ᠪᠠᠢᠴᠠᠭᠠᠨ ᠰᠤᠳᠤᠯᠤᠯᠲᠠ ᠬᠢᠬᠦ ᠪᠣᠯ ᠠᠵᠢᠯ ᠬᠢᠬᠦ ᠶ᠋ᠢᠨ ᠰᠠᠭᠤᠷᠢ ᠂ ᠵᠣᠷᠢᠭᠲᠠᠢ ᠪᠠᠷ ᠰᠠᠢᠨ ᠬᠢᠬᠦ ᠶᠢᠨ ᠶᠣᠰᠣ ᠮᠥᠨ᠃ ᠣᠯᠠᠨ ᠡᠰᠢᠴᠢᠯᠡᠭᠰᠡᠨ ᠵᠢᠭᠤᠷᠠᠯᠳᠤᠭᠠᠨ ᠢ ᠰᠢᠢᠳᠪᠦᠷᠢᠯᠡᠬᠦ ᠂ ᠲᠦᠷᠭᠡᠨ ᠲᠠᠰᠤᠯᠬᠤ ᠠᠵᠢᠯ ᠤ᠋ᠨ ᠦᠷ᠎ᠡ ᠪᠦᠲᠦᠮᠵᠢ ᠶ᠋ᠢ ᠤᠯᠠᠮ ᠨᠢᠭᠡ ᠠᠯᠬᠤᠮ ᠪᠠᠳᠠᠷᠠᠭᠤᠯᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠣᠯᠠᠨ ᠡᠰᠢᠲᠦ ᠵᠢᠭᠤᠷᠠᠯᠳᠤᠭᠠᠨ᠂ ᠲᠦᠷᠭᠡᠨ ᠰᠢᠭᠦᠯᠲᠡ ᠶ᠋ᠢᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠲᠦᠯᠬᠢᠨ ᠠᠬᠢᠭᠤᠯᠬᠤ ᠶ᠋ᠢᠨ ᠲᠥᠯᠥᠭᠡ ᠂ 10 ᠰᠠᠷ᠎ᠠ ᠶ᠋ᠢᠨ 19 ᠦ᠌ ᠡᠳᠦᠷ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ᠂ ᠳᠡᠳ᠋ ᠳᠠᠷᠤᠭ᠎ᠠ ᠯᠢ ᠵᠢᠩ ᠭᠦᠸᠧ ᠵᠢᠴᠢ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠡᠷᠡᠭ ᠪᠣᠯᠭᠠᠨ ᠳᠠᠩᠰᠠᠯᠠᠬᠤ ᠲᠢᠩᠬᠢᠮ ᠦ᠋ᠨ ᠬᠠᠷᠢᠭᠤᠴᠠᠯᠭᠠᠲᠠᠨ ᠰᠢᠦᠸᠠᠢ ᠴᠦᠨ ᠮᠧᠢ ᠂ ᠰᠢᠭᠦᠬᠦ ᠦᠢᠯᠡᠴᠢᠯᠡᠭᠡᠨ ᠦ᠌ ᠪᠠᠲᠤᠯᠠᠭ᠎ᠠ ᠶ᠋ᠢᠨ ᠲᠥᠪ ᠦ᠋ᠨ ᠡᠷᠬᠢᠯᠡᠭᠴᠢ ᠳ᠋ᠤᠸᠠᠨ ᠰᠢᠶᠣᠤ ᠵᠢᠩ ᠵᠡᠷᠭᠡ 5 ᠬᠥᠮᠦᠨ 《 ᠤᠯᠠᠨ ᠡᠰᠢᠴᠢᠯᠡᠭᠰᠡᠨ ᠵᠢᠭᠤᠷᠠᠯᠳᠤᠭᠠᠨ ᠢ ᠰᠢᠢᠳᠪᠦᠷᠢᠯᠡᠬᠦ + ᠲᠦᠷᠭᠡᠨ ᠲᠠᠰᠤᠯᠬᠤ ᠲᠦᠷᠭᠡᠨ ᠰᠢᠭᠦᠬᠦ 》ᠠᠵᠢᠯ ᠢ᠋ ᠲᠡᠭᠦᠯᠳᠡᠷᠵᠢᠭᠦᠯᠬᠦ ᠲᠤᠬᠠᠶ ᠦᠦᠰᠢᠨ ᠬᠣᠰᠢᠭᠤᠨ ᠤ ᠰᠢᠭᠦᠬᠦ ᠬᠣᠷᠢᠶᠠᠨ ᠳᠤ ᠬᠦᠷᠴᠦ ᠲᠤᠬᠠᠶ ᠶᠢᠨ ᠭᠠᠵᠠᠷ ᠲᠤᠨᠢ ᠪᠠᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠢᠪᠠ ᠃
ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠦᠦᠰᠢᠨ ᠬᠤᠰᠢᠭᠤᠨ ᠤ᠋ ᠰᠢᠭᠦᠬᠦ ᠬᠣᠷᠢᠶ᠎ᠠ ᠶ᠋ᠢᠨ ᠨᠢᠭᠡ ᠥᠷᠲᠡᠭᠡᠨ ᠦ᠌ ᠮᠠᠶᠢᠭ ᠤ᠋ᠨ ᠵᠠᠷᠭᠤ ᠶ᠋ᠢᠨ ᠦᠢᠯᠡᠴᠢᠯᠡᠭᠡᠨ ᠦ᠌ ᠲᠢᠩᠬᠢᠮ ᠂ ᠣᠨᠴᠠᠯᠢᠭᠲᠤ ᠡᠶᠡᠳᠡᠭᠦᠯᠬᠦ ᠲᠠᠰᠤᠭ ᠂ ᠨᠠᠮ ᠤ᠋ᠨ ᠬᠣᠷᠢᠶ᠎ᠠ ᠶ᠋ᠢᠨ ᠲᠡᠦᠬᠡ ᠶ᠋ᠢᠨ ᠣᠷᠳᠣᠨ ᠵᠡᠷᠭᠡ ᠠᠵᠢᠯᠯᠠᠬᠤ ᠲᠠᠯᠠᠪᠤᠷ ᠢ᠋ᠶ᠋ᠠᠷ ᠲᠣᠭᠣᠷᠢᠨ ᠦᠵᠡᠵᠦ ᠂ ᠦᠦᠰᠢᠨ ᠬᠤᠰᠢᠭᠤᠨ ᠤ᠋ ᠰᠢᠭᠦᠬᠦ ᠬᠣᠷᠢᠶ᠎ᠠ ᠶ᠋ᠢᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠴᠢᠯᠡᠭᠰᠡᠨ ᠵᠢᠭᠤᠷᠠᠯᠳᠤᠭᠠᠨ ᠢ ᠰᠢᠢᠳᠪᠦᠷᠢᠯᠡᠬᠦ᠂ ᠠᠷᠠᠳ ᠲᠤ᠌ ᠳᠥᠭᠥᠮ ᠦᠵᠡᠭᠦᠯᠬᠦ ᠠᠷᠭ᠎ᠠ ᠬᠡᠮᠵᠢᠶ᠎ᠡ ᠵᠡᠷᠭᠡ ᠡᠯ᠎ᠡ ᠲᠥᠷᠥᠯ ᠦ᠋ᠨ ᠠᠵᠢᠯ ᠢ᠋ ᠥᠷᠨᠢᠭᠦᠯᠦᠭᠰᠡᠨ ᠪᠠ ᠰᠢᠨ᠎ᠡ ᠶ᠋ᠢ ᠡᠭᠦᠳᠦᠭᠰᠡᠨ ᠪᠠᠢᠳᠠᠯ ᠢ᠋ ᠨᠠᠷᠢᠨ ᠣᠢᠯᠠᠭᠠᠪᠠ ᠃
ᠶᠠᠷᠢᠯᠴᠠᠬᠤ ᠬᠤᠷᠠᠯ ᠳᠡᠭᠡᠷ᠎ᠡ ᠂ ᠦᠦᠰᠢᠨ ᠬᠤᠰᠢᠭᠤᠨ ᠤ᠋ ᠰᠢᠭᠦᠬᠦ ᠬᠣᠷᠢᠶ᠎ᠠ ᠨᠢ ᠨᠢᠭᠡ ᠥᠷᠲᠡᠭᠡ ᠮᠠᠶᠢᠭ ᠤ᠋ᠨ ᠣᠯᠠᠨ ᠡᠰᠢᠴᠢᠯᠡᠭᠰᠡᠨ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶ᠋ᠢᠨ ᠪᠠᠢᠭᠤᠯᠤᠯᠲᠠ ᠶ᠋ᠢᠨ ᠠᠵᠢᠯ ᠤ᠋ᠨ ᠦᠨᠳᠦᠰᠦᠨ ᠪᠠᠢᠳᠠᠯ ᠂ ᠣᠳᠣᠬᠠᠨ ᠤ᠋ ᠲᠦᠷᠭᠡᠨ ᠲᠠᠰᠤᠯᠬᠤ ᠲᠦᠷᠭᠡᠨ ᠰᠢᠭᠦᠬᠦ ᠠᠵᠢᠯ ᠤ᠋ᠨ ᠦᠷ᠎ᠡ ᠪᠦᠲᠦᠮᠵᠢ ᠵᠢᠴᠢ ᠲᠤᠯᠭᠠᠷᠠᠵᠤ ᠪᠠᠢᠭ᠎ᠠ ᠠᠰᠠᠭᠤᠳᠠᠯ ᠢ᠋ ᠨᠠᠷᠢᠨ ᠲᠠᠨᠢᠯᠴᠠᠭᠤᠯᠪᠠ ᠃ ᠪᠠᠢᠴᠠᠭᠠᠨ ᠰᠤᠳᠤᠯᠬᠤ ᠳᠤᠭᠤᠢᠯᠠᠩ᠂ ᠦᠦᠰᠢᠨ ᠬᠤᠰᠢᠭᠤᠨ ᠤ᠋ ᠰᠢᠭᠦᠬᠦ ᠬᠣᠷᠢᠶ᠎ᠠ ᠶ᠋ᠢᠨ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠂ ᠨᠢᠭᠡ ᠥᠷᠲᠡᠭᠡᠨ ᠦ᠌ ᠮᠠᠶᠢᠭ ᠤ᠋ᠨ ᠪᠦᠲᠦᠭᠡᠨ ᠪᠠᠢᠭᠤᠯᠤᠯᠲᠠ ᠶ᠋ᠢ ᠠᠬᠢᠭᠤᠯᠬᠤ ᠠᠵᠢᠯ ᠤ᠋ᠨ ᠳᠤᠮᠳᠠ ᠣᠯᠤᠭᠰᠠᠨ ᠠᠮᠵᠢᠯᠲᠠ ᠶ᠋ᠢ ᠭᠦᠢᠴᠡᠳ ᠨᠤᠲᠠᠯᠠᠵᠤ ᠂ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠂ ᠣᠯᠠᠨ ᠡᠰᠢᠴᠢᠯᠡᠭᠰᠡᠨ ᠵᠢᠭᠤᠷᠠᠯᠳᠤᠭᠠᠨ ᠢ ᠰᠢᠢᠳᠪᠦᠷᠢᠯᠡᠬᠦ ᠂ ᠪᠤᠳᠤᠯᠢᠶᠠᠨᠲᠠᠢ ᠢ᠋ ᠠᠪᠰᠠᠷᠬᠠᠨ ᠰᠠᠯᠭᠠᠬᠤ ᠂ ᠲᠦᠷᠭᠡᠨ ᠲᠠᠰᠤᠯᠬᠤ ᠲᠦᠷᠭᠡᠨ ᠰᠢᠭᠦᠬᠦ ᠂ ᠠᠵᠢᠯᠲᠠᠨ ᠤ᠋ ᠪᠦᠷᠢᠯᠳᠦᠯ ᠵᠡᠷᠭᠡ ᠲᠠᠯ᠎ᠠ ᠪᠠᠷ ᠰᠠᠨᠠᠯ ᠢ᠋ᠶ᠋ᠠᠨ ᠰᠣᠯᠢᠯᠴᠠᠵᠤ ᠂ ᠤᠯᠤᠰ ᠲᠥᠷᠥ ᠶ᠋ᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠦᠢᠯᠡᠴᠢᠯᠡᠬᠦ ᠤᠬᠠᠮᠰᠠᠷ ᠢ᠋ᠶ᠋ᠠᠨ ᠪᠦᠬᠦ ᠲᠠᠯ᠎ᠠ ᠪᠠᠷ ᠴᠢᠩᠭᠠᠳᠬᠠᠵᠤ ᠂ ᠨᠢᠭᠡ ᠥᠷᠲᠡᠭᠡ ᠮᠠᠶᠢᠭ ᠤ᠋ᠨ ᠣᠯᠠᠨ ᠡᠰᠢᠴᠢᠯᠡᠭᠰᠡᠨ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶ᠋ᠢᠨ ᠪᠠᠢᠭᠤᠯᠤᠯᠲᠠ ᠶ᠋ᠢ ᠪᠣᠳᠠᠲᠤ ᠪᠠᠢᠳᠠᠯ ᠳ᠋ᠤ᠌ ᠨᠡᠩ ᠣᠢᠷᠠᠲᠤᠭᠤᠯᠤᠨ ᠂ ᠠᠮᠢᠳᠤᠷᠠᠯ ᠳ᠋ᠤ᠌ ᠣᠢᠷᠠᠲᠤᠭᠤᠯᠵᠤ ᠂ ᠣᠯᠠᠨ ᠲᠦᠮᠡᠨ ᠳ᠋ᠦ᠍ ᠣᠢᠷᠠᠲᠤᠭᠤᠯᠤᠨ ᠂ 《 ᠹᠧᠩ ᠴᠢᠶᠣᠤ ᠶ᠋ᠢᠨ ᠲᠤᠷᠰᠢᠯᠭ᠎ᠠ 》 ᠶ᠋ᠢ ᠨᠠᠢᠳᠠᠪᠤᠷᠢᠵᠢᠭᠤᠯᠤᠨ ᠨᠠᠷᠠᠯᠢᠭ ᠪᠣᠯᠭᠠᠬᠤ ᠶ᠋ᠢ ᠱᠠᠭᠠᠷᠳᠠᠪᠠ ᠃
ᠲᠤᠰ ᠤᠳᠠᠭᠠᠨ ᠤ᠋ ᠪᠠᠢᠴᠠᠭᠠᠨ ᠰᠤᠳᠤᠯᠤᠯᠲᠠ ᠶ᠋ᠢᠨ ᠠᠵᠢᠯ ᠨᠢ ᠦᠦᠰᠢᠨ ᠬᠤᠰᠢᠭᠤᠨ ᠤ᠋ ᠰᠢᠭᠦᠬᠦ ᠬᠣᠷᠢᠶ᠎ᠠ ᠶ᠋ᠢᠨ ᠣᠯᠠᠨ ᠡᠰᠢᠴᠢᠯᠡᠭᠰᠡᠨ ᠵᠢᠭᠤᠷᠠᠯᠳᠤᠭᠠᠨ ᠢ ᠰᠢᠢᠳᠪᠦᠷᠢᠯᠡᠬᠦ ᠂ ᠲᠦᠷᠭᠡᠨ ᠲᠠᠰᠤᠯᠬᠤ ᠲᠦᠷᠭᠡᠨ ᠰᠢᠭᠦᠬᠦ ᠶ᠋ᠢᠨ ᠠᠵᠢᠯ ᠤ᠋ᠨ ᠣᠨᠴᠠᠯᠢᠭ ᠢ᠋ ᠨᠡᠩ ᠪᠣᠳᠠᠲᠠᠢ ᠭᠦᠨᠵᠡᠭᠡᠢ ᠣᠢᠯᠠᠭᠠᠵᠤ ᠂ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠤᠯᠠᠨ ᠡᠰᠢᠴᠢᠯᠡᠭᠰᠡᠨ ᠵᠢᠭᠤᠷᠠᠯᠳᠤᠭᠠᠨ ᠢ ᠰᠢᠢᠳᠪᠦᠷᠢᠯᠡᠬᠦ + ᠲᠦᠷᠭᠡᠨ ᠲᠠᠰᠤᠯᠬᠤ ᠲᠦᠷᠭᠡᠨ ᠰᠢᠭᠦᠬᠦ 》 ᠶ᠋ᠢᠨ ᠠᠵᠢᠯ ᠤ᠋ᠨ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠳ᠋ᠦ᠍ ᠰᠠᠭᠤᠷᠢ ᠶ᠋ᠢ ᠪᠠᠲᠤᠳᠬᠠᠵᠠᠢ ᠃ ᠳᠠᠷᠠᠭᠠᠴᠢ ᠶ᠋ᠢᠨ ᠠᠯᠬᠤᠮ ᠳ᠋ᠤ᠌᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠦᠨᠳᠦᠰᠦᠨ ᠱᠠᠲᠤᠨ ᠤ᠋ ᠰᠢᠭᠦᠬᠦ ᠬᠣᠷᠢᠶ᠎ᠠ ᠲᠠᠢ ᠡᠳᠦᠷ ᠳᠣᠳᠣᠮ ᠤ᠋ᠨ ᠵᠢᠯᠣᠭᠣᠳᠣᠯᠭ᠎ᠠ ᠬᠠᠷᠢᠯᠴᠠᠬᠤ ᠠᠵᠢᠯ ᠢ᠋ᠶ᠋ᠠᠨ ᠤᠯᠠᠮ ᠨᠢᠭᠡ ᠠᠯᠬᠤᠮ ᠴᠢᠩᠭᠠᠳᠬᠠᠵᠤ ᠂ ᠬᠤᠪᠢᠶᠠᠨ ᠡᠶᠡᠳᠡᠭᠦᠯᠬᠦ ᠪᠠ ᠰᠢᠭᠦᠬᠦ ᠲᠣᠭᠲᠠᠴᠠ ᠶ᠋ᠢ ᠲᠠᠰᠤᠷᠠᠯᠲᠠ ᠦᠭᠡᠢ ᠰᠦᠪᠡᠭᠴᠢᠯᠡᠵᠦ ᠂ ᠵᠠᠷᠭᠤᠯᠳᠤᠬᠤ ᠠ᠋ᠴᠠ ᠡᠮᠦᠨ᠎ᠡ ᠡᠶᠡᠳᠡᠭᠦᠯᠬᠦ ᠠᠵᠢᠯ ᠢ᠋ ᠴᠢᠩᠭ᠎ᠠ ᠠᠳᠬᠤᠵᠤ ᠂ ᠵᠠᠷᠭᠤ ᠶ᠋ᠢᠨ ᠪᠤᠰᠤ ᠡᠶᠡᠳᠡᠭᠦᠯᠬᠦ ᠬᠦᠴᠦᠯᠡᠴᠡ ᠪᠡᠨ ᠨᠡᠮᠡᠭᠳᠡᠭᠦᠯᠵᠦ ᠂ ᠨᠢᠭᠡ ᠥᠷᠲᠡᠭᠡ ᠮᠠᠶᠢᠭ ᠤ᠋ᠨ ᠣᠯᠠᠨ ᠡᠰᠢᠴᠢᠯᠡᠭᠰᠡᠨ ᠵᠢᠭᠤᠷᠠᠯᠳᠤᠭᠠᠨ ᠠᠵᠢᠯ ᠢ᠋ ᠳᠠᠬᠢᠨ ᠰᠢᠨ᠎ᠡ ᠳᠡᠭᠲᠡᠷ ᠲᠦ᠍ ᠭᠠᠷᠭᠠᠬᠤ ᠶ᠋ᠢ ᠠᠬᠢᠭᠤᠯᠵᠤ ᠂ ᠤᠯᠠᠨ ᠲᠦᠮᠡᠨ ᠦ ᠡᠷᠬᠡ ᠠᠰᠢᠭ ᠢ ᠬᠠᠮᠠᠭᠠᠯᠠᠬᠤ᠂ ᠨᠡᠢᠭᠡᠮ ᠦᠨ ᠵᠥᠷᠢᠴᠡᠯ ᠢ ᠠᠷᠢᠯᠭᠠᠬᠤ ᠳᠤᠮᠳᠠᠬᠢ ᠠᠷᠠᠳ ᠤᠨ ᠰᠢᠭᠦᠬᠦ ᠬᠣᠷᠢᠶᠠᠨ ᠤ ᠬᠠᠤᠯᠢ ᠴᠠᠭᠠᠵᠠ ᠶᠢᠨ ᠤᠯᠠᠨ ᠨᠡᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠲᠥᠪ ᠭᠣᠣᠯᠴᠢ ᠰᠢᠳᠤᠷᠭᠤ ᠶᠣᠰᠣ ᠶᠢ《 ᠬᠤᠷᠳᠤᠳᠬᠠᠬᠤ 》ᠶ᠋ᠢ ᠪᠣᠢ ᠪᠣᠯᠭᠠᠨ᠎ᠠ ᠃
ᠦᠨᠡᠯᠡᠬᠦ 0ᠦᠨᠡᠯᠡᠯᠲᠡ᠎ᠲᠠᠢ