【 ᠠᠵᠢᠯ ᠤ᠋ᠨ ᠪᠠᠢᠳᠠᠯ】 ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠬᠡᠷᠡᠭ ᠪᠣᠯᠭᠠᠨ ᠳᠠᠩᠰᠠᠯᠠᠬᠤ ᠵᠠᠭᠠᠯᠳᠤᠯᠭ᠎ᠠ ᠶ᠋ᠢᠨ ᠦᠢᠯᠡᠴᠢᠯᠡᠭᠡᠨ ᠦ᠌ ᠠᠵᠢᠯ ᠤ᠋ᠨ ᠶᠠᠷᠢᠯᠴᠠᠬᠤ ᠬᠤᠷᠠᠯ ᠬᠤᠷᠠᠯᠳᠤᠪᠠ
2023.11.13 ᠲᠣᠰ ᠥᠷᠲᠡᠭᠡᠨ᠎ᠦ ᠨᠠᠢᠷᠠᠭᠤᠯᠤᠭᠴᠢ

      ᠵᠢᠯ ᠤ᠋ᠨ ᠰᠡᠭᠦᠯᠴᠢ ᠡᠴᠡ ᠡᠮᠦᠨ᠎ᠡ ᠬᠡᠷᠡᠭ ᠪᠣᠯᠭᠠᠨ ᠳᠠᠩᠰᠠᠯᠠᠬᠤ ᠲᠦᠷᠭᠡᠨ ᠰᠢᠭᠦᠬᠦ ᠂ ᠵᠠᠷᠭᠤ ᠬᠢᠬᠦ ᠦᠢᠯᠡᠴᠢᠯᠡᠭᠡᠨ ᠦ᠌ ᠠᠵᠢᠯ ᠢ᠋ ᠰᠠᠢᠲᠤᠷ ᠠᠳᠬᠤᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠨᠢᠭᠡ ᠦᠷᠲᠡᠭᠡᠯᠢᠭ ᠣᠯᠠᠨ ᠡᠰᠢᠲᠦ ᠵᠠᠷᠭᠤ ᠡᠶᠡᠳᠡᠭᠦᠯᠬᠦ ᠪᠠ ᠵᠠᠷᠭᠤ ᠬᠢᠬᠦ ᠦᠢᠯᠡᠴᠢᠯᠡᠭᠡᠨ ᠦ᠌ ᠰᠢᠰᠲ᠋ᠧᠮ ᠤ᠋ᠨ ᠪᠠᠢᠭᠤᠯᠤᠯᠲᠠ ᠶ᠋ᠢᠨ ᠬᠢᠷᠢ ᠲᠦᠪᠰᠢᠨ ᠢ᠋ ᠪᠥᠬᠥ ᠲᠠᠯ᠎ᠠ ᠪᠠᠷ ᠳᠡᠭᠡᠭᠰᠢᠯᠡᠭᠦᠯᠵᠦ ᠂ ᠳᠠᠷᠠᠭ᠎ᠠ ᠨᠢᠭᠡ ᠱᠠᠲᠤᠨ ᠤ᠋ ᠬᠡᠷᠡᠭ ᠪᠣᠯᠭᠠᠨ ᠳᠠᠩᠰᠠᠯᠠᠬᠤ ᠲᠦᠷᠭᠡᠨ ᠰᠢᠭᠦᠬᠦ ᠂ ᠵᠠᠷᠭᠤ ᠬᠢᠬᠦ ᠠᠵᠢᠯ ᠢ᠋ ᠲᠣᠬᠢᠷᠠᠭᠤᠯᠤᠨ ᠪᠠᠢᠷᠢᠯᠠᠭᠤᠯᠬᠤ ᠶ᠋ᠢᠨ ᠲᠥᠯᠥᠭᠡ ᠂ ᠣᠢᠷ᠎ᠠ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠡᠷᠡᠭ ᠪᠣᠯᠭᠠᠨ ᠳᠠᠩᠰᠠᠯᠠᠬᠤ ᠵᠠᠷᠭᠤ ᠬᠢᠬᠦ ᠠᠵᠢᠯ ᠤ᠋ᠨ ᠰᠠᠭᠤᠳᠠᠯ ᠤ᠋ᠨ ᠬᠤᠷᠠᠯ ᠬᠤᠷᠠᠯᠳᠤᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠰᠠᠭᠤᠳᠠᠯ ᠤ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠡᠷᠡᠭ ᠪᠣᠯᠭᠠᠨ ᠳᠠᠩᠰᠠᠯᠠᠬᠤ ᠲᠢᠩᠬᠢᠮ ᠂ ᠰᠢᠭᠦᠬᠦ ᠦᠢᠯᠡᠴᠢᠯᠡᠭᠡᠨ ᠦ᠌ ᠪᠠᠲᠤᠯᠠᠭ᠎ᠠ ᠶ᠋ᠢᠨ ᠲᠥᠪ ᠤ᠋ᠨ ᠪᠦᠬᠦ ᠺᠠᠳ᠋ᠷ ᠴᠠᠭᠳᠠᠭ᠎ᠠ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠬᠡᠷᠡᠭ ᠪᠣᠯᠭᠠᠨ ᠳᠠᠩᠰᠠᠯᠠᠬᠤ ᠠᠵᠢᠯ ᠢ᠋ ᠬᠤᠪᠢᠳᠠᠨ ᠬᠠᠮᠢᠶᠠᠷᠴᠤ ᠪᠠᠢᠭᠰᠠᠨ ᠳᠡᠳ᠋ ᠬᠣᠷᠢᠶᠠᠨ ᠳᠠᠷᠤᠭ᠎ᠠ ᠂ ᠬᠡᠷᠡᠭ ᠪᠣᠯᠭᠠᠨ ᠳᠠᠩᠰᠠᠯᠠᠬᠤ ᠲᠢᠩᠬᠢᠮ ᠤ᠋ᠨ ᠬᠠᠷᠢᠭᠤᠴᠠᠯᠭᠠᠲᠠᠨ ᠬᠤᠷᠠᠯ ᠳ᠋ᠤ᠌ ᠣᠷᠣᠯᠴᠠᠪᠠ ᠃

 

 

      ᠬᠤᠷᠠᠯ ᠳᠡᠭᠡᠷ᠎ᠡ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶ᠎ᠠ ᠣᠢᠷ᠎ᠠ ᠶ᠋ᠢᠨ ᠭᠤᠷᠪᠠᠨ ᠵᠢᠯ ᠤ᠋ᠨ ᠬᠡᠷᠡᠭ ᠪᠣᠯᠭᠠᠨ ᠳᠠᠩᠰᠠᠯᠠᠬᠤ ᠲᠦᠷᠭᠡᠨ ᠰᠢᠭᠦᠬᠦ ᠂ ᠵᠠᠷᠭᠤ ᠬᠢᠬᠦ ᠠᠵᠢᠯ ᠵᠢᠴᠢ ᠨᠢᠭᠡ ᠦᠷᠲᠡᠭᠡᠯᠢᠭ ᠣᠯᠠᠨ ᠡᠰᠢᠲᠦ ᠡᠶᠡᠳᠡᠭᠦᠯᠬᠦ ᠠᠵᠢᠯ ᠢ᠋ ᠥᠷᠨᠢᠭᠦᠯᠦᠭᠰᠡᠨ ᠪᠠᠢᠳᠠᠯ ᠂ ᠣᠷᠣᠰᠢᠵᠤ ᠪᠠᠢᠭ᠎ᠠ ᠠᠰᠠᠭᠤᠳᠠᠯ ᠪᠠ ᠳᠠᠷᠠᠭ᠎ᠠ ᠠᠯᠬᠤᠮ ᠤ᠋ᠨ ᠠᠵᠢᠯ ᠤ᠋ᠨ ᠲᠥᠯᠥᠪᠯᠡᠭᠡ ᠳ᠋ᠡᠭᠡᠨ ᠬᠠᠷᠢᠭᠤ ᠮᠡᠳᠡᠭᠦᠯᠦᠯᠲᠡ ᠬᠢᠵᠦ ᠂ ᠠᠵᠢᠯ ᠤ᠋ᠨ ᠳᠤᠮᠳᠠ ᠣᠷᠣᠰᠢᠵᠤ ᠪᠠᠢᠭ᠎ᠠ ᠨᠡᠢᠲᠡᠯᠢᠭ ᠬᠦᠴᠢᠷᠲᠡᠢ ᠠᠰᠠᠭᠤᠳᠠᠯ ᠤ᠋ᠨ ᠲᠤᠬᠠᠢ ᠬᠠᠯᠠᠭᠤᠨ ᠢ᠋ᠢᠠᠷ ᠰᠤᠳᠤᠯᠤᠨ ᠶᠠᠷᠢᠯᠴᠠᠵᠤ ᠰᠠᠨᠠᠯ ᠢ᠋ᠶ᠋ᠠᠨ ᠰᠣᠯᠢᠯᠴᠠᠬᠤ ᠶ᠋ᠢᠨ ᠬᠠᠮᠲᠤ ᠬᠡᠰᠡᠭ ᠠᠰᠠᠭᠤᠳᠠᠯ ᠤ᠋ᠨ ᠲᠤᠬᠠᠢ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠡᠢ ᠃

      ᠬᠤᠷᠠᠯ ᠠ᠋ᠴᠠ ᠵᠢᠭᠠᠵᠤ ᠭᠠᠷᠭᠠᠭᠰᠠᠨ ᠨᠢ ᠂ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠨᠢ ᠦᠷᠲᠡᠭᠡᠯᠢᠭ ᠪᠦᠲᠦᠭᠡᠨ ᠪᠠᠢᠭᠤᠯᠤᠯᠲᠠ ᠶ᠋ᠢᠨ ᠲᠠᠯ᠎ᠠ ᠪᠠᠷ ᠪᠠᠰᠠ ᠬᠦᠷᠦᠯᠴᠡᠬᠦ ᠦᠭᠡᠢ ᠲᠠᠯ᠎ᠠ ᠣᠷᠣᠰᠢᠵᠤ ᠂ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠠᠵᠢᠯ ᠨᠢ ᠲᠡᠩᠴᠡᠭᠦᠷᠢ ᠦᠭᠡᠢ ᠂ ᠵᠢᠭᠤᠷᠠᠯᠳᠤᠭᠠᠨ ᠢ᠋ ᠣᠯᠠᠨ ᠡᠰᠢᠵᠢᠭᠦᠯᠦᠨ ᠰᠢᠢᠳᠪᠦᠷᠢᠯᠡᠬᠦ ᠳ᠋ᠦ᠍ ᠭᠦᠢᠴᠡᠳ ᠪᠠᠳᠠᠷᠠᠭᠤᠯᠵᠤ ᠳᠡᠢᠯᠬᠦ ᠦᠭᠡᠢ ᠪᠠᠢᠨ᠎ᠠ ᠂ ᠰᠢᠨ᠎ᠡ ᠴᠠᠭ ᠦᠶ᠎ᠡ ᠶ᠋ᠢᠨ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢᠨ ᠬᠠᠷᠠᠯᠲᠠ ᠶ᠋ᠢ ᠠᠬᠢᠭᠤᠯᠬᠤ ᠪᠠᠷ ᠭᠣᠣᠯᠳᠠᠭᠤᠯᠤᠨ ᠂ ᠵᠠᠷᠭᠤ ᠶ᠋ᠢᠨ ᠦᠢᠯᠡᠴᠢᠯᠡᠭᠡᠨ ᠦ᠌ ᠰᠢᠰᠲ᠋ᠧᠮ ᠤ᠋ᠨ ᠪᠠᠢᠭᠤᠯᠤᠯᠲᠠ ᠶ᠋ᠢ ᠪᠥᠬᠥ ᠲᠠᠯ᠎ᠠ ᠪᠠᠷ ᠭᠦᠨᠵᠡᠭᠡᠢᠷᠡᠭᠦᠯᠵᠦ ᠂ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠰᠢᠨ᠎ᠡ ᠪᠠᠢᠳᠠᠯ ᠳ᠋ᠤ᠌ ᠢᠳᠡᠪᠬᠢᠲᠡᠢ ᠠᠭᠤᠰᠤᠯᠴᠠᠵᠤ ᠂ ᠬᠡᠷᠡᠭ ᠪᠣᠯᠭᠠᠨ ᠳᠠᠩᠰᠠᠯᠠᠬᠤ ᠵᠠᠷᠭᠤ ᠶ᠋ᠢᠨ ᠦᠢᠯᠡᠴᠢᠯᠡᠭᠡᠨ ᠦ᠌ ᠡᠯ᠎ᠡ ᠵᠦᠢᠯ ᠤ᠋ᠨ ᠠᠵᠢᠯ ᠢ᠋ ᠯᠠᠪᠳᠠᠭᠤᠨ ᠢ᠋ᠶ᠋ᠠᠷ ᠠᠬᠢᠭᠤᠯᠵᠤ ᠂ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ ᠬᠡᠷᠡᠭᠲᠡᠢ ᠭᠡᠪᠡ᠃

      ᠬᠤᠷᠠᠯ ᠠ᠋ᠴᠠ ᠴᠢᠬᠤᠯᠠᠴᠢᠯᠠᠭᠰᠠᠨ ᠨᠢ ᠂ ᠭᠣᠣᠯ ᠠᠵᠢᠯ ᠳ᠋ᠤ᠌ ᠰᠠᠭᠤᠷᠢᠯᠠᠨ ᠂ ᠬᠠᠤᠯᠢ ᠶᠣᠰᠣᠭᠠᠷ ᠡᠭᠦᠷᠭᠡ ᠲᠤᠰᠢᠶᠠᠯ ᠢ᠋ᠶ᠋ᠠᠨ ᠭᠦᠢᠴᠡᠳᠬᠡᠵᠦ ᠂ ᠬᠡᠷᠡᠭ ᠪᠣᠯᠭᠠᠨ ᠳᠠᠩᠰᠠᠯᠠᠬᠤ ᠬᠠᠮᠢᠶᠠᠷᠤᠯᠲᠠ ᠶ᠋ᠢᠨ ᠲᠡᠷᠢᠭᠦᠨ ᠴᠢᠬᠤᠯᠠ ᠡᠭᠦᠷᠭᠡ ᠶ᠋ᠢ ᠰᠠᠢᠲᠤᠷ ᠠᠳᠬᠤᠵᠤ ᠂ ᠶᠠᠷᠰᠢᠭ ᠲᠦᠪᠡᠭᠲᠡᠢ ᠪᠠ ᠬᠢᠯᠪᠠᠷ ᠬᠡᠷᠡᠭ ᠢ᠋ ᠰᠠᠯᠭᠠᠬᠤ ᠲᠣᠭᠲᠠᠴᠠ ᠶ᠋ᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠂ ᠰᠢᠭᠦᠨ ᠲᠠᠰᠤᠯᠬᠤ ᠶᠠᠰᠤ ᠴᠢᠨᠠᠷ ᠢ᠋ ᠰᠠᠢᠵᠢᠷᠠᠭᠤᠯᠤᠨ ᠦᠷ᠎ᠡ ᠠᠰᠢᠭ ᠢ᠋ ᠨᠡᠮᠡᠭᠳᠡᠭᠦᠯᠬᠦ ᠳ᠋ᠦ᠍ ᠬᠦᠴᠦᠨ ᠨᠡᠮᠡᠷᠢᠯᠡᠨ᠎ᠡ ; ᠵᠠᠷᠭᠤᠯᠳᠤᠬᠤ ᠡᠶᠡᠳᠡᠭᠦᠯᠬᠦ ᠶ᠋ᠢ ᠵᠣᠯᠭᠠᠭᠤᠯᠬᠤ ᠰᠢᠨ᠎ᠡ ᠲᠣᠭᠲᠠᠴᠠ ᠶ᠋ᠢ ᠰᠦᠪᠡᠭᠴᠢᠯᠡᠵᠦ ᠂ ᠣᠯᠠᠨ ᠲᠠᠯ᠎ᠠ ᠠ᠋ᠴᠠ ᠡᠶᠡᠳᠡᠭᠦᠯᠦᠨ ᠰᠢᠢᠳᠪᠦᠷᠢᠯᠡᠬᠦ ᠰᠢᠨ᠎ᠡ ᠦᠷ᠎ᠡ ᠪᠦᠲᠦᠮᠵᠢ ᠶ᠋ᠢ ᠪᠡᠶᠡᠯᠡᠭᠦᠯᠦᠨ ᠂ ᠵᠠᠷᠭᠤ ᠶ᠋ᠢᠨ ᠡᠬᠢ ᠢᠷᠡᠯᠲᠡ ᠶ᠋ᠢ ᠵᠠᠰᠠᠬᠤ ᠠᠵᠢᠯ ᠢ᠋ ᠭᠦᠨᠵᠡᠭᠡᠢ ᠲᠦᠯᠬᠢᠨ ᠠᠬᠢᠭᠤᠯᠵᠤ ᠂ ᠵᠠᠷᠭᠤ ᠡᠶᠡᠳᠡᠭᠦᠯᠭᠡ ᠶ᠋ᠢᠨ ᠪᠣᠭᠣᠮᠲᠠ ᠶ᠋ᠢ ᠤᠷᠤᠭᠰᠢ ᠰᠢᠯᠵᠢᠭᠦᠯᠬᠦ ᠬᠡᠷᠡᠭᠲᠡᠢ ︔ ᠦᠢᠯᠡᠴᠢᠯᠡᠭᠡᠨ ᠦ᠌ ᠲᠠᠯ᠎ᠠ ᠪᠠᠷ ᠰᠢᠨ᠎ᠡ ᠶ᠋ᠢ ᠡᠭᠦᠳᠬᠦ ᠶ᠋ᠢ ᠳᠣᠪᠣᠢᠯᠭᠠᠵᠤ ᠂ ᠵᠠᠷᠭᠤ ᠶ᠋ᠢᠨ ᠦᠢᠯᠡᠴᠢᠯᠡᠭᠡᠨ ᠦ᠌ ᠰᠢᠰᠲ᠋ᠸᠮ ᠤ᠋ᠨ ᠪᠠᠢᠭᠤᠯᠤᠯᠲᠠ ᠶ᠋ᠢ ᠭᠦᠨᠵᠡᠭᠡᠢᠷᠡᠭᠦᠯᠦᠨ ᠂ 《 ᠵᠢᠵᠢᠭ ᠴᠣᠩᠬᠣ 》 ᠶ᠋ᠢᠨ 《 ᠶᠡᠬᠡ ᠠᠵᠢᠯᠯᠠᠭ᠎ᠠ 》 ᠶ᠋ᠢ ᠭᠦᠢᠴᠡᠳ ᠢᠯᠡᠷᠡᠭᠦᠯᠵᠦ ᠂ ᠠᠷᠠᠳ ᠤ᠋ᠨ ᠳᠡᠭᠡᠳᠦ ᠰᠢᠭᠦᠬᠦ ᠬᠣᠷᠢᠶᠠᠨ ᠤ᠋ ᠵᠠᠷᠭᠤ ᠶ᠋ᠢᠨ ᠦᠢᠯᠡᠴᠢᠯᠡᠭᠡᠨ ᠦ᠌ ᠴᠢᠨᠠᠷ ᠴᠢᠨᠰᠠᠭᠠᠨ ᠤ᠋ ᠲᠠᠪᠴᠠᠩ ᠪᠠ ᠪᠦᠬᠦ ᠤᠯᠤᠰ ᠤ᠋ᠨ ᠲᠡᠷᠢᠭᠦᠨ ᠵᠡᠷᠭᠡ ᠶ᠋ᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ ᠢ᠋ ᠡᠭᠦᠳᠦᠨ ᠪᠠᠢᠭᠤᠯᠬᠤ ᠠᠵᠢᠯ ᠢ᠋ ᠦᠷᠭᠦᠯᠵᠢᠯᠡᠨ ᠴᠢᠩᠭᠠᠳᠬᠠᠵᠤ ᠂ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠠᠬᠤᠢ ᠶ᠋ᠢᠨ ᠪᠠᠢᠭᠤᠯᠤᠯᠲᠠ ᠶ᠋ᠢᠨ ᠠᠵᠢᠯ ᠢ᠋ ᠳᠠᠬᠢᠨ ᠰᠢᠨ᠎ᠡ ᠳᠡᠭᠲᠡᠷ ᠲᠦ᠍ ᠭᠠᠷᠭᠠᠬᠤ ᠶ᠋ᠢ ᠠᠬᠢᠭᠤᠯᠬᠤ ᠬᠡᠷᠡᠭᠲᠡᠢ ᠭᠡᠪᠡ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )