ᠠᠷᠠᠳ ᠤ᠋ᠨ ᠠᠮᠢᠳᠤᠷᠠᠯ ᠤ᠋ᠨ 《 ᠳᠤᠯᠠᠭᠠᠴᠠ 》 ᠪᠡᠷ ᠭᠣᠣᠯ ᠰᠡᠳᠦᠪᠲᠦ ᠰᠤᠷᠭᠠᠨ ᠬᠥᠮᠦᠵᠢᠯ ᠤ᠋ᠨ 《 ᠭᠦᠨᠴᠡ 》 ᠶ᠋ᠢ ᠰᠢᠯᠭᠠᠨ ᠪᠠᠢᠴᠠᠭᠠᠨ᠎ᠠ
2023.11.13 ᠲᠣᠰ ᠥᠷᠲᠡᠭᠡᠨ᠎ᠦ ᠨᠠᠢᠷᠠᠭᠤᠯᠤᠭᠴᠢ

    ᠭᠣᠣᠯ ᠰᠡᠳᠦᠪᠲᠦ ᠰᠤᠷᠭᠠᠨ ᠬᠥᠮᠦᠵᠢᠯ ᠢ᠋ 《 ᠠᠷᠠᠳ ᠲᠤ᠌ ᠪᠣᠳᠠᠲᠤ ᠶᠠᠪᠤᠳᠠᠯ ᠬᠢᠵᠦ ᠥᠭᠬᠦ 》 ᠲᠡᠢ ᠨᠢᠭᠲᠠ ᠤᠶᠠᠯᠳᠤᠭᠤᠯᠬᠤ ᠶ᠋ᠢ ᠪᠠᠷᠢᠮᠲᠠᠯᠠᠵᠤ ᠂ ᠭᠣᠣᠯ ᠰᠡᠳᠦᠪᠲᠦ ᠰᠤᠷᠭᠠᠨ ᠬᠥᠮᠦᠵᠢᠯ ᠪᠠ ᠭᠣᠣᠯ ᠠᠵᠢᠯ ᠢ᠋ ᠢᠮᠠᠭᠲᠠ ᠬᠠᠮᠲᠤ ᠪᠠᠷ ᠥᠷᠨᠢᠭᠦᠯᠬᠦ ᠶ᠋ᠢ ᠪᠠᠷᠢᠮᠲᠠᠯᠠᠵᠤ ᠂ ᠣᠯᠠᠨ ᠲᠦᠮᠡᠨ ᠦ᠌ ᠬᠡᠷᠡᠭᠴᠡᠭᠡ ᠱᠠᠭᠠᠷᠳᠠᠯᠭ᠎ᠠ ᠶ᠋ᠢ ᠦᠨᠳᠦᠰᠦᠯᠡᠨ ᠂ ᠠᠷᠠᠳ ᠲᠦᠮᠡᠨ ᠦ᠌ ᠬᠠᠨᠤᠮᠵᠢ ᠪᠠᠷ ᠪᠠᠷᠢᠮᠵᠢᠶ᠎ᠠ ᠪᠣᠯᠭᠠᠵᠤ ᠂ ᠣᠨᠣᠪᠴᠢᠲᠠᠢ ᠂ ᠳᠥᠭᠥᠮ ᠲᠦᠳᠡ ᠂ ᠥᠨᠳᠥᠷ ᠦᠷ᠎ᠡ ᠪᠦᠲᠦᠮᠵᠢᠲᠡᠢ ᠨᠢᠭᠡ ᠥᠷᠲᠡᠭᠡᠯᠢᠭ ᠂ ᠣᠳᠣᠬᠢᠴᠢᠯᠠᠭᠰᠠᠨ ᠵᠠᠷᠭᠤ ᠶ᠋ᠢᠨ ᠦᠢᠯᠡᠴᠢᠯᠡᠭᠡᠨ ᠦ᠌ ᠰᠢᠰᠲ᠋ᠧᠮᠵᠢ ᠶ᠋ᠢ ᠪᠠᠢᠭᠤᠯᠵᠤ ᠂ ᠨᠢᠭᠡ ᠥᠷᠲᠡᠭᠡᠨ ᠦ᠌ ᠮᠠᠶᠢᠭ ᠤ᠋ᠨ ᠪᠦᠲᠦᠭᠡᠨ ᠪᠠᠢᠭᠤᠯᠤᠯᠲᠠ ᠶ᠋ᠢᠨ ᠳᠤᠮᠳᠠ ᠣᠯᠠᠨ ᠲᠦᠮᠡᠨ ᠦ᠌ ᠪᠠᠴᠢᠮ ᠲᠤᠯᠭᠠᠮ᠎ᠠ ᠬᠦᠰᠡᠨ ᠱᠠᠭᠠᠷᠳᠠᠵᠤ ᠪᠠᠢᠭ᠎ᠠ ᠠᠰᠠᠭᠤᠳᠠᠯ ᠳ᠋ᠤ᠌ ᠠᠩᠬᠠᠷᠤᠯ ᠢ᠋ᠶ᠋ᠠᠨ ᠲᠥᠪᠯᠡᠷᠡᠭᠦᠯᠦᠨ ᠂ ᠠᠷᠠᠳ ᠣᠯᠠᠨ ᠳ᠋ᠤ᠌ ᠨᠢᠭᠡ ᠬᠤᠪᠢ ᠬᠠᠯᠠᠭᠤᠨ ᠳᠤᠯᠠᠭᠠᠨ ᠂ ᠬᠦᠴᠦᠯᠡᠴᠡ  ᠲᠠᠢ ᠂ ᠭᠦᠨᠴᠡ ᠲᠡᠢ ᠴᠢᠨᠠᠷ ᠰᠠᠢᠲᠠᠢ ᠭᠣᠣᠯ ᠰᠡᠳᠦᠪᠲᠦ ᠰᠤᠷᠭᠠᠨ ᠬᠥᠮᠦᠵᠢᠯ ᠤ᠋ᠨ 《 ᠠᠷᠠᠳ ᠤ᠋ᠨ ᠠᠮᠢᠳᠤᠷᠠᠯ ᠤ᠋ᠨ ᠬᠠᠷᠢᠭᠤᠯᠲᠠ 》 ᠶ᠋ᠢ ᠲᠤᠰᠢᠶᠠᠬᠤ ᠬᠡᠷᠡᠭᠲᠡᠢ ᠃

 

 

     《 ᠠᠷᠠᠳ ᠲᠤ᠌ ᠠᠰᠢᠭ ᠬᠦᠷᠲᠡᠭᠡᠬᠦ 》 ᠶ᠋ᠢ ᠳᠣᠪᠤᠢᠯᠭᠠᠵᠤ

      ᠭᠣᠣᠯ ᠰᠡᠳᠦᠪᠲᠦ ᠬᠥᠮᠦᠵᠢᠯ ᠤ᠋ᠨ 《 ᠨᠠᠷᠢᠯᠢᠭᠴᠠ 》 ᠶ᠋ᠢ ᠪᠠᠲᠤᠯᠠᠨ ᠠ

      ᠣᠯᠠᠨ ᠲᠦᠮᠡᠨ ᠦ᠌ ᠪᠠᠴᠢᠮ ᠵᠣᠪᠠᠭᠤᠷᠢ ᠲᠠᠢ ᠬᠦᠰᠡᠵᠦ ᠪᠠᠢᠭ᠎ᠠ ᠠᠰᠠᠭᠤᠳᠠᠯ ᠳ᠋ᠤ᠌ ᠢᠮᠠᠭᠲᠠ ᠠᠩᠬᠠᠷᠤᠯ ᠢ᠋ᠶ᠋ᠠᠨ ᠲᠥᠪᠯᠡᠷᠡᠭᠦᠯᠵᠦ ᠂ ᠨᠢᠭᠡ ᠥᠷᠲᠡᠭᠡᠴᠢᠯᠡᠭᠰᠡᠨ ᠣᠯᠠᠨ ᠡᠰᠢᠲᠦ ᠵᠥᠷᠢᠴᠡᠯ ᠢ᠋ ᠰᠢᠢᠳᠪᠦᠷᠢᠯᠡᠬᠦ ᠲᠣᠭᠲᠠᠴᠠ ᠶ᠋ᠢᠨ ᠪᠠᠢᠭᠤᠯᠤᠯᠲᠠ ᠶ᠋ᠢᠨ ᠠᠵᠢᠯ ᠢ᠋ ᠬᠦᠴᠦᠯᠡᠨ ᠠᠬᠢᠭᠤᠯᠵᠤ ᠂ ᠵᠠᠷᠭᠤᠯᠳᠤᠬᠤ ᠡᠶᠡᠳᠡᠭᠦᠯᠬᠦ ᠶ᠋ᠢ ᠵᠣᠯᠭᠠᠯᠳᠣᠭᠤᠯᠬᠤ ᠲᠥᠪ ᠢ᠋ ᠪᠠᠢᠭᠤᠯᠵᠤ ᠂ ᠠᠷᠠᠳ ᠤ᠋ᠨ ᠡᠶᠡᠳᠡᠭᠦᠯᠭᠡ ᠂ ᠠᠵᠢᠯ ᠲᠥᠷᠥᠯ ᠤ᠋ᠨ ᠡᠶᠡᠳᠡᠭᠦᠯᠭᠡ ᠂ ᠬᠤᠳᠠᠯᠳᠤᠭᠠᠨ ᠤ᠋ ᠶᠠᠪᠤᠳᠠᠯ ᠤ᠋ᠨ ᠡᠶᠡᠳᠡᠭᠦᠯᠭᠡ ᠵᠡᠷᠭᠡ ᠡᠶᠡᠳᠡᠭᠦᠯᠬᠦ ᠵᠣᠬᠢᠶᠠᠨ ᠪᠠᠢᠭᠤᠯᠤᠯᠲᠠ ᠶ᠋ᠢ ᠲᠡᠳᠡᠨ ᠣᠷᠣᠭᠤᠯᠬᠤ ᠶ᠋ᠢᠨ ᠬᠠᠮᠲᠤ ᠂ 《 ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭᠴᠢ + ᠰᠢᠭᠦᠬᠦ ᠬᠣᠷᠢᠶ᠎ᠠ 》 ᠂ 《 ᠤᠯᠤᠰ ᠲᠥᠷᠥ ᠶ᠋ᠢᠨ ᠵᠥᠪᠯᠡᠯᠭᠡᠨ + ᠰᠢᠭᠦᠬᠦ ᠬᠣᠷᠢᠶ᠎ᠠ 》 ᠶ᠋ᠢᠨ ᠣᠯᠠᠨ ᠡᠰᠢᠲᠦ ᠵᠢᠭᠤᠷᠠᠯᠳᠤᠭᠠᠨ ᠢ᠋ ᠰᠢᠢᠳᠪᠦᠷᠢᠯᠡᠬᠦ ᠠᠵᠢᠯ ᠤ᠋ᠨ ᠵᠠᠭᠪᠤᠷ ᠢ᠋ ᠢᠳᠡᠪᠬᠢᠲᠡᠢ ᠰᠦᠪᠡᠭᠴᠢᠯᠡᠨ ᠲᠦᠰᠢᠭᠯᠡᠵᠦ ᠂ ᠲᠥᠯᠥᠭᠡᠯᠡᠭᠴᠢ ᠭᠡᠰᠢᠭᠦᠳ ᠤ᠋ᠨ ᠠᠷᠠᠳ ᠲᠦᠮᠡᠨ ᠢ᠋ ᠲᠥᠯᠥᠭᠡᠯᠡᠬᠦ ᠂ ᠨᠢᠭᠲᠠ ᠬᠠᠷᠢᠯᠴᠠᠬᠤ ᠂ ᠬᠠᠤᠯᠢ ᠶᠣᠰᠣᠭᠠᠷ ᠬᠢᠨᠠᠯᠲᠠ ᠲᠠᠯᠪᠢᠬᠤ ᠳᠠᠪᠠᠭᠤᠯᠢᠭ ᠢ᠋ ᠭᠦᠢᠴᠡᠳ ᠪᠠᠳᠠᠷᠠᠭᠤᠯᠵᠤ ᠂ ᠠᠵᠢᠯ ᠤ᠋ᠨ ᠲᠣᠭᠲᠠᠴᠠ ᠶ᠋ᠢᠨ ᠰᠢᠨ᠎ᠡ ᠶ᠋ᠢ ᠡᠭᠦᠳᠴᠦ ᠂ ᠰᠡᠷᠭᠡᠢᠯᠡᠬᠦ ᠪᠡᠷ ᠭᠣᠣᠯ ᠪᠣᠯᠭᠠᠬᠤ ᠂ ᠱᠠᠲᠤ ᠬᠤᠪᠢᠶᠠᠨ ᠠᠬᠢᠭᠤᠯᠬᠤ ᠂ ᠲᠤᠰᠬᠠᠢ ᠠᠵᠢᠯ ᠤ᠋ᠨ ᠪᠠ ᠣᠯᠠᠨ ᠲᠦᠮᠡᠨ ᠢ᠋ ᠤᠶᠠᠯᠳᠤᠭᠤᠯᠬᠤ ᠂ ᠵᠠᠭᠠᠯᠳᠤᠬᠤ ᠪᠠ ᠬᠠᠤᠯᠢ ᠪᠤᠰᠤ ᠪᠠᠷ ᠬᠣᠯᠪᠣᠭᠠᠯᠠᠬᠤ ᠪᠦᠬᠦ ᠬᠦᠷᠢᠶ᠎ᠡ ᠬᠡᠪᠴᠢᠶ᠎ᠡ ᠂ ᠪᠥᠬᠥ ᠲᠠᠯ᠎ᠠ ᠶ᠋ᠢᠨ ᠢᠷᠭᠡᠨ ᠦ᠌ ᠬᠡᠷᠡᠭ ᠪᠠ ᠬᠤᠳᠠᠯᠳᠤᠭᠠᠨ ᠤ᠋ ᠶᠠᠪᠤᠳᠠᠯ ᠤ᠋ᠨ ᠵᠢᠭᠤᠷᠠᠯᠳᠤᠭᠠᠨ ᠢ᠋ ᠣᠯᠠᠨ ᠡᠰᠢᠴᠢᠯᠡᠨ ᠠᠷᠢᠯᠭᠠᠬᠤ ᠲᠣᠭᠲᠠᠴᠠ ᠶ᠋ᠢᠨ ᠰᠢᠰᠲ᠋ᠧᠮ ᠢ᠋ ᠬᠦᠴᠦᠯᠡᠨ ᠪᠠᠢᠭᠤᠯᠵᠤ ᠂ ᠵᠠᠷᠭᠤ ᠶ᠋ᠢᠨ ᠢᠷᠡᠯᠲᠡ ᠶ᠋ᠢ ᠵᠠᠰᠠᠬᠤ ᠦᠷ᠎ᠡ ᠪᠦᠲᠦᠮᠵᠢ ᠶ᠋ᠢ ᠦᠷᠭᠦᠯᠵᠢᠯᠡᠨ ᠭᠦᠨᠵᠡᠭᠡᠢᠷᠡᠭᠦᠯᠦᠨ᠎ᠡ ᠃ ᠣᠳᠣᠬᠠᠨ ᠪᠣᠯᠲᠠᠯ᠎ᠠ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠨᠡᠢᠲᠡ 10 ᠵᠠᠷᠭᠤ ᠡᠶᠡᠳᠡᠭᠦᠯᠬᠦ ᠶ᠋ᠢ ᠵᠣᠯᠭᠠᠯᠳᠣᠭᠤᠯᠬᠤ ᠲᠥᠪ ᠢ᠋ ᠪᠠᠢᠭᠤᠯᠵᠤ ᠂ 128 ᠡᠶᠡᠳᠡᠭᠦᠯᠬᠦ ᠵᠣᠬᠢᠶᠠᠨ ᠪᠠᠢᠭᠤᠯᠤᠯᠲᠠ ᠂ 396 ᠠᠷᠠᠳ ᠤ᠋ᠨ ᠡᠶᠡᠳᠡᠭᠦᠯᠦᠭᠴᠢ ᠶ᠋ᠢ ᠨᠢᠭᠡ ᠴᠣᠭᠴᠠᠵᠢᠭᠤᠯᠤᠭᠰᠠᠨ ᠵᠢᠭᠤᠷᠠᠯᠳᠤᠭᠠᠨ ᠢ᠋ ᠣᠯᠠᠨ ᠡᠰᠢᠵᠢᠭᠦᠯᠦᠨ ᠰᠢᠢᠳᠪᠦᠷᠢᠯᠡᠬᠦ ᠲᠣᠮᠣ ᠲᠠᠪᠴᠠᠩ ᠢ᠋ ᠪᠦᠷᠢᠯᠳᠦᠭᠦᠯᠵᠦ ᠂ 2023 ᠣᠨ ᠤ᠋ 9 ᠰᠠᠷ᠎ᠠ ᠪᠣᠯᠲᠠᠯ᠎ᠠ ᠂ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠵᠠᠷᠭᠤᠯᠳᠤᠬᠤ ᠠ᠋ᠴᠠ ᠡᠮᠦᠨ᠎ᠡ ᠡᠶᠡᠳᠡᠭᠦᠯᠬᠦ ᠬᠡᠷᠡᠭ 23833 ᠂ 19104 ᠶ᠋ᠢ ᠡᠶᠡᠳᠡᠭᠦᠯᠦᠨ ᠰᠢᠢᠳᠪᠦᠷᠢᠯᠡᠵᠦ ᠂ ᠵᠠᠷᠭᠤᠯᠳᠤᠬᠤ ᠠ᠋ᠴᠠ ᠡᠮᠦᠨ᠎ᠡ ᠡᠶᠡᠳᠡᠭᠦᠯᠦᠭᠰᠡᠨ ᠨᠣᠷᠮ᠎ᠠ ᠨᠢ 80.16 % ᠳ᠋ᠤ᠌ ᠬᠦᠷᠴᠡᠢ ᠃ ᠵᠠᠷᠭᠤ ᠠ᠋ᠴᠠ ᠡᠮᠦᠨ᠎ᠡ ᠡᠶᠡᠳᠡᠭᠦᠯᠬᠦ ᠳ᠋ᠦ᠍ ᠳᠤᠮᠳᠠᠴᠢ ᠪᠠᠷ 10.58 ᠡᠳᠦᠷ ᠬᠡᠷᠡᠭᠯᠡᠵᠦ ᠂ ᠰᠦᠯᠵᠢᠶᠡᠨ ᠳᠡᠭᠡᠷ᠎ᠡ ᠬᠠᠤᠯᠢ ᠴᠠᠭᠠᠵᠠ ᠪᠠᠷ ᠨᠤᠲᠠᠯᠠᠭᠤᠯᠤᠭᠰᠠᠨ ᠬᠡᠷᠡᠭ 1920 ᠪᠠᠢᠵᠤ ᠂ ᠲᠤᠬᠠᠢ ᠶ᠋ᠢᠨ ᠬᠥᠮᠦᠨ ᠦ᠌ ᠵᠠᠷᠭᠤ ᠶ᠋ᠢᠨ ᠰᠦᠢᠳᠬᠡᠯ ᠢ᠋ ᠨᠡᠢᠲᠡ 493 ᠲᠦᠮᠡᠨ ᠲᠥᠭᠥᠷᠢᠭ ᠠᠷᠪᠢᠯᠠᠭᠰᠠᠨ ᠪᠥᠭᠡᠳ ᠵᠠᠷᠭᠤ ᠠ᠋ᠴᠠ ᠡᠮᠦᠨ᠎ᠡ ᠡᠶᠡᠳᠡᠭᠦᠯᠬᠦ ᠠᠵᠢᠯ ᠳᠣᠪᠣᠢᠮ᠎ᠠ ᠠᠮᠵᠢᠯᠲᠠ ᠣᠯᠪᠠ ᠃

     《 ᠠᠷᠠᠳ ᠲᠤ᠌ ᠠᠰᠢᠭᠲᠠᠢ 》 ᠪᠠᠢᠬᠤ ᠶ᠋ᠢ ᠳᠣᠪᠤᠢᠯᠭᠠᠵᠤ

    ᠭᠣᠣᠯ ᠰᠡᠳᠦᠪᠲᠦ ᠬᠥᠮᠦᠵᠢᠯ ᠤ᠋ᠨ 《 ᠡᠷᠴᠢᠮ 》 ᠢ᠋  ᠪᠠᠲᠤᠯᠠᠨ᠎ᠠ

     2022 ᠣᠨ ᠤ᠋ ᠡᠬᠢᠨ ᠳ᠋ᠦ᠍ ᠂ ᠣᠷᠳᠣᠰ ᠬᠣᠲᠠ ᠶ᠋ᠢᠨ ᠰᠢᠭᠦᠬᠦ ᠬᠣᠷᠢᠶ᠎ᠠ 《 ᠭᠤᠷᠪᠠᠨ ᠦᠵᠦᠭᠦᠷ ᠲᠠᠪᠤᠨ ᠰᠡᠷᠭᠡᠢᠯᠡᠯᠲᠡ ᠶ᠋ᠢᠨ ᠱᠤᠭᠤᠮ 》  ᠤ᠋ᠨ ᠵᠠᠷᠭᠤᠯᠳᠤᠬᠤ ᠡᠬᠢ ᠶ᠋ᠢ ᠵᠠᠰᠠᠬᠤ ᠵᠠᠭᠪᠤᠷ ᠢ᠋ ᠳᠤᠷᠠᠳᠤᠨ ᠭᠠᠷᠭᠠᠵᠤ ᠂ ᠨᠢᠭᠡ ᠵᠢᠯ ᠤ᠋ᠨ ᠠᠵᠢᠯᠯᠠᠭᠤᠯᠬᠤ ᠪᠠᠷ ᠳᠠᠮᠵᠢᠨ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠰᠢᠭᠦᠨ ᠲᠠᠰᠤᠯᠤᠯᠲᠠ ᠶ᠋ᠢᠨ ᠴᠢᠨᠠᠷ ᠴᠢᠨᠰᠠᠭ᠎ᠠ ᠯᠠᠪᠳᠠᠭᠤᠨ ᠢ᠋ᠶ᠋ᠠᠷ ᠳᠡᠭᠡᠭᠰᠢᠯᠡᠵᠦ ᠂ 2023 ᠣᠨ ᠳ᠋ᠤ᠌ ᠵᠠᠷᠭᠤ ᠶ᠋ᠢᠨ ᠡᠬᠢ ᠰᠤᠷᠪᠤᠯᠵᠢ ᠶ᠋ᠢ ᠵᠠᠰᠠᠬᠤ 2.0 ᠬᠡᠪ ᠢ᠋ ᠰᠢᠯᠢᠳᠡᠭᠵᠢᠭᠦᠯᠦᠨ ᠳᠡᠰ ᠳᠡᠪᠰᠢᠭᠦᠯᠵᠦ ᠂ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠶ᠋ᠢᠨ 《 ᠣᠯᠠᠨ  ᠤᠯᠠᠨ ᠦᠨᠡᠯᠡᠵᠦ ᠂ ᠺᠣᠳ᠋  ᠪᠡᠷ ᠡᠶᠡᠳᠡᠭᠦᠯᠬᠦ 》 ᠵᠠᠭᠠᠯᠳᠤᠯᠭ᠎ᠠ ᠶ᠋ᠢᠨ ᠡᠬᠢ ᠰᠤᠷᠪᠤᠯᠵᠢ ᠶ᠋ᠢ ᠵᠠᠰᠠᠬᠤ ᠦᠢᠯᠡᠴᠢᠯᠡᠭᠡᠨ ᠦ᠌ ᠲᠠᠪᠴᠠᠩ ᠢ᠋ ᠪᠡᠶ᠎ᠡ ᠪᠡᠨ ᠳᠠᠭᠠᠭᠠᠵᠤ ᠰᠢᠨ᠎ᠡ ᠶ᠋ᠢ ᠡᠭᠦᠳᠴᠦ ᠂ ᠵᠠᠷᠭᠤ ᠶ᠋ᠢᠨ ᠡᠬᠢ ᠰᠤᠷᠪᠤᠯᠵᠢ ᠶ᠋ᠢ ᠵᠠᠰᠠᠬᠤ ᠶ᠋ᠢ ᠰᠦᠯᠵᠢᠶᠡᠨ ᠡᠴᠡ ᠭᠠᠳᠠᠨ᠎ᠠ ᠰᠦᠯᠵᠢᠶᠡᠨ ᠡᠴᠡ ᠳᠣᠷᠣᠭᠰᠢ ᠰᠢᠯᠢᠳᠡᠭᠵᠢᠭᠦᠯᠦᠨ ᠳᠡᠰ ᠳᠡᠪᠰᠢᠭᠦᠯᠬᠦ ᠂ ᠠᠭᠤᠰᠤᠯᠴᠠᠨ ᠬᠥᠭᠵᠢᠬᠦ ᠶ᠋ᠢ ᠠᠬᠢᠭᠤᠯᠵᠤ ᠂ ᠣᠯᠠᠨ ᠲᠦᠮᠡᠨ ᠳ᠋ᠦ᠍ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠬᠤᠪᠢᠷᠠᠯᠲᠠ ᠶ᠋ᠢ ᠦᠨᠡᠨᠬᠦ ᠮᠡᠳᠡᠷᠡᠭᠦᠯᠪᠡ ᠃ 《 ᠬᠡᠮᠵᠢᠶ᠎ᠡ ᠶ᠋ᠢ ᠪᠠᠭᠠᠰᠬᠠᠵᠤ ᠴᠢᠨᠠᠷ ᠢ᠋ ᠳᠡᠭᠡᠭᠰᠢᠯᠡᠭᠦᠯᠬᠦ 》 ᠢᠨᠵᠧᠨᠧᠷᠢᠩ ᠢ᠋ ᠪᠥᠬᠥ ᠲᠠᠯ᠎ᠠ ᠪᠠᠷ ᠬᠡᠷᠡᠭᠵᠢᠭᠦᠯᠬᠦ ᠪᠡᠷ ᠳᠠᠮᠵᠢᠭᠤᠯᠤᠨ ᠂ ᠬᠣᠯᠪᠣᠯᠳᠤᠭᠰᠠᠨ ᠰᠢᠭᠦᠬᠦ ᠲᠢᠩᠬᠢᠮ ᠢ᠋ ᠡᠭᠦᠳᠦᠨ ᠪᠠᠢᠭᠤᠯᠵᠤ ᠂ ᠲᠢᠩᠬᠢᠮ ᠤ᠋ᠨ ᠰᠢᠭᠦᠯᠲᠡ ᠶ᠋ᠢᠨ ᠰᠢᠰᠲ᠋ᠧᠮ ᠂ ᠰᠢᠭᠦᠭᠴᠢ ᠲᠤᠰᠢᠶᠠᠯᠲᠠᠨ ᠤ᠋ ᠠᠯᠪᠠᠨ ᠰᠢᠷᠡᠭᠡᠨ ᠨᠢᠭᠤᠷ ᠤ᠋ᠨ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶ᠋ᠢ ᠪᠡᠶᠡᠯᠡᠭᠦᠯᠵᠦ ᠂ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠠᠴᠢᠶᠠᠯᠠᠪᠤᠷᠢ ᠪᠣᠯᠤᠨ ᠲᠡᠮᠲᠡᠷᠢᠭᠦᠯ ᠢ᠋ᠶ᠋ᠡᠨ ᠬᠠᠮᠤᠭ ᠤ᠋ᠨ ᠦᠨᠳᠦᠰᠦᠨ ᠱᠠᠲᠤᠨ ᠳ᠋ᠤ᠌ ᠦᠨᠡᠨ ᠬᠦ᠌ ᠦᠷᠭᠦᠯᠵᠢᠯᠡᠭᠦᠯᠵᠦ ᠴᠢᠳᠠᠪᠠ ᠃ 2023 ᠣᠨ ᠤ᠋ 1 ︱ 9 ᠰᠠᠷ᠎ᠠ ᠳ᠋ᠤ᠌ ᠂ ᠪᠥᠬᠥ ᠬᠣᠲᠠ ᠶ᠋ᠢᠨ ᠰᠢᠭᠦᠬᠦ ᠬᠣᠷᠢᠶ᠎ᠠ 《 ᠭᠤᠷᠪᠠᠨ ᠦᠵᠦᠭᠦᠷ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠵᠠᠷᠭᠤᠯᠳᠤᠬᠤ ᠡᠬᠢ ᠶ᠋ᠢ ᠵᠠᠰᠠᠬᠤ ᠵᠠᠭᠪᠤᠷ ᠢ᠋ᠶ᠋ᠠᠷ ᠳᠠᠮᠵᠢᠭᠤᠯᠤᠨ 5.1 ᠲᠦᠮᠡ ᠭᠠᠷᠤᠢ ᠵᠥᠷᠢᠴᠡᠯ ᠵᠢᠭᠤᠷᠠᠯᠳᠤᠭᠠᠨ ᠢ᠋ ᠠᠮᠵᠢᠯᠲᠠ ᠲᠠᠢ ᠰᠠᠯᠭᠠᠨ ᠰᠢᠢᠳᠪᠦᠷᠢᠯᠡᠵᠦ ᠂ ᠡᠮᠦᠨᠡᠬᠢ ᠬᠡᠰᠡᠭ ᠲᠤᠨᠢ 2.9 ᠲᠦᠮᠡ ᠭᠠᠷᠤᠢ ᠵᠥᠷᠢᠴᠡᠯ ᠵᠢᠭᠤᠷᠠᠯᠳᠤᠭᠠᠨ ᠢ᠋ ᠨᠢ ᠰᠠᠯᠭᠠᠨ ᠰᠢᠢᠳᠪᠦᠷᠢᠯᠡᠵᠦ ᠂ ᠵᠠᠷᠭᠤ ᠶ᠋ᠢᠨ ᠰᠤᠷᠪᠤᠯᠵᠢ ᠶ᠋ᠢ ᠵᠠᠰᠠᠬᠤ ᠠᠵᠢᠯ ᠤᠯᠠᠮ ᠨᠢᠭᠡ ᠠᠯᠬᠤᠮ ᠦᠷ᠎ᠡ ᠪᠦᠲᠦᠮᠵᠢ ᠣᠯᠵᠠᠢ ᠃

     《 ᠠᠷᠠᠳ ᠲᠤ᠌ ᠳᠥᠭᠥᠮ ᠦᠵᠡᠭᠦᠯᠬᠦ 》 ᠶ᠋ᠢ ᠳᠣᠪᠤᠢᠯᠭᠠᠵᠤ

      ᠭᠣᠣᠯ ᠰᠡᠳᠦᠪᠲᠦ ᠬᠥᠮᠦᠵᠢᠯ ᠤ᠋ᠨ《 ᠭᠦᠨᠴᠡ 》 ᠶ᠋ᠢ ᠪᠠᠲᠤᠯᠠᠨ᠎ᠠ

      ᠡᠷᠴᠢᠮᠵᠢᠭᠦᠯᠦᠭᠰᠡᠨ ᠂ ᠪᠦᠷᠢᠨ ᠦᠵᠡᠭᠳᠡᠯ ᠲᠡᠢ ᠵᠠᠷᠭᠤᠯᠳᠤᠬᠤ ᠦᠢᠯᠡᠴᠢᠯᠡᠭᠡᠨ ᠦ᠌ ᠲᠥᠪ ᠢ᠋ ᠬᠦᠴᠦᠯᠡᠨ ᠪᠠᠢᠭᠤᠯᠵᠤ ᠂ ᠠᠷᠠᠳ ᠣᠯᠠᠨ ᠢ᠋ ᠨᠢᠭᠡ ᠲᠢᠩᠬᠢᠮ ᠳ᠋ᠦ᠍ ᠦᠨᠡᠨᠬᠦ ᠣᠷᠣᠭᠤᠯᠵᠤ ᠂ ᠬᠡᠷᠡᠭ ᠶᠠᠪᠤᠳᠠᠯ ᠢ᠋ ᠪᠦᠷᠢᠨ ᠴᠡᠪᠡᠷᠯᠡᠨ ᠭᠦᠢᠴᠡᠳᠬᠡᠬᠦ ᠶ᠋ᠢ ᠦᠨᠡᠨᠬᠦ ᠪᠡᠶᠡᠯᠡᠭᠦᠯᠦᠨ᠎ᠡ ᠃ 《 ᠳᠣᠲᠣᠭᠠᠳᠤ ᠳ᠋ᠠᠭᠠᠨ ᠬᠠᠤᠯᠢ ᠶ᠋ᠢᠨ ᠲᠤᠰᠢᠶᠠᠯᠲᠠᠨ ᠳ᠋ᠤ ᠦᠢᠯᠡᠴᠢᠯᠡᠨ ᠂ ᠭᠠᠳᠠᠭᠠᠳᠤ ᠳ᠋ᠤ᠌ ᠲᠤᠬᠠᠢ ᠶ᠋ᠢᠨ ᠬᠥᠮᠦᠨ ᠳ᠋ᠦ᠍ ᠦᠢᠯᠡᠴᠢᠯᠡᠬᠦ 》    ᠢ᠋ᠢᠨ 《  ᠬᠣᠣᠰ ᠦᠢᠯᠡᠴᠢᠯᠡᠭᠡᠨ 》   ᠤ᠋ ᠵᠣᠷᠢᠯᠲᠠ ᠶ᠋ᠢ ᠪᠠᠷᠢᠮᠲᠠᠯᠠᠵᠤ ᠂ ᠬᠠᠤᠯᠢ ᠴᠠᠭᠠᠵᠠ ᠶ᠋ᠢᠨ ᠪᠠᠢᠭᠤᠯᠤᠯ ᠤ᠋ᠨ ᠥᠭᠡᠷᠡᠴᠢᠯᠡᠯᠲᠡ ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠦᠨ ᠂ ᠡᠬᠢ ᠪᠠᠶᠠᠯᠢᠭ ᠤ᠋ᠨ ᠲᠣᠬᠢᠷᠠᠭᠤᠯᠤᠯᠲᠠ ᠶ᠋ᠢ ᠰᠢᠯᠢᠳᠡᠭᠵᠢᠭᠦᠯᠵᠦ ᠂ ᠨᠢᠭᠡ ᠥᠷᠲᠡᠭᠡ ᠂ ᠡᠷᠴᠢᠮᠯᠢᠭ ᠂ ᠬᠤᠷᠠᠭᠰᠠᠨ ᠂ ᠰᠦᠯᠵᠢᠶᠡᠨ ᠳᠡᠭᠡᠷ᠎ᠡ ᠂ ᠠᠭᠤᠰᠤᠯᠴᠠᠭᠰᠠᠨ ᠲᠠᠪᠤᠨ ᠵᠠᠩᠭᠢᠯᠠᠭ᠎ᠠ ᠶ᠋ᠢ ᠳᠣᠪᠣᠢᠯᠭᠠᠨ ᠂ ᠲᠤᠰᠠᠯᠠᠮᠵᠢ ᠶ᠋ᠢᠨ ᠴᠢᠨᠠᠷᠲᠠᠢ ᠬᠡᠷᠡᠭ ᠶᠠᠪᠤᠳᠠᠯ ᠢ᠋ ᠰᠢᠭᠦᠨ ᠲᠠᠰᠤᠯᠬᠤ ᠠᠵᠢᠯ ᠢ᠋ ᠴᠥᠮ ᠲᠥᠪᠯᠡᠷᠡᠭᠦᠯᠦᠨ ᠨᠢᠭᠡᠳᠦᠯᠲᠡᠢ ᠬᠠᠮᠢᠶᠠᠷᠴᠤ ᠂ ᠬᠠᠤᠯᠢ ᠶ᠋ᠢᠨ ᠲᠤᠰᠢᠶᠠᠯᠲᠠᠨ ᠤ᠋ ᠳᠠᠷᠤᠭᠠᠰᠤ ᠶ᠋ᠢ ᠬᠥᠩᠭᠡᠯᠡᠬᠦ ᠂ ᠬᠠᠤᠯᠢ ᠴᠠᠭᠠᠵᠠ ᠶ᠋ᠢᠨ ᠦᠷ᠎ᠡ ᠪᠦᠲᠦᠮᠵᠢ ᠶ᠋ᠢᠨ ᠬᠤᠷᠳᠤᠴᠠ ᠶ᠋ᠢ ᠳᠡᠭᠡᠭᠰᠢᠯᠡᠭᠦᠯᠬᠦ ᠬᠠᠷᠠᠯᠲᠠ ᠶ᠋ᠢ ᠪᠡᠶᠡᠯᠡᠭᠦᠯᠪᠡ ᠃ ᠣᠶᠤᠨᠴᠢ ᠵᠠᠷᠭᠤ ᠶ᠋ᠢᠨ ᠦᠢᠯᠡᠴᠢᠯᠡᠭᠡᠨ ᠦ᠌ ᠪᠠᠢᠭᠤᠯᠤᠯᠲᠠ ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠵᠦ ᠂ ᠣᠶᠤᠨᠴᠢ ᠵᠠᠷᠭᠤ ᠶ᠋ᠢᠨ ᠦᠢᠯᠡᠴᠢᠯᠡᠭᠡᠨ ᠦ᠌ ᠲᠢᠩᠬᠢᠮ ᠢ᠋ ᠪᠠᠢᠭᠤᠯᠵᠤ ᠂ ᠲᠤᠬᠠᠢ ᠶ᠋ᠢᠨ ᠬᠥᠮᠦᠨ ᠨᠢ ᠥᠪᠡᠷᠲᠡᠭᠡᠨ ᠦᠢᠯᠡᠴᠢᠯᠡᠬᠦ ᠲᠠᠪᠴᠠᠩ ᠲᠡᠭᠡᠨ ᠵᠠᠷᠭᠤ ᠶ᠋ᠢᠨ ᠲᠦᠭᠰᠢᠭᠦᠷᠢ ᠶ᠋ᠢ ᠦᠨᠡᠯᠡᠬᠦ ᠂ ᠵᠢᠭᠤᠷᠠᠯᠳᠤᠭᠠᠨ ᠢ᠋ ᠡᠶᠡᠳᠡᠭᠦᠯᠬᠦ ᠂ ᠬᠡᠷᠡᠭ ᠪᠣᠯᠭᠠᠨ ᠳᠠᠩᠰᠠᠯᠠᠭᠤᠯᠬᠤ ᠪᠠᠷ ᠭᠤᠶᠤᠴᠢᠯᠠᠬᠤ ᠵᠡᠷᠭᠡ ᠬᠣᠯᠪᠣᠭᠳᠠᠯ ᠪᠦᠬᠦᠢ ᠵᠠᠷᠭᠤ ᠶ᠋ᠢᠨ ᠦᠢᠯᠡᠴᠢᠯᠡᠭᠡ ᠵᠢᠴᠢ ᠵᠥᠪᠯᠡᠯᠭᠡ ᠠᠪᠴᠤ ᠪᠣᠯᠤᠨ᠎ᠠ ᠃ ᠵᠠᠷᠭᠤ ᠶ᠋ᠢᠨ ᠦᠢᠯᠡᠴᠢᠯᠡᠭᠡᠨ ᠦ᠌ ᠪᠥᠬᠥ ᠶᠠᠪᠤᠴᠠ ᠶ᠋ᠢ ᠰᠦᠯᠵᠢᠶ᠎ᠡ ᠪᠡᠷ ᠭᠦᠢᠴᠡᠳᠬᠡᠵᠦ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠠᠷᠠᠳ ᠤ᠋ᠨ ᠰᠢᠭᠦᠬᠦ ᠬᠣᠷᠢᠶᠠᠨ ᠤ᠋ ᠰᠦᠯᠵᠢᠶ᠎ᠡ ᠪᠡᠷ ᠦᠢᠯᠡᠴᠢᠯᠡᠬᠦ ᠂ ᠠᠷᠠᠳ ᠤ᠋ᠨ ᠰᠢᠭᠦᠬᠦ ᠬᠣᠷᠢᠶᠠᠨ ᠤ᠋ ᠡᠶᠡᠳᠡᠭᠦᠯᠬᠦ ᠲᠠᠪᠴᠠᠩ ᠂ ᠠᠷᠠᠳ ᠤ᠋ᠨ ᠰᠢᠭᠦᠬᠦ ᠬᠣᠷᠢᠶᠠᠨ ᠤ᠋ ᠬᠠᠤᠯᠢᠴᠢ ᠶ᠋ᠢᠨ ᠦᠢᠯᠡᠴᠢᠯᠡᠭᠡᠨ ᠦ᠌ ᠲᠠᠪᠴᠠᠩ ᠂ ᠠᠷᠠᠳ ᠤ᠋ᠨ ᠰᠢᠭᠦᠬᠦ ᠬᠣᠷᠢᠶᠠᠨ ᠤ᠋ ᠬᠠᠮᠠᠭᠠᠯᠠᠨ ᠬᠠᠳᠠᠭᠠᠯᠠᠬᠤ ᠰᠢᠰᠲ᠋ᠧᠮ ᠵᠡᠷᠭᠡ ᠳᠣᠯᠣᠭᠠᠨ ᠮᠡᠳᠡᠭᠡ ᠵᠠᠩᠭᠢᠴᠢᠯᠠᠯᠲᠠ ᠶ᠋ᠢᠨ ᠲᠠᠪᠴᠠᠩ ᠢ᠋ ᠨᠢᠭᠡᠳᠦᠯᠲᠡᠢ ᠪᠠᠢᠷᠢᠯᠠᠭᠤᠯᠵᠤ ᠂ ᠰᠦᠯᠵᠢᠶ᠎ᠡ ᠪᠡᠷ ᠬᠡᠷᠡᠭ ᠪᠣᠯᠭᠠᠨ ᠳᠠᠩᠰᠠᠯᠠᠬᠤ ᠂ ᠰᠦᠯᠵᠢᠶ᠎ᠡ ᠪᠡᠷ ᠰᠦᠢᠳᠬᠡᠯ ᠲᠤᠰᠢᠶᠠᠬᠤ ᠂ ᠰᠦᠯᠵᠢᠶᠡᠨ ᠳᠡᠭᠡᠷ᠎ᠡ ᠡᠶᠡᠳᠡᠭᠦᠯᠬᠦ ᠂ ᠡᠯᠧᠺᠲ᠋ᠷᠣᠨ ᠪᠠᠷᠢᠮᠲᠠ ᠂ ᠠᠯᠠᠭᠠᠨ ᠳᠡᠭᠡᠷ᠎ᠡ ᠰᠢᠭᠦᠯᠲᠡ ᠬᠢᠬᠦ ᠵᠡᠷᠭᠡ ᠵᠠᠷᠭᠤ ᠶ᠋ᠢᠨ ᠦᠢᠯᠡᠴᠢᠯᠡᠭᠡ ᠶ᠋ᠢ 《 ᠨᠢᠭᠡ ᠰᠦᠯᠵᠢᠶ᠎ᠡ ᠪᠡᠷ ᠭᠦᠢᠴᠡᠳᠬᠡᠬᠦ 》 ᠶ᠋ᠢ ᠪᠡᠶᠡᠯᠡᠭᠦᠯᠵᠦ ᠂ ᠣᠯᠠᠨ ᠲᠦᠮᠡᠨ ᠦ᠌ 《 ᠨᠢᠭᠡ ᠤᠳᠠᠭ᠎ᠠ ᠴᠤ᠌ ᠭᠦᠶᠦᠬᠦ ᠬᠡᠷᠡᠭ ᠦᠭᠡᠢ 》 ᠬᠠᠷᠠᠯᠲᠠ ᠶ᠋ᠢ ᠪᠡᠶᠡᠯᠡᠭᠦᠯᠵᠡᠢ ᠃

      《 ᠠᠷᠠᠳ ᠲᠦᠮᠡᠨ ᠳᠠᠭᠤᠳᠠᠪᠠᠯ ᠪᠢ ᠦᠢᠯᠡᠴᠢᠯᠡᠵᠦ ᠂ ᠠᠷᠠᠳ ᠲᠦᠮᠡᠨ ᠬᠡᠷᠡᠭᠴᠡᠭᠡ ᠲᠡᠢ ᠪᠣᠯ ᠪᠢ ᠭᠦᠢᠴᠡᠳᠭᠡᠨ᠎ᠡ 》᠃ ᠳᠠᠷᠠᠭ᠎ᠠ ᠠᠯᠬᠤᠮ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭᠠᠨ ᠤ᠋ ᠭᠣᠣᠯ ᠰᠡᠳᠦᠪᠲᠦ ᠬᠥᠮᠦᠵᠢᠯ ᠢ᠋ ᠦᠷᠭᠦᠯᠵᠢᠯᠡᠨ ᠭᠦᠨᠵᠡᠭᠡᠢ ᠥᠷᠨᠢᠭᠦᠯᠵᠦ ᠂ ᠦᠨᠡᠨ ᠪᠣᠳᠠᠲᠠᠢ ᠦᠷ᠎ᠡ ᠪᠦᠲᠦᠮᠵᠢ ᠪᠡᠷ ᠣᠯᠠᠨ ᠲᠦᠮᠡᠨ ᠳ᠋ᠦ᠍ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠬᠤᠪᠢᠷᠠᠯᠲᠠ ᠶ᠋ᠢ ᠮᠡᠳᠡᠷᠡᠭᠦᠯᠦᠨ ᠂ ᠠᠷᠠᠳ ᠤ᠋ᠨ ᠲᠥᠯᠦᠭᠡ ᠶᠠᠪᠤᠳᠠᠯ  ᠬᠢᠬᠦ 《 ᠳᠤᠯᠠᠭᠠᠴᠠ 》 ᠶ᠋ᠢ ᠪᠡᠶᠡᠯᠡᠭᠦᠯᠵᠦ ᠂ ᠭᠣᠣᠯ ᠰᠡᠳᠦᠪᠲᠦ ᠰᠤᠷᠭᠠᠨ ᠬᠥᠮᠦᠵᠢᠯ ᠤ᠋ᠨ 《  ᠭᠦᠨᠴᠡ 》 ᠶ᠋ᠢ ᠲᠠᠰᠤᠷᠠᠯᠲᠠ ᠦᠭᠡᠢ ᠥᠷᠭᠡᠳᠬᠡᠬᠦ ᠪᠣᠯᠤᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )