ᠨᠣᠮ ᠤᠩᠰᠢᠬᠤ ᠠᠩᠭᠢ ᠶ᠋ᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
2023.11.13 ᠲᠣᠰ ᠥᠷᠲᠡᠭᠡᠨ᠎ᠦ ᠨᠠᠢᠷᠠᠭᠤᠯᠤᠭᠴᠢ

    ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠳᠤᠭᠤᠢᠯᠠᠩ ᠤ᠋ᠨ ᠣᠨᠣᠯ ᠰᠤᠷᠤᠯᠴᠠᠬᠤ ᠭᠣᠣᠯ ᠳᠤᠭᠤᠢᠯᠠᠩ ᠢ᠋ ( ᠥᠷᠭᠡᠳᠬᠡᠭᠰᠡᠨ ) ᠬᠤᠷᠠᠯᠳᠤᠭᠤᠯᠵᠤ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠭᠤᠷᠪᠠᠳᠤᠭᠠᠷ ᠬᠤᠭᠤᠴᠠᠭᠠᠨ ᠤ᠋ ᠨᠣᠮ ᠤᠩᠰᠢᠬᠤ ᠠᠩᠭᠢ ᠶ᠋ᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ

 

    ᠰᠢ ᠵᠢᠨ ᠫᠢᠩ ᠶᠡᠷᠦᠩᠬᠡᠢ ᠱᠦᠵᠢ ᠶ᠋ᠢᠨ《ᠳᠥᠷᠪᠡ ᠶᠢ ᠦᠨᠳᠦᠰᠦᠨ ᠱᠠᠲᠤᠨ ᠳ᠋ᠤ᠌ ᠪᠠᠭᠤᠯᠭᠠᠬᠤ 》ᠲᠤᠬᠠᠶ ᠴᠢᠬᠤᠯᠠ ᠴᠣᠬᠣᠯᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠭᠤᠷᠪᠠᠳᠤᠭᠠᠷ ᠬᠤᠭᠤᠴᠠᠭᠠᠨ ᠤ᠋ ᠨᠣᠮ ᠤᠩᠰᠢᠬᠤ ᠠᠩᠭᠢ ᠶ᠋ᠢᠨ ᠵᠥᠪᠯᠡᠬᠦ ᠵᠦᠢᠯ ᠦ᠋ᠨ ᠲᠣᠬᠢᠷᠠᠭᠤᠯᠤᠯᠲᠠ ᠶᠣᠰᠣᠭᠠᠷ 11 ᠰᠠᠷ᠎ᠠ ᠶ᠋ᠢᠨ 3 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠳᠤᠭᠤᠢᠯᠠᠩ ᠤ᠋ᠨ ᠣᠨᠣᠯ ᠰᠤᠷᠤᠯᠴᠠᠬᠤ ᠭᠣᠣᠯ ᠳᠤᠭᠤᠢᠯᠠᠩ ( ᠥᠷᠭᠡᠳᠬᠡᠭᠰᠡᠨ ) ᠢ᠋ ᠬᠤᠷᠠᠯᠳᠤᠭᠤᠯᠵᠤ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠭᠤᠷᠪᠠᠳᠤᠭᠠᠷ ᠬᠤᠭᠤᠴᠠᠭᠠᠨ ᠤ᠋ ᠨᠣᠮ ᠤᠩᠰᠢᠬᠤ ᠠᠩᠭᠢ ᠶ᠋ᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠤᠳᠤᠷᠢᠳᠬᠤ ᠪᠠᠭ ᠤ᠋ᠨ ᠪᠦᠷᠢᠯᠳᠦᠬᠦᠨ ᠪᠣᠯᠤᠨ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠬᠤᠷᠠᠯ ᠳ᠋ᠤ᠌ ᠣᠷᠣᠯᠴᠠᠪᠠ ᠃

 

 

     ᠬᠤᠷᠠᠯ ᠠᠴᠠ ᠶᠡᠷᠦᠩᠬᠡᠢ ᠱᠦᠵᠢ ᠰᠢ ᠵᠢᠨ ᠫᠢᠩ ᠦ᠋ᠨ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠣᠷᠢᠶᠠᠨ ᠤ᠋ ᠤᠯᠤᠰ ᠲᠥᠷᠥ ᠶ᠋ᠢᠨ ᠲᠣᠪᠴᠢᠶᠠᠨ ᠤ᠋ ᠶᠢᠰᠦᠳᠦᠭᠡᠷ ᠤᠳᠠᠭᠠᠨ ᠤ᠋ ᠬᠠᠮᠲᠤ ᠶ᠋ᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠂ ᠶᠡᠷᠦᠩᠬᠡᠢ ᠱᠦᠵᠢ ᠰᠢ ᠵᠢᠨ ᠫᠢᠩ ᠦ᠋ᠨ《 ᠳᠥᠷᠪᠡ ᠶᠢ ᠦᠨᠳᠦᠰᠦᠨ ᠱᠠᠲᠤᠨ ᠳ᠋ᠤ᠌ ᠪᠠᠭᠤᠯᠭᠠᠬᠤ》ᠲᠤᠬᠠᠢ ᠴᠢᠬᠤᠯᠠ ᠴᠣᠬᠣᠯᠠᠪᠤᠷᠢ ᠶ᠋ᠢᠨ ᠵᠣᠷᠢᠭ ᠰᠠᠨᠠᠭ᠎ᠠ ᠂ ᠶᠡᠷᠦᠩᠬᠡᠢ ᠱᠦᠵᠢ ᠰᠢ ᠵᠢᠨ ᠫᠢᠩ ᠦ᠋ᠨ ᠠᠶᠤᠯᠭᠦᠢ ᠦᠢᠯᠡᠳᠪᠦᠷᠢᠯᠡᠯ ᠦ᠋ᠨ ᠲᠤᠬᠠᠢ ᠴᠢᠬᠤᠯᠠ ᠥᠭᠦᠯᠡᠮᠵᠢ ᠂ 《ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠤ᠋ᠨ ᠳᠦᠷᠢᠮ》᠂ 《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠲᠠᠩᠨᠠᠭᠤᠯ ᠢ᠋ ᠡᠰᠡᠷᠭᠦᠴᠡᠬᠦ ᠬᠠᠤᠯᠢ 》ᠵᠡᠷᠭᠡ ᠠᠭᠤᠯᠭ᠎ᠠ ᠶ᠋ᠢ ᠲᠥᠪᠯᠡᠷᠡᠭᠦᠯᠦᠨ ᠰᠤᠷᠤᠯᠴᠠᠵᠠᠢ ᠃ ᠤᠳᠤᠷᠢᠳᠬᠤ ᠪᠠᠭ ᠤ᠋ᠨ ᠪᠦᠷᠢᠯᠳᠦᠬᠦᠨ ᠪᠠ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠤ᠋ ᠲᠥᠯᠥᠭᠡᠯᠡᠭᠴᠢ 《 <ᠳᠥᠷᠪᠡ ᠶᠢ ᠦᠨᠳᠦᠰᠦᠨ ᠱᠠᠲᠤᠨ ᠳ᠋ᠤ᠌ ᠪᠠᠭᠤᠯᠭᠠᠬᠤ > ᠳᠦᠷᠢᠮ ᠢ᠋ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠰᠢᠨ᠎ᠡ ᠴᠠᠭ ᠦᠶ᠎ᠡ ᠶ᠋ᠢᠨ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠪᠥᠬᠥ ᠲᠠᠯ᠎ᠠ ᠪᠠᠷ ᠲᠦᠯᠬᠢᠨ ᠠᠬᠢᠭᠤᠯᠬᠤ 》ᠭᠣᠣᠯ ᠰᠡᠳᠦᠪ ᠦ᠋ᠨ ᠲᠣᠭᠣᠷᠢᠨ ᠳ᠋ᠤ᠌ ᠰᠤᠳᠤᠯᠤᠨ ᠶᠠᠷᠢᠯᠴᠠᠭ᠎ᠠ ᠰᠣᠯᠢᠯᠴᠠᠭ᠎ᠠ ᠬᠢᠵᠡᠢ ᠃

    ᠬᠤᠷᠠᠯ ᠠ᠋ᠴᠠ ᠵᠢᠭᠠᠵᠤ ᠭᠠᠷᠭᠠᠭᠰᠠᠨ ᠨᠢ ᠂ 《 ᠳᠥᠷᠪᠡ ᠶᠢ ᠦᠨᠳᠦᠰᠦᠨ ᠱᠠᠲᠤᠨ ᠳ᠋ᠤ᠌ ᠪᠠᠭᠤᠯᠭᠠᠬᠤ》ᠪᠣᠯ ᠶᠡᠷᠦᠩᠬᠡᠢ ᠱᠦᠵᠢ ᠰᠢ ᠵᠢᠨ ᠫᠢᠩ ᠦ᠋ᠨ ᠹᠦᠵᠢᠶᠠᠨ ᠤ᠋ ᠠᠵᠢᠯ ᠤ᠋ᠨ ᠬᠤᠭᠤᠴᠠᠭᠠᠨ ᠳ᠋ᠤ᠌ ᠶᠡᠬᠡᠪᠡᠷ ᠰᠠᠨᠠᠭᠠᠴᠢᠯᠠᠵᠤ ᠂ ᠪᠡᠶ᠎ᠡ ᠮᠠᠬᠠᠪᠣᠳ ᠤ᠋ᠨ ᠬᠦᠴᠦᠨ ᠢ᠋ᠶ᠋ᠡᠷ ᠬᠢᠭᠰᠡᠨ ᠠᠵᠢᠯ ᠤ᠋ᠨ ᠠᠷᠭ᠎ᠠ ᠪᠠ ᠠᠵᠢᠯ ᠤ᠋ᠨ ᠳᠦᠷᠢᠮ ᠮᠥᠨ ᠂ ᠨᠠᠮ ᠤ᠋ᠨ ᠭᠡᠰᠢᠭᠦᠨ ᠤᠳᠤᠷᠢᠳᠬᠤ ᠺᠠᠲᠷᠴᠤᠳ ᠢ᠋ ᠵᠢᠯᠣᠭᠣᠳᠤᠨ ᠠᠵᠢᠯ ᠤ᠋ᠨ ᠰᠤᠷᠲᠠᠯ ᠢ᠋ ᠨᠢ ᠬᠤᠪᠢᠷᠠᠭᠤᠯᠵᠤ ᠂ ᠣᠯᠠᠨ ᠲᠦᠮᠡᠨ ᠲᠡᠢ ᠨᠢᠭᠲᠠ ᠬᠠᠷᠢᠯᠴᠠᠵᠤ ᠦᠢᠯᠡᠴᠢᠯᠡᠬᠦ ᠶᠢ ᠵᠢᠯᠣᠭᠣᠳᠬᠤ ᠴᠢᠬᠤᠯᠠ ᠡᠷᠳᠡᠨᠢ ᠮᠥᠨ ᠂ ᠡᠨᠡ ᠨᠢ ᠪᠢᠳᠡᠨ ᠦ᠌ ᠰᠢᠨ᠎ᠡ ᠴᠠᠭ ᠦᠶ᠎ᠡ ᠶ᠋ᠢᠨ ᠨᠠᠮ ᠤ᠋ᠨ ᠣᠯᠠᠨ ᠲᠦᠮᠡᠨᠴᠢ ᠱᠤᠭᠤᠮ ᠢ᠋ᠶ᠋ᠠᠷ ᠰᠠᠢᠲᠤᠷ ᠵᠠᠮᠨᠠᠬᠤ ᠳ᠋ᠤ᠌ ᠭᠡᠷᠡᠯ ᠰᠠᠴᠤᠷᠠᠩᠭᠤᠢ ᠦᠯᠢᠭᠡᠷ ᠵᠢᠱ᠌ᠢᠶ᠎ᠡ ᠶ᠋ᠢ ᠪᠣᠢ ᠪᠣᠯᠭᠠᠵᠤ ᠦᠭᠭᠦᠭᠰᠡᠨ ᠪᠠᠢᠨ᠎ᠠ ᠃ ᠶᠡᠷᠦᠩᠬᠡᠢ ᠱᠦᠵᠢ ᠰᠢ ᠵᠢᠨ ᠫᠢᠩ ᠦ᠋ᠨ《 ᠳᠥᠷᠪᠡ ᠶᠢ ᠦᠨᠳᠦᠰᠦᠨ ᠱᠠᠲᠤᠨ ᠳ᠋ᠤ᠌ ᠪᠠᠭᠤᠯᠭᠠᠬᠤ 》 ᠴᠢᠬᠤᠯᠠ ᠴᠣᠬᠣᠯᠠᠪᠤᠷᠢ ᠶ᠋ᠢᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ ᠂ ᠤᠯᠤᠰ ᠲᠥᠷᠥ ᠶ᠋ᠢᠨ ᠵᠣᠭᠰᠣᠯᠲᠠ ᠂ ᠪᠣᠳᠠᠲᠠᠢ ᠬᠢᠵᠦ ᠡᠭᠦᠷᠭᠡᠯᠡᠬᠦ ᠵᠣᠷᠢᠭ ᠰᠠᠨᠠᠭ᠎ᠠ ᠂ ᠰᠢᠨᠵᠢᠯᠡᠬᠦ ᠤᠬᠠᠭᠠᠨᠴᠢ ᠰᠡᠳᠬᠢᠬᠦᠢ ᠶ᠋ᠢᠨ ᠠᠷᠭ᠎ᠠ ᠶ᠋ᠢ ᠭᠦᠨᠵᠡᠭᠡᠢ ᠡᠵᠡᠮᠰᠢᠵᠦ ᠂ ᠰᠢᠨ᠎ᠡ ᠴᠠᠭ ᠦᠶ᠎ᠡ ᠶ᠋ᠢᠨ ᠨᠠᠮ ᠤ᠋ᠨ ᠣᠯᠠᠨ ᠲᠦᠮᠡᠨᠴᠢ ᠱᠤᠭᠤᠮ ᠢ᠋ ᠡᠷᠡᠰ ᠭᠤᠢᠪᠢᠰᠢ ᠦᠭᠡᠢ ᠰᠠᠢᠲᠤᠷ ᠵᠠᠮᠨᠠᠵᠤ ᠂ ᠭᠣᠣᠯ ᠰᠡᠳᠦᠪᠲᠦ ᠰᠤᠷᠭᠠᠨ ᠬᠥᠮᠦᠵᠢᠯ ᠢ᠋ ᠦᠨᠡᠨᠬᠦ ᠴᠢᠨᠠᠷ ᠰᠠᠢᠲᠠᠢ ᠦᠷ᠎ᠡ ᠪᠦᠲᠦᠮᠵᠢ ᠭᠠᠷᠭᠠᠬᠤ ᠬᠡᠷᠡᠭᠲᠡᠢ ᠃

    ᠬᠤᠷᠠᠯ ᠠ᠋ᠴᠠ ᠴᠢᠬᠤᠯᠠᠴᠢᠯᠠᠭᠰᠠᠨ ᠨᠢ ᠂ ᠨᠢᠭᠡ ᠳ᠋ᠦ᠍ ᠣᠯᠠᠨ ᠲᠦᠮᠡᠨ ᠲᠡᠢ ᠨᠢᠭᠲᠠ ᠬᠠᠷᠢᠯᠴᠠᠬᠤ ᠰᠢᠯᠢᠳᠡᠭ ᠤᠯᠠᠮᠵᠢᠯᠠᠯ ᠢ᠋ᠶ᠋ᠠᠨ ᠭᠦᠢᠴᠡᠳ ᠪᠠᠳᠠᠷᠠᠭᠤᠯᠵᠤ ᠂ ᠣᠯᠠᠨ ᠲᠦᠮᠡᠨ ᠦ᠌ ᠰᠡᠳᠬᠢᠯ ᠬᠠᠨᠤᠮᠵᠢᠲᠠᠢ ᠪᠠᠢᠬᠤ ᠬᠡᠮᠵᠢᠶ᠎ᠡ ᠶ᠋ᠢ ᠳᠡᠭᠡᠭᠰᠢᠯᠡᠭᠦᠯᠬᠦ ᠶᠠᠪᠤᠳᠠᠯ ᠢ᠋ᠶ᠋ᠠᠷ ᠬᠢᠨᠠᠨ ᠭᠦᠢᠴᠡᠳᠬᠡᠬᠦ ᠠᠵᠢᠯ ᠤ᠋ᠨ ᠡᠭᠦᠰᠦᠯᠲᠡ ᠪᠠ ᠵᠣᠭᠰᠣᠴᠠ ᠪᠣᠯᠭᠠᠵᠤ ᠂ ᠣᠯᠠᠨ ᠲᠦᠮᠡᠨ ᠦ᠌ ᠲᠠᠯ᠎ᠠ ᠠ᠋ᠴᠠ ᠠᠰᠠᠭᠤᠳᠠᠯ ᠢ᠋ ᠪᠣᠳᠣᠯᠬᠢᠯᠠᠬᠤ ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶ᠋ᠢ ᠪᠠᠷᠢᠮᠲᠠᠯᠠᠵᠤ ᠂ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠶ᠋ᠢ ᠣᠯᠠᠨ ᠲᠦᠮᠡᠨ ᠦ᠌ ᠰᠠᠨᠠᠯ ᠢ᠋ ᠰᠣᠨᠣᠰᠬᠤ ᠂ ᠴᠢᠬᠤᠯᠠ ᠠᠵᠢᠯ ᠢ᠋ ᠣᠯᠠᠨ ᠲᠦᠮᠡᠨ ᠦ᠌ ᠬᠢᠨᠠᠯᠲᠠ ᠦᠨᠡᠯᠡᠯᠲᠡ ᠶ᠋ᠢ ᠬᠦᠯᠢᠶᠡᠬᠦ ᠵᠡᠷᠭᠡ ᠳᠦᠷᠢᠮ ᠲᠣᠭᠲᠠᠴᠠ ᠶ᠋ᠢ ᠲᠡᠭᠦᠯᠳᠡᠷᠵᠢᠭᠦᠯᠵᠦ ᠂ ᠬᠠᠤᠯᠢ ᠶ᠋ᠢᠨ ᠲᠤᠰᠢᠶᠠᠯᠲᠠᠨ ᠦᠨᠳᠦᠰᠦᠨ ᠱᠠᠲᠤᠨ ᠳ᠋ᠤ᠌ ᠪᠠᠭᠤᠬᠤ ᠂ ᠬᠡᠷᠡᠭ ᠦ᠋ᠨ ᠮᠡᠳᠡᠭᠦᠯᠦᠯᠲᠡ ᠶ᠋ᠢ ᠬᠥᠳᠡᠭᠡ ᠪᠠᠭᠤᠯᠭᠠᠬᠤ ᠂ ᠦᠨᠳᠦᠰᠦᠨ ᠱᠠᠲᠤᠨ ᠳ᠋ᠤ᠌ ᠪᠠᠭᠤᠵᠤ ᠤᠬᠠᠭᠤᠯᠬᠤ ᠠᠵᠢᠯ ᠤ᠋ᠨ ᠱᠤᠭᠤᠮ ᠴᠢᠭᠯᠡᠯᠲᠡ ᠲᠦᠷᠦ ᠶ᠋ᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤ᠋ᠨ ᠠᠵᠢᠯᠯᠠᠭ᠎ᠠ ᠶ᠋ᠢ ᠬᠡᠪ ᠦ᠋ᠨ ᠪᠠᠢᠳᠠᠯ ᠢ᠋ᠶ᠋ᠠᠷ ᠠᠬᠢᠭᠤᠯᠵᠤ ᠂ ᠠᠷᠠᠳ ᠣᠯᠠᠨ ᠤ᠋ ᠰᠢᠭᠦᠬᠦ ᠬᠣᠷᠢᠶᠠᠨ ᠤ᠋ ᠠᠵᠢᠯ ᠳ᠋ᠠᠬᠢ ᠣᠢᠯᠠᠭᠠᠯᠲᠠ ᠪᠠ ᠵᠥᠪᠰᠢᠶᠡᠷᠡᠯ ᠢ᠋ ᠦᠨᠡᠨᠬᠦ ᠨᠡᠮᠡᠭᠳᠡᠭᠦᠯᠵᠦ ᠂ ᠬᠠᠤᠯᠢ ᠶ᠋ᠢᠨ ᠣᠯᠠᠨ ᠲᠦᠮᠡᠨ ᠰᠡᠳᠬᠢᠯ ᠨᠢᠭᠡᠲᠡᠢ ᠂ ᠺᠠᠳ᠋ᠷ ᠣᠯᠠᠨ ᠲᠦᠮᠡᠨ ᠨᠢᠭᠡ ᠰᠡᠳᠬᠢᠯ ᠨᠢᠭᠡ ᠵᠣᠷᠢᠭ ᠢ᠋ᠶ᠋ᠠᠷ ᠰᠠᠢᠨ ᠰᠠᠢᠬᠠᠨ ᠬᠥᠭᠵᠢᠯᠲᠡ ᠶ᠋ᠢᠨ ᠪᠠᠢᠳᠠᠯ ᠢ᠋ ᠪᠣᠢ ᠪᠣᠯᠭᠠᠬᠤ ᠬᠡᠷᠡᠭᠲᠡᠢ ᠃

    ᠬᠣᠶᠠᠷ ᠲᠤ᠌ ᠦᠨᠡᠨ ᠢ᠋ ᠪᠠᠷᠢᠮᠲᠠᠯᠠᠬᠤ ᠂ ᠦᠨᠡᠨ ᠢ᠋ ᠪᠠᠷᠢᠮᠲᠠᠯᠠᠨ ᠪᠣᠳᠠᠲᠠᠢ ᠶ᠋ᠢ ᠡᠷᠬᠢᠮᠯᠡᠬᠦ ᠠᠵᠢᠯ ᠤ᠋ᠨ ᠰᠤᠷᠲᠠᠯ ᠢ᠋ ᠪᠠᠷᠢᠮᠲᠠᠯᠠᠨ ᠂ ᠪᠠᠢᠴᠠᠭᠠᠨ ᠰᠤᠳᠤᠯᠤᠯᠲᠠ ᠬᠢᠬᠦ ᠶ᠋ᠢ ᠡᠯ᠎ᠡ ᠵᠦᠢᠯ ᠦ᠋ᠨ ᠠᠵᠢᠯ ᠢ᠋ ᠰᠠᠢᠲᠤᠷ ᠬᠢᠬᠦ ᠦᠨᠳᠦᠰᠦᠨ ᠴᠢᠳᠠᠯ ᠪᠣᠯᠭᠠᠵᠤ ᠂ ᠨᠢᠭᠡᠳᠦᠭᠡᠷ ᠹᠷᠣᠨᠲ ᠤ᠋ᠨ ᠠᠵᠢᠯ ᠤ᠋ᠨ ᠠᠷᠭ᠎ᠠ ᠶ᠋ᠢ ᠭᠦᠨᠵᠡᠭᠡᠢ ᠦᠢᠯᠡᠳᠦᠯᠭᠡᠵᠢᠭᠦᠯᠵᠦ ᠂ ᠠᠵᠢᠯ ᠤᠨ ᠳᠤᠮᠳᠠᠬᠢ ᠬᠦᠴᠢᠷ ᠠᠰᠠᠭᠤᠳᠠᠯ᠂ ᠲᠦᠭᠵᠢᠮᠡᠯ ᠠᠰᠠᠭᠤᠳᠠᠯ ᠲᠠᠶ ᠨᠢᠭᠲᠠ ᠤᠶᠠᠯᠳᠤᠭᠤᠯᠤᠨ ᠂ ᠦᠨᠳᠦᠰᠦᠨ ᠱᠠᠲᠤᠨ ᠳ᠋ᠤ᠌ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ ᠂ ᠪᠠᠢᠳᠠᠯ ᠢ᠋ ᠲᠣᠳᠣᠷᠬᠠᠢ ᠣᠢᠯᠠᠭᠠᠬᠤ ᠂ ᠠᠰᠠᠭᠤᠳᠠᠯ ᠢ᠋ ᠣᠨᠣᠪᠴᠢᠲᠠᠢ ᠡᠷᠢᠵᠦ ᠂ ᠠᠷᠭᠠᠴᠠᠬᠤ ᠪᠣᠳᠣᠯᠭ᠎ᠠ ᠶ᠋ᠢ ᠪᠣᠳᠠᠲᠠᠢ ᠪᠣᠯᠭᠠᠵᠤ ᠂ ᠠᠰᠠᠭᠤᠳᠠᠯ ᠢ᠋ ᠨᠢᠭᠡᠳᠦᠭᠡᠷ ᠹᠷᠣᠨᠲ ᠲᠤ᠌ ᠣᠯᠵᠤ ᠮᠡᠳᠡᠬᠦ ᠂ ᠦᠢᠯᠡᠴᠢᠯᠡᠬᠦ ᠶ᠋ᠢ ᠡᠮᠦᠨ᠎ᠡ ᠹᠷᠣᠨᠲ ᠲᠤ᠌ ᠳᠠᠭᠠᠵᠤ ᠤᠷᠤᠭᠰᠢᠯᠠᠬᠤ ᠂ ᠬᠠᠷᠢᠭᠤᠴᠠᠯᠭ᠎ᠠ ᠶ᠋ᠢ ᠨᠢᠭᠡᠳᠦᠭᠡᠷ ᠹᠷᠣᠨᠲ ᠲᠤ᠌ ᠨᠠᠢᠳᠠᠪᠤᠷᠢᠵᠢᠭᠤᠯᠤᠨ ᠂ ᠲᠤᠢᠯ ᠤ᠋ᠨ ᠬᠠᠷᠢᠭᠤᠴᠠᠯᠭ᠎ᠠ ᠲᠠᠢ ᠣᠪᠣᠷ ᠪᠠ ᠯᠠᠪᠳᠠᠭᠤᠨ ᠪᠠᠲᠤᠲᠠᠢ ᠪᠦᠲᠦᠮᠵᠢᠲᠡᠢ ᠠᠷᠭ᠎ᠠ ᠬᠡᠮᠵᠢᠶ᠎ᠡ ᠪᠡᠷ ᠪᠠᠢᠴᠠᠭᠠᠨ ᠰᠤᠳᠤᠯᠤᠯᠲᠠ ᠶ᠋ᠢᠨ ᠦᠷ᠎ᠡ ᠪᠦᠲᠦᠭᠡᠯ ᠢ᠋ ᠦᠨᠡᠨᠬᠦ ᠠᠰᠠᠭᠤᠳᠠᠯ ᠢ᠋ ᠰᠢᠢᠳᠪᠦᠷᠢᠯᠡᠬᠦ ᠂ ᠠᠵᠢᠯ ᠢ᠋ᠶ᠋ᠠᠨ ᠬᠠᠯᠠᠨ ᠰᠠᠢᠵᠢᠷᠠᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠃

    ᠭᠤᠷᠪᠠ ᠳ᠋ᠤ᠌ ᠂ ᠠᠷᠠᠳ ᠲᠦᠮᠡᠨ ᠢ᠋ᠶ᠋ᠡᠷ ᠭᠣᠣᠯ ᠪᠣᠯᠭᠠᠬᠤ ᠬᠥᠭᠵᠢᠯᠲᠡ ᠶ᠋ᠢᠨ ᠦᠵᠡᠯ ᠰᠠᠨᠠᠭ᠎ᠠ ᠶ᠋ᠢ ᠢᠮᠠᠭᠲᠠ ᠪᠠᠷᠢᠮᠲᠠᠯᠠᠵᠤ ᠂ ᠨᠡᠢᠲᠡ ᠶ᠋ᠢᠨ ᠲᠥᠯᠥᠭᠡ ᠨᠠᠮ ᠪᠠᠢᠭᠤᠯᠬᠤ ᠂ ᠠᠷᠠᠳ ᠤ᠋ᠨ ᠲᠥᠯᠥᠭᠡ ᠲᠥᠷᠥ ᠪᠠᠷᠢᠬᠤ ᠤᠯᠤᠰ ᠲᠥᠷᠥ ᠶ᠋ᠢᠨ ᠵᠣᠭᠰᠣᠯᠲᠠ ᠶ᠋ᠢ ᠪᠠᠲᠤ ᠵᠣᠭᠰᠣᠵᠤ ᠂ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠠᠵᠢᠯ ᠤ᠋ᠨ ᠱᠠᠭᠠᠷᠳᠠᠯᠭ᠎ᠠ ᠶ᠋ᠢ ᠪᠥᠬᠥ ᠲᠠᠯ᠎ᠠ ᠪᠠᠷ ᠨᠠᠢᠳᠠᠪᠤᠷᠢᠵᠢᠭᠤᠯᠵᠤ ᠂ ᠰᠢᠭᠦᠨ ᠲᠠᠰᠤᠯᠬᠤ ᠣᠢᠯᠠᠭᠠᠭᠳᠠᠬᠤᠨ ᠂ ᠰᠢᠭᠦᠨ ᠲᠠᠰᠤᠯᠬᠤ ᠲᠣᠭᠲᠠᠴᠠ ᠂ ᠰᠢᠭᠦᠨ ᠲᠠᠰᠤᠯᠬᠤ ᠰᠢᠰᠲ᠋ᠧᠮ ᠂ ᠰᠢᠭᠦᠨ ᠲᠠᠰᠤᠯᠬᠤ ᠬᠠᠮᠢᠶᠠᠷᠤᠯᠲᠠ ᠶ᠋ᠢᠨ ᠣᠳᠣᠬᠢᠴᠢᠯᠠᠯᠲᠠ ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ 《 ᠳᠣᠯᠣᠭᠠᠨ ᠶᠡᠬᠡ ᠢᠨᠵᠧᠨᠧᠷᠢᠩ 》 ᠢ᠋ᠶ᠋ᠡᠷ ᠭᠠᠷᠳᠠᠴᠠ ᠪᠣᠯᠭᠠᠨ ᠤᠯᠤᠰ ᠲᠥᠷᠥ ᠶ᠋ᠢᠨ ᠪᠠᠢᠭᠤᠯᠤᠯᠲᠠ ᠶ᠋ᠢ ᠦᠷᠭᠦᠯᠵᠢᠯᠡᠨ ᠴᠢᠩᠭᠠᠳᠬᠠᠵᠤ ᠂ ᠶᠡᠬᠡ ᠲᠠᠯ᠎ᠠ ᠳ᠋ᠤ᠌ ᠦᠢᠯᠡᠴᠢᠯᠡᠬᠦ ᠪᠠ ᠠᠷᠠᠳ ᠤ᠋ᠨ ᠲᠥᠯᠥᠭᠡ ᠬᠠᠤᠯᠢ ᠪᠠᠷᠢᠬᠤ ᠴᠢᠳᠠᠪᠤᠷᠢ ᠶ᠋ᠢᠨ ᠬᠢᠷᠢ ᠲᠦᠪᠰᠢᠨ ᠢ᠋ ᠳᠡᠭᠡᠭᠰᠢᠯᠡᠭᠦᠯᠵᠦ ᠂ ᠠᠷᠠᠳ ᠣᠯᠠᠨ ᠳ᠋ᠤ᠌ ᠦᠨᠡᠨᠬᠦ ᠰᠢᠨ᠎ᠡ ᠬᠤᠪᠢᠷᠠᠯᠲᠠ ᠂ ᠰᠢᠨ᠎ᠡ ᠠᠰᠢᠭ ᠲᠤᠰᠠ ᠬᠦᠷᠲᠡᠭᠡᠵᠦ ᠂ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠪᠣᠳᠠᠲᠤ ᠦᠷ᠎ᠡ ᠪᠦᠲᠦᠮᠵᠢ ᠪᠡᠷ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠴᠢᠨᠠᠷ ᠰᠠᠢᠲᠠᠢ ᠬᠥᠭᠵᠢᠯᠲᠡ ᠶ᠋ᠢᠨ ᠰᠢᠨ᠎ᠡ ᠪᠠᠢᠳᠠᠯ ᠢ᠋ ᠴᠢᠷᠮᠠᠢᠨ ᠡᠭᠦᠳᠬᠦ ᠬᠡᠷᠡᠭᠲᠡᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )