ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠵᠥᠪᠯᠡᠯ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠪᠣᠯᠤᠨ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠵᠥᠪᠯᠡᠯ ᠡᠴᠡ ᠡᠬᠡ ᠤᠯᠤᠰ ᠤ᠋ᠨ ᠤᠮᠠᠷᠠᠲᠤ ᠬᠢᠯᠢ ᠶ᠋ᠢᠨ ᠠᠮᠤᠷ ᠲᠣᠭᠲᠠᠭᠤᠨ ᠤ᠋ ᠬᠠᠯᠬᠠᠪᠴᠢ ᠶ᠋ᠢ ᠪᠡᠬᠢᠵᠢᠭᠦᠯᠬᠦ ᠲᠤᠬᠠᠢ ᠂ 2023 ᠣᠨ ᠤ ᠵᠠᠭᠤᠨ ᠡᠳᠦᠷ ᠦ᠋ᠨ ᠪᠣᠭᠣᠮᠲᠠ ᠰᠢᠪᠲᠤᠯᠬᠤ ᠠᠵᠢᠯᠯᠠᠭ᠎ᠠ ᠶ᠋ᠢᠨ ᠡᠯ᠎ᠡ ᠲᠥᠷᠦᠯ ᠤᠨ ᠰᠢᠢᠳᠪᠦᠷᠢ ᠪᠣᠳᠤᠯᠭ᠎ᠠ ᠶᠢᠨ ᠪᠠᠢᠷᠢᠯᠠᠭᠤᠯᠤᠯᠲᠠ᠂ ᠰᠢ ᠵᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠦ ᠤᠯᠤᠰ ᠤᠨ ᠣᠨᠴᠠᠯᠢᠭ ᠲᠠᠢ ᠨᠡᠢᠭᠡᠮ ᠵᠢᠷᠥᠮ ᠤᠨ ᠦᠵᠡᠯ ᠰᠠᠨᠠᠭ᠎ᠠ ᠶᠢᠨ ᠳᠤᠰᠬᠠᠢ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠤᠷᠤᠯᠴᠠᠨ ᠲᠦᠭᠡᠮᠡᠯᠵᠢᠭᠦᠯᠬᠦ ᠶᠢ ᠤᠯᠠᠮ ᠨᠢᠭᠡ ᠠᠯᠬᠤᠮ ᠪᠡᠬᠢᠵᠢᠭᠦᠯᠦᠨ ᠭᠦᠨᠵᠡᠭᠡᠢᠷᠡᠭᠦᠯᠬᠦ ᠶᠢᠨ ᠲᠥᠯᠦᠭᠡ᠂ 11 ᠰᠠᠷ᠎ᠠ ᠶᠢᠨ 3 ᠤ ᠡᠳᠦᠷ᠂ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠦ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠵᠢᠴᠢ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠬᠤᠷᠠᠯ ᠤ᠋ᠨ ᠭᠣᠣᠯ ᠲᠠᠯᠠᠪᠠᠢ ᠳ᠋ᠤ᠌ ᠣᠷᠣᠯᠴᠠᠵᠤ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠵᠢᠴᠢ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠵᠠᠢ ᠃
ᠬᠤᠷᠠᠯ ᠠ᠋ᠴᠠ ᠴᠢᠬᠤᠯᠠᠴᠢᠯᠠᠭᠰᠠᠨ ᠨᠢ ᠂ ᠪᠥᠬᠥ ᠬᠣᠲᠠ ᠶ᠋ᠢᠨ ᠰᠢᠭᠦᠬᠦ ᠬᠣᠷᠢᠶ᠎ᠠ 《 ᠵᠠᠭᠤᠨ ᠡᠳᠦᠷ ᠦ᠋ᠨ ᠪᠣᠭᠣᠮᠲᠠ ᠰᠢᠪᠲᠤᠯᠬᠤ ᠠᠵᠢᠯᠯᠠᠭ᠎ᠠ 》 ᠥᠷᠨᠢᠭᠦᠯᠬᠦ ᠶ᠋ᠢᠨ ᠴᠢᠬᠤᠯᠠ ᠠᠴᠢ ᠬᠣᠯᠪᠣᠭᠳᠠᠯ ᠢ᠋ ᠭᠦᠨᠵᠡᠭᠡᠢ ᠲᠠᠨᠢᠵᠤ ᠂ ᠬᠠᠷᠢᠭᠤᠴᠠᠯᠭ᠎ᠠ ᠪᠠᠨ ᠪᠣᠳᠠᠲᠠᠢᠵᠢᠭᠤᠯᠵᠤ ᠂ ᠱᠠᠯᠠᠪᠳᠠᠨ ᠲᠦᠷᠭᠡᠨ ᠠᠵᠢᠯᠯᠠᠵᠤ ᠂ ᠨᠠᠢᠳᠠᠪᠤᠷᠢᠵᠢᠭᠤᠯᠬᠤ ᠶ᠋ᠢ ᠬᠦᠴᠦᠲᠡᠢ ᠠᠳᠬᠤᠵᠤ ᠂ ᠡᠭᠦᠷᠭᠡ ᠪᠡᠨ ᠭᠦᠢᠴᠡᠳᠬᠡᠬᠦ ᠳᠦ ᠨᠢᠭᠡᠳᠦᠭᠡᠷ ᠴᠠᠭ ᠲᠤ᠌ ᠲᠣᠳᠣᠷᠬᠠᠢ ᠂ ᠠᠵᠢᠯ ᠢᠶᠡᠨ ᠨᠢᠭᠡᠳᠦᠭᠡᠷ ᠴᠠᠭ ᠲᠤ᠌ ᠳᠠᠭᠠᠯᠳᠤᠨ ᠤᠷᠤᠭᠰᠢᠯᠠᠬᠤ ᠂ ᠦᠷ᠎ᠡ ᠪᠦᠲᠦᠮᠵᠢ ᠪᠡᠨ ᠨᠢᠭᠡᠳᠦᠭᠡᠷ ᠴᠠᠭ ᠲᠤ᠌ ᠬᠠᠷᠢᠭᠤ ᠲᠤᠰᠬᠠᠬᠤ ᠶ᠋ᠢ ᠪᠡᠶᠡᠯᠡᠭᠦᠯᠵᠦ ᠂ ᠬᠠᠲᠠᠭᠤ ᠴᠢᠩᠭ᠎ᠠ ᠬᠠᠤᠯᠢ ᠴᠠᠭᠠᠵᠠ ᠶ᠋ᠢᠨ ᠰᠢᠨ᠎ᠡ ᠠᠮᠵᠢᠯᠲᠠ ᠪᠠᠷ ᠵᠠᠭᠤᠨ ᠡᠳᠦᠷ ᠦ᠋ᠨ ᠪᠣᠭᠣᠮᠲᠠ ᠰᠢᠪᠲᠤᠯᠬᠤ ᠠᠵᠢᠯᠯᠠᠭ᠎ᠠ ᠶ᠋ᠢᠨ ᠰᠢᠨ᠎ᠡ ᠦᠷ᠎ᠡ ᠪᠦᠲᠦᠮᠵᠢ ᠶ᠋ᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ ᠨᠢᠭᠡ ᠳ᠋ᠦ᠍ ᠴᠢᠭᠯᠡᠯ ᠢ᠋ ᠪᠠᠲᠤ ᠡᠵᠡᠮᠳᠡᠵᠦ ᠂ ᠤᠯᠤᠰ ᠣᠷᠣᠨ ᠤ᠋ ᠤᠯᠤᠰ ᠲᠥᠷᠥ ᠶ᠋ᠢᠨ ᠠᠮᠤᠷ ᠲᠦᠪᠰᠢᠨ ᠢ᠋ ᠡᠷᠡᠰ ᠭᠤᠢᠪᠢᠰᠢ ᠦᠭᠡᠢ ᠬᠠᠮᠠᠭᠠᠯᠠᠨ᠎ᠠ ᠃ ᠤᠯᠤᠰ ᠤ᠋ᠨ ᠶᠡᠷᠦᠩᠬᠡᠢ ᠠᠮᠤᠷ ᠲᠦᠪᠰᠢᠨ ᠦ᠌ ᠦᠵᠡᠯᠲᠡ ᠶ᠋ᠢ ᠡᠷᠡᠰ ᠲᠤᠤᠱᠯᠠᠭᠤᠯᠤᠨ ᠨᠠᠢᠳᠠᠪᠤᠷᠢᠵᠢᠭᠤᠯᠵᠤ ᠂ ᠨᠢᠭᠤᠴᠠ ᠶ᠋ᠢ ᠬᠠᠮᠠᠭᠠᠯᠠᠬᠤ ᠦᠵᠡᠯ ᠤᠬᠠᠮᠰᠠᠷ ᠢ᠋ᠶ᠋ᠠᠨ ᠴᠢᠩᠭᠠᠳᠬᠠᠨ ᠂ ᠨᠢᠭᠤᠴᠠ ᠶ᠋ᠢ ᠬᠠᠮᠠᠭᠠᠯᠠᠬᠤ ᠠᠵᠢᠯ ᠢ᠋ ᠰᠠᠢᠲᠤᠷ ᠬᠢᠵᠦ ᠂ ᠨᠠᠷᠢᠨ ᠵᠦᠢᠯ ᠡᠴᠡ ᠰᠡᠷᠭᠡᠢᠯᠡᠵᠦ ᠂ ᠪᠠᠭ᠎ᠠ ᠤᠴᠢᠷ ᠠ᠋ᠴᠠ ᠭᠠᠷᠳᠠᠨ ᠂ 《 ᠬᠣᠷᠢᠭ᠎ᠠ ᠱᠤᠭᠤᠮ 》 ᠢ᠋ ᠪᠠᠲᠤ ᠪᠡᠬᠢ ᠪᠠᠢᠭᠤᠯᠵᠤ ᠂ 《ᠰᠠᠭᠤᠷᠢ ᠱᠤᠭᠤᠮ》 ᠢ᠋ ᠪᠠᠲᠤ ᠰᠠᠬᠢᠬᠤ ᠬᠡᠷᠡᠭᠲᠡᠢ ᠃ ᠬᠣᠶᠠᠷ ᠲᠤ᠌ ᠵᠣᠭᠰᠤᠯᠲᠠ ᠪᠡᠨ ᠵᠥᠪ ᠪᠠᠢᠯᠭᠠᠵᠤ᠂ ᠠᠵᠤ ᠠᠬᠤᠢ ᠶ᠋ᠢᠨ ᠬᠥᠭᠵᠢᠯᠲᠡ ᠨᠡᠢᠭᠡᠮ ᠦ᠋ᠨ ᠲᠣᠭᠲᠠᠭᠤᠨ ᠪᠠᠢᠳᠠᠯ ᠢ᠋ ᠡᠷᠡᠰ ᠭᠤᠢᠪᠢᠰᠢ ᠦᠭᠡᠢ ᠪᠡᠷ ᠪᠠᠲᠤᠯᠠᠬᠤ ᠬᠡᠷᠡᠭᠲᠡᠢ ᠃ ᠵᠥᠷᠢᠴᠡᠯ ᠵᠢᠭᠤᠷᠠᠭᠠᠨ ᠢ᠋ ᠵᠠᠷᠭᠤ ᠠ᠋ᠴᠠ ᠡᠮᠦᠨ᠎ᠡ ᠨᠠᠮᠳᠠᠭᠠᠬᠤ ᠨᠣᠷᠮ᠎ᠠ ᠶ᠋ᠢ ᠬᠦᠴᠦᠯᠡᠨ ᠳᠡᠭᠡᠭᠰᠢᠯᠡᠭᠦᠯᠵᠦ ᠂ 《 ᠭᠤᠷᠪᠠᠨ ᠦᠵᠦᠭᠦᠷ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠵᠠᠷᠭᠤ ᠶ᠋ᠢᠨ ᠢᠷᠡᠯᠲᠡ ᠶ᠋ᠢ ᠵᠠᠰᠠᠬᠤ ᠬᠡᠯᠪᠡᠷᠢ ᠶ᠋ᠢ ᠭᠦᠨᠵᠡᠭᠡᠢᠷᠡᠭᠦᠯᠵᠦ ᠂ 《 ᠤᠯᠤᠰ ᠲᠥᠷᠥ ᠶ᠋ᠢᠨ ᠵᠥᠪᠯᠡᠯᠭᠡᠨ + ᠰᠢᠭᠦᠬᠦ ᠬᠣᠷᠢᠶ᠎ᠠ 》 ᠂ 《 ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ + ᠰᠢᠭᠦᠬᠦ ᠬᠣᠷᠢᠶ᠎ᠠ 》 ᠵᠡᠷᠭᠡ ᠵᠥᠷᠢᠴᠡᠯ ᠢ᠋ ᠰᠢᠢᠳᠪᠦᠷᠢᠯᠡᠬᠦ ᠲᠣᠭᠲᠠᠴᠠ ᠶ᠋ᠢ ᠰᠠᠢᠲᠤᠷ ᠬᠡᠷᠡᠭᠯᠡᠬᠦ ᠬᠡᠷᠡᠭᠲᠡᠢ ᠃ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠦᠷᠭᠦᠯᠵᠢᠯᠡᠨ ᠰᠢᠯᠢᠳᠡᠭᠵᠢᠭᠦᠯᠵᠦ ᠂ ᠠᠵᠤ ᠠᠬᠤᠢᠯᠠᠯ ᠳ᠋ᠤ᠌ ᠬᠣᠯᠪᠣᠭᠳᠠᠭᠰᠠᠨ ᠬᠡᠷᠡᠭ ᠢ᠋ ᠰᠢᠢᠳᠪᠦᠷᠢᠯᠡᠬᠦ ᠴᠢᠨᠠᠷ ᠴᠢᠨᠰᠠᠭ᠎ᠠ ᠶ᠋ᠢ ᠤᠯᠠᠮ ᠳᠡᠭᠡᠭᠰᠢᠯᠡᠭᠦᠯᠬᠦ ᠬᠡᠷᠡᠭᠲᠡᠢ ᠃ ᠭᠤᠷᠪᠠ ᠳ᠋ᠤ᠌ ᠪᠣᠳᠠᠲᠤ ᠬᠡᠷᠡᠭᠴᠡᠭᠡ ᠶ᠋ᠢ ᠢᠮᠠᠭᠲᠠ ᠪᠠᠷᠢᠮᠲᠠᠯᠠᠵᠤ ᠂ ᠠᠷᠠᠳ ᠣᠯᠠᠨ ᠤ᠋ ᠬᠠᠤᠯᠢ ᠶᠣᠰᠣᠨ ᠤ᠋ ᠡᠷᠬᠡ ᠠᠰᠢᠭ ᠢ᠋ ᠡᠷᠡᠰ ᠭᠤᠢᠪᠢᠰᠢ ᠥᠬᠡᠢ ᠪᠡᠷ ᠬᠠᠮᠠᠭᠠᠯᠠᠬᠤ ᠬᠡᠷᠡᠭᠲᠡᠢ ᠃ ᠴᠠᠬᠢᠯᠭᠠᠨ ᠬᠣᠯᠪᠣᠭᠠᠨ ᠤ᠋ ᠲᠣᠣᠷ ᠰᠦᠯᠵᠢᠶ᠎ᠡ ᠪᠡᠷ ᠮᠡᠬᠡᠯᠡᠭᠰᠡᠨ ᠬᠡᠷᠡᠭ ᠢ᠋ ᠰᠢᠭᠦᠨ ᠲᠠᠰᠤᠯᠬᠤ ᠪᠠ ᠵᠠᠰᠠᠬᠤ ᠠᠵᠢᠯ ᠢ᠋ ᠴᠢᠩᠭᠠᠳᠬᠠᠵᠤ ᠂ ᠮᠡᠳᠡᠭᠡ ᠵᠠᠩᠭᠢ ᠲᠣᠣᠷ ᠰᠦᠯᠵᠢᠶ᠎ᠡ ᠶ᠋ᠢ ᠶᠠᠯ᠎ᠠ ᠬᠢᠬᠦ ᠠᠵᠢᠯᠯᠠᠭ᠎ᠠ ᠂ ᠠᠷᠠᠳ ᠢᠷᠭᠡᠳ ᠦ᠋ᠨ ᠬᠤᠪᠢ ᠬᠥᠮᠦᠨ ᠦ᠌ ᠮᠡᠳᠡᠭᠡ ᠵᠠᠩᠭᠢ ᠳ᠋ᠤ᠌ ᠬᠠᠯᠳᠠᠭᠰᠠᠨ ᠶᠠᠯᠠᠲᠤ ᠬᠡᠷᠡᠭ ᠢ᠋ ᠬᠠᠪᠰᠤᠷᠴᠤ ᠴᠢᠩᠭ᠎ᠠ ᠰᠢᠳᠬᠡᠬᠦ ᠬᠡᠷᠡᠭᠲᠡᠢ ᠃ ᠨᠠᠰᠤᠨ ᠳ᠋ᠤ᠌ ᠦᠯᠦ ᠬᠦᠷᠦᠭᠰᠡᠳ ᠲᠦ᠍ ᠬᠣᠯᠪᠣᠭᠳᠠᠭᠰᠠᠨ ᠬᠡᠷᠡᠭ ᠢ᠋ ᠰᠢᠭᠦᠨ ᠲᠠᠰᠤᠯᠬᠤ ᠴᠢᠨᠠᠷ ᠴᠢᠨᠰᠠᠭ᠎ᠠ ᠪᠡᠨ ᠦᠨᠡᠨ ᠬᠦ᠌ ᠳᠡᠭᠡᠭᠰᠢᠯᠡᠭᠦᠯᠵᠦ ᠂ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠂ ᠪᠠᠢᠴᠠᠭᠠᠬᠤ ᠬᠣᠷᠢᠶ᠎ᠠ ᠂ ᠰᠢᠭᠦᠬᠦ ᠬᠣᠷᠢᠶ᠎ᠠ ᠲᠠᠢ ᠬᠣᠯᠪᠤᠭᠤᠯᠤᠨ ᠪᠠᠭᠠᠴᠤᠳ ᠤ᠋ᠨ ᠬᠠᠤᠯᠢ ᠴᠠᠭᠠᠵᠠ ᠶ᠋ᠢᠨ ᠠᠵᠢᠯ ᠤ᠋ᠨ ᠰᠢᠰᠲ᠋ᠸᠮ ᠢ᠋ ᠪᠠᠢᠭᠤᠯᠬᠤ ᠶ᠋ᠢ ᠢᠳᠡᠪᠬᠢᠲᠡᠢ ᠠᠬᠢᠭᠤᠯᠬᠤ ᠬᠡᠷᠡᠭᠲᠡᠢ ᠃ ᠳᠥᠷᠪᠡ ᠳ᠋ᠦ᠍ ᠪᠠᠷᠢᠮᠵᠢᠶ᠎ᠠ ᠶ᠋ᠢ ᠴᠢᠩᠭ᠎ᠠ ᠠᠳᠬᠤᠵᠤ ᠂ ᠪᠦᠬᠦ ᠲᠠᠯ᠎ᠠ ᠪᠠᠷ ᠴᠢᠩᠭ᠎ᠠ ᠬᠠᠮᠢᠶᠠᠷᠬᠤ ᠴᠠᠭᠳᠠᠭ᠎ᠠ ᠶ᠋ᠢ ᠴᠢᠩᠭ᠎ᠠ ᠵᠠᠬᠢᠷᠬᠤ ᠶ᠋ᠢ ᠭᠤᠢᠪᠢᠰᠢ ᠦᠭᠡᠢ ᠠᠬᠢᠭᠤᠯᠬᠤ ᠬᠡᠷᠡᠭᠲᠡᠢ ᠃ ᠨᠠᠮ ᠤ᠋ᠨ ᠪᠠᠢᠭᠤᠯᠤᠯᠲᠠ ᠶ᠋ᠢᠨ ᠠᠵᠢᠯ ᠪᠣᠯᠤᠨ ᠲᠤᠬᠠᠢᠯᠠᠭᠰᠠᠨ ᠠᠵᠢᠯ ᠤ᠋ᠨ ᠭᠦᠨᠵᠡᠭᠡᠢ ᠤᠶᠠᠯᠳᠤᠯ ᠢ᠋ ᠰᠢᠰᠲ᠋ᠧᠮᠲᠦ ᠰᠡᠳᠬᠢᠬᠦᠢ ᠪᠡᠷ ᠠᠬᠢᠭᠤᠯᠵᠤ ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶ᠋ᠢᠨ ᠵᠢᠷᠤᠮᠵᠢᠭᠰᠠᠨ ᠪᠠᠢᠭᠤᠯᠤᠯᠲᠠ ᠶ᠋ᠢ ᠯᠠᠪᠳᠠᠭᠤᠨ ᠪᠠᠲᠤᠲᠠᠢ ᠠᠬᠢᠭᠤᠯᠵᠤ ᠂ ᠰᠠᠬᠢᠯᠭ᠎ᠠ ᠪᠠᠲᠤ ᠣᠪᠣᠷ ᠰᠤᠷᠲᠠᠯ ᠢ᠋ ᠴᠢᠩᠳᠠᠯᠠᠨ ᠂ ᠬᠡᠷᠡᠭ ᠢ᠋ᠶ᠋ᠡᠷ ᠥᠭᠡᠷᠡᠴᠢᠯᠡᠨ ᠰᠠᠢᠵᠢᠷᠠᠭᠤᠯᠬᠤ ᠶ᠋ᠢ ᠠᠬᠢᠭᠤᠯᠵᠤ ᠂ ᠬᠠᠤᠯᠢ ᠬᠡᠷᠡᠭᠵᠢᠭᠦᠯᠬᠦ ᠶᠠᠪᠤᠳᠠᠯ ᠤ᠋ᠨ ᠨᠡᠩ ᠲᠥᠪ ᠭᠣᠣᠯᠴᠢ ᠠᠷᠢᠭᠤᠨ ᠴᠢᠬᠡᠴᠢ ᠂ ᠥᠨᠳᠥᠷ ᠪᠦᠲᠦᠮᠵᠢᠲᠡᠢ ᠡᠷᠬᠡ ᠰᠦᠷ ᠢ᠋ ᠠᠬᠢᠭᠤᠯᠬᠤ ᠬᠡᠷᠡᠭᠲᠡᠢ ᠭᠡᠪᠡ ᠃
ᠬᠤᠷᠠᠯ ᠠ᠋ᠴᠠ ᠱᠠᠭᠠᠷᠳᠠᠭᠰᠠᠨ ᠨᠢ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠡᠬᠡ ᠤᠯᠤᠰ ᠤ᠋ᠨ ᠤᠮᠠᠷᠠᠲᠤ ᠬᠢᠯᠢ ᠶ᠋ᠢᠨ ᠠᠮᠤᠷ ᠲᠦᠪᠰᠢᠨ ᠲᠣᠭᠲᠠᠭᠤᠨ ᠤ᠋ ᠬᠠᠯᠬᠠᠪᠴᠢ ᠶ᠋ᠢ ᠪᠠᠲᠤ ᠪᠠᠢᠭᠤᠯᠬᠤ ᠪᠠᠷ ᠲᠡᠷᠢᠭᠦᠨ ᠴᠢᠬᠤᠯᠠ ᠡᠭᠦᠷᠭᠡ ᠪᠣᠯᠭᠠᠨ ᠠᠳᠬᠤᠵᠤ ᠂ ᠵᠠᠭᠤᠨ ᠡᠳᠦᠷ ᠦ᠋ᠨ ᠪᠣᠭᠣᠮᠲᠠ ᠰᠢᠪᠲᠤᠯᠬᠤ ᠪᠠ ᠭᠣᠣᠯ ᠰᠡᠳᠦᠪᠲᠦ ᠰᠤᠷᠭᠠᠨ ᠬᠥᠮᠦᠵᠢᠯ ᠢ᠋ ᠣᠷᠭᠠᠨᠢᠭ ᠢ᠋ᠶ᠋ᠠᠷ ᠵᠣᠯᠭᠠᠭᠤᠯᠵᠤ ᠂ ᠭᠣᠣᠯ ᠰᠡᠳᠦᠪᠲᠦ ᠰᠤᠷᠭᠠᠨ ᠬᠥᠮᠦᠵᠢᠯ ᠢ᠋ᠶ᠋ᠡᠷ ᠵᠠᠭᠤᠨ ᠡᠳᠦᠷ ᠦ᠋ᠨ ᠪᠣᠭᠣᠮᠲᠠ ᠰᠢᠪᠲᠤᠯᠬᠤ ᠣᠮᠣᠭ ᠰᠦᠷ ᠢ᠋ ᠬᠥᠭᠵᠢᠭᠡᠵᠦ ᠂ ᠵᠠᠭᠤᠨ ᠡᠳᠦᠷ ᠦ᠋ᠨ ᠪᠣᠭᠣᠮᠲᠠ ᠰᠢᠪᠲᠤᠯᠬᠤ ᠦᠷ᠎ᠡ ᠪᠦᠲᠦᠭᠡᠯ ᠢ᠋ᠶ᠋ᠡᠷ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠦᠷ᠎ᠡ ᠪᠦᠲᠦᠮᠵᠢ ᠶ᠋ᠢ ᠰᠢᠯᠭᠠᠨ ᠪᠠᠢᠴᠠᠭᠠᠵᠤ ᠂ ᠳᠡᠭᠡᠳᠦ ᠳᠣᠣᠷᠠᠳᠤ ᠱᠠᠲᠤ ᠰᠡᠳᠬᠢᠯ ᠢ᠋ᠶ᠋ᠡᠨ ᠨᠢᠭᠡᠳᠬᠡᠨ ᠬᠦᠴᠦ ᠪᠡᠨ ᠬᠠᠮᠲᠤᠳᠬᠠᠨ ᠪᠣᠭᠣᠮᠲᠠ ᠰᠢᠪᠲᠤᠯᠵᠤ ᠂ ᠵᠠᠭᠤᠨ ᠡᠳᠦᠷ ᠦ᠋ᠨ ᠪᠣᠭᠣᠮᠲᠠ ᠰᠢᠪᠲᠤᠯᠬᠤ ᠳᠠᠢᠯᠠᠯᠳᠤᠭᠠᠨ ᠢ᠋ ᠡᠷᠡᠰ ᠢᠯᠠᠵᠤ ᠂ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠡᠯ᠎ᠡ ᠵᠦᠢᠯ ᠦ᠋ᠨ ᠡᠭᠦᠷᠭᠡ ᠶ᠋ᠢ ᠲᠡᠭᠦᠰ ᠠᠮᠵᠢᠯᠲᠠ ᠲᠠᠢ ᠪᠡᠶᠡᠯᠡᠭᠦᠯᠵᠦ ᠂ ᠡᠬᠡ ᠤᠯᠤᠰ ᠤ᠋ᠨ ᠤᠮᠠᠷᠠᠲᠤ ᠬᠢᠯᠢ ᠶ᠋ᠢᠨ ᠠᠮᠤᠷ ᠲᠦᠪᠰᠢᠨ ᠲᠣᠭᠲᠠᠭᠤᠨ ᠬᠠᠯᠬᠠᠪᠴᠢ ᠶ᠋ᠢ ᠪᠠᠲᠤ ᠪᠡᠬᠢ ᠪᠠᠢᠭᠤᠯᠵᠤ ᠂ ᠨᠡᠩ ᠥᠨᠳᠥᠷ ᠲᠦᠪᠰᠢᠨ ᠣᠷᠳᠣᠰ ᠂ ᠬᠠᠤᠯᠢ ᠪᠠᠷ ᠵᠠᠰᠠᠬᠤ ᠣᠷᠳᠣᠰ ᠢ᠋ ᠪᠠᠢᠭᠤᠯᠬᠤ ᠳ᠋ᠤ᠌ ᠬᠠᠤᠯᠢ ᠴᠠᠭᠠᠵᠠ ᠶ᠋ᠢᠨ ᠣᠶᠤᠨ ᠤᠬᠠᠭᠠᠨ ᠪᠠ ᠬᠦᠴᠦᠨ ᠬᠠᠩᠭᠠᠬᠤ ᠬᠡᠷᠡᠭᠲᠡᠢ ᠭᠡᠪᠡ ᠃
ᠦᠨᠡᠯᠡᠬᠦ 0ᠦᠨᠡᠯᠡᠯᠲᠡ᠎ᠲᠠᠢ