ᠮᠡᠳᠡᠬᠦᠢ ᠶᠢᠨ ᠭᠦᠨᠴᠡ ᠢᠲᠡᠭᠡᠯ ᠤ᠋ᠨ ᠪᠠᠲᠤ ᠠᠵᠢᠯᠯᠠᠭ᠎ᠠ ᠶᠢᠨ ᠡᠷᠡᠰ ᠭᠤᠷᠪᠠᠨ ᠲᠠᠯ ᠠ ᠳᠤ ᠠᠩᠬᠠᠷᠤᠯ ᠢᠶᠠᠨ ᠲᠥᠪᠯᠡᠷᠡᠭᠦᠯᠵᠦ ᠭᠤᠷᠪᠠᠨ ᠲᠠᠯ ᠠ ᠠᠴᠠ ᠬᠦᠴᠦᠯᠡᠶ᠎ᠡ ︱ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠭᠣᠣᠯ ᠰᠡᠳᠦᠪᠲᠦ ᠬᠥᠮᠦᠵᠢᠯ ᠢ᠋ ᠠᠬᠢᠭᠤᠯᠤᠭᠰᠠᠨ ᠡᠴᠡ ᠦᠷ᠎ᠡ ᠠᠰᠢᠭ ᠤᠯᠵᠦ ᠦᠵᠡᠪᠡ
ᠵᠣᠷᠢᠭ ᠰᠢᠭᠤᠳᠤᠨ ᠠᠭᠤᠯᠠ ᠳᠠᠯᠠᠢ ᠶᠢ ᠳᠠᠪᠠᠵᠤ᠂ ᠬᠦᠴᠦ ᠪᠡᠨ ᠬᠠᠮᠲᠤᠳᠬᠠᠨ ᠬᠠᠮᠲᠤᠪᠠᠷ ᠤᠷᠤᠭᠰᠢᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠬᠣᠶᠠᠳᠤᠭᠠᠷ ᠪᠦᠯᠦᠭ ᠦᠨ ᠭᠣᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠡᠴᠡ ᠨᠠᠰᠢ ᠂ ᠤᠷᠳᠤᠰ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠢ᠎ᠠ ᠨᠠᠮ ᠤᠨ ᠲᠥᠪ ᠬᠣᠷᠢᠢ ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ ᠠ᠂ ᠬᠤᠳᠠ ᠶᠢᠨ ᠨᠠᠮ ᠤᠨ ᠬᠣᠷᠢᠢ ᠠ ᠶᠢᠨ ᠭᠣᠣᠯ ᠰᠡᠳᠦᠪᠲᠦ ᠬᠥᠮᠦᠵᠢᠯ ᠦᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ 《ᠦᠵᠡᠯ ᠰᠠᠨᠠᠭ᠎ᠠ ᠶ᠋ᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ》 ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂《 ᠲᠥᠪ ᠭᠣᠣᠯᠴᠢ ᠪᠠ ᠦᠷ᠎ᠡ ᠪᠦᠲᠦᠮᠵᠢ 》 ᠠᠵᠢᠯ ᠤᠨ ᠭᠣᠣᠯ ᠰᠡᠳᠦᠪ ᠲᠡᠶ ᠨᠢᠭᠲᠠ ᠤᠶᠠᠯᠳᠤᠭᠤᠯᠵᠤ᠂ ᠥᠨᠳᠥᠷ ᠴᠡᠭ ᠲᠦ ᠪᠠᠶᠢᠷᠢᠯᠠᠭᠤᠯᠵᠤ᠂ ᠯᠠᠪᠳᠠᠭᠤᠨ ᠪᠠᠲᠤᠲᠠᠢ ᠠᠬᠢᠭᠤᠯᠵᠤ᠂ ᠰᠢᠭᠦᠨ ᠲᠠᠰᠤᠯᠬᠤ ᠭᠦᠢᠴᠡᠳᠬᠡᠬᠦ ᠠᠵᠢᠯ ᠢ ᠴᠢᠩᠭ᠎ᠠ ᠠᠳᠬᠤᠵᠤ᠂ ᠭᠣᠣᠯ ᠰᠡᠳᠦᠪᠲᠦ ᠬᠥᠮᠦᠵᠢᠯ ᠦᠨ ᠦᠷ᠎ᠡ ᠪᠦᠲᠦᠭᠡᠯ ᠢ ᠦᠨᠡᠨᠬᠦ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠪᠠ᠃
《 ᠮᠡᠳᠡᠬᠦᠢ 》 ᠶᠢᠨ ᠭᠦᠨᠴᠡ ᠨᠢ 《 ᠬᠥᠮᠦᠨ ᠦ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ 》 《 ᠭᠣᠣᠯ ᠰᠡᠳᠦᠪᠲᠦ ᠤᠨ ᠲᠣᠬᠢᠷᠠᠭᠤᠯᠤᠯᠲᠠ 》 ᠳ᠋ᠤ᠌ ᠠᠩᠬᠠᠷᠤᠯ ᠢᠶᠠᠨ ᠲᠥᠪᠯᠡᠷᠡᠭᠦᠯᠵᠦ᠂ ᠭᠣᠣᠯ ᠰᠡᠳᠦᠪᠲᠦ ᠬᠥᠮᠦᠵᠢᠯ ᠢ ᠯᠠᠪᠳᠠᠭᠤᠨ ᠢᠶᠠᠷ ᠡᠬᠢᠯᠡᠭᠦᠯᠦᠨ᠎ᠠ
《 ᠳᠡᠭᠡᠳᠦ ᠬᠡᠮᠵᠢᠶ ᠡ ᠪᠡᠷ ᠴᠢᠬᠤᠯᠠᠴᠢᠯᠠᠨ ᠦᠵᠡᠵᠦ ᠂ ᠲᠤᠰ ᠲᠤᠰ ᠤᠨ ᠬᠠᠷᠢᠭᠤᠴᠠᠯᠭ ᠠ ᠪᠠᠨ ᠭᠦᠢᠴᠡᠳᠬᠡᠵᠦ ᠂ ᠡᠯ᠎ᠡ ᠠᠵᠢᠯᠯᠠᠬᠤ ᠳᠤᠭᠤᠶᠢᠯᠠᠩ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ ᠂ ᠬᠦᠯᠢᠶᠡᠬᠦ ᠦᠭᠡᠶ ᠲᠦᠰᠢᠭᠯᠡᠬᠦ ᠦᠭᠡᠶ ᠪᠡᠷ ᠂ ᠤᠷᠢᠳᠴᠢᠯᠠᠨ ᠠᠷᠭ᠎ᠠ ᠰᠦᠪᠡᠭᠴᠢᠯᠡᠵᠦ ᠂ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠡᠯ᠎ᠡ ᠵᠦᠢᠯ ᠤ᠋ᠨ ᠠᠵᠢᠯ ᠤ᠋ᠨ ᠡᠭᠦᠷᠭᠡ ᠶ᠋ᠢ ᠥᠨᠳᠥᠷ ᠪᠠᠷᠢᠮᠵᠢᠶ᠎ᠠ ᠥᠨᠳᠥᠷ ᠶᠠᠰᠤ ᠴᠢᠨᠠᠷ ᠲᠠᠢ ᠰᠠᠢᠲᠤᠷ ᠪᠡᠶᠡᠯᠡᠭᠦᠯᠬᠦ ᠬᠡᠷᠡᠭᠲᠡᠢ ᠃ 10 ᠰᠠᠷ᠎ᠠ ᠶ᠋ᠢᠨ ᠡᠬᠢ ᠪᠡᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠭᠣᠣᠯ ᠰᠡᠳᠦᠪᠲᠦ ᠰᠤᠷᠭᠠᠨ ᠬᠥᠮᠦᠵᠢᠯ ᠢ᠋ ᠠᠬᠢᠭᠤᠯᠬᠤ ᠬᠤᠷᠠᠯ ᠬᠢᠵᠦ ᠂ ᠡᠯ᠎ᠡ ᠲᠥᠷᠥᠯ ᠤ᠋ᠨ ᠭᠣᠣᠯᠳᠠᠯᠭ᠎ᠠ ᠲᠠᠢ ᠠᠵᠢᠯ ᠢ᠋ ᠳᠠᠬᠢᠨ ᠪᠠᠢᠷᠢᠯᠠᠭᠤᠯᠵᠤ ᠳᠠᠬᠢᠨᠲᠠ ᠴᠢᠬᠤᠯᠠᠴᠢᠯᠠᠭᠰᠠᠨ ᠪᠠᠢᠨ᠎ᠠ ᠃
ᠪᠦᠬᠦᠯᠢ ᠴᠣᠭᠴᠠ ᠪᠠᠷ ᠨᠢ ᠡᠵᠡᠮᠰᠢᠵᠦ ᠂ ᠠᠭᠤᠰᠤᠯᠴᠠᠭᠤᠯᠤᠨ ᠨᠡᠪᠲᠡᠷᠡᠭᠦᠯᠵᠦ ᠂ ᠭᠣᠣᠯ ᠰᠡᠳᠦᠪᠲᠦ ᠰᠤᠷᠭᠠᠨ ᠬᠥᠮᠦᠵᠢᠯ ᠤ᠋ᠨ 《 ᠳᠣᠲᠣᠭᠠᠳᠤ ᠬᠥᠳᠡᠯᠭᠡᠬᠦ ᠬᠦᠴᠦᠨ 》 ᠢ ᠴᠢᠩᠭᠠᠷᠠᠭᠤᠯᠤᠨ᠎ᠠ ᠃ ᠡᠩ ᠲᠡᠷᠢᠭᠦᠨ ᠳ᠋ᠦ᠍ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠤᠳᠤᠷᠢᠳᠬᠤ ᠳᠤᠭᠤᠢᠯᠠᠩ ᠪᠠᠢᠭᠤᠯᠤᠨ ᠂ ᠤᠳᠤᠷᠢᠳᠬᠤ ᠳᠤᠭᠤᠢᠯᠠᠩ ᠤ᠋ᠨ ᠠᠯᠪᠠᠨ ᠭᠡᠷ ᠪᠠᠶᠢᠭᠤᠯᠵᠤ ᠂ ᠳᠣᠲᠣᠭᠠᠳᠤ ᠳ᠋ᠠᠭᠠᠨ ᠶᠡᠷᠦᠩᠬᠡᠢᠯᠡᠨ ᠵᠣᠬᠢᠴᠠᠭᠤᠯᠬᠤ ᠂ ᠡᠬᠡ ᠪᠢᠴᠢᠭ ᠤ᠋ᠨ ᠮᠠᠲ᠋ᠧᠷᠢᠶᠠᠯ ᠂ ᠬᠤᠷᠠᠯ ᠤ᠋ᠨ ᠤᠬᠠᠭᠤᠯᠭ᠎ᠠ ᠂ ᠪᠠᠢᠴᠠᠭᠠᠨ ᠰᠤᠳᠤᠯᠤᠯᠲᠠ ᠬᠢᠬᠦ ᠂ ᠪᠠᠢᠴᠠᠭᠠᠨ ᠦᠵᠡᠵᠦ ᠴᠡᠭᠴᠡᠯᠡᠨ ᠰᠠᠢᠵᠢᠷᠠᠭᠤᠯᠬᠤ ᠂ ᠪᠦᠬᠦ ᠶᠠᠪᠤᠴᠠ ᠳ᠋ᠤ᠌ ᠰᠢᠮᠳᠠᠭᠤᠯᠤᠨ ᠪᠠᠢᠴᠠᠭᠠᠬᠤ ᠵᠡᠷᠭᠡ 6 ᠠᠵᠢᠯ ᠤ᠋ᠨ ᠳᠤᠭᠤᠢᠯᠠᠩ ᠪᠠᠢᠭᠤᠯᠵᠤ ᠂ ᠠᠵᠢᠯᠲᠠᠨ ᠢ ᠭᠦᠢᠴᠡᠳ ᠴᠢᠩᠭ᠎ᠠ ᠲᠣᠬᠢᠷᠠᠭᠤᠯᠤᠨ ᠂ ᠪᠣᠳᠠᠲᠠᠢ ᠠᠵᠢᠯ ᠤ᠋ᠨ ᠡᠭᠦᠷᠭᠡ ᠶ᠋ᠢ ᠡᠭᠦᠷᠭᠡᠯᠡᠭᠦᠯᠦᠨᠠ ᠃ ᠠᠵᠢᠯ ᠤ᠋ᠨ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ ᠂ 《 ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠥᠬᠥᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠭᠤᠰᠢᠯᠠᠭᠤᠯᠬᠤ ᠶ᠋ᠢᠨ ᠬᠡᠷᠡᠭᠵᠢᠭᠦᠯᠬᠦ ᠲᠥᠰᠦᠯ 》 ᠢ ᠲᠣᠭᠲᠠᠭᠠᠨ ᠲᠠᠷᠬᠠᠭᠠᠵᠤ ᠂ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠪᠦᠬᠦ ᠲᠠᠯ᠎ᠠ ᠪᠠᠷ ᠲᠦᠷᠭᠡᠨ ᠥᠷᠨᠢᠭᠦᠯᠬᠦ ᠶ᠋ᠢ ᠲᠦᠯᠬᠢᠨ ᠠᠬᠢᠭᠤᠯᠪᠠ ᠃ ᠡᠭᠦᠨ ᠦ᠌ ᠬᠠᠮᠲᠤ ᠂ ᠡᠯᠧᠺᠲ᠋ᠷᠣᠨ ᠦᠵᠡᠭᠦᠯᠦᠯᠭᠡ ᠶ᠋ᠢᠨ ᠳᠡᠯᠭᠡᠴᠡ ᠂ ᠦᠵᠡᠭᠦᠯᠦᠯᠭᠡ ᠶ᠋ᠢᠨ ᠰᠠᠮᠪᠠᠷ᠎ᠠ ᠵᠡᠷᠭᠡ ᠠᠷᠭ᠎ᠠ ᠮᠠᠶ᠋ᠢᠭ ᠢ᠋ ᠭᠦᠢᠴᠡᠳ ᠠᠰᠢᠭᠯᠠᠨ ᠂ ᠪᠣᠰᠤᠭ᠎ᠠ ᠴᠣᠭᠴᠠᠲᠤ ᠬᠡᠯᠪᠡᠷᠢ ᠶ᠋ᠢᠨ ᠪᠦᠷᠢᠨ ᠪᠦᠷᠬᠦᠭᠰᠡᠨ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ᠋ ᠪᠣᠢ ᠪᠣᠯᠭᠠᠨ᠎ᠠ ᠃
ᠤᠳᠤᠷᠢᠳᠬᠤ ᠪᠠᠭ ᠪᠣᠯᠤᠨ ᠨᠠᠮ ᠤ᠋ᠨ ᠡᠭᠦᠷ ᠤ᠋ᠨ ᠰᠤᠷᠤᠯᠴᠠᠬᠤ ᠭᠠᠷᠠᠭ ᠤ᠋ᠨ ᠲᠥᠯᠥᠪᠯᠡᠭᠡ ᠶ᠋ᠢ ᠲᠣᠭᠲᠠᠭᠠᠬᠤ ᠪᠠᠷ ᠳᠠᠮᠵᠢᠨ ᠂ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠰᠤᠷᠤᠯᠴᠠᠬᠤ ᠬᠡᠷᠡᠭᠯᠡᠭᠡᠨ ᠦ᠌ ᠨᠣᠮ 6 ᠵᠦᠢᠯ ᠤ᠋ᠨ 972 ᠳᠡᠪᠲᠡᠷ ᠬᠤᠳᠠᠯᠳᠤᠨ ᠠᠪᠴᠤ ᠂ ᠪᠦᠬᠦ ᠨᠠᠮ ᠤᠨ ᠭᠡᠰᠢᠭᠦᠨ ᠬᠥᠮᠦᠨ ᠪᠦᠬᠦᠨ ᠳᠦ ᠨᠢᠭᠡ ᠳᠡᠪᠲᠡᠷ ᠨᠣᠮ ᠪᠢᠴᠢᠭ ᠢ ᠭᠦᠢᠴᠡᠳᠬᠡᠵᠦ ᠂ 《 ᠰᠢ ᠵᠢᠨ ᠫᠢᠩ ᠵᠧᠩ ᠳ᠋ᠢᠩ ᠳ᠋ᠦ᠍ 》 ᠰᠢᠷᠢᠰ ᠨᠣᠮ ᠪᠢᠴᠢᠭ ᠢ᠋ ᠬᠤᠳᠠᠯᠳᠤᠨ ᠠᠪᠴᠤ 8 ᠵᠦᠢᠯ ᠤ᠋ᠨ 200 ᠭᠠᠷᠤᠢ ᠳᠡᠪᠲᠡᠷ ᠨᠣᠮ ᠤᠩᠰᠢᠬᠤ ᠶ᠋ᠢ ᠥᠷᠭᠡᠳᠬᠡᠵᠦ ᠂ ᠶᠡᠷᠦᠩᠬᠡᠢ ᠱᠦᠵᠢ ᠰᠢ ᠵᠢᠨ ᠫᠢᠩ ᠤ᠋ᠨ ᠬᠠᠮᠤᠭ ᠤ᠋ᠨ ᠰᠢᠨ᠎ᠡ ᠴᠢᠬᠤᠯᠠ ᠶᠠᠷᠢᠶᠠᠨ ᠤ᠋ ᠴᠢᠬᠤᠯᠠ ᠵᠢᠭᠠᠪᠤᠷᠢ ᠪᠠ ᠴᠣᠬᠣᠯᠠᠪᠤᠷᠢ ᠶ᠋ᠢᠨ ᠵᠣᠷᠢᠭ ᠰᠠᠨᠠᠭ᠎ᠠ ᠶ᠋ᠢ ᠴᠠᠭ ᠲᠤᠬᠠᠢ ᠳ᠋ᠤᠨᠢ ᠨᠠᠢᠷᠠᠭᠤᠯᠤᠨ ᠬᠡᠪᠯᠡᠭᠡᠳ ᠂ ᠰᠤᠷᠤᠯᠴᠠᠬᠤ ᠠᠭᠤᠯᠭ᠎ᠠ ᠨᠢᠭᠡ ᠶ᠋ᠢ ᠴᠦ᠍ ᠨᠠᠢᠳᠠᠪᠤᠷᠢᠵᠢᠭᠤᠯᠵᠤ ᠂ ᠰᠤᠷᠤᠯᠭ᠎ᠠ ᠶ᠋ᠢᠨ ᠦᠷ᠎ᠡ ᠪᠦᠲᠦᠮᠵᠢ ᠶ᠋ᠢ ᠪᠥᠬᠥ ᠲᠠᠯ᠎ᠠ ᠪᠠᠷ ᠳᠡᠭᠡᠭᠰᠢᠯᠡᠭᠦᠯᠪᠡ ᠃
《 ᠢᠲᠡᠭᠡᠯ 》 ᠤ᠋ᠨ ᠪᠠᠲᠤ ᠨᠢ 《 ᠰᠣᠳᠣᠨ ᠢ᠋ ᠣᠢᠯᠠᠭᠠᠬᠤ ᠂ ᠴᠢᠬᠤᠯᠠ ᠵᠢᠷᠤᠮ ᠢ᠋ ᠮᠡᠳᠡᠬᠦ 》 《 ᠢᠲᠡᠭᠡᠯ ᠪᠢᠰᠢᠷᠡᠯ ᠤ᠋ᠨ ᠦᠭᠡ 》 ᠳ᠋ᠦ᠍ ᠠᠩᠬᠠᠷᠤᠯ ᠢ᠋ᠶ᠋ᠠᠨ ᠲᠥᠪᠯᠡᠷᠡᠭᠦᠯᠵᠦ ᠂ ᠭᠣᠣᠯ ᠰᠡᠳᠦᠪᠲᠦ ᠬᠥᠮᠦᠵᠢᠯ ᠤ᠋ᠨ ᠬᠥᠮᠦᠵᠢᠯ ᠢ᠋ ᠲᠠᠷᠢᠬᠢᠨ ᠳ᠋ᠤ᠌ ᠪᠠᠨ ᠰᠢᠩᠭᠡᠭᠡᠵᠦ ᠬᠠᠳᠠᠩᠰᠢᠭᠤᠯᠤᠨ᠎ᠠ
ᠠᠷᠠᠳ ᠤ᠋ᠨ ᠰᠢᠭᠦᠬᠦ ᠬᠣᠷᠢᠶ᠎ᠠ ᠨᠢ ᠲᠥᠷᠥ ᠶ᠋ᠢᠨ ᠰᠢᠭᠦᠨ ᠲᠠᠰᠤᠯᠬᠤ ᠪᠠᠢᠭᠤᠯᠭ᠎ᠠ ᠪᠣᠯᠤᠭᠰᠠᠨ ᠤ᠋ ᠬᠤᠪᠢ ᠳ᠋ᠤ᠌ ᠂ ᠤᠯᠤᠰ ᠲᠥᠷᠥ ᠶ᠋ᠢᠨ ᠪᠠᠢᠭᠤᠯᠭ᠎ᠠ ᠪᠣᠯᠤᠭᠰᠠᠨ ᠤ᠋ ᠬᠤᠪᠢ ᠳ᠋ᠤ᠌ ᠂ ᠰᠢ ᠵᠢᠨ ᠫᠢᠩ ᠤ᠋ᠨ ᠬᠠᠤᠯᠢᠵᠢᠯ ᠤ᠋ᠨ ᠦᠵᠡᠯ ᠰᠠᠨᠠᠭ᠎ᠠ ᠶ᠋ᠢ 《 ᠬᠥᠲᠥᠯᠪᠦᠷᠢ 》 ᠪᠠ 《 ᠰᠦᠨᠡᠰᠦ 》 ᠪᠣᠯᠭᠠᠵᠤ ᠂ ᠰᠢᠭᠦᠨ ᠲᠠᠰᠤᠯᠬᠤ ᠭᠦᠢᠴᠡᠳᠬᠡᠬᠦ ᠠᠵᠢᠯ ᠤ᠋ᠨ ᠪᠥᠬᠥ ᠶᠠᠪᠤᠴᠠ ᠂ ᠡᠯ᠎ᠡ ᠲᠠᠯ᠎ᠠ ᠳ᠋ᠤ᠌ ᠤᠬᠠᠮᠰᠠᠷ ᠠ᠋ᠴᠠ ᠪᠠᠨ ᠠᠭᠤᠰᠬᠠᠨ ᠣᠷᠣᠭᠤᠯᠤᠨ᠎ᠠ ᠁ ᠰᠢ ᠵᠢᠨ ᠫᠢᠩ ᠤ᠋ᠨ ᠬᠠᠤᠯᠢᠵᠢᠯ ᠤ᠋ᠨ ᠦᠵᠡᠯ ᠰᠠᠨᠠᠭ᠎ᠠ ᠶ᠋ᠢ ᠠᠵᠢᠯ ᠪᠣᠯᠭᠠᠨ ᠂ ᠬᠡᠷᠡᠭ ᠪᠣᠯᠭᠠᠨ ᠰᠢᠢᠳᠪᠦᠷᠢᠯᠡᠬᠦ ᠳᠤᠮᠳᠠ ᠨᠠᠢᠳᠠᠪᠤᠷᠢᠵᠢᠭᠤᠯᠵᠤ ᠂ ᠴᠢᠨᠠᠷ ᠰᠠᠢᠲᠠᠢ ᠰᠢᠭᠦᠬᠦ ᠬᠣᠷᠢᠶᠠᠨ ᠤ᠋ ᠠᠵᠢᠯ ᠢ᠋ ᠭᠦᠨᠵᠡᠭᠡᠢ ᠬᠢᠵᠦ ᠶᠡᠬᠡ ᠲᠠᠯ᠎ᠠ ᠳ᠋ᠤ᠌ ᠦᠢᠯᠡᠴᠢᠯᠡᠵᠦ ᠂ ᠠᠷᠠᠳ ᠲᠦᠮᠡᠨ ᠦ᠌ ᠲᠥᠯᠥᠭᠡ ᠬᠠᠤᠯᠢ ᠪᠠᠷᠢᠬᠤ ᠶ᠋ᠢ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠺᠠᠳ᠋ᠷ ᠴᠠᠭᠳᠠᠭ᠎ᠠ ᠳ᠋ᠤ᠌ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠲᠤᠰᠬᠠᠢ ᠰᠡᠳᠦᠪᠲᠦ ᠨᠠᠮ ᠤ᠋ᠨ ᠬᠢᠴᠢᠶᠡᠯ ᠲᠠᠢᠯᠪᠤᠷᠢᠯᠠᠬᠤ ᠳᠤᠮᠳᠠ ᠪᠠᠨ ᠢᠩᠭᠢᠵᠦ ᠴᠢᠬᠤᠯᠠᠴᠢᠯᠠᠪᠠ ᠃
ᠭᠦᠨᠵᠡᠭᠡᠢ ᠰᠤᠷᠤᠯᠴᠠᠨ ᠣᠢᠯᠠᠭᠠᠯᠴᠠᠵᠤ ᠂ ᠰᠡᠳᠬᠢᠯ ᠢ᠋ᠶ᠋ᠡᠨ ᠨᠢᠭᠲᠠᠷᠠᠭᠤᠯᠤᠨ ᠰᠦᠭ ᠰᠦᠨᠡᠰᠦ ᠶ᠋ᠢ ᠱᠤᠭᠤᠵᠤ ᠂ ᠭᠣᠣᠯ ᠰᠡᠳᠦᠪᠲᠦ ᠬᠥᠮᠦᠵᠢᠯ ᠤ᠋ᠨ 《 ᠨᠡᠪᠴᠢᠯᠲᠡ ᠶ᠋ᠢᠨ ᠬᠦᠴᠦᠨ 》 ᠢ ᠨᠡᠮᠡᠭᠳᠡᠭᠦᠯᠦᠨ᠎ᠡ ᠃ ᠰᠤᠷᠤᠯᠴᠠᠬᠤ ᠪᠠᠷ ᠤᠷᠢᠳᠠᠯ ᠪᠣᠯᠭᠠᠬᠤ ᠂ ᠰᠤᠷᠤᠯᠴᠠᠬᠤ ᠪᠠᠷ ᠡᠬᠢᠯᠡᠯᠲᠡ ᠪᠣᠯᠭᠠᠬᠤ ᠶ᠋ᠢ ᠡᠷᠡᠰ ᠪᠡᠶᠡᠯᠡᠭᠦᠯᠵᠦ ᠂ 《 ᠪᠠᠢᠩᠭᠤ᠂ ᠴᠢᠬᠤᠯᠠᠴᠢᠯᠠᠬᠤ ᠂ ᠦᠢᠯᠡᠳᠦᠯ ᠂ ᠬᠢᠬᠦ 》 ᠳᠥᠷᠪᠡᠨ ᠦᠰᠦᠭ ᠤ᠋ᠨ ᠰᠤᠷᠤᠯᠴᠠᠬᠤ ᠠᠷᠭ᠎ᠠ ᠶ᠋ᠢ ᠰᠦᠪᠡᠭᠴᠢᠯᠡᠨ ᠪᠠᠢᠭᠤᠯᠵᠤ ᠂ ᠰᠢᠶᠠᠨ ᠭᠠᠵᠠᠷ ᠤ᠋ᠨ ᠱᠠᠲᠤᠨ ᠠᠴᠠ ᠳᠡᠭᠡᠭᠰᠢᠬᠢ ᠤᠳᠤᠷᠢᠳᠬᠤ ᠪᠠᠭ ᠢ᠋ᠶ᠋ᠠᠷ ᠭᠣᠣᠯ ᠪᠣᠯᠭᠠᠨ ᠪᠦᠬᠦ ᠲᠠᠯ᠎ᠠ ᠶ᠋ᠢᠨ ᠂ ᠪᠦᠬᠦᠨ ᠢ᠋ ᠬᠠᠮᠤᠷᠬᠤ ᠪᠠᠷ ᠪᠦᠬᠦ ᠬᠦᠷᠢᠶᠡᠯᠡᠩ ᠤ᠋ᠨ ᠺᠠᠳ᠋ᠷ ᠴᠠᠭᠳᠠᠭ᠎ᠠ ᠨᠠᠷ ᠢ᠋ ᠳᠠᠢᠴᠢᠯᠠᠨ ᠣᠨᠣᠯ ᠤ᠋ᠨ ᠰᠤᠷᠤᠯᠴᠠᠯᠭ᠎ᠠ ᠥᠷᠨᠢᠭᠦᠯᠬᠦ ᠶᠢ ᠳᠠᠶᠢᠴᠢᠯᠠᠨᠡ᠃ 《 ᠪᠠᠢᠩᠭᠤ 》 ᠪᠠᠷ ᠦᠨᠳᠦᠰᠦ ᠪᠣᠯᠭᠠᠵᠤ ᠂ ᠪᠠᠢᠩᠭᠤ ᠶᠢᠨ ᠤᠬᠠᠭᠠᠨ ᠢ ᠪᠦᠬᠦ ᠲᠠᠯ ᠠ ᠪᠠᠷ ᠪᠦᠷᠬᠦᠭᠦᠯᠦᠨ᠎ᠡ᠃ ᠰᠤᠷᠤᠯᠴᠠᠯᠭ᠎ᠠ ᠬᠥᠮᠦᠵᠢᠯ ᠢ᠋ ᠡᠳᠦᠷ ᠳᠣᠳᠣᠮ ᠤ᠋ᠨ ᠠᠮᠢᠳᠤᠷᠠᠯ ᠳ᠋ᠤ᠌ ᠠᠭᠤᠰᠤᠯᠴᠠᠭᠤᠯᠵᠤ ᠂ ᠪᠠᠢᠩᠭᠤ ᠶ᠋ᠢᠨ ᠱᠠᠲᠤᠨ ᠳ᠋ᠤ᠌ ᠠᠳᠬᠤᠬᠤ ᠶ᠋ᠢ ᠪᠠᠷᠢᠮᠲᠠᠯᠠᠵᠤ ᠂ ᠤᠳᠤᠷᠢᠳᠬᠤ ᠪᠠᠭ ᠨᠢ ᠨᠠᠮ ᠤ᠋ᠨ ᠤᠳᠤᠷᠢᠳᠬᠤ ᠳᠤᠭᠤᠢᠯᠠᠩ ᠤ᠋ᠨ ᠣᠨᠣᠯ ᠰᠤᠷᠤᠯᠴᠠᠬᠤ ᠭᠣᠣᠯ ᠳᠤᠭᠤᠢᠯᠠᠩ ᠤ᠋ᠨ ᠵᠢᠱ᠌ᠢᠶ᠎ᠡ ᠦᠵᠡᠭᠦᠯᠬᠦ ᠤᠬᠠᠭᠠᠨ ᠂ ᠡᠯ᠎ᠡ ᠨᠠᠮ ᠤ᠋ᠨ ᠡᠭᠦᠷ ᠢ᠋ᠶ᠋ᠡᠷ ᠳᠠᠮᠵᠢᠨ 《 ᠭᠤᠷᠪᠠᠨ ᠬᠤᠷᠠᠯ ᠨᠢᠭᠡ ᠬᠢᠴᠢᠶᠡᠯ 》 ᠢᠢᠨᠷ ᠳᠠᠮᠵᠢᠨ ᠭᠦᠨᠵᠡᠭᠡᠢ ᠰᠤᠷᠤᠯᠴᠠᠵᠤ ᠂ ᠪᠦᠬᠦ ᠺᠠᠳ᠋ᠷ ᠴᠠᠭᠳᠠᠭ᠎ᠠ ᠰᠠᠯᠠᠭ᠎ᠠ ᠮᠥᠴᠢᠷ ᠤ᠋ᠨ ᠲᠣᠭᠲᠠᠮᠠᠯ ᠬᠤᠷᠠᠯ ᠤ᠋ᠨ ᠪᠦᠬᠦ ᠲᠠᠯ᠎ᠠ ᠶ᠋ᠢᠨ ᠰᠤᠷᠤᠯᠴᠠᠯᠭ᠎ᠠ ᠪᠠᠷ ᠳᠠᠮᠵᠢᠨ ᠂ 《 ᠨᠠᠮ ᠤ᠋ᠨ ᠤᠳᠤᠷᠢᠳᠬᠤ ᠳᠤᠭᠤᠢᠯᠠᠩ ᠨᠢ ᠨᠠᠮ ᠤ᠋ᠨ ᠭᠡᠰᠢᠭᠦᠨ ᠳᠠᠭᠠᠭᠤᠯᠵᠤ ᠂ ᠨᠠᠮ ᠤ᠋ᠨ ᠭᠡᠰᠢᠭᠦᠨ ᠨᠢ ᠪᠥᠬᠥ ᠺᠠᠳ᠋ᠷ ᠴᠠᠭᠳᠠᠭ᠎ᠠ ᠶ᠋ᠢ ᠳᠠᠭᠠᠭᠤᠯᠤᠨ ᠶᠠᠪᠤᠬᠤ 》 《 1+1+N 》 ᠰᠠᠢᠨ ᠰᠠᠢᠬᠠᠨ ᠰᠤᠷᠤᠯᠴᠠᠬᠤ ᠬᠡᠯᠪᠡᠷᠢ ᠶ᠋ᠢ ᠪᠣᠢ ᠪᠣᠯᠭᠠᠵᠤ ᠂ ᠪᠦᠬᠦᠨ ᠢ᠋ ᠬᠠᠮᠤᠷᠬᠠᠰᠠᠨ ᠂ ᠪᠦᠬᠦ ᠲᠠᠯ᠎ᠠ ᠶ᠋ᠢᠨ ᠂ ᠪᠦᠬᠦ ᠠᠭᠤᠯᠭ᠎ᠠ ᠶ᠋ᠢᠨ ᠰᠤᠷᠤᠯᠴᠠᠯᠭ᠎ᠠ ᠶ᠋ᠢ ᠶᠠᠪᠤᠭᠤᠯᠵᠤ ᠂ ᠪᠠᠢᠩᠭᠤ ᠣᠢᠯᠠᠭᠠᠵᠤ ᠂ ᠪᠠᠢᠩᠭᠤ ᠰᠤᠷᠤᠯᠴᠠᠨ ᠪᠠᠢᠩᠭᠤ ᠰᠤᠷᠤᠯᠴᠠᠨ ᠪᠠᠢᠩᠭᠤ ᠰᠢᠨᠡᠳᠬᠡᠵᠦ ᠂ ᠪᠠᠢᠩᠭᠤ ᠦᠢᠯᠡᠳᠦᠯᠭᠡᠵᠢᠭᠦᠯᠬᠦ ᠬᠡᠷᠡᠭᠲᠡᠢ ᠃ ᠣᠳᠣᠬᠠᠨ ᠪᠣᠯᠲᠠᠯ ᠠ᠂ ᠭᠣᠣᠯ ᠰᠡᠳᠦᠪᠲᠦ ᠬᠥᠮᠦᠵᠢᠯ ᠦᠨ ᠨᠣᠮ ᠤᠩᠰᠢᠬᠤ ᠠᠩᠬᠢ ᠶᠢ ᠨᠠᠢᠢᠳᠠ 2 ᠬᠤᠭᠤᠴᠠᠭ᠎ᠠ ᠡᠷᠬᠢᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠣᠣᠯ ᠳᠤᠭᠤᠶᠢᠯᠠᠩ ᠤᠨ ᠲᠤᠰᠬᠠᠢ ᠰᠡᠳᠦᠪ ᠢᠶᠡᠷ ᠰᠤᠷᠤᠯᠴᠠᠵᠤ ᠰᠤᠳᠤᠯᠤᠨ ᠶᠠᠷᠢᠯᠴᠠᠬᠤ᠂ ᠲᠤᠰᠬᠠᠢ ᠰᠡᠳᠦᠪᠲᠦ ᠲᠠᠶᠢᠯᠤᠮᠵᠢ ᠶᠢ 1 ᠤᠳᠠᠭ᠎ᠠ ᠡᠷᠬᠢᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠠᠮ ᠤᠨ ᠬᠢᠴᠢᠶᠡᠯ ᠢ 1 ᠤᠳᠠᠭ᠎ᠠ ᠵᠢᠭᠠᠵᠤ᠂ ᠡᠯ᠎ᠡ ᠨᠠᠮ ᠤᠨ ᠡᠭᠦᠷ ᠦᠨ ᠬᠢᠨ 40 ᠭᠠᠷᠤᠢ ᠤᠳᠠᠭ᠎ᠠ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠵᠤ᠂ ᠰᠤᠷᠤᠯᠴᠠᠯᠭ ᠠ ᠶᠢᠨ ᠠᠭᠤᠯᠭ ᠠ ᠶᠢ ᠨᠢᠭᠡ ᠶᠢ ᠴᠦ ᠣᠷᠬᠢᠭᠳᠠᠭᠤᠯᠬᠤ ᠦᠭᠡᠢ ᠪᠠᠶᠢᠯᠭᠠᠵᠤ᠂ ᠰᠤᠷᠤᠯᠴᠠᠯᠭ ᠠ ᠶᠢᠨ ᠦᠷ᠎ᠡ ᠪᠦᠲᠦᠮᠵᠢ ᠶᠢ ᠪᠦᠬᠦ ᠲᠠᠯ ᠠ ᠪᠠᠷ ᠳᠡᠭᠡᠭᠰᠢᠯᠡᠭᠦᠯᠪᠡ᠃
《ᠴᠢᠬᠤᠯᠠᠴᠢᠯᠠᠬᠤ》 ᠪᠠᠷ ᠭᠣᠣᠯᠳᠠᠯᠭ᠎ᠠ ᠪᠣᠯᠭᠠᠨ᠂ ᠭᠣᠣᠯᠳᠠᠯᠭ᠎ᠠ ᠪᠠᠨ ᠲᠤᠪᠤᠢᠢᠯᠭᠠᠨ ᠭᠦᠨᠵᠡᠭᠡᠶ ᠰᠤᠷᠤᠯᠴᠠᠪᠠ᠃ ᠨᠠᠮ ᠤ᠋ᠨ ᠳᠦᠷᠢᠮ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠂ 《 ᠰᠢ ᠵᠢᠨ ᠫᠢᠩ ᠤ᠋ᠨ ᠵᠣᠬᠢᠶᠠᠯ ᠤ᠋ᠨ ᠲᠡᠭᠦᠪᠦᠷᠢ 》 ᠂ 《 ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭᠠᠨ ᠤ᠋ ᠲᠤᠰᠬᠠᠢ ᠰᠡᠳᠦᠪᠲᠦ ᠲᠣᠪᠴᠢᠯᠠᠯ 》 ᠵᠡᠷᠭᠡ ᠭᠣᠣᠯᠳᠠᠯᠭ᠎ᠠ ᠲᠠᠢ ᠨᠣᠮ ᠪᠢᠴᠢᠭ ᠢ᠋ ᠡᠮᠬᠢᠳᠬᠡᠨ ᠤᠩᠰᠢᠵᠤ ᠰᠤᠳᠤᠯᠤᠨ ᠤᠩᠰᠢᠵᠤ ᠂ ᠲᠤᠰᠬᠠᠢ ᠰᠡᠳᠦᠪᠲᠦ ᠰᠤᠷᠤᠯᠴᠠᠯᠭ᠎ᠠ ᠶ᠋ᠢ ᠥᠷᠨᠢᠭᠦᠯᠬᠦ ᠶ᠋ᠢᠨ ᠬᠠᠮᠲᠤ ᠠᠵᠢᠯ ᠤ᠋ᠨ ᠪᠣᠳᠠᠲᠠᠢ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠣᠯᠢᠯᠴᠠᠬᠤ ᠶ᠋ᠢ 2 ᠤᠳᠠᠭ᠎ᠠ ᠥᠷᠨᠢᠭᠦᠯᠵᠦ ᠂ ᠭᠦᠨᠵᠡᠭᠡᠢ ᠰᠤᠷᠤᠯᠴᠠᠨ ᠣᠢᠯᠠᠭᠠᠯᠴᠠᠵᠤ ᠂ ᠠᠭᠤᠰᠤᠨ ᠨᠡᠪᠲᠡᠷᠡᠬᠦ ᠶ᠋ᠢ ᠦᠨᠡᠨᠬᠦ ᠪᠠᠲᠤᠯᠠᠨ᠎ᠠ ᠃
《ᠴᠢᠬᠤᠯᠠᠴᠢᠯᠠᠬᠤ》 ᠪᠡᠷ ᠬᠥᠲᠥᠯᠪᠦᠷᠢ ᠪᠣᠯᠭᠠᠨ ᠂ ᠪᠣᠳᠠᠲᠤ ᠦᠷ᠎ᠡ ᠪᠦᠲᠦᠮᠵᠢ ᠶ᠋ᠢ ᠡᠷᠬᠢᠮᠯᠡᠨ ᠣᠯᠠᠨ ᠶᠠᠩᠵᠤ ᠶ᠋ᠢᠨ ᠰᠤᠷᠤᠯᠴᠠᠯᠭ᠎ᠠ ᠶᠢ ᠬᠢᠬᠦ ᠬᠡᠷᠡᠭᠲᠡᠶ ᠃ ᠰᠤᠷᠤᠯᠴᠠᠯᠭ᠎ᠠ ᠶᠢᠨ ᠠᠴᠢᠶᠠᠯᠠᠪᠤᠷᠢ ᠶ᠋ᠢ ᠪᠥᠬᠥ ᠲᠠᠯ᠎ᠠ ᠪᠠᠷ ᠥᠷᠭᠡᠳᠬᠡᠨ ᠂ 《 ᠰᠤᠷᠤᠯᠴᠠᠯᠭ᠎ᠠ ᠶᠢᠨ ᠬᠦᠴᠦᠷᠬᠡᠭ ᠤᠯᠤᠰ 》 ᠂ ᠡᠪ ᠬᠠᠮᠲᠤ ᠨᠠᠮ ᠤ᠋ᠨ ᠭᠡᠰᠢᠭᠦᠨ ᠦ᠌ ᠰᠦᠯᠵᠢᠶ᠎ᠡ ᠂ ᠵᠠᠯᠠᠭᠤᠴᠤᠳ ᠤ᠋ᠨ ᠣᠨᠣᠯ ᠤ᠋ᠨ ᠰᠤᠷᠤᠯᠴᠠᠯᠭ᠎ᠠ ᠶ᠋ᠢᠨ ᠳᠤᠭᠤᠢᠯᠠᠩ ᠵᠡᠷᠭᠡ ᠠᠴᠢᠶᠠᠯᠠᠪᠤᠷᠢ ᠶ᠋ᠢᠨ ᠲᠠᠪᠴᠠᠩ ᠢ᠋ ᠭᠦᠢᠴᠡᠳ ᠠᠰᠢᠭᠯᠠᠵᠤ ᠂ ᠲᠤᠰᠬᠠᠢ ᠮᠡᠷᠭᠡᠵᠢᠯᠲᠡᠨ ᠦ᠌ ᠲᠠᠢᠯᠤᠮᠵᠢ ᠂ ᠲᠤᠰᠬᠠᠢ ᠰᠡᠳᠦᠪᠲᠦ ᠨᠠᠮ ᠤ᠋ᠨ ᠬᠢᠴᠢᠶᠡᠯ ᠂ ᠤᠯᠤᠰ ᠲᠥᠷᠥ ᠶ᠋ᠢᠨ ᠡᠭᠡᠯᠵᠢᠯᠡᠨ ᠪᠣᠯᠪᠠᠰᠣᠷᠠᠭᠤᠯᠤᠯ ᠂ ᠭᠣᠣᠯ ᠰᠡᠳᠦᠪᠲᠦ ᠨᠠᠮ ᠤ᠋ᠨ ᠡᠳᠦᠷ ᠂ ᠠᠬᠤᠢ ᠲᠠᠯᠠᠪᠠᠢ ᠶ᠋ᠢᠨ ᠰᠤᠳᠤᠯᠤᠨ ᠰᠤᠷᠤᠯᠴᠠᠬᠤ ᠵᠡᠷᠭᠡ ᠠᠮᠢᠳᠤᠯᠢᠭ ᠠᠷᠭ᠎ᠠ ᠮᠠᠶ᠋ᠢᠭ ᠢ᠋ᠶ᠋ᠠᠷ ᠳᠠᠮᠵᠢᠭᠤᠯᠤᠨ ᠨᠠᠮ ᠤ᠋ᠨ ᠭᠡᠰᠢᠭᠦᠨ ᠺᠠᠳ᠋ᠷ ᠴᠠᠭᠳᠠᠭ᠎ᠠ ᠶ᠋ᠢ ᠵᠣᠬᠢᠶᠠᠨ ᠪᠠᠢᠭᠤᠯᠤᠨ 15 ᠤᠳᠠᠭ᠎ᠠ ᠭᠦᠨᠵᠡᠭᠡᠢ ᠰᠤᠷᠤᠯᠴᠠᠭᠤᠯᠤᠨ᠎ᠠ ᠃ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠰᠦᠯᠵᠢᠶᠡᠨ ᠳᠡᠭᠡᠷᠡᠬᠢ ᠮᠡᠳᠡᠯᠭᠡ ᠶ᠋ᠢᠨ ᠰᠡᠳᠦᠪ ᠤ᠋ᠨ ᠬᠥᠮᠥᠷᠭᠡ ᠶ᠋ᠢ ᠪᠠᠢᠭᠤᠯᠵᠤ ᠂ ᠪᠦᠬᠦ ᠺᠠᠳ᠋ᠷ ᠴᠠᠭᠳᠠᠭ᠎ᠠ ᠰᠦᠯᠵᠢᠶᠡᠨ ᠳᠡᠭᠡᠷᠡᠬᠢ ᠰᠡᠳᠦᠪ ᠤ᠋ᠨ ᠬᠥᠮᠥᠷᠭᠡ ᠶ᠋ᠢᠨ ᠪᠣᠭᠣᠮᠲᠠ ᠪᠠᠷ ᠳᠠᠮᠵᠢᠨ ᠬᠠᠮᠢᠶ᠎ᠠ ᠪᠦᠬᠦᠢ ᠮᠡᠳᠡᠯᠭᠡ ᠶ᠋ᠢ ᠨᠠᠷᠢᠨ ᠬᠢᠨᠠᠮᠠᠭᠠᠢ ᠰᠤᠷᠤᠯᠴᠠᠵᠤ ᠂ ᠰᠦᠯᠵᠢᠶᠡᠨ ᠳᠡᠭᠡᠷᠡᠬᠢ ᠮᠡᠳᠡᠯᠭᠡ ᠶ᠋ᠢᠨ ᠰᠢᠯᠭᠠᠯᠲᠠ ᠶ᠋ᠢᠨ ᠪᠦᠬᠦ ᠲᠠᠯ᠎ᠠ ᠪᠠᠷ ᠰᠤᠷᠤᠯᠴᠠᠨ ᠪᠠᠢᠴᠠᠭᠠᠭᠰᠠᠨ ᠦᠷ᠎ᠡ ᠪᠦᠲᠦᠮᠵᠢ ᠶ᠋ᠢ ᠥᠷᠨᠢᠭᠦᠯᠦᠨ ᠂ 260 ᠭᠠᠷᠤᠢ ᠺᠠᠳ᠋ᠷ ᠴᠠᠭᠳᠠᠭ᠎ᠠ ᠮᠡᠳᠡᠯᠭᠡ ᠶ᠋ᠢᠨ ᠰᠢᠯᠭᠠᠯᠲᠠ ᠳ᠋ᠤ᠌ ᠣᠷᠣᠯᠴᠠᠵᠤ ᠂ ᠰᠢᠯᠭᠠᠯᠲᠠ ᠳ᠋ᠤ᠌ ᠬᠢᠷᠢ ᠲᠡᠩᠴᠡᠭᠰᠡᠨ ᠨᠣᠷᠮ᠎ᠠ 98 % ᠳ᠋ᠤ᠌ ᠬᠦᠷᠴᠡᠢ ᠃ ᠸᠢᠴᠠᠲ ᠤ᠋ᠨ ᠣᠯᠠᠨ ᠨᠡᠢᠲᠡ ᠶ᠋ᠢᠨ ᠲᠠᠪᠴᠠᠩ ᠳᠡᠭᠡᠷ᠎ᠡ 《 ᠦᠵᠡᠯ ᠰᠠᠨᠠᠭ᠎ᠠ ᠶ᠋ᠢ ᠰᠤᠷᠤᠯᠴᠠᠬᠤ ᠂ ᠲᠥᠷᠥᠭᠳᠡᠯ ᠢ᠋ᠶ᠋ᠡᠨ ᠶᠠᠷᠢᠬᠤ ᠂ ᠬᠦᠴᠦᠨ ᠴᠢᠳᠠᠯ ᠢ᠋ᠶ᠋ᠠᠨ ᠲᠥᠪᠯᠡᠷᠡᠭᠦᠯᠬᠦ 》 ᠦᠵᠡᠯ ᠰᠠᠨᠠᠭᠠᠨ ᠤ᠋ ᠰᠣᠯᠢᠯᠴᠠᠭᠠᠨ ᠤ᠋ ᠲᠤᠰᠬᠠᠢ ᠪᠤᠯᠤᠩ ᠂ ᠭᠣᠣᠯ ᠰᠡᠳᠦᠪᠲᠦ ᠰᠤᠷᠭᠠᠨ ᠬᠥᠮᠦᠵᠢᠯ ᠤ᠋ᠨ 《 ᠭᠠᠷᠠᠭ ᠪᠦᠷᠢ ᠶ᠋ᠢᠨ ᠳᠡᠪᠰᠢᠭᠦᠯᠦᠭᠰᠡᠨ ᠪᠢᠴᠢᠭ᠌ 》 ᠪᠠ ᠤᠭ ᠪᠦᠲᠦᠭᠡᠯ ᠤ᠋ᠨ ᠱᠣᠭ ᠵᠢᠷᠤᠭ 4 ᠬᠤᠭᠤᠴᠠᠭ᠎ᠠ ᠭᠠᠷᠭᠠᠵᠤ ᠂ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠰᠠᠢᠨ ᠰᠠᠢᠬᠠᠨ ᠣᠷᠴᠢᠨ ᠠᠬᠤᠢ ᠶ᠋ᠢ ᠪᠣᠢ ᠪᠣᠯᠭᠠᠨ᠎ᠠ ᠃
《 ᠠᠵᠢᠯᠯᠠᠭ᠎ᠠ 》 ᠶᠢᠨ ᠡᠷᠡᠰ ᠨᠢ 《 ᠴᠢᠭᠯᠡᠯ ᠢ᠋ ᠵᠢᠭᠠᠵᠤ ᠂ ᠬᠦᠴᠢᠷᠳᠡᠯ ᠢ᠋ ᠰᠢᠢᠳᠪᠦᠷᠢᠯᠡᠬᠦ 》 《 ᠤᠷᠤᠭᠰᠢᠯᠠᠯᠲᠠ ᠶ᠋ᠢᠨ ᠬᠥᠭᠵᠢᠮ 》 ᠳ᠋ᠦ᠍ ᠠᠩᠬᠠᠷᠤᠯ ᠢ᠋ᠶ᠋ᠠᠨ ᠲᠥᠪᠯᠡᠷᠡᠭᠦᠯᠵᠦ ᠂ ᠭᠣᠣᠯ ᠰᠡᠳᠦᠪᠲᠦ ᠰᠤᠷᠭᠠᠨ ᠬᠥᠮᠦᠵᠢᠯ ᠢ᠋ ᠭᠦᠨᠵᠡᠭᠡᠶᠢᠷᠡᠭᠦᠯᠦᠨ ᠪᠣᠳᠠᠲᠠᠢᠵᠢᠭᠤᠯᠤᠨᠠ
ᠪᠣᠳᠠᠲᠠᠢ ᠶ᠋ᠢ ᠡᠷᠬᠢᠮᠯᠡᠨ ᠠᠵᠢᠯᠯᠠᠵᠤ ᠂ ᠰᠢᠨ᠎ᠡ ᠬᠡᠪ ᠰᠤᠷᠲᠠᠯ ᠢ᠋ ᠪᠣᠢ ᠪᠣᠯᠭᠠᠵᠤ ᠂ ᠭᠣᠣᠯ ᠰᠡᠳᠦᠪᠲᠦ ᠰᠤᠷᠭᠠᠨ ᠬᠥᠮᠦᠵᠢᠯ ᠤ᠋ᠨ 《 ᠭᠦᠢᠴᠡᠳᠬᠡᠬᠦ ᠬᠦᠴᠦᠨ 》 ᠢ ᠴᠢᠩᠭᠠᠳᠬᠠᠨ᠎ᠠ ᠃ 《 ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠶᠡᠬᠡ ᠬᠥᠭᠵᠢᠯᠲᠡ ᠶ᠋ᠢᠨ ᠪᠠᠢᠴᠠᠭᠠᠨ ᠰᠤᠳᠤᠯᠤᠯᠲᠠ ᠶ᠋ᠢᠨ ᠲᠤᠬᠠᠢ ᠬᠡᠷᠡᠭᠵᠢᠭᠦᠯᠬᠦ ᠲᠥᠰᠦᠯ 》 ᠢ᠋ ᠲᠣᠭᠲᠠᠭᠠᠨ ᠳᠠᠷᠤᠮᠠᠯᠯᠠᠨ ᠲᠠᠷᠬᠠᠭᠠᠵᠤ ᠂ 《 ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠪᠠᠢᠴᠠᠭᠠᠨ ᠰᠤᠳᠤᠯᠤᠯᠲᠠ ᠶ᠋ᠢᠨ ᠠᠵᠢᠯ ᠢ᠋ ᠭᠦᠨᠵᠡᠭᠡᠢ ᠥᠷᠨᠢᠭᠦᠯᠬᠦ ᠲᠥᠯᠥᠪᠯᠡᠭᠡ 》 ᠶ᠋ᠢ ᠲᠣᠭᠲᠠᠭᠠᠵᠤ ᠂ 《 ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠭᠣᠣᠯᠳᠠᠯᠭ᠎ᠠ ᠲᠠᠢ ᠪᠠᠢᠴᠠᠭᠠᠨ ᠰᠤᠳᠤᠯᠤᠯᠲᠠ ᠶ᠋ᠢᠨ ᠠᠭᠤᠯᠭ᠎ᠠ ᠶ᠋ᠢᠨ ᠲᠣᠪᠴᠢ 》 ᠶ᠋ᠢ ᠪᠦᠷᠢᠯᠳᠦᠭᠦᠯᠪᠡ ᠁ ᠭᠣᠣᠯ ᠰᠡᠳᠦᠪᠲᠦ ᠰᠤᠷᠭᠠᠨ ᠬᠥᠮᠦᠵᠢᠯ ᠡᠬᠢᠯᠡᠭᠰᠡᠨ ᠦ᠌ ᠳᠠᠷᠠᠭ᠎ᠠ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠥᠭᠵᠢᠯᠲᠡ ᠶ᠋ᠢᠨ ᠳᠤᠮᠳᠠ ᠣᠷᠣᠰᠢᠵᠤ ᠪᠠᠢᠭ᠎ᠠ ᠬᠦᠴᠢᠷ ᠠᠰᠠᠭᠤᠳᠠᠯ ᠢ᠋ ᠰᠢᠢᠳᠪᠦᠷᠢᠯᠡᠬᠦ ᠂ ᠣᠯᠠᠨ ᠲᠦᠮᠡᠨ ᠦ᠌ ᠨᠡᠢᠳᠡᠮ ᠠᠩᠬᠠᠷᠴᠤ ᠪᠠᠢᠭ᠎ᠠ ᠬᠦᠴᠢᠷ ᠲᠦᠪᠡᠭᠲᠡᠶ ᠠᠰᠠᠭᠤᠳᠠᠯ ᠵᠡᠷᠭᠡ ᠲᠣᠭᠣᠷᠢᠨ ᠳ᠋ᠤ᠌ ᠂ ᠣᠷᠳᠣᠰ ᠬᠣᠲᠠ ᠶ᠋ᠢᠨ ᠳᠤᠮᠳᠠ ᠳᠡᠭᠡᠳᠦ ᠵᠡᠷᠭᠡ ᠶ᠋ᠢᠨ ᠰᠢᠭᠦᠬᠦ ᠬᠣᠷᠢᠶ᠎ᠠ 12 ᠲᠠᠯ᠎ᠠ ᠶ᠋ᠢᠨ 33 ᠲᠥᠷᠥᠯ ᠤ᠋ᠨ ᠰᠡᠳᠦᠪ ᠤ᠋ᠨ ᠲᠣᠭᠣᠷᠢᠨ ᠳ᠋ᠤ᠌ ᠪᠠᠢᠴᠠᠭᠠᠨ ᠰᠤᠳᠤᠯᠤᠯᠲᠠ ᠶ᠋ᠢᠨ ᠰᠡᠳᠦᠪ ᠢ᠋ ᠰᠢᠨᠵᠢᠯᠡᠬᠦ ᠤᠬᠠᠭᠠᠨᠴᠢ ᠪᠠᠷ ᠰᠣᠩᠭᠣᠨ ᠲᠣᠭᠲᠠᠭᠠᠵᠤ ᠂ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠂ ᠨᠢᠭᠡ ᠥᠷᠲᠡᠭᠡ ᠮᠠᠶ᠋ᠢᠭ ᠤᠨ ᠣᠯᠠᠨ ᠡᠰᠢᠲᠦ ᠵᠢᠭᠤᠷᠠᠯᠳᠤᠭᠠᠨ ᠢ᠋ ᠰᠢᠢᠳᠪᠦᠷᠢᠯᠡᠬᠦ ᠂ ᠶᠡᠷᠦᠩᠬᠡᠢᠯᠡᠨ ᠵᠠᠰᠠᠬᠤ ᠭᠦᠢᠴᠡᠳᠬᠡᠬᠦ ᠳ᠋ᠦ᠍ ᠬᠦᠴᠢᠷ ᠂ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠂ ᠵᠠᠬᠢᠳᠠᠯ ᠰᠤᠷᠪᠤᠯᠵᠢᠯᠠᠭ᠎ᠠ ᠵᠡᠷᠭᠡ ᠡᠯ᠎ᠡ ᠲᠠᠯ᠎ᠠ ᠶ᠋ᠢ ᠬᠠᠮᠤᠷᠴᠤ ᠂ ᠪᠠᠢᠴᠠᠭᠠᠨ ᠰᠤᠳᠤᠯᠤᠯᠲᠠ ᠶ᠋ᠢᠨ ᠪᠣᠳᠠᠲᠤ ᠦᠷ᠎ᠡ ᠪᠦᠲᠦᠮᠵᠢ ᠶ᠋ᠢ ᠦᠨᠡᠨᠬᠦ ᠳᠡᠭᠡᠭᠰᠢᠯᠡᠭᠦᠯᠪᠡ ᠃ ᠡᠭᠦᠨ ᠦ᠌ ᠬᠠᠮᠲᠤ ᠂ ᠪᠠᠢᠴᠠᠭᠠᠨ ᠰᠤᠳᠤᠯᠤᠯᠲᠠ ᠶᠢᠨ ᠠᠵᠢᠯ ᠤ᠋ᠨ ᠲᠣᠬᠢᠷᠠᠭᠤᠯᠤᠯᠲᠠ ᠶ᠋ᠢ ᠬᠡᠷᠡᠭᠵᠢᠭᠦᠯᠵᠦ ᠂ ᠪᠠᠢᠴᠠᠭᠠᠨ ᠰᠤᠳᠤᠯᠤᠯᠲᠠ ᠶᠢᠨ ᠰᠡᠳᠦᠪ ᠢ᠋ ᠪᠡᠶᠡᠯᠡᠭᠦᠯᠦᠭᠰᠡᠨ ᠪᠠᠢᠳᠠᠯ ᠂ ᠠᠰᠠᠭᠤᠳᠠᠯ ᠢ᠋ ᠰᠢᠢᠳᠪᠦᠷᠢᠯᠡᠭᠰᠡᠨ ᠪᠠᠢᠳᠠᠯ ᠂ ᠦᠷ᠎ᠡ ᠪᠦᠲᠦᠭᠡᠯ ᠢ᠋ ᠤᠯᠠᠷᠢᠭᠤᠯᠤᠨ ᠬᠡᠷᠡᠭᠯᠡᠭᠰᠡᠨ ᠪᠠᠢᠳᠠᠯ ᠳ᠋ᠤ᠌ ᠮᠥᠷᠳᠡᠨ ᠦᠷ᠎ᠡ ᠪᠦᠲᠦᠮᠵᠢ ᠠᠰᠠᠭᠤᠬᠤ ᠶ᠋ᠢ ᠴᠢᠩᠭᠠᠳᠬᠠᠪᠠ ᠃ ᠣᠳᠣᠬᠠᠨ ᠪᠣᠯᠲᠠᠯ᠎ᠠ ᠂ ᠬᠣᠲᠠ ᠶᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠤᠳᠤᠷᠢᠳᠬᠤ ᠪᠠᠭ ᠪᠠᠢᠴᠠᠭᠠᠨ ᠰᠤᠳᠤᠯᠤᠯᠲᠠ ᠶᠢᠨ ᠰᠡᠳᠦᠪ 10 ᠶ᠋ᠢ ᠲᠣᠭᠲᠠᠭᠠᠵᠤ ᠂ ᠤᠳᠤᠷᠢᠳᠬᠤ ᠪᠠᠭ ᠤ᠋ᠨ ᠪᠦᠷᠢᠯᠳᠦᠬᠦᠨ ᠪᠦᠷ 《 ᠪᠠᠢᠴᠠᠭᠠᠨ ᠰᠤᠳᠤᠯᠬᠤ ᠠᠰᠠᠭᠤᠳᠠᠯ ᠤ᠋ᠨ ᠨᠠᠷᠢᠨ ᠬᠠᠭᠤᠳᠠᠰᠤ ᠪᠠ ᠬᠠᠷᠢᠭᠤᠴᠠᠯᠭ᠎ᠠ ᠶ᠋ᠢᠨ ᠨᠠᠷᠢᠨ ᠬᠠᠭᠤᠳᠠᠰᠤ 》 ᠶ᠋ᠢ ᠪᠠᠢᠭᠤᠯᠵᠤ ᠂ 46 ᠤᠳᠠᠭ᠎ᠠ ᠳᠠᠭᠠᠭᠤᠯᠤᠨ ᠪᠠᠢᠴᠠᠭᠠᠨ ᠰᠤᠳᠤᠯᠤᠯᠲᠠ ᠬᠢᠵᠦ ᠂ ᠶᠠᠪᠤᠴᠠ ᠳ᠋ᠤ᠌ 51 ᠠᠰᠠᠭᠤᠳᠠᠯ ᠢ᠋ ᠢᠯᠡᠷᠡᠭᠦᠯᠵᠦ ᠂ 26 ᠠᠰᠠᠭᠤᠳᠠᠯ ᠢ᠋ ᠲᠤᠬᠠᠢ ᠶ᠋ᠢᠨ ᠲᠠᠯᠠᠪᠤᠷ ᠲᠤᠨᠢ ᠰᠤᠳᠤᠯᠤᠨ ᠰᠢᠢᠳᠪᠦᠷᠢᠯᠡᠵᠦ ᠂ 50 ᠵᠦᠢᠯ ᠤ᠋ᠨ ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠤᠨ ᠭᠠᠷᠭᠠᠪᠠ ᠃
ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠰᠢᠨ᠎ᠡ ᠶ᠋ᠢ ᠡᠭᠦᠳᠬᠦ ᠪᠠᠢᠴᠠᠭᠠᠨ ᠰᠤᠳᠤᠯᠤᠯᠲᠠ ᠶ᠋ᠢᠨ ᠠᠷᠭ᠎ᠠ ᠬᠡᠯᠪᠡᠷᠢ ᠶ᠋ᠢᠨ ᠲᠤᠬᠠᠢ ᠱᠠᠭᠠᠷᠳᠠᠯᠭ᠎ᠠ ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ ᠂ ᠪᠡᠶ᠎ᠡ ᠪᠡᠨ ᠳᠠᠭᠠᠭᠠᠵᠤ ᠰᠢᠨ᠎ᠡ ᠶ᠋ᠢ ᠡᠭᠦᠳᠦᠨ ᠰᠤᠳᠤᠯᠤᠨ ᠨᠡᠭᠡᠭᠡᠭᠰᠡᠨ 《ᠤᠯᠠᠨ ᠦᠨᠡᠯᠡᠯᠲᠡ · ᠺᠣᠳ᠋ ᠢ ᠳᠡᠭᠡᠭᠰᠢᠯᠡᠭᠦᠯᠬᠦ》 ᠭᠤᠷᠪᠠᠨ ᠦᠵᠦᠭᠦᠷ ᠲᠠᠪᠤᠨ ᠰᠡᠷᠭᠡᠶᠢᠯᠡᠯᠲᠡ ᠶᠢᠨ ᠱᠤᠭᠤᠮ ᠤᠨ ᠵᠠᠭᠠᠯᠳᠤᠯᠭ ᠠ ᠶᠢᠨ ᠢᠷᠡᠯᠳᠡ ᠶᠢᠨ ᠣᠶᠤᠨ ᠢᠶᠠᠷ ᠵᠠᠰᠠᠬᠤ ᠦᠢᠯᠡᠴᠢᠯᠡᠭᠡᠨ ᠦ ᠲᠠᠪᠴᠠᠩ ᠬᠢᠭᠡᠳ ᠮᠠᠨ ᠤ ᠬᠤᠳᠠ ᠶᠢᠨ ᠠᠷᠠᠳ ᠤᠨ ᠠᠮᠢᠳᠤᠷᠠᠯ ᠤᠨ ᠤᠶᠤᠨᠲᠤ ᠲᠠᠪᠴᠠᠩ ᠤᠨ ᠰᠢᠭᠢᠳᠬᠡᠯ ᠠᠭᠤᠰᠤᠯᠴᠠᠯ ᠢ ᠪᠡᠶᠡᠯᠡᠭᠦᠯᠵᠦ᠂ ᠪᠦᠬᠥ ᠠᠵᠢᠯᠳᠠᠨ ᠢ ᠰᠢᠭᠦᠬᠦ ᠬᠣᠷᠢᠶᠠᠨ ᠤ 《ᠭᠤᠷᠪᠠᠨ ᠦᠵᠦᠭᠦᠷ ᠲᠠᠪᠤᠨ ᠰᠡᠷᠭᠡᠶᠢᠯᠡᠯᠲᠡ ᠶᠢᠨ ᠱᠤᠭᠤᠮ》 ᠤᠨ ᠵᠠᠭᠠᠯᠳᠤᠯᠭ ᠠ ᠶᠢᠨ ᠢᠷᠡᠯᠳᠡ ᠶᠢ ᠵᠠᠰᠠᠬᠤ ᠠᠵᠢᠯ ᠳᠤ ᠣᠷᠣᠯᠴᠠᠭᠤᠯᠪᠠ᠃᠃ ᠬᠠᠤᠯᠢ ᠴᠠᠭᠠᠵᠠ ᠶᠢᠨ ᠲᠣᠮᠣ ᠳ᠋ᠠᠶᠢᠲ᠋ᠠ ᠪᠠᠷ ᠪᠠᠶᠢᠴᠠᠭᠠᠨ ᠰᠤᠳᠤᠯᠤᠯᠲᠠ ᠬᠢᠬᠦ ᠶᠢ ᠠᠬᠢᠭᠤᠯᠵᠤ᠂ ᠠᠷᠠᠳ ᠤ᠋ᠨ ᠳᠡᠭᠡᠳᠦ ᠰᠢᠭᠦᠬᠦ ᠬᠣᠷᠢᠶ᠎ᠠ ᠶ᠋ᠢᠨ ᠮᠡᠳᠡᠭᠡ ᠵᠠᠩᠭᠢ ᠶ᠋ᠢᠨ ᠲᠥᠪ ᠲᠡᠢ ᠬᠠᠮᠲᠤᠷᠠᠨ ᠠᠵᠢᠯᠯᠠᠬᠤ ᠲᠣᠭᠲᠠᠴᠠ ᠶ᠋ᠢ ᠪᠠᠢᠭᠤᠯᠵᠤ ᠂ ᠠᠷᠠᠳ ᠤ᠋ᠨ ᠰᠢᠭᠦᠬᠦ ᠬᠣᠷᠢᠶ᠎ᠠ ᠶ᠋ᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠪᠠ ᠦᠢᠯᠡᠴᠢᠯᠡᠭᠡᠨ ᠦ᠌ ᠲᠠᠪᠴᠠᠩ ᠳ᠋ᠤ᠌ ᠲᠦᠰᠢᠭᠯᠡᠨ ᠬᠤᠷᠠᠮᠳᠤᠭᠰᠠᠨ ᠰᠢᠭᠦᠨ ᠲᠠᠰᠤᠯᠤᠯᠲᠠ ᠶ᠋ᠢᠨ ᠡᠬᠢ ᠪᠠᠶᠠᠯᠢᠭ ᠤ᠋ᠨ ᠮᠡᠳᠡᠭᠡ ᠵᠠᠩᠭᠢ ᠳ᠋ᠤ᠌ ᠲᠦᠰᠢᠭᠯᠡᠨ ᠂ ᠣᠨ ᠤ᠋ ᠪᠥᠬᠥ ᠬᠣᠲᠠ ᠶ᠋ᠢᠨ ᠠᠵᠤ ᠠᠬᠤᠢ ᠶ᠋ᠢᠨ ᠬᠥᠭᠵᠢᠯᠲᠡ ᠶ᠋ᠢᠨ ᠪᠠᠢᠳᠠᠯ ᠳ᠋ᠤ᠌ 《 ᠲᠣᠭᠠᠴᠢᠯᠠᠭᠰᠠᠨ ᠪᠡᠶ᠎ᠡ ᠶ᠋ᠢᠨ ᠪᠠᠢᠴᠠᠭᠠᠯᠲᠠ 》 ᠬᠢᠵᠦ ᠂ 《 ᠬᠠᠤᠯᠢ ᠴᠠᠭᠠᠵᠠ ᠶ᠋ᠢᠨ ᠲᠣᠮᠣ ᠳ᠋ᠠᠶᠢᠲ᠋ᠠ ᠳ᠋ᠤ᠌ ᠰᠠᠭᠤᠷᠢᠯᠠᠭᠰᠠᠨ ᠣᠷᠳᠣᠰ ᠬᠣᠲᠠ ᠶ᠋ᠢᠨ ᠠᠵᠤ ᠠᠬᠤᠢ ᠨᠡᠢᠭᠡᠮ ᠤ᠋ᠨ ᠠᠵᠢᠯᠯᠠᠭᠠᠨ ᠤ᠋ ᠪᠠᠢᠳᠠᠯ ᠢ᠋ ᠦᠨᠡᠯᠡᠨ ᠵᠢᠱ᠌ᠢᠭᠰᠡᠨ ᠮᠡᠳᠡᠭᠦᠯᠦᠯᠲᠡ 》 ᠶ᠋ᠢ ᠪᠦᠷᠢᠯᠳᠦᠭᠦᠯᠵᠦ ᠂ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠯᠢ ᠯᠢ ᠱᠦᠵᠢ ᠶ᠋ᠢᠨ ᠴᠣᠬᠣᠯᠠᠪᠤᠷᠢ ᠶ᠋ᠢ ᠣᠯᠪᠠ ᠃
ᠠᠰᠠᠭᠤᠳᠠᠯ ᠢ᠋ ᠪᠦᠬᠦ ᠲᠠᠯ᠎ᠠ ᠪᠠᠷ ᠪᠠᠢᠴᠠᠭᠠᠨ ᠦᠵᠡᠵᠦ ᠂ ᠬᠢᠨᠠᠨ ᠵᠢᠯᠣᠭᠣᠳᠴᠤ ᠪᠠᠢᠴᠠᠭᠠᠬᠤ ᠪᠠᠨ ᠴᠢᠩᠭᠠᠳᠬᠠᠵᠤ ᠃ 《 ᠬᠣᠶᠠᠷ ᠲᠤᠰᠬᠠᠢ ᠮᠡᠷᠭᠡᠵᠢᠯ ᠬᠣᠶᠠᠷ ᠲᠣᠭᠲᠠᠭᠠᠬᠤ 》 ᠠᠵᠢᠯ ᠤ᠋ᠨ ᠲᠣᠭᠲᠠᠴᠠ ᠶ᠋ᠢ ᠲᠦᠬᠦᠷᠵᠢᠭᠦᠯᠦᠨ ᠪᠠᠢᠭᠤᠯᠵᠤ ᠂ ᠪᠦᠬᠦ ᠬᠣᠷᠢᠶ᠎ᠠ ᠶ᠋ᠢᠨ ᠡᠯ᠎ᠡ ᠰᠠᠯᠠᠭ᠎ᠠ ᠮᠥᠴᠢᠷ ᠲᠦ᠍ ᠪᠠᠢᠴᠠᠭᠠᠨ ᠦᠵᠡᠵᠦ ᠴᠡᠭᠴᠡᠯᠡᠨ ᠰᠠᠢᠵᠢᠷᠠᠭᠤᠯᠬᠤ ᠠᠵᠢᠯ ᠤ᠋ᠨ ᠲᠣᠬᠢᠷᠠᠭᠤᠯᠤᠯᠲᠠ ᠶ᠋ᠢ ᠳᠠᠷᠤᠮᠠᠯᠯᠠᠨ ᠲᠠᠷᠬᠠᠭᠠᠵᠤ ᠂ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠶ᠋ᠢ ᠵᠦᠢᠯ ᠳᠠᠷᠠᠭᠠᠯᠠᠨ ᠲᠣᠭᠲᠠᠭᠠᠬᠤ ᠬᠡᠷᠡᠭᠲᠡᠢ ᠃ ᠠᠰᠠᠭᠤᠳᠠᠯ ᠢ ᠥᠪᠡᠰᠦᠪᠡᠨ ᠪᠠᠶᠢᠴᠠᠭᠠᠨ ᠳᠡᠯᠭᠡᠬᠦ ᠶᠢᠨ ᠬᠠᠮᠲᠤ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠬᠦ ᠶᠢ ᠪᠠᠷᠢᠮᠲᠠᠯᠠᠵᠤ ᠂ 7 ᠵᠦᠶᠯ ᠢ ᠨᠢᠭᠡᠨᠲᠡ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠪᠡ᠃ ᠣᠯᠠᠨ ᠲᠦᠮᠡᠨ ᠦ᠌ ᠲᠤᠰᠬᠠᠯ ᠴᠢᠩᠭ᠎ᠠ ᠂ ᠤᠷᠲᠤ ᠬᠤᠭᠤᠴᠠᠭ᠎ᠠ ᠪᠠᠷ ᠰᠢᠢᠳᠪᠦᠷᠢᠯᠡᠭᠡᠳᠦᠢ ᠳᠣᠪᠣᠢᠮ᠎ᠠ ᠠᠰᠠᠭᠤᠳᠠᠯ ᠳ᠋ᠤ᠌ ᠴᠢᠭᠯᠡᠭᠦᠯᠦᠨ ᠲᠤᠰᠬᠠᠢ ᠲᠥᠷᠥᠯ ᠤ᠋ᠨ ᠴᠡᠭᠴᠡᠯᠡᠨ ᠵᠠᠰᠠᠬᠤ ᠲᠥᠰᠦᠯ 4 ᠲᠣᠭᠲᠠᠭᠠᠵᠤ ᠂ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠪᠠᠢᠴᠠᠭᠠᠨ ᠦᠵᠡᠬᠦ ᠴᠡᠭᠴᠡᠯᠡᠨ ᠰᠠᠢᠵᠢᠷᠠᠭᠤᠯᠬᠤ ᠠᠵᠢᠯ ᠢ᠋ ᠭᠦᠨᠵᠡᠭᠡᠢ ᠪᠥᠭᠡᠳ ᠪᠣᠳᠠᠲᠠᠢ ᠨᠠᠢᠳᠠᠪᠤᠷᠢᠵᠢᠭᠤᠯᠬᠤ ᠶ᠋ᠢ ᠤᠯᠠᠮ ᠨᠢᠭᠡ ᠠᠯᠬᠤᠮ ᠠᠬᠢᠭᠤᠯᠪᠠ ᠃
ᠳᠠᠷᠠᠭᠠᠴᠢ ᠶᠢᠨ ᠠᠯᠬᠤᠮ ᠳᠤ ᠂ ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶᠡᠬᠡ ᠲᠠᠯ᠎ᠠ ᠳ᠋ᠤ᠌ ᠦᠢᠯᠡᠴᠢᠯᠡᠬᠦ ᠂ ᠠᠷᠠᠳ ᠤᠨ ᠲᠥᠯᠥᠭᠡ ᠬᠠᠤᠯᠢ ᠴᠠᠭᠠᠵᠠ ᠶᠠᠪᠤᠭᠤᠯᠬᠤ ᠶᠢ ᠪᠠᠷᠢᠮᠲᠠᠯᠠᠵᠤ ᠂ 《 ᠲᠥᠪ ᠭᠣᠣᠯᠴᠢ ᠬᠢᠭᠡᠳ ᠦᠷ᠎ᠡ ᠪᠦᠲᠦᠮᠵᠢ 》 ᠶ᠋ᠢ ᠪᠣᠳᠠᠲᠠᠢ ᠠᠳᠬᠤᠨ ᠂ ᠭᠣᠣᠯ ᠰᠡᠳᠦᠪᠲᠦ ᠰᠤᠷᠭᠠᠨ ᠬᠥᠮᠦᠵᠢᠯ ᠤ᠋ᠨ 《 ᠦᠵᠡᠯ ᠰᠠᠨᠠᠭ᠎ᠠ ᠶ᠋ᠢ ᠰᠤᠷᠤᠯᠴᠠᠵᠤ ᠂ ᠨᠠᠮᠴᠢ ᠴᠢᠨᠠᠷ ᠢ᠋ ᠴᠢᠩᠭᠠᠳᠬᠠᠵᠤ ᠂ ᠦᠢᠯᠡᠳᠦᠯᠭᠡ ᠶ᠋ᠢ ᠴᠢᠬᠤᠯᠠᠴᠢᠯᠠᠵᠤ ᠂ ᠰᠢᠨ᠎ᠡ ᠭᠠᠪᠢᠶ᠎ᠠ ᠪᠠᠢᠭᠤᠯᠬᠤ 》 ᠶᠡᠷᠦᠩᠬᠡᠢ ᠱᠠᠭᠠᠷᠳᠠᠯᠭ᠎ᠠ ᠶ᠋ᠢ ᠦᠨᠡᠨ ᠬᠦ᠌ ᠪᠣᠳᠠᠲᠠᠢ ᠨᠠᠢᠳᠠᠪᠤᠷᠢᠵᠢᠭᠤᠯᠵᠤ ᠂ ᠴᠢᠨᠠᠷ ᠰᠠᠢᠲᠠᠢ ᠭᠣᠣᠯ ᠰᠡᠳᠦᠪᠲᠦ ᠰᠤᠷᠭᠠᠨ ᠬᠥᠮᠦᠵᠢᠯ ᠤ᠋ᠨ ᠦᠷ᠎ᠡ ᠪᠦᠲᠦᠮᠵᠢ ᠪᠡᠷ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠣᠳᠣᠬᠢᠴᠢᠯᠠᠯᠲᠠ ᠶ᠋ᠢ ᠠᠬᠢᠭᠤᠯᠵᠤ ᠂ ᠦᠵᠡᠵᠦ ᠣᠶᠢᠯᠠᠭᠠᠵᠤ ᠮᠡᠳᠡᠬᠦ ᠠᠵᠢᠯ ᠤᠨ ᠦᠷ᠎ᠡ ᠪᠦᠲᠦᠮᠵᠢ ᠪᠡᠷ ᠭᠣᠣᠯ ᠰᠡᠳᠦᠪᠲᠦ ᠬᠥᠮᠦᠵᠢᠯ ᠦᠨ ᠭᠦᠨᠵᠡᠭᠡᠶᠢᠷᠡᠨ ᠪᠣᠳᠠᠲᠠᠶᠢᠵᠢᠬᠤ ᠶᠢ ᠲᠦᠯᠬᠢᠨ ᠠᠬᠢᠭᠤᠯᠤᠨ ᠠ᠃
ᠦᠨᠡᠯᠡᠬᠦ 0ᠦᠨᠡᠯᠡᠯᠲᠡ᠎ᠲᠠᠢ