ᠭᠤᠷᠪᠠᠨ ᠱᠠᠲᠤᠨ ᠤ᠋ ᠰᠢᠭᠦᠬᠦ ᠬᠣᠷᠢᠶ᠎ᠠ ᠲᠦᠪᠡᠭᠲᠡᠢ ᠪᠠ ᠳᠥᠭᠥᠮ ᠬᠡᠷᠡᠭ ᠢ᠋ ᠰᠠᠯᠭᠠᠨ ᠳᠤᠬᠢᠷᠠᠭᠤᠯᠬᠤ ᠶᠢ ᠬᠠᠮᠲᠤᠪᠠᠷ ᠵᠥᠪᠳᠡᠯᠴᠡᠵᠦ᠂ ᠬᠡᠷᠡᠭ ᠪᠣᠯᠭᠠᠨ ᠳᠠᠩᠰᠠᠯᠠᠬᠤ ᠵᠠᠷᠭᠤ ᠶᠢᠨ ᠦᠢᠯᠡᠴᠢᠯᠡᠭᠡᠨ ᠦ᠌ ᠠᠵᠢᠯ ᠢ᠋ ᠰᠢᠯᠢᠳᠡᠭᠵᠢᠭᠦᠯᠦᠨ ᠳᠡᠰ ᠳᠡᠪᠰᠢᠭᠦᠯᠬᠦ ᠶ᠋ᠢ ᠠᠬᠢᠭᠤᠯᠪᠠ
11 ᠰᠠᠷ᠎ᠠ ᠶ᠋ᠢᠨ 2 ᠡᠴᠡ 3 ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠨᠢᠭᠡᠳᠦᠭᠡᠷ ᠳᠤᠭᠤᠢᠯᠠᠩ ᠤ᠋ᠨ ᠳᠤᠭᠤᠢᠯᠠᠩ ᠤᠨ ᠳᠠᠷᠤᠭ᠎ᠠ ᠂ ᠬᠡᠷᠡᠭ ᠪᠣᠯᠭᠠᠬᠤ ᠲᠢᠩᠬᠢᠮ ᠦ᠋ᠨ ᠲᠢᠩᠬᠢᠮ ᠤᠨ ᠳᠠᠷᠤᠭ᠎ᠠ ᠯᠢᠦ ᠬᠣᠩ ᠹᠠᠩ ᠨᠠᠷ ᠣᠷᠳᠣᠰ ᠲᠤ᠌ ᠬᠦᠷᠴᠦ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠲᠦᠪᠡᠭᠲᠡᠢ ᠪᠠ ᠳᠥᠭᠥᠮ ᠬᠡᠷᠡᠭ ᠢ᠋ ᠰᠠᠯᠭᠠᠨ ᠳᠤᠬᠢᠷᠠᠭᠤᠯᠬᠤ ᠳᠦᠷᠢᠮ ᠢ ᠬᠡᠷᠡᠭᠵᠢᠭᠦᠯᠵᠦ ᠪᠠᠢᠭ᠎ᠠ ᠪᠠᠢᠳᠠᠯ ᠤ᠋ᠨ ᠲᠤᠬᠠᠢ ᠲᠤᠰᠬᠠᠢ ᠰᠡᠳᠦᠪ ᠦ᠋ᠨ ᠪᠠᠢᠴᠠᠭᠠᠨ ᠰᠤᠳᠤᠯᠤᠯᠲᠠ ᠬᠢᠪᠡ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠨᠠᠷ ᠪᠠᠷ᠎ᠠ ᠪᠣᠯᠵᠤ ᠪᠠᠢᠴᠠᠭᠠᠨ ᠰᠤᠳᠤᠯᠤᠯᠲᠠ ᠬᠢᠪᠡ ᠃
ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠵᠠᠷᠭᠤ ᠶ᠋ᠢᠨ ᠦᠢᠯᠡᠴᠢᠯᠡᠭᠡᠨ ᠦ᠌ ᠲᠥᠪ ᠂ ᠲᠥᠪᠯᠡᠷᠡᠭᠦᠯᠦᠨ ᠬᠦᠷᠭᠡᠬᠦ ᠲᠥᠪ ᠂ ᠵᠠᠷᠭᠤ ᠶ᠋ᠢᠨ ᠡᠮᠦᠨ᠎ᠡ ᠡᠶᠡᠳᠡᠭᠦᠯᠬᠦ ᠲᠥᠪ ᠦ᠋ᠨ ᠪᠠᠢᠭᠤᠯᠤᠯᠲᠠ ᠶ᠋ᠢᠨ ᠪᠠᠢᠳᠠᠯ ᠵᠢᠴᠢ ᠠᠵᠢᠯ ᠤ᠋ᠨ ᠪᠠᠢᠳᠠᠯ ᠢ᠋ ᠲᠤᠬᠠᠢ ᠶ᠋ᠢᠨ ᠭᠠᠵᠠᠷ ᠲᠤᠨᠢ ᠪᠠᠢᠴᠠᠭᠠᠨ ᠦᠵᠡᠵᠦ ᠂ ᠣᠷᠳᠣᠰ ᠤᠨ ᠰᠢᠭᠦᠬᠦ ᠬᠣᠷᠢᠶᠠᠨ ᠤ᠋ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠲᠤᠰᠬᠠᠢ ᠰᠡᠳᠦᠪᠲᠦ ᠹᠢᠯᠢᠮ ᠢ᠋ ᠲᠣᠭᠣᠷᠢᠨ ᠦᠵᠡᠵᠦ ᠂ ᠣᠷᠳᠣᠰ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠬᠡᠷᠡᠭ ᠪᠣᠯᠭᠠᠨ ᠳᠠᠩᠰᠠᠯᠠᠵᠤ ᠦᠢᠯᠡᠴᠢᠯᠡᠬᠦ ᠺᠠᠲᠷ ᠴᠠᠭᠳᠠᠭ᠎ᠠ ᠲᠠᠢ ᠲᠦᠪᠡᠭᠲᠡᠢ ᠪᠠ ᠳᠥᠭᠥᠮ ᠬᠡᠷᠡᠭ ᠢ᠋ ᠰᠠᠯᠭᠠᠨ ᠳᠤᠬᠢᠷᠠᠭᠤᠯᠬᠤ ᠳᠦᠷᠢᠮ ᠢ ᠭᠦᠨᠵᠡᠭᠡᠢ ᠠᠬᠢᠭᠤᠯᠬᠤ ᠲᠤᠬᠠᠢ ᠰᠠᠭᠤᠳᠠᠯ ᠤ᠋ᠨ ᠬᠤᠷᠠᠯ ᠬᠢᠵᠦ ᠂ ᠬᠣᠶᠠᠷ ᠱᠠᠲᠤᠨ ᠤ᠋ ᠰᠢᠭᠦᠬᠦ ᠬᠣᠷᠢᠶ᠎ᠠ ᠲᠦᠷᠭᠡᠨ ᠲᠠᠰᠤᠯᠬᠤ ᠲᠦᠷᠭᠡᠨ ᠰᠢᠭᠦᠬᠦ ᠲᠣᠭᠲᠠᠴᠠ ᠶ᠋ᠢᠨ ᠠᠵᠢᠯᠯᠠᠭᠠᠨ ᠂ ᠡᠩᠨᠡᠭᠡᠨ ᠦ᠌ ᠪᠠᠢᠭᠤᠯᠤᠯᠲᠠ ᠂ ᠬᠡᠷᠡᠭ ᠢ᠋ ᠰᠢᠭᠦᠬᠦ ᠦᠨᠳᠦᠰᠦᠨ ᠪᠠᠢᠳᠠᠯ ᠂ ᠣᠷᠣᠰᠢᠵᠤ ᠪᠠᠢᠭ᠎ᠠ ᠬᠦᠴᠢᠷᠳᠡᠯ ᠲᠡᠢ ᠠᠰᠠᠭᠤᠳᠠᠯ ᠵᠢᠴᠢ ᠠᠪᠬᠤ ᠠᠷᠭ᠎ᠠ ᠠᠪᠴᠢᠯ ᠰᠠᠨᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ ᠃
ᠪᠠᠢᠴᠠᠭᠠᠨ ᠰᠤᠳᠤᠯᠬᠤ ᠳᠤᠭᠤᠢᠯᠠᠩ ᠣᠷᠳᠣᠰ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠲᠦᠪᠡᠭᠲᠡᠢ ᠪᠠ ᠳᠥᠭᠥᠮ ᠬᠡᠷᠡᠭ ᠢ᠋ ᠰᠠᠯᠭᠠᠨ ᠳᠤᠬᠢᠷᠠᠭᠤᠯᠬᠤ ᠵᠢᠴᠢ ᠲᠦᠷᠭᠡᠨ ᠳᠠᠰᠤᠯᠵᠦ ᠲᠦᠷᠭᠡᠨ ᠰᠢᠭᠦᠬᠦ ᠠᠵᠢᠯ ᠢ᠋ ᠭᠦᠢᠴᠡᠳ ᠨᠤᠲᠠᠯᠠᠬᠤ ᠶ᠋ᠢᠨ ᠬᠠᠮᠲᠤ ᠂ ᠬᠣᠢᠰᠢᠳᠠ ᠶ᠋ᠢᠨ ᠬᠡᠷᠡᠭ ᠪᠣᠯᠭᠠᠨ ᠳᠠᠩᠰᠠᠯᠠᠬᠤ ᠵᠠᠷᠭᠤ ᠶᠢᠨ ᠦᠢᠯᠡᠴᠢᠯᠡᠭᠡᠨ ᠤ ᠠᠵᠢᠯ ᠤ᠋ᠨ ᠥᠷᠨᠢᠭᠦᠯᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ ᠄ ᠨᠢᠭᠡ ᠳ᠋ᠦ᠍ ᠤᠯᠤᠰ ᠲᠥᠷᠥ ᠶ᠋ᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ 《 ᠲᠥᠪ ᠭᠣᠣᠯᠴᠢ ᠬᠢᠭᠡᠳ ᠦᠷ᠎ᠡ ᠪᠦᠲᠦᠮᠵᠢ 》 ᠶ᠋ᠢᠨ ᠭᠣᠣᠯ ᠰᠡᠳᠦᠪ ᠦ᠋ᠨ ᠲᠣᠭᠣᠷᠢᠨ ᠳ᠋ᠤ᠌ ᠠᠷᠠᠳ ᠣᠯᠠᠨ ᠤ᠋ ᠲᠥᠪ ᠭᠣᠣᠯᠴᠢ ᠥᠨᠳᠥᠷ ᠦᠷ᠎ᠡ ᠪᠦᠲᠦᠮᠵᠢᠲᠡᠢ ᠬᠠᠤᠯᠢ ᠴᠠᠭᠠᠵᠠ ᠶ᠋ᠢᠨ ᠲᠤᠬᠠᠢ ᠰᠢᠨ᠎ᠡ ᠬᠦᠰᠡᠯ ᠡᠷᠡᠮᠡᠯᠵᠡᠯ ᠳ᠋ᠦ᠍ ᠢᠳᠡᠪᠬᠢᠲᠡᠢ ᠬᠠᠷᠢᠭᠤᠯᠲᠠ ᠥᠭᠴᠦ ᠂ 《ᠬᠤᠪᠢᠶᠠᠨ ᠲᠣᠬᠢᠷᠠᠭᠤᠯᠵᠤ ᠰᠢᠭᠦᠨ ᠳᠠᠰᠤᠯᠬᠤ》 ᠥᠭᠡᠷᠡᠴᠢᠯᠡᠯᠲᠡ ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠦᠨ ᠂ ᠲᠦᠷᠭᠡᠨ ᠳᠠᠰᠤᠯᠵᠦ ᠲᠦᠷᠭᠡᠨ ᠰᠢᠭᠦᠬᠦ ᠠᠵᠢᠯ ᠤ᠋ᠨ ᠳᠦᠷᠢᠮ ᠢ ᠲᠡᠭᠦᠯᠳᠡᠷᠵᠢᠭᠦᠯᠵᠦ ᠂ ᠡᠯ᠎ᠡ ᠲᠥᠷᠥᠯ ᠦ᠋ᠨ ᠵᠥᠷᠢᠴᠡᠯ ᠵᠢᠭᠤᠷᠠᠯᠳᠤᠭᠠᠨ ᠢ᠋ ᠨᠡᠩ ᠲᠥᠪ ᠭᠣᠣᠯᠴᠢ ᠂ ᠥᠨᠳᠥᠷ ᠦᠷ᠎ᠡ ᠪᠦᠲᠦᠮᠵᠢᠲᠡᠢ ᠂ ᠳᠥᠭᠥᠮ ᠲᠦᠳᠡ ᠂ ᠳᠣᠣᠷ᠎ᠠ ᠥᠪᠡᠷ ᠦ᠋ᠨ ᠥᠷᠲᠡᠭ ᠢᠶᠡᠷ ᠰᠢᠢᠳᠪᠦᠷᠢᠯᠡᠬᠦ ᠶ᠋ᠢ ᠠᠬᠢᠭᠤᠯᠤᠨ᠎ᠠ ︔ ᠬᠣᠶᠠᠷ ᠲᠤ᠌ ᠵᠠᠷᠭᠤ ᠶ᠋ᠢᠨ ᠪᠤᠰᠤ ᠰᠢᠢᠳᠪᠦᠷᠢᠯᠡᠬᠦ ᠳᠦᠷᠢᠮ ᠤᠨ ᠡᠮᠦᠨ᠎ᠡ ᠨᠢ ᠪᠠᠢᠷᠢᠯᠠᠭᠤᠯᠵᠤ ᠂ ᠣᠷᠳᠣᠰ ᠤᠨ ᠰᠢᠭᠦᠬᠦ ᠬᠣᠷᠢᠶ᠎ᠠ ᠶ᠋ᠢᠨ 《 ᠭᠤᠷᠪᠠᠨ ᠦᠵᠦᠭᠦᠷ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠵᠠᠷᠭᠤ ᠶ᠋ᠢᠨ ᠡᠬᠢ ᠰᠤᠷᠪᠤᠯᠵᠢ ᠶ᠋ᠢ ᠵᠠᠰᠠᠬᠤ ᠵᠠᠭᠪᠤᠷ ᠤ᠋ᠨ ᠦᠷ᠎ᠡ ᠪᠦᠲᠦᠮᠵᠢ ᠶ᠋ᠢ ᠲᠠᠰᠤᠷᠠᠯᠲᠠ ᠥᠬᠡᠢ ᠪᠡᠬᠢᠵᠢᠭᠦᠯᠵᠦ ᠂ ᠨᠡᠩ ᠣᠯᠠᠨ ᠵᠢᠭᠤᠷᠠᠭᠠᠨ ᠢ᠋ ᠨᠠᠮᠳᠠᠭᠠᠬᠤ ᠬᠦᠴᠦᠨ ᠢ᠋ᠶ᠋ᠡᠷ ᠬᠣᠰᠢᠭᠤᠴᠢ ᠪᠠ ᠵᠢᠯᠣᠭᠣᠳᠬᠤ ᠦᠵᠦᠭᠦᠷ ᠳᠦ ᠬᠦᠴᠦᠨ ᠭᠠᠷᠭᠠᠬᠤ ᠶᠢ ᠠᠬᠢᠭᠤᠯᠵᠤ ᠂ 《 ᠡᠮᠦᠨ᠎ᠡ ᠲᠠᠯ᠎ᠠ ᠶ᠋ᠢ ᠠᠳᠬᠤᠵᠤ ᠂ ᠡᠪᠡᠳᠴᠢᠨ ᠥᠬᠡᠢ ᠢ᠋ ᠵᠠᠰᠠᠬᠤ 》 ᠶ᠋ᠢ ᠦᠨᠡᠨᠬᠦ ᠪᠡᠶᠡᠯᠡᠭᠦᠯᠵᠦ ᠂ ᠵᠠᠷᠭᠤ ᠳ᠋ᠤ᠌ ᠣᠷᠣᠬᠤ ᠵᠥᠷᠢᠴᠡᠯ ᠵᠢᠭᠤᠷᠠᠭᠠᠨ ᠢ᠋ ᠡᠬᠢ ᠡᠭᠦᠰᠦᠯ ᠡᠴᠡ ᠨᠢ ᠪᠠᠭᠠᠰᠬᠠᠵᠤ ᠂ ᠶᠡᠬᠡ ᠬᠡᠮᠵᠢᠶᠡᠨ ᠦ᠌ ᠵᠢᠭᠤᠷᠠᠯᠳᠤᠭᠠᠨ ᠢ᠋ ᠡᠭᠦᠰᠬᠦ ᠥᠬᠡᠢ ᠂ ᠨᠠᠬᠢᠶᠠᠯᠠᠬᠤ ᠬᠡᠮᠵᠢᠶᠡᠨ ᠳ᠋ᠦ᠍ ᠬᠦᠷᠭᠡᠨ᠎ᠡ ︔ ᠭᠤᠷᠪᠠ ᠳ᠋ᠤ᠌ ᠂ ᠨᠢᠭᠡ ᠥᠷᠲᠡᠭᠡᠨ ᠦ᠌ ᠬᠡᠯᠪᠡᠷᠢ ᠶ᠋ᠢᠨ ᠵᠠᠷᠭᠤ ᠶ᠋ᠢᠨ ᠦᠢᠯᠡᠴᠢᠯᠡᠭᠡᠨ ᠦ᠌ ᠰᠢᠰᠲ᠋ᠧᠮ ᠦ᠋ᠨ ᠪᠠᠢᠭᠤᠯᠤᠯᠲᠠ ᠶ᠋ᠢ ᠦᠷᠭᠦᠯᠵᠢᠯᠡᠨ ᠰᠢᠯᠢᠳᠡᠭᠵᠢᠭᠦᠯᠵᠦ ᠂ ᠣᠯᠠᠨ ᠲᠦᠮᠡᠨ ᠳ᠋ᠦ᠍ ᠥᠨᠳᠥᠷ ᠪᠦᠲᠦᠮᠵᠢᠲᠡᠢ ᠂ ᠠᠷᠠᠳ ᠲᠤ᠌ ᠳᠥᠭᠥᠮ ᠂ ᠣᠶᠤᠨᠴᠢ ᠣᠨᠣᠪᠴᠢᠲᠠᠢ ᠂ ᠠᠭᠤᠰᠤᠯᠴᠠᠭᠰᠠᠨ ᠣᠳᠣᠬᠢᠴᠢᠯᠠᠭᠰᠠᠨ ᠵᠠᠷᠭᠤ ᠶ᠋ᠢᠨ ᠦᠢᠯᠡᠴᠢᠯᠡᠭᠡ ᠶ᠋ᠢ ᠴᠢᠷᠮᠠᠢᠨ ᠬᠠᠩᠭᠠᠨ᠎ᠠ ᠃
ᠪᠠᠢᠴᠠᠭᠠᠨ ᠰᠤᠳᠤᠯᠬᠤ ᠳᠤᠭᠤᠢᠯᠠᠩ ᠪᠠᠰᠠ ᠳ᠋ᠦᠩᠱᠧᠩ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶ᠎ᠠ ᠂ ᠡᠵᠡᠨ ᠬᠣᠷᠣᠭ᠎ᠠ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠳ᠋ᠤ᠌ ᠲᠤᠬᠠᠢ ᠶ᠋ᠢᠨ ᠭᠠᠵᠠᠷ ᠤ᠋ᠨ ᠪᠠᠢᠴᠠᠭᠠᠨ ᠰᠤᠳᠤᠯᠤᠯᠲᠠ ᠬᠢᠭᠰᠡᠨ ᠪᠥᠭᠡᠳ ᠡᠵᠡᠨ ᠬᠣᠷᠣᠭ᠎ᠠ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶᠠᠨ ᠤ᠋ ᠵᠠᠷᠭᠤ ᠶ᠋ᠢᠨ ᠦᠢᠯᠡᠴᠢᠯᠡᠭᠡᠨ ᠦ᠌ ᠲᠥᠪ ᠲᠦ᠍ ᠨᠡᠢᠭᠡᠮ ᠦ᠋ᠨ ᠠᠮᠤᠷ ᠲᠦᠪᠰᠢᠨ ᠢ᠋ ᠶᠡᠷᠦᠩᠬᠡᠢᠯᠡᠨ ᠵᠠᠰᠠᠬᠤ ᠤᠷᠤᠵᠦ ᠰᠠᠭᠤᠬᠤ ᠲᠥᠪ ᠲᠦ᠍ ᠫᠠᠢᠰᠠ ᠪᠠᠨ ᠡᠯᠭᠦᠵᠡᠢ ᠃
ᠳᠠᠷᠠᠭᠠᠴᠢ ᠶ᠋ᠢᠨ ᠠᠯᠬᠤᠮ ᠳ᠋ᠤ᠌ ᠂ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠲᠤᠰ ᠤᠳᠠᠭᠠᠨ ᠤ᠋ ᠪᠠᠢᠴᠠᠭᠠᠨ ᠰᠤᠳᠤᠯᠤᠯᠲᠠ ᠪᠠᠷ ᠲᠣᠬᠢᠶᠠᠯ ᠪᠣᠯᠭᠠᠵᠤ ᠂ ᠲᠦᠪᠡᠭᠲᠡᠢ ᠪᠠ ᠳᠥᠭᠥᠮ ᠬᠡᠷᠡᠭ ᠢ᠋ ᠰᠠᠯᠭᠠᠨ ᠳᠤᠬᠢᠷᠠᠭᠤᠯᠬᠤ ᠠᠵᠢᠯ ᠢ᠋ ᠤᠯᠠᠮ ᠴᠢᠨᠠᠭᠰᠢᠳᠠ 《 ᠰᠠᠯᠭᠠᠬᠤ 》 ᠳᠡᠭᠡᠷ᠎ᠡ ᠬᠦᠴᠦ ᠣᠷᠣᠭᠤᠯᠵᠤ ᠂ 《 ᠲᠣᠬᠢᠷᠠᠭᠤᠯᠬᠤ 》 ᠳᠡᠭᠡᠷ᠎ᠡ ᠤᠴᠢᠷ ᠶᠠᠪᠤᠳᠠᠯ ᠬᠢᠵᠦ᠂ 《 ᠳᠠᠰᠤᠯᠬᠤ 》ᠳᠡᠭᠡᠷ᠎ᠡ ᠪᠣᠳᠠᠲᠤ ᠦᠷ᠎ᠡ ᠪᠦᠲᠦᠮᠵᠢ ᠶᠢ ᠱᠠᠭᠠᠷᠳᠠᠵᠤ᠂ 《 ᠰᠢᠭᠦᠬᠦ 》 ᠭᠡᠬᠦ ᠦᠰᠦᠭ ᠳᠡᠭᠡᠷ᠎ᠡ ᠴᠢᠩᠭ᠎ᠠ ᠬᠠᠮᠢᠶᠠᠷᠴᠤ ᠂ ᠰᠢᠨ᠎ᠡ ᠬᠥᠭᠵᠢᠯᠲᠡ ᠶ᠋ᠢᠨ ᠱᠠᠲᠤᠨ ᠤ᠋ ᠠᠷᠠᠳ ᠣᠯᠠᠨ ᠤ᠋ ᠥᠨᠳᠥᠷ ᠦᠷ᠎ᠡ ᠪᠦᠲᠦᠮᠵᠢᠲᠡᠢ ᠳᠥᠭᠥᠮ ᠲᠦᠳᠡ ᠂ ᠲᠥᠪ ᠭᠣᠣᠯᠴᠢ ᠡᠷᠬᠡ ᠰᠦᠷ ᠢᠶᠡᠷ ᠵᠢᠭᠤᠷᠠᠯᠳᠤᠭᠠᠨ ᠢ᠋ ᠰᠢᠢᠳᠪᠦᠷᠢᠯᠡᠬᠦ ᠱᠠᠭᠠᠷᠳᠠᠯᠭ᠎ᠠ ᠶ᠋ᠢ ᠲᠠᠰᠤᠷᠠᠯᠲᠠ ᠦᠭᠡᠢ ᠬᠠᠩᠭᠠᠵᠤ ᠂ ᠥᠨᠳᠥᠷ ᠴᠢᠨᠠᠷ ᠴᠢᠨᠰᠠᠭ᠎ᠠ ᠲᠠᠢ ᠣᠷᠳᠣᠰ ᠰᠢᠭᠦᠬᠦ ᠬᠣᠷᠢᠶ᠎ᠠ ᠶ᠋ᠢᠨ ᠨᠢᠭᠡ ᠥᠷᠲᠡᠭᠡ ᠶ᠋ᠢᠨ ᠬᠡᠯᠪᠡᠷᠢ ᠶ᠋ᠢᠨ ᠬᠡᠷᠡᠭ ᠪᠣᠯᠭᠠᠨ ᠳᠠᠩᠰᠠᠯᠠᠬᠤ ᠦᠢᠯᠡᠴᠢᠯᠡᠭᠡᠨ ᠦ᠌ ᠠᠵᠢᠯ ᠤ᠋ᠨ ᠨᠡᠷᠡᠲᠦ ᠲᠡᠮᠳᠡᠭ ᠢ᠋ ᠪᠦᠬᠦ ᠬᠦᠴᠦᠨ ᠢ᠋ᠶ᠋ᠡᠷ ᠢ᠋ᠶ᠋ᠡᠨ ᠪᠣᠢ ᠪᠣᠯᠭᠠᠶ᠎ᠠ᠃
ᠦᠨᠡᠯᠡᠬᠦ 0ᠦᠨᠡᠯᠡᠯᠲᠡ᠎ᠲᠠᠢ