠤ
ᠨᠠᠮ ᠤᠨ ᠲᠦᠷᠢᠮ ᠂ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠂ 《 ᠰᠢ ᠵᠢᠨ ᠫᠢᠩ ᠤᠨ ᠵᠣᠬᠢᠶᠠᠯ ᠤᠨ ᠰᠣᠩᠭᠣᠮᠠᠯ》《 ᠰᠢ ᠶᠢᠨ ᠫᠢᠩ ᠤᠨ ᠰᠢᠨ᠎ᠡ ᠴᠠᠭ ᠦᠶ ᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪᠲᠦ ᠲᠣᠪᠴᠢᠯᠠᠯ 》ᠵᠡᠷᠭᠡ ᠡᠷᠬᠡᠪᠰᠢ ᠤᠩᠰᠢᠬᠤ ᠠᠭᠤᠯᠭ᠎ᠠ ᠶ᠋ᠢ ᠭᠣᠣᠯᠳᠠᠯᠭ᠎ᠠ ᠲᠠᠢ ᠤᠩᠰᠢᠵᠤ ᠂ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠰᠤᠷᠤᠯᠴᠠᠯᠭ᠎ᠠ ᠶ᠋ᠢᠨ ᠬᠡᠷᠡᠭᠯᠡᠬᠦ ᠨᠣᠮ 6 ᠵᠦᠢᠯ ᠦ᠋ᠨ 972 ᠳᠡᠪᠲᠡᠷ ᠬᠤᠳᠠᠯᠳᠤᠨ ᠠᠪᠴᠤ ᠂ ᠪᠦᠬᠦ ᠨᠠᠮ ᠤᠨ ᠭᠡᠰᠢᠭᠦᠨ ᠬᠥᠮᠦᠨ ᠪᠦᠷᠢ ᠳᠦ ᠨᠢᠭᠡ ᠳᠡᠪᠲᠡᠷ ᠂ 《 ᠰᠢ ᠶᠢᠨ ᠫᠢᠩ ᠵᠧᠩ ᠳ᠋ᠢᠩ ᠳᠦ ᠪᠠᠢᠬᠤ 》 ᠰᠢᠷᠢᠰ ᠤᠩᠰᠢᠬᠤ ᠨᠣᠮ ᠪᠢᠴᠢᠭ 8 ᠵᠦᠢᠯ ᠦ᠋ᠨ 200 ᠭᠠᠷᠤᠢ ᠳᠡᠪᠲᠡᠷ ᠬᠤᠳᠠᠯᠳᠤᠨ ᠠᠪᠴᠤ ᠂ ᠤᠩᠰᠢᠬᠤ ᠬᠦᠷᠢᠶ᠎ᠡ ᠬᠡᠪᠴᠢᠶ᠎ᠡ ᠪᠡᠨ ᠪᠦᠬᠦ ᠲᠠᠯ᠎ᠠ ᠪᠠᠷ ᠥᠷᠭᠡᠳᠬᠡᠪᠡ ᠃ ᠶᠡᠷᠦᠩᠬᠡᠢ ᠱᠦᠵᠢ ᠰᠢ ᠵᠢᠨ ᠫᠢᠩ ᠦ᠋ᠨ ᠨᠠᠮ ᠤ᠋ᠨ ᠪᠠᠢᠭᠤᠯᠤᠯᠲᠠ ᠶ᠋ᠢᠨ ᠲᠤᠬᠠᠢ ᠴᠢᠬᠤᠯᠠ ᠦᠵᠡᠯ ᠰᠠᠨᠠᠭ᠎ᠠ ᠂ ᠶᠡᠷᠦᠩᠬᠡᠢ ᠱᠦᠵᠢ ᠰᠢ ᠵᠢᠨ ᠫᠢᠩ ᠦ᠋ᠨ ᠥᠪᠥᠷ ᠮᠣᠩᠭᠣᠯ ᠳ᠋ᠤ᠌ ᠦᠭᠭᠦᠭᠰᠡᠨ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢᠨ ᠲᠣᠭᠣᠷᠢᠨ ᠳ᠋ᠤ᠌ ᠂ ᠶᠡᠷᠦᠩᠬᠡᠢ ᠱᠦᠵᠢ ᠰᠢ ᠵᠢᠨ ᠫᠢᠩ ᠦ᠋ᠨ ᠰᠦᠭ ᠰᠦᠯᠳᠡ ᠶ᠋ᠢ ᠱᠤᠭᠤᠵᠤ ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠲᠥᠪ ᠪᠣᠯᠭᠠᠬᠤ᠂ ᠰᠤᠷᠤᠯᠴᠠᠯᠭ᠎ᠠ ᠪᠠᠷ ᠦᠢᠯᠡᠳᠦᠯᠭᠡ ᠪᠡᠨ ᠠᠬᠢᠭᠤᠯᠬᠤ ᠴᠢᠬᠤᠯᠠ ᠥᠭᠦᠯᠡᠮᠵᠢ ᠵᠡᠷᠭᠡ ᠭᠣᠣᠯᠳᠠᠯᠭ᠎ᠠ ᠲᠠᠢ ᠠᠭᠤᠯᠭ᠎ᠠ ᠶ᠋ᠢᠨ ᠲᠣᠭᠣᠷᠢᠨ ᠳ᠋ᠤ᠌ ᠲᠤᠰᠬᠠᠢ ᠰᠡᠳᠦᠪᠲᠦ ᠰᠤᠷᠤᠯᠴᠠᠯᠭ᠎ᠠ ᠶ᠋ᠢ ᠥᠷᠨᠢᠭᠦᠯᠬᠦ ᠶ᠋ᠢᠨ ᠬᠠᠮᠲᠤ ᠠᠵᠢᠯ ᠤ᠋ᠨ ᠪᠣᠳᠠᠲᠠᠢ ᠲᠠᠢ ᠤᠶᠠᠯᠳᠤᠭᠤᠯᠤᠨ ᠰᠤᠳᠤᠯᠤᠨ ᠶᠠᠷᠢᠯᠴᠠᠵᠤ ᠰᠣᠯᠢᠯᠴᠠᠬᠤ ᠶ᠋ᠢ 2 ᠤᠳᠠᠭ᠎ᠠ ᠥᠷᠨᠢᠭᠦᠯᠵᠦ᠂ ᠭᠦᠨᠵᠡᠭᠡᠢ ᠰᠤᠷᠤᠯᠴᠠᠨ ᠣᠢᠯᠠᠭᠠᠬᠤ᠂ ᠨᠡᠪᠲᠡᠷᠡᠲᠡᠯ᠎ᠡ ᠣᠢᠯᠠᠭᠠᠬᠤ ᠶᠢ ᠦᠨᠡᠨᠬᠦ ᠪᠠᠲᠤᠯᠠᠪᠠ᠃
《 ᠦᠢᠯᠡᠳᠦᠯ 》ᠢ᠋ᠶ᠋ᠡᠷ ᠲᠥᠪᠯᠡᠷᠡᠭᠦᠯᠬᠦ ᠪᠣᠯᠭᠠᠬᠤ
ᠪᠣᠳᠠᠲᠤ ᠪᠦᠲᠦᠮᠵᠢ ᠶᠢ ᠡᠷᠬᠢᠮᠯᠡᠬᠦ ᠤᠯᠠᠨ ᠶᠠᠩᠵᠤ ᠶᠢᠨ ᠤᠬᠠᠭᠠᠨ
ᠰᠤᠷᠤᠯᠴᠠᠬᠤ ᠠᠴᠢᠶᠠᠯᠠᠪᠤᠷᠢ ᠶᠢ ᠪᠦᠬᠦ ᠲᠠᠯ ᠠ ᠪᠠᠷ ᠥᠷᠭᠡᠳᠬᠡᠵᠦ ᠂《 ᠰᠤᠷᠤᠯᠴᠠᠯᠭ᠎ᠠ ᠶᠢᠨ ᠬᠦᠴᠦᠷᠬᠡᠭ ᠤᠯᠤᠰ》ᠡᠪ ᠬᠠᠮᠲᠤ ᠨᠠᠮ ᠤᠨ ᠭᠡᠰᠢᠭᠦᠨ ᠦ ᠰᠦᠯᠵᠢᠶ᠎ᠡ ᠂ ᠵᠠᠯᠠᠭᠤᠴᠤᠳ ᠤᠨ ᠣᠨᠣᠯ ᠤᠨ ᠰᠤᠷᠤᠯᠴᠠᠯᠭ᠎ᠠ ᠶᠢᠨ ᠳᠤᠭᠤᠢᠯᠠᠩ ᠵᠡᠷᠭᠡ ᠠᠴᠢᠶᠠᠯᠠᠪᠤᠷᠢ ᠶᠢᠨ ᠲᠠᠪᠴᠠᠩ ᠢ ᠭᠦᠢᠴᠡᠳ ᠠᠰᠢᠭᠯᠠᠵᠤ ᠂ ᠲᠤᠰᠬᠠᠢ ᠮᠡᠷᠭᠡᠵᠢᠯᠲᠡᠨ ᠦ ᠲᠠᠢᠯᠤᠮᠵᠢ᠂ ᠲᠤᠰᠬᠠᠢ ᠰᠡᠳᠦᠪᠲᠦ ᠨᠠᠮ ᠤᠨ ᠬᠢᠴᠢᠶᠡᠯ᠂ ᠤᠯᠤᠰ ᠲᠦᠷᠦ ᠶᠢᠨ ᠡᠭᠡᠯᠵᠢᠯᠡᠨ ᠪᠣᠯᠪᠠᠰᠣᠷᠠᠭᠤᠯᠤᠯ ᠂ ᠭᠣᠣᠯ ᠰᠡᠳᠦᠪᠲᠦ ᠨᠠᠮ ᠤᠨ ᠡᠳᠦᠷ᠂ ᠤᠬᠠᠭᠤᠯᠤᠨ ᠲᠠᠢᠯᠪᠤᠷᠢᠯᠠᠬᠤ ᠂ ᠬᠡᠷᠡᠭ ᠦ᠋ᠨ ᠵᠢᠱ᠌ᠢᠶ᠎ᠡ ᠪᠡᠷ ᠵᠢᠭᠠᠨ ᠰᠤᠷᠭᠠᠬᠤ᠂ ᠸᠢᠳᠢᠣ᠋ ᠲᠠᠢᠯᠤᠮᠵᠢ᠂ ᠲᠤᠬᠠᠢ ᠶᠢᠨ ᠲᠠᠯᠠᠪᠤᠷ ᠲᠤ ᠰᠤᠳᠤᠯᠤᠨ ᠰᠤᠷᠤᠯᠴᠠᠬᠤ ᠵᠡᠷᠭᠡ ᠠᠮᠢᠳᠤᠯᠢᠭ ᠰᠣᠷᠭᠣᠭ ᠠᠷᠭ᠎ᠠ ᠬᠡᠯᠪᠡᠷᠢ ᠪᠡᠷ ᠨᠠᠮ ᠤᠨ ᠭᠡᠰᠢᠭᠦᠨ ᠺᠠᠳ᠋ᠷ ᠴᠠᠭᠳᠠᠭ᠎ᠠ ᠶᠢ ᠵᠣᠬᠢᠶᠠᠨ ᠪᠠᠢᠭᠤᠯᠤᠨ ᠭᠦᠨᠵᠡᠭᠡᠢ ᠰᠤᠷᠤᠯᠴᠠᠭᠤᠯᠵᠤ᠂ ᠭᠣᠣᠯ ᠰᠡᠳᠦᠪᠲᠦ ᠰᠤᠷᠭᠠᠨ ᠬᠥᠮᠦᠵᠢᠯ ᠦᠨ ᠰᠦᠯᠵᠢᠶᠡᠨ ᠳᠡᠭᠡᠷᠡᠬᠢ ᠮᠡᠳᠡᠯᠭᠡ ᠶᠢᠨ ᠰᠡᠳᠦᠪ ᠦᠨ ᠬᠥᠮᠥᠷᠭᠡ ᠶᠢ ᠪᠠᠢᠭᠤᠯᠵᠤ᠂ ᠪᠦᠬᠦ ᠺᠠᠳ᠋ᠷ ᠴᠠᠭᠳᠠᠭ᠎ᠠ ᠨᠠᠷ ᠰᠦᠯᠵᠢᠶᠡᠨ ᠳᠡᠭᠡᠷᠡᠬᠢ ᠰᠡᠳᠦᠪ ᠦᠨ ᠬᠥᠮᠥᠷᠭᠡ ᠪᠡᠷ ᠳᠠᠮᠵᠢᠨ ᠬᠠᠮᠢᠶ᠎ᠠ ᠪᠦᠬᠦᠢ ᠮᠡᠳᠡᠯᠭᠡ ᠶᠢ ᠨᠠᠷᠢᠨ ᠬᠢᠨᠠᠮᠠᠭᠠᠢ ᠰᠤᠷᠤᠯᠴᠠᠬᠤ ᠶᠢᠨ ᠬᠠᠮᠲᠤ ᠰᠦᠯᠵᠢᠶᠡᠨ ᠳᠡᠭᠡᠷᠡᠬᠢ ᠮᠡᠳᠡᠯᠭᠡ ᠶᠢᠨ ᠰᠢᠯᠭᠠᠯᠲᠠ ᠪᠠᠷ ᠳᠠᠮᠵᠢᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠪᠦᠬᠦ ᠲᠠᠯ ᠠ ᠪᠠᠷ ᠰᠢᠯᠭᠠᠨ ᠪᠠᠢᠴᠠᠭᠠᠨ᠎ᠠ᠃ ᠸᠢᠴᠠᠲ ᠤᠨ ᠨᠡᠢᠲᠡ ᠶᠢᠨ ᠲᠠᠪᠴᠠᠩ ᠳᠡᠭᠡᠷ᠎ᠡ 《ᠦᠵᠡᠯ ᠰᠠᠨᠠᠭ ᠠ ᠶᠢ ᠰᠤᠷᠤᠯᠴᠠᠬᠤ ᠂ ᠲᠥᠷᠥᠭᠳᠡᠯ ᠢᠶᠡᠨ ᠶᠠᠷᠢᠯᠴᠠᠬᠤ ᠂ ᠬᠦᠴᠦᠨ ᠢᠶᠡᠨ ᠲᠥᠪᠯᠡᠷᠡᠭᠦᠯᠬᠦ 》 ᠦᠵᠡᠯ ᠰᠠᠨᠠᠭᠠᠨ ᠤ ᠰᠣᠯᠢᠯᠴᠠᠭᠠᠨ ᠤ ᠲᠤᠰᠬᠠᠶ ᠪᠤᠯᠤᠩ ᠂ ᠭᠣᠣᠯ ᠰᠡᠳᠦᠪᠲᠦ ᠰᠤᠷᠭᠠᠨ ᠬᠥᠮᠦᠵᠢᠯ ᠦᠨ 《 ᠭᠠᠷᠠᠭ ᠪᠦᠷᠢ ᠶᠢᠨ ᠲᠠᠨᠢᠯᠴᠠᠭᠤᠯᠭ᠎ᠠ ᠶᠢᠨ ᠪᠢᠴᠢᠭ》 ᠪᠠ ᠠᠩᠬᠠᠨ ᠤ ᠡᠭᠦᠳᠦᠯᠲᠡ ᠶᠢᠨ ᠱᠣᠭ ᠵᠢᠷᠤᠭ ᠢ ᠭᠠᠷᠭᠠᠵᠤ ᠂ ᠭᠣᠣᠯ ᠰᠡᠳᠦᠪᠲᠦ ᠰᠤᠷᠭᠠᠨ ᠬᠥᠮᠦᠵᠢᠯ ᠦᠨ ᠰᠠᠢᠨ ᠰᠠᠢᠬᠠᠨ ᠣᠷᠴᠢᠨ ᠲᠣᠭᠣᠷᠢᠨ ᠢ ᠪᠣᠶ ᠪᠣᠯᠭᠠᠵᠤ ᠂ ᠰᠠᠢᠨ ᠰᠠᠢᠬᠠᠨ ᠪᠠᠢᠳᠠᠯ ᠢ ᠪᠣᠶ ᠪᠣᠯᠭᠠᠨ᠎ᠠ ᠃
《 ᠬᠢᠬᠦ 》ᠪᠡᠷ ᠲᠥᠪᠯᠡᠷᠡᠭᠦᠯᠬᠦ ᠦᠨᠳᠦᠰᠦ ᠪᠣᠯᠭᠠᠬᠤ
ᠰᠤᠷᠤᠯᠴᠠᠯᠭ᠎ᠠ ᠪᠠᠷ ᠭᠣᠣᠯᠯᠠᠵᠤ ᠯᠠᠪᠳᠠᠭᠤᠨ ᠰᠤᠷᠠᠬᠤ ᠶ᠋ᠢ ᠠᠬᠢᠭᠤᠯᠬᠤ
《 ᠦᠨᠳᠦᠰᠦᠨ ᠱᠠᠲᠤᠨ ᠳ᠋ᠤ᠌ ᠳᠥᠷᠪᠡᠨᠲᠡ ᠪᠠᠭᠤᠯᠭᠠᠬᠤ 》ᠪᠡᠷ ᠦᠵᠡᠯ ᠰᠠᠨᠠᠭᠠᠨ ᠤ ᠠᠭᠤᠤ ᠬᠦᠴᠦᠨ ᠢ᠋ ᠣᠢᠯᠠᠭᠠᠬᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠬᠤ ᠴᠢᠬᠤᠯᠠ ᠠᠷᠭ᠎ᠠ ᠵᠠᠮ ᠪᠣᠯᠭᠠᠬᠤ ᠶᠢ ᠪᠠᠷᠢᠮᠲᠠᠯᠠᠵᠤ᠂ ᠭᠣᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠡᠴᠡ ᠨᠠᠰᠢ᠂ ᠤᠳᠤᠷᠢᠳᠬᠤ ᠪᠠᠭ ᠦᠨᠳᠦᠰᠦᠨ ᠱᠠᠲᠤᠨ ᠳᠤ ᠪᠠᠭᠤᠵᠤ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ 10 ᠭᠠᠷᠤᠢ ᠤᠳᠠᠭ᠎ᠠ ᠤᠬᠠᠭᠤᠯᠵᠤ᠂ 46 ᠤᠳᠠᠭ᠎ᠠ ᠰᠡᠳᠦᠪ ᠳᠠᠭᠠᠭᠤᠯᠤᠨ ᠪᠠᠢᠴᠠᠭᠠᠨ ᠰᠤᠳᠤᠯᠤᠯᠲᠠ ᠬᠢᠵᠦ᠂ 30 ᠭᠠᠷᠤᠢ ᠤᠳᠠᠭ᠎ᠠ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ᠂ 20 ᠭᠠᠷᠤᠢ ᠤᠳᠠᠭ᠎ᠠ ᠲᠤᠬᠠᠢ ᠶᠢᠨ ᠲᠠᠯᠠᠪᠤᠷ ᠲᠤ ᠠᠯᠪᠠᠯᠠᠨ ᠬᠡᠷᠡᠭ ᠰᠢᠢᠳᠪᠦᠷᠢᠯᠡᠪᠡ᠃ 51 ᠠᠰᠠᠭᠤᠳᠠᠯ ᠢ᠋ ᠪᠠᠢᠴᠠᠭᠠᠨ ᠰᠤᠳᠤᠯᠬᠤ ᠂ ᠪᠠᠢᠴᠠᠭᠠᠨ ᠦᠵᠡᠵᠦ ᠴᠡᠭᠴᠡᠯᠡᠨ ᠵᠠᠰᠠᠬᠤ ᠲᠠᠢ ᠤᠶᠠᠯᠳᠤᠭᠤᠯᠤᠨ ᠂ 26 ᠠᠰᠠᠭᠤᠳᠠᠯ ᠢ᠋ ᠲᠤᠬᠠᠢ ᠶ᠋ᠢᠨ ᠲᠠᠯᠠᠪᠤᠷ ᠲᠤ᠌ ᠰᠤᠳᠤᠯᠤᠨ ᠰᠢᠢᠳᠪᠦᠷᠢᠯᠡᠵᠦ ᠂ 4 ᠲᠤᠰᠬᠠᠶ ᠴᠡᠭᠴᠡᠯᠡᠨ ᠵᠠᠰᠠᠬᠤ ᠲᠥᠰᠦᠯ ᠢ ᠨᠡᠢᠲᠡᠯᠡᠨ ᠬᠡᠷᠡᠭᠵᠢᠭᠦᠯᠵᠦ ᠂ 14 ᠵᠦᠢᠯ ᠦᠨ ᠲᠦᠷᠢᠮ ᠲᠣᠭᠲᠠᠭᠠᠯ ᠢ ᠲᠣᠭᠲᠠᠭᠠᠪᠠ ᠃《ᠠᠵᠢᠯ ᠤᠨ ᠪᠠᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠬᠦ》 ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠯ᠎ᠡ ᠨᠠᠮ ᠤ᠋ᠨ ᠡᠭᠦᠷ ᠨᠢ ᠠᠵᠢᠯ ᠤ᠋ᠨ ᠪᠠᠢᠷᠢ ᠳ᠋ᠠᠭᠠᠨ ᠪᠠᠢᠭ᠎ᠠ ᠨᠠᠮ ᠤ᠋ᠨ ᠭᠡᠰᠢᠭᠦᠳ ᠨᠡᠢᠭᠡᠮ ᠲᠣᠭᠣᠷᠢᠭ ᠲᠤ᠌ ᠣᠴᠢᠬᠤ᠂ ᠰᠠᠢᠨ ᠳᠤᠷ ᠠ ᠠᠴᠠ ᠪᠠᠨ ᠦᠢᠯᠡᠴᠢᠯᠡᠬᠦ᠂ ᠰᠤᠷᠪᠤᠯᠵᠢᠯᠠᠨ ᠲᠣᠬᠣᠨᠢᠭᠤᠯᠬᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠢᠬᠦ ᠂ ᠨᠥᠬᠥᠷᠯᠡᠯ ᠬᠠᠮᠲᠤᠪᠠᠷ ᠪᠠᠢᠭᠤᠯᠬᠤ ᠵᠡᠷᠭᠡ ᠠᠷᠭ᠎ᠠ ᠮᠠᠶᠢᠭ ᠢ᠋ᠶ᠋ᠠᠷ ᠳᠠᠮᠵᠢᠭᠤᠯᠤᠨ ᠣᠯᠠᠨ ᠲᠦᠮᠡᠨ ᠳ᠋ᠦ᠍ 70 ᠭᠠᠷᠤᠢ ᠪᠣᠳᠠᠲᠤ ᠶᠠᠪᠤᠳᠠᠯ ᠬᠢᠵᠦ ᠥᠭᠴᠦ ᠂ ᠰᠤᠷᠤᠯᠴᠠᠭᠰᠠᠨ ᠦᠷ᠎ᠡ ᠪᠦᠲᠦᠭᠡᠯ ᠢ᠋ᠶ᠋ᠡᠨ ᠦᠨᠡᠨᠬᠦ ᠪᠣᠳᠠᠲᠤ ᠠᠮᠵᠢᠯᠲᠠ ᠪᠦᠲᠦᠮᠵᠢ ᠡᠭᠦᠳᠦᠨ ᠂ ᠪᠣᠳᠠᠲᠤ ᠶᠠᠪᠤᠳᠠᠯ ᠪᠦᠲᠦᠭᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠪᠠ ᠃
ᠳᠠᠷᠠᠭᠠᠴᠢ ᠶᠢᠨ ᠠᠯᠬᠤᠮ ᠳᠤ ᠂ ᠣᠷᠳᠣᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠲᠤᠷᠰᠢᠯᠭ᠎ᠠ ᠪᠠᠨ ᠤᠯᠠᠮ ᠨᠢᠭᠡ ᠠᠯᠬᠤᠮ ᠳ᠋ᠦᠩᠨᠡᠵᠦ ᠂ ᠵᠠᠮ ᠨᠡᠭᠡᠭᠡᠨ ᠰᠢᠨ᠎ᠠ ᠶᠢ ᠡᠭᠦᠳᠴᠦ ᠂ 《 ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ ᠂ ᠦᠢᠯᠡᠳᠦᠯᠭᠡ ᠶᠢ ᠴᠢᠬᠤᠯᠠᠴᠢᠯᠠᠬᠤ ᠂ ᠰᠢᠨ᠎ᠡ ᠭᠠᠪᠢᠶ᠎ᠠ ᠪᠠᠢᠭᠤᠯᠬᠤ 》 ᠱᠠᠭᠠᠷᠳᠠᠯᠭ᠎ᠠ ᠶᠢᠨ ᠲᠣᠭᠣᠷᠢᠨ ᠳᠤ ᠂ ᠣᠯᠠᠨ ᠡᠰᠢᠲᠦ ᠰᠤᠷᠤᠯᠴᠠᠬᠤ ᠠᠷᠭ᠎ᠠ ᠬᠡᠮᠵᠢᠶ ᠡ ᠶᠢ ᠪᠠᠶᠠᠯᠢᠭᠵᠢᠭᠤᠯᠵᠤ ᠂ ᠰᠤᠷᠤᠯᠭ᠎ᠠ ᠶ᠋ᠢᠨ ᠬᠡᠷᠡᠭᠯᠡᠯᠲᠡ ᠶ᠋ᠢ ᠤᠶᠠᠯᠳᠤᠭᠤᠯᠬᠤ ᠠᠵᠢᠯ ᠢ᠋ ᠰᠠᠢᠲᠤᠷ ᠬᠢᠵᠦ ᠂ ᠨᠠᠮ ᠤᠨ ᠭᠡᠰᠢᠭᠦᠨ ᠤᠳᠤᠷᠢᠳᠬᠤ ᠺᠠᠳ᠋ᠷ ᠂ ᠪᠥᠬᠥ ᠺᠠᠳ᠋ᠷ ᠴᠠᠭᠳᠠᠭ᠎ᠠ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠷᠢ ᠲᠦᠪᠰᠢᠨ ᠪᠠ ᠲᠤᠰᠬᠠᠶ ᠠᠵᠢᠯ ᠤᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ ᠂ ᠠᠵᠢᠯ ᠤᠨ ᠨᠠᠢᠳᠠᠪᠤᠷᠢᠵᠢᠭᠤᠯᠤᠯᠲᠠ ᠶᠢᠨ ᠤᠯᠤᠰ ᠲᠥᠷᠥ ᠶᠢᠨ ᠤᠬᠠᠮᠰᠠᠷ ᠂ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠢ ᠴᠢᠩᠭᠠᠳᠬᠠᠵᠤ ᠂ ᠭᠣᠣᠯ ᠰᠡᠳᠦᠪᠲᠦ ᠰᠤᠷᠭᠠᠨ ᠬᠥᠮᠦᠵᠢᠯ ᠦᠨ ᠣᠨᠣᠯ ᠤᠨ ᠰᠤᠷᠤᠯᠴᠠᠯᠭ᠎ᠠ ᠶᠢᠨ ᠠᠵᠢᠯ ᠢ ᠦᠨᠡᠨᠬᠦ ᠴᠢᠩᠭ᠎ᠠ ᠠᠳᠬᠤᠵᠤ ᠪᠣᠳᠠᠲᠠᠶ ᠦᠷ᠎ᠡ ᠪᠦᠲᠦᠮᠵᠢ ᠭᠠᠷᠭᠠᠵᠤ ᠂ ᠰᠢᠯᠢᠳᠡᠭ ᠬᠢᠷᠢ ᠪᠦᠲᠦᠮᠵᠢ ᠪᠡᠷ ᠮᠠᠨ ᠤ ᠬᠣᠲᠠ ᠶᠢᠨ ᠠᠵᠤ ᠠᠬᠤᠶ ᠨᠡᠢᠭᠡᠮ ᠦ᠋ᠨ ᠥᠨᠳᠥᠷ ᠴᠢᠨᠠᠷ ᠰᠠᠢᠲᠠᠶ ᠬᠥᠭᠵᠢᠯᠲᠡ ᠳᠦ ᠬᠦᠴᠦᠲᠡᠶ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠨ᠎ᠠ ᠃
ᠦᠨᠡᠯᠡᠬᠦ 0ᠦᠨᠡᠯᠡᠯᠲᠡ᠎ᠲᠠᠢ