ᠭᠤᠷᠪᠠᠨ ᠡᠬᠢ ᠬᠠᠮᠲᠤᠪᠠᠷ ᠵᠠᠰᠠᠵᠤ ᠬᠦᠴᠦ ᠪᠡᠨ ᠨᠢᠭᠡᠳᠴᠦ᠂ ᠬᠠᠮᠲᠤᠪᠠᠷ ᠬᠠᠮᠵᠢᠯᠴᠠᠨ ᠬᠠᠮᠲᠤᠪᠠᠷ ᠬᠥᠳᠡᠯᠦᠯᠴᠡᠵᠦ ᠠᠷᠠᠳ ᠤ᠋ᠨ ᠵᠣᠪᠠᠨᠢᠯ ᠢ᠋ ᠠᠷᠢᠯᠭᠠᠶ᠎ᠠ — 《 ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠨᠢᠭᠡ ᠴᠣᠭᠴᠠᠵᠢᠯᠠᠭᠰᠠᠨ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠬᠢᠭᠤᠯᠬᠤ 〈 ᠵᠠᠷᠭᠤ ᠶᠢᠨ ᠢᠷᠡᠯᠲᠡ ᠶᠢ ᠴᠡᠪᠡᠷᠯᠡᠬᠦ᠂ ᠵᠠᠬᠢᠳᠠᠯ ᠰᠤᠷᠪᠤᠯᠵᠢᠯᠠᠭ᠎ᠠ ᠶ᠋ᠢᠨ ᠡᠬᠢ ᠰᠤᠷᠪᠤᠯᠵᠢ ᠶᠢ ᠤᠰᠠᠳᠭᠠᠬᠤ ᠂ ᠡᠬᠢ ᠶᠢᠨ ᠬᠤᠷᠠᠮᠳᠤᠯ ᠢ ᠦᠭᠡᠢᠰᠭᠡᠬᠦ 〉 ᠭᠤᠷᠪᠠᠨ ᠡᠬᠢ ᠰᠤᠷᠪᠤᠯᠵᠢ ᠶ᠋ᠢ ᠬᠠᠮᠲᠤᠪᠠᠷ ᠵᠠᠰᠠᠬᠤ ᠠᠵᠢᠯ ᠤ᠋ᠨ ᠲᠥᠰᠦᠯ 》ᠢ᠋ ᠵᠢᠩᠬᠢᠨᠢ ᠪᠡᠷ ᠨᠡᠢᠲᠡᠯᠡᠪᠡ
《 ᠮᠣᠳᠣ ᠶ᠋ᠢ ᠥᠨᠳᠥᠷ ᠤᠷᠭᠤᠭᠤᠯᠪᠠᠰᠣ ᠦᠨᠳᠦᠰᠦ ᠰᠠᠭᠤᠷᠢ ᠶ᠋ᠢ ᠨᠢ ᠵᠠᠪᠠᠯ ᠪᠡᠬᠢᠵᠢᠭᠦᠯᠦᠨ ᠡ; ᠤᠷᠤᠰᠭᠠᠯ ᠤᠰᠤ ᠶᠢ ᠬᠤᠯᠠ ᠤᠷᠤᠰᠬᠠᠪᠠᠰᠦ᠂ ᠪᠤᠯᠠᠭ ᠤᠨ ᠡᠬᠢ ᠶᠢ ᠵᠠᠪᠠᠯ ᠵᠠᠰᠠᠵᠦ ᠨᠡᠪᠲᠡᠷᠡᠭᠦᠯᠦᠨ᠎ᠡ ᠃ 》ᠣᠢᠷ᠎ᠠ ᠶ᠋ᠢᠨ ᠬᠤᠭᠤᠴᠠᠭᠠᠨ ᠳ᠋ᠤ᠌ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《 ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠨᠢᠭᠡ ᠴᠣᠭᠴᠠᠵᠢᠯᠲᠠ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢ ᠠᠬᠢᠭᠤᠯᠬᠤ 〈 ᠵᠠᠷᠭᠤ ᠶᠢᠨ ᠢᠷᠡᠯᠲᠡ ᠶᠢ ᠴᠡᠪᠡᠷᠯᠡᠬᠦ᠂ ᠵᠠᠬᠢᠳᠠᠯ ᠰᠤᠷᠪᠤᠯᠵᠢᠯᠠᠭ᠎ᠠ ᠶ᠋ᠢᠨ ᠡᠬᠢ ᠰᠤᠷᠪᠤᠯᠵᠢ ᠶᠢ ᠤᠰᠠᠳᠭᠠᠬᠤ ᠂ ᠡᠬᠢ ᠶᠢᠨ ᠬᠤᠷᠠᠮᠳᠤᠯ ᠢ ᠰᠢᠢᠳᠪᠦᠷᠢᠯᠡᠬᠦ 〉 ᠭᠤᠷᠪᠠᠨ ᠡᠬᠢ ᠰᠤᠷᠪᠤᠯᠵᠢ ᠶ᠋ᠢ ᠬᠠᠮᠲᠤᠪᠠᠷ ᠵᠠᠰᠠᠬᠤ ᠶ᠋ᠢ ᠠᠬᠢᠭᠤᠯᠬᠤ ᠠᠵᠢᠯ ᠤ᠋ᠨ ᠲᠥᠰᠦᠯ 》 ( ᠳᠣᠣᠷ᠎ᠠ 《 ᠲᠥᠰᠦᠯ 》 ᠭᠡᠵᠦ ᠲᠣᠪᠴᠢᠯᠠᠨ᠎ᠠ ) ᠶ᠋ᠢ ᠨᠡᠢᠲᠡᠯᠡᠵᠦ ᠂ ᠵᠢᠭᠤᠷᠠᠯᠳᠤᠭᠠᠨ ᠢ᠋ ᠮᠥᠨ ᠴᠢᠨᠠᠷ ᠪᠣᠯᠭᠠᠨ ᠰᠢᠢᠳᠪᠦᠷᠢᠯᠡᠬᠦ ᠪᠡᠷ ᠬᠠᠷᠠᠯᠲᠠ ᠪᠣᠯᠭᠠᠵᠤ ᠂ 《 ᠵᠠᠷᠭᠤ ᠬᠢᠬᠦ ᠡᠴᠡ ᠡᠮᠦᠨ᠎ᠡ ᠰᠡᠷᠭᠡᠢᠯᠡᠬᠦ ᠂ ᠵᠠᠭᠠᠯᠳᠤᠯᠭ᠎ᠠ ᠶᠢᠨ ᠳᠤᠮᠳᠠ ᠴᠢᠨᠠᠷ ᠢ᠋ ᠳᠡᠭᠡᠭᠰᠢᠯᠡᠭᠦᠯᠬᠦ ᠂ ᠵᠠᠭᠠᠯᠳᠤᠯᠭ᠎ᠠ ᠬᠢᠭᠰᠡᠨ ᠦ᠌ ᠳᠠᠷᠠᠭ᠎ᠠ ᠪᠡᠬᠢᠵᠢᠭᠦᠯᠬᠦ 》 ᠭᠤᠷᠪᠠᠨ ᠭᠣᠭᠴᠣᠭ᠎ᠠ ᠶ᠋ᠢ ᠲᠥᠪᠯᠡᠷᠡᠭᠦᠯᠦᠨ ᠂ 34 ᠪᠣᠳᠠᠲᠠᠢ ᠠᠷᠭ᠎ᠠ ᠬᠡᠮᠵᠢᠶ᠎ᠡ ᠶ᠋ᠢ ᠨᠠᠷᠢᠯᠢᠭᠵᠢᠭᠤᠯᠤᠨ ᠳᠤᠷᠠᠳᠴᠤ ᠂ ᠵᠥᠷᠢᠴᠡᠯ ᠵᠢᠭᠤᠷᠠᠯᠳᠤᠭᠠᠨ ᠢ᠋ ᠤᠷᠢᠳᠴᠢᠯᠠᠨ ᠰᠡᠷᠭᠡᠢᠯᠡᠬᠦ ᠂ ᠵᠠᠷᠭᠤ ᠬᠢᠬᠦ ᠳᠤᠮᠳᠠ ᠰᠢᠢᠳᠪᠦᠷᠢᠯᠡᠬᠦ ᠂ ᠢᠯᠡᠷᠡᠭᠦᠯᠬᠦ ᠡᠴᠡ ᠡᠮᠦᠨ᠎ᠡ ᠨᠠᠮᠳᠠᠭᠤᠯᠬᠤ ᠶ᠋ᠢ ᠦᠨᠡᠨ ᠬᠦ᠌ ᠠᠬᠢᠭᠤᠯᠵᠤ ᠂ ᠵᠠᠬᠢᠳᠠᠯ ᠰᠤᠷᠪᠤᠯᠵᠢᠯᠠᠭ᠎ᠠ ᠶ᠋ᠢᠨ ᠠᠰᠠᠭᠤᠳᠠᠯ ᠢ᠋ ᠡᠬᠢ ᠡᠭᠦᠰᠦᠯ ᠡᠴᠡ ᠨᠢ ᠵᠠᠰᠠᠬᠤ ᠰᠢᠨ᠎ᠡ ᠵᠠᠭᠪᠤᠷ ᠢ᠋ ᠨᠡᠭᠡᠭᠡᠪᠡ ᠃
《 ᠰᠢᠳᠡᠷᠴᠢᠯᠡᠬᠦ 》 ᠶ᠋ᠢ ᠰᠠᠢᠲᠤᠷ ᠲᠠᠯᠪᠢᠵᠤ ᠂ 《ᠵᠠᠷᠭᠤ ᠶᠢᠨ ᠢᠷᠡᠯᠲᠡ ᠶᠢ ᠴᠡᠪᠡᠷᠯᠡᠬᠦ 》 ᠶ᠋ᠢ ᠤᠷᠢᠳᠴᠢᠯᠠᠨ ᠰᠡᠷᠭᠡᠢᠯᠡᠨ᠎ᠡ ᠃ 《 ᠲᠥᠰᠦᠯ 》 ᠳ᠋ᠦ᠍ ᠲᠣᠳᠤᠷᠬᠠᠢᠯᠠᠭᠰᠠᠨ ᠨᠢ ᠂ ᠨᠠᠮ ᠤ᠋ᠨ ᠬᠣᠷᠢᠶ᠎ᠠ ᠵᠠᠰᠠᠭ ᠤ᠋ᠨ ᠣᠷᠳᠣᠨ ᠤ᠋ ᠤᠳᠤᠷᠢᠳᠤᠭᠰᠠᠨ ᠨᠡᠢᠭᠡᠮ ᠦ᠋ᠨ ᠵᠠᠰᠠᠯᠲᠠ ᠶ᠋ᠢᠨ ᠶᠡᠬᠡ ᠪᠠᠢᠳᠠᠯ ᠳ᠋ᠤ᠌ ᠰᠠᠨᠠᠭᠠᠴᠢᠯᠠᠭ᠎ᠠ ᠠ᠋ᠴᠠ ᠪᠠᠨ ᠠᠭᠤᠰᠤᠯᠴᠠᠵᠤ ᠂ 《 ᠨᠠᠮ ᠤ᠋ᠨ ᠬᠣᠷᠢᠶᠠᠨ ᠤ ᠤᠳᠤᠷᠢᠳᠤᠯᠭ᠎ᠠ ᠂ ᠰᠠᠯᠠᠭ᠎ᠠ ᠮᠥᠴᠢᠷ ᠤᠨ ᠬᠣᠯᠪᠣᠭᠠᠯᠠᠨ ᠬᠥᠳᠡᠯᠦᠯᠴᠡᠬᠦ ᠂ ᠨᠡᠢᠭᠡᠮ ᠤᠨ ᠬᠠᠮᠵᠢᠯᠴᠠᠨ ᠠᠵᠢᠯᠯᠠᠬᠤ ᠂ ᠣᠯᠠᠨ ᠡᠰᠢᠵᠢᠬᠦᠯᠦᠨ ᠬᠠᠮᠲᠤᠪᠠᠷ ᠵᠠᠰᠠᠬᠤ 》 《 ᠭᠤᠷᠪᠠᠨ ᠦᠵᠦᠭᠦᠷ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠵᠠᠷᠭᠤ ᠶᠢᠨ ᠢᠷᠡᠯᠲᠡ ᠶ᠋ᠢ ᠵᠠᠰᠠᠬᠤ ᠵᠠᠭᠪᠤᠷ ᠢ᠋ ᠤᠯᠠᠮ ᠨᠢᠭᠡ ᠠᠯᠬᠤᠮ ᠪᠡᠬᠢᠵᠢᠭᠦᠯᠦᠨ ᠥᠷᠭᠡᠳᠬᠡᠵᠦ ᠂ ᠨᠡᠩ ᠣᠯᠠᠨ ᠬᠠᠤᠯᠢᠵᠢᠯ ᠤ᠋ᠨ ᠬᠦᠴᠦᠨ ᠪᠡᠷ ᠤᠳᠤᠷᠢᠳᠤᠯᠭ᠎ᠠ ᠪᠠ ᠬᠥᠲᠦᠯᠦᠨ ᠵᠢᠯᠤᠭᠤᠳᠤᠯᠭ᠎ᠠ ᠵᠦᠭ ᠬᠦᠴᠦᠯᠡᠵᠦ᠂ ᠵᠥᠷᠢᠴᠡᠯ ᠵᠢᠭᠤᠷᠠᠯᠳᠤᠭᠠᠨ ᠢ᠋ ᠰᠡᠷᠭᠡᠢᠯᠡᠬᠦ ᠪᠠ ᠵᠣᠬᠢᠴᠠᠭᠤᠯᠤᠨ ᠰᠢᠢᠳᠪᠦᠷᠢᠯᠡᠬᠦ ᠰᠡᠷᠭᠡᠢᠯᠡᠯᠲᠡ ᠶ᠋ᠢᠨ ᠱᠤᠭᠤᠮ ᠢ᠋ ᠲᠠᠰᠤᠷᠠᠯᠲᠠ ᠦᠭᠡᠢ ᠪᠠᠢᠭᠤᠯᠵᠤ ᠂ ᠵᠠᠷᠭᠤ ᠶ᠋ᠢᠨ ᠨᠡᠮᠡᠭᠳᠡᠯ ᠦ᠋ᠨ ᠬᠡᠮᠵᠢᠶ᠎ᠡ ᠶ᠋ᠢ ᠡᠬᠢ ᠡᠭᠦᠰᠦᠯ ᠡᠴᠡ ᠨᠢ ᠪᠠᠭᠠᠰᠬᠠᠨ᠎ᠠ ᠭᠡᠵᠦ ᠲᠣᠳᠣᠷᠬᠠᠢᠯᠠᠵᠠᠢ ᠃ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶᠢ ᠦᠨᠳᠦᠰᠦᠨ ᠱᠠᠲᠤ ᠳᠠᠰᠢ ᠲᠠᠰᠤᠷᠠᠯᠲᠠ ᠦᠭᠡᠢ ᠶᠠᠪᠤᠭᠳᠠᠬᠤ ᠶ᠋ᠢ ᠠᠬᠢᠭᠤᠯᠵᠤ ᠂ 《 ᠹᠧᠩ ᠴᠢᠶᠣᠤ ᠮᠠᠶᠢᠭ ᠤ᠋ᠨ ᠠᠷᠠᠳ ᠤ᠋ᠨ ᠰᠢᠭᠦᠬᠦ ᠲᠢᠩᠬᠢᠮ 》 ᠢ᠋ ᠪᠣᠢ ᠪᠣᠯᠭᠠᠵᠤ ᠂ ᠵᠠᠷᠭᠤᠯᠳᠤᠬᠤ ᠦᠭᠡᠢ ᠬᠥᠳᠡᠭᠡ ᠲᠣᠰᠬᠣᠨ ( ᠨᠡᠢᠭᠡᠮ ᠲᠣᠭᠣᠷᠢᠭ ) ᠤ᠋ᠨ ᠪᠦᠲᠦᠭᠡᠨ ᠪᠠᠢᠭᠤᠯᠤᠯᠲᠠ ᠶ᠋ᠢ ᠠᠬᠢᠭᠤᠯᠵᠤ ᠂ ᠣᠷᠳᠣᠰ ᠤ᠋ᠨ ᠰᠢᠭᠦᠬᠦ ᠬᠣᠷᠢᠶ᠎ᠠ ᠶ᠋ᠢᠨ 《 ᠢᠯᠡᠭᠦᠦ ᠦᠨᠡᠯᠡᠯᠲᠡ • ᠺᠣᠳ᠋ ᠲᠣᠬᠢᠷᠠᠭᠤᠯᠭ᠎ᠠ 》 ᠭᠤᠷᠪᠠᠨ ᠦᠵᠦᠭᠦᠷ ᠲᠠᠪᠤᠨ ᠰᠡᠷᠭᠡᠢᠯᠡᠯᠲᠡ ᠶ᠋ᠢᠨ ᠱᠤᠭᠤᠮ ᠤ᠋ᠨ ᠵᠠᠷᠭᠤ ᠶᠢᠨ ᠢᠷᠡᠯᠲᠡ ᠶ᠋ᠢ ᠣᠶᠤᠨᠴᠢ ᠵᠠᠰᠠᠬᠤ ᠦᠢᠯᠡᠴᠢᠯᠡᠭᠡᠨ ᠦ᠌ ᠲᠠᠪᠴᠠᠩ ᠢ᠋ ᠰᠤᠳᠤᠯᠤᠨ ᠨᠡᠭᠡᠭᠡᠵᠦ ᠬᠡᠷᠡᠭᠯᠡᠨ ᠂ ᠵᠢᠭᠤᠷᠠᠯᠳᠤᠭᠠᠨ ᠢ᠋ ᠦᠨᠳᠦᠰᠦᠨ ᠱᠠᠲᠤᠨ ᠳ᠋ᠤ᠌ ᠪᠣᠳᠠᠲᠠᠢ ᠳ᠋ᠤ᠌ ᠨᠠᠮᠳᠠᠭᠤᠯᠬᠤ ᠶ᠋ᠢ ᠠᠬᠢᠭᠤᠯᠤᠨ᠎ᠠ ᠃ ᠨᠡᠩ ᠭᠦᠨ ᠳᠠᠪᠬᠤᠷᠭ᠎ᠠ ᠶ᠋ᠢᠨ ᠨᠡᠩ ᠥᠷᠭᠡᠨ ᠬᠦᠷᠢᠶᠡᠨ ᠦ᠌ ᠣᠯᠠᠨ ᠡᠰᠢᠲᠦ ᠵᠥᠷᠢᠴᠡᠯ ᠢ᠋ ᠰᠢᠢᠳᠪᠦᠷᠢᠯᠡᠬᠦ ᠬᠣᠯᠪᠣᠭᠠᠯᠠᠭᠰᠠᠨ ᠲᠣᠭᠲᠠᠴᠠ ᠶ᠋ᠢ ᠪᠠᠢᠭᠤᠯᠵᠤ ᠂ ᠠᠵᠢᠯ ᠲᠥᠷᠥᠯ ᠦ᠋ᠨ ᠴᠢᠨᠠᠷᠲᠠᠢ ᠵᠠᠷᠭᠤ ᠶ᠋ᠢᠨ ᠢᠷᠡᠯᠲᠡ ᠶ᠋ᠢ ᠵᠠᠰᠠᠬᠤ ᠠᠵᠢᠯ ᠤ᠋ᠨ ᠥᠷᠲᠡᠭᠡ ᠪᠠᠢᠭᠤᠯᠤᠨ ᠂ 《 ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ + ᠰᠢᠭᠦᠬᠦ ᠬᠣᠷᠢᠶ᠎ᠠ 》 ᠂ 《 ᠤᠯᠤᠰ ᠲᠥᠷᠥ ᠶ᠋ᠢᠨ ᠵᠥᠪᠯᠡᠯᠭᠡᠨ + ᠰᠢᠭᠦᠬᠦ ᠬᠣᠷᠢᠶ᠎ᠠ 》 ᠶ᠋ᠢᠨ ᠢᠷᠭᠡᠨ ᠦ᠌ ᠪᠠ ᠬᠤᠳᠠᠯᠳᠤᠭᠠᠨ ᠤ᠋ ᠬᠡᠷᠡᠭ ᠦ᠋ᠨ ᠵᠢᠭᠤᠷᠠᠯᠳᠤᠭᠠᠨ ᠢ᠋ ᠣᠯᠠᠨ ᠡᠰᠢᠵᠢᠭᠦᠯᠦᠨ ᠠᠷᠢᠯᠭᠠᠬᠤ ᠲᠣᠭᠲᠠᠴᠠ ᠶ᠋ᠢᠨ ᠪᠠᠢᠭᠤᠯᠤᠯᠲᠠ ᠶ᠋ᠢ ᠭᠦᠨᠵᠡᠭᠡᠢᠷᠡᠭᠦᠯᠵᠦ ᠂ ᠲᠣᠭᠲᠠᠭᠰᠠᠨ ᠬᠤᠭᠤᠴᠠᠭ᠎ᠠ ᠲᠠᠢ ᠲᠣᠭᠲᠠᠭᠰᠠᠨ ᠬᠡᠯᠪᠡᠷᠢ ᠪᠡᠷ ᠠᠵᠤ ᠠᠬᠤᠢᠯᠠᠯ ᠳ᠋ᠤ᠌ ᠬᠠᠦᠯᠢ ᠬᠦᠷᠭᠡᠬᠦ ᠠᠵᠢᠯᠯᠠᠭ᠎ᠠ ᠶ᠋ᠢ ᠥᠷᠨᠢᠭᠦᠯᠵᠦ ᠂ ᠨᠡᠩ ᠣᠯᠠᠨ ᠵᠥᠷᠢᠴᠡᠯ ᠵᠢᠭᠤᠷᠠᠯᠳᠤᠭᠠᠨ ᠢ᠋ ᠵᠠᠷᠭᠤᠯᠳᠤᠬᠤ ᠠ᠋ᠴᠠ ᠡᠮᠦᠨ᠎ᠡ ᠵᠣᠭᠰᠣᠭᠠᠬᠤ ᠶ᠋ᠢ ᠠᠬᠢᠭᠤᠯᠤᠨ᠎ᠠ ᠃ ᠵᠠᠷᠭᠤ ᠡᠶᠡᠳᠡᠭᠦᠯᠬᠦ ᠶ᠋ᠢ ᠵᠣᠯᠭᠠᠭᠤᠯᠬᠤ ᠲᠣᠭᠲᠠᠴᠠ ᠶ᠋ᠢ ᠪᠦᠷᠢᠨᠰᠢᠭᠦᠯᠵᠦ ᠂ ᠣᠷᠣᠨ ᠨᠤᠲᠤᠭ ᠤ᠋ᠨ ᠵᠥᠷᠢᠴᠡᠯ ᠢ᠋ ᠡᠶᠡᠳᠡᠭᠦᠯᠬᠦ ᠲᠥᠪ ᠯᠦ᠍ᠭᠡ ᠵᠣᠯᠭᠠᠭᠤᠯᠬᠤ ᠠᠵᠢᠯ ᠢ᠋ ᠲᠤᠬᠠᠢ ᠶ᠋ᠢᠨ ᠭᠠᠵᠠᠷ ᠣᠷᠣᠨ ᠤ᠋ ᠪᠠᠢᠳᠠᠯ ᠳ᠋ᠤᠨᠢ ᠲᠣᠬᠢᠷᠠᠭᠤᠯᠤᠨ ᠥᠷᠨᠢᠭᠦᠯᠵᠦ ᠂ ᠬᠠᠤᠯᠢ ᠴᠠᠭᠠᠵᠠ ᠪᠠᠷ ᠨᠤᠲᠠᠯᠠᠬᠤ ᠡᠷᠴᠢᠮ ᠢ᠋ ᠨᠡᠮᠡᠭᠳᠡᠭᠦᠯᠦᠨ ᠂ ᠠᠷᠠᠳ ᠤ᠋ᠨ ᠰᠢᠭᠦᠬᠦ ᠬᠣᠷᠢᠶ᠎ᠠ ᠶ᠋ᠢᠨ ᠡᠶᠡᠳᠡᠭᠦᠯᠬᠦ ᠲᠠᠪᠴᠠᠩ ᠤ᠋ᠨ 《 ᠭᠤᠷᠪᠠ ᠶ᠋ᠢ ᠣᠷᠣᠭᠤᠯᠬᠤ 》 ᠠᠵᠢᠯ ᠢ᠋ ᠦᠷᠭᠦᠯᠵᠢᠯᠡᠨ ᠠᠬᠢᠭᠤᠯᠵᠤ ᠂ ᠵᠥᠷᠢᠴᠡᠯ ᠵᠢᠭᠤᠷᠠᠯᠳᠤᠭᠠᠨ ᠢ᠋ ᠠᠷᠢᠯᠭᠠᠬᠤ ᠠᠵᠢᠯ ᠳ᠋ᠤ᠌ ᠡᠯ᠎ᠡ ᠲᠠᠯ᠎ᠠ ᠶ᠋ᠢᠨ ᠬᠢᠨ ᠢ᠋ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠣᠷᠣᠯᠴᠠᠪᠠ ᠃ ᠵᠠᠷᠭᠤ ᠶ᠋ᠢᠨ ᠪᠤᠰᠤ ᠡᠶᠡᠳᠡᠭᠦᠯᠭᠡ ᠶ᠋ᠢᠨ ᠪᠦᠬᠦ ᠣᠷᠣᠨ ᠪᠦᠰᠡ ᠶ᠋ᠢᠨ ᠵᠢᠯᠣᠭᠣᠳᠤᠯᠭ᠎ᠠ ᠶ᠋ᠢ ᠴᠢᠩᠭᠠᠳᠬᠠᠵᠤ ᠂ ᠨᠠᠰᠤᠨ ᠳ᠋ᠤ᠌ ᠦᠯᠦ ᠬᠦᠷᠦᠭᠰᠡᠳ ᠦ᠋ᠨ ᠡᠷᠬᠡ ᠠᠰᠢᠭ ᠢ᠋ ᠬᠠᠮᠠᠭᠠᠯᠠᠬᠤ ᠂ ᠡᠮᠴᠢᠯᠡᠭᠡᠨ ᠦ᠌ ᠵᠢᠭᠤᠷᠠᠯᠳᠤᠭᠠᠨ ᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠂ ᠬᠥᠳᠡᠯᠮᠦᠷᠢ ᠶ᠋ᠢᠨ ᠮᠠᠷᠭᠤᠯᠳᠤᠭᠠᠨ ᠵᠡᠷᠭᠡ ᠲᠤᠰᠬᠠᠢ ᠬᠠᠤᠯᠢ ᠴᠠᠭᠠᠵᠠ ᠶ᠋ᠢᠨ ᠠᠰᠠᠭᠤᠳᠠᠯ ᠢ᠋ ᠴᠠᠭ ᠲᠤᠬᠠᠢ ᠳ᠋ᠤᠨᠢ ᠦᠨᠡᠯᠡᠨ ᠵᠢᠱ᠌ᠢᠵᠦ ᠂ ᠠᠷᠠᠳ ᠤ᠋ᠨ ᠡᠶᠡᠳᠡᠭᠦᠯᠬᠦ ᠵᠥᠪᠯᠡᠯ ᠦ᠋ᠨ ᠲᠤᠬᠠᠢᠯᠠᠭᠰᠠᠨ ᠠᠵᠢᠯ ᠤ᠋ᠨ ᠵᠢᠯᠣᠭᠣᠳᠤᠯᠭ᠎ᠠ ᠶ᠋ᠢ ᠴᠢᠩᠭ᠋ᠠᠳᠬᠠᠵᠤ ᠂ ᠵᠢᠭᠤᠷᠠᠯᠳᠤᠭᠠᠨ ᠢ᠋ ᠡᠶᠡᠳᠡᠭᠦᠯᠬᠦ ᠪᠣᠳᠠᠲᠤ ᠪᠠᠢᠯᠳᠤᠭᠠᠨ ᠤ᠋ ᠴᠢᠳᠠᠪᠤᠷᠢ ᠶ᠋ᠢ ᠳᠡᠭᠡᠭᠰᠢᠯᠡᠭᠦᠯᠦᠨ᠎ᠡ ᠃ ᠬᠠᠤᠯᠢ ᠴᠠᠭᠠᠵᠠ ᠶ᠋ᠢᠨ ᠠᠰᠠᠭᠤᠳᠠᠯ ᠤ᠋ᠨ ᠡᠬᠢ ᠰᠤᠷᠪᠤᠯᠵᠢ ᠶ᠋ᠢ ᠣᠨᠣᠪᠴᠢᠲᠠᠢ ᠵᠠᠰᠠᠨ ᠂ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠭᠣᠣᠯ ᠰᠢᠪᠲᠤᠯᠤᠯᠲᠠ ᠶ᠋ᠢᠨ ᠴᠢᠭᠯᠡᠯ ᠂ ᠭᠣᠣᠯ ᠳᠠᠭᠠᠷᠢᠯᠲᠠ ᠶ᠋ᠢᠨ ᠣᠷᠣᠨ ᠂ ᠭᠣᠣᠯ ᠳᠠᠭᠠᠷᠢᠯᠲᠠ ᠶ᠋ᠢᠨ ᠡᠲᠡᠭᠡᠳ ᠪᠠ ᠭᠣᠣᠯᠳᠠᠯᠭ᠎ᠠ ᠲᠠᠢ ᠬᠠᠮᠵᠢᠯᠴᠠᠬᠤ ᠨᠢᠭᠡᠴᠡ ᠶ᠋ᠢ ᠣᠨᠣᠪᠴᠢᠲᠠᠢ ᠵᠠᠭᠠᠭᠯᠠᠨ ᠲᠣᠭᠲᠠᠭᠠᠵᠤ ᠂ ᠠᠯᠤᠰ ᠵᠠᠢ ᠶ᠋ᠢᠨ ᠵᠢᠯᠣᠭᠣᠳᠤᠯᠭ᠎ᠠ ᠂ ᠲᠣᠭᠣᠷᠢᠨ ᠰᠢᠭᠦᠨ ᠲᠠᠰᠤᠯᠤᠯᠲᠠ ᠂ ᠳᠦᠷᠢᠮ ᠦ᠋ᠨ ᠬᠠᠪᠰᠤᠷᠤᠨ ᠪᠠᠢᠭᠤᠯᠤᠯᠲᠠ ᠂ ᠵᠥᠷᠢᠴᠡᠯ ᠢ᠋ ᠡᠶᠡᠳᠡᠭᠦᠯᠦᠨ ᠰᠢᠢᠳᠪᠦᠷᠢᠯᠡᠬᠦ ᠂ ᠵᠠᠷᠭᠤ ᠦᠭᠡᠢ ᠡᠭᠦᠳᠦᠨ ᠪᠠᠢᠭᠤᠯᠤᠯᠲᠠ ᠵᠡᠷᠭᠡ ᠶ᠋ᠢ ᠪᠠᠢᠩᠭᠤ ᠶ᠋ᠢᠨ ᠴᠢᠨᠠᠷᠲᠠᠢ ᠥᠷᠨᠢᠭᠦᠯᠵᠦ ᠂ 《 ᠬᠦᠷᠭᠡᠬᠦ — ᠠᠰᠠᠭᠤᠬᠤ — ᠰᠤᠷᠪᠤᠯᠵᠢᠯᠠᠬᠤ 》 ᠶ᠋ᠢ ᠲᠣᠭᠲᠠᠭᠰᠠᠨ ᠴᠢᠭᠯᠡᠯ ᠢ᠋ᠶ᠋ᠡᠷ ᠥᠷᠨᠢᠭᠦᠯᠵᠦ ᠂ ᠬᠠᠤᠯᠢ ᠴᠠᠭᠠᠵᠠ ᠶ᠋ᠢᠨ ᠳᠠᠯᠳᠠ ᠲᠦᠭᠰᠢᠭᠦᠷᠢ ᠶ᠋ᠢ ᠠᠷᠢᠯᠭᠠᠨ᠎ᠠ ᠃
《 ᠰᠠᠨᠠᠭᠠᠴᠢᠯᠠᠭ᠎ᠠ ᠲᠠᠢ ᠪᠠᠷ ᠬᠢᠬᠦ 》 ᠠᠵᠢᠯ ᠢ᠋ ᠰᠠᠢᠲᠤᠷ ᠬᠢᠵᠦ ᠂ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠨᠡᠮᠡᠭᠳᠡᠭᠦᠯᠵᠦ 《ᠵᠠᠬᠢᠳᠠᠯ ᠰᠤᠷᠪᠤᠯᠵᠢᠯᠠᠭ᠎ᠠ ᠶ᠋ᠢᠨ ᠡᠬᠢ ᠰᠤᠷᠪᠤᠯᠵᠢ ᠶᠢ ᠤᠰᠠᠳᠭᠠᠬᠤ 》 ᠃ 《 ᠲᠥᠰᠦᠯ 》 ᠳ᠋ᠦ᠍ ᠴᠢᠬᠤᠯᠠᠴᠢᠯᠠᠭᠰᠠᠨ ᠨᠢ ᠂ 《 ᠲᠥᠪ ᠭᠣᠣᠯᠴᠢ ᠪᠠ ᠦᠷ᠎ᠡ ᠠᠰᠢᠭ 》 ᠭᠡᠬᠦ ᠭᠣᠣᠯ ᠰᠡᠳᠦᠪ ᠦ᠋ᠨ ᠲᠣᠭᠣᠷᠢᠨ ᠳ᠋ᠤ᠌ ᠂ ᠰᠢᠭᠦᠨ ᠲᠠᠰᠤᠯᠬᠤ ᠭᠦᠢᠴᠡᠳᠬᠡᠬᠦ ᠴᠢᠨᠠᠷ ᠦᠷ᠎ᠡ ᠠᠰᠢᠭ ᠢ᠋ ᠳᠡᠭᠡᠭᠰᠢᠯᠡᠭᠦᠯᠬᠦ ᠢᠨᠵᠧᠨᠧᠷᠢᠩ ᠢ᠋ ᠦᠷᠭᠦᠯᠵᠢᠯᠡᠨ ᠭᠦᠨᠵᠡᠭᠡᠢ ᠥᠷᠨᠢᠭᠦᠯᠵᠦ ᠂ ᠬᠠᠤᠯᠢ ᠴᠠᠭᠠᠵᠠ ᠶ᠋ᠢᠨ ᠰᠢᠭᠦᠨ ᠲᠠᠰᠤᠯᠬᠤ ᠭᠦᠢᠴᠡᠳᠬᠡᠬᠦ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠪᠥᠬᠥ ᠲᠠᠯ᠎ᠠ ᠪᠠᠷ ᠠᠬᠢᠭᠤᠯᠵᠤ ᠂ ᠬᠡᠷᠡᠭ ᠢ ᠳᠠᠭᠤᠰᠭᠠᠵᠤ ᠲᠥᠷᠦ ᠳᠥᠪᠰᠢᠨ ᠲᠦᠮᠡᠨ ᠠᠮᠤᠭᠤᠯᠠᠩ ᠢ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶ᠋ᠢᠨ ᠳᠠᠯᠳᠠ ᠭᠡᠮ ᠢ᠋ ᠡᠬᠢ ᠡᠭᠦᠰᠦᠯ ᠡᠴᠡ ᠨᠢ ᠠᠷᠢᠯᠭᠠᠬᠤ ᠬᠡᠷᠡᠭᠲᠡᠢ ᠃ ᠬᠡᠷᠡᠭ ᠦ᠋ᠨ ᠶᠠᠰᠤ ᠴᠢᠨᠠᠷ ᠢ᠋ ᠬᠠᠮᠢᠶᠠᠷᠤᠨ ᠡᠵᠡᠮᠳᠡᠬᠦ ᠲᠣᠭᠲᠠᠴᠠ ᠶ᠋ᠢ ᠲᠡᠭᠦᠯᠳᠡᠷᠵᠢᠭᠦᠯᠵᠦ ᠂ ᠡᠯᠧᠺᠲ᠋ᠷᠣᠨ ᠳᠠᠩᠰᠠ ᠡᠪᠬᠡᠮᠡᠯ ᠦ᠋ᠨ ᠮᠡᠳᠡᠭᠡ ᠵᠠᠩᠭᠢ ᠶ᠋ᠢ ᠬᠣᠷᠢᠶᠠᠨ ᠲᠠᠭᠯᠠᠬᠤ ᠪᠠ ᠬᠢᠨᠠᠨ ᠰᠢᠯᠭᠠᠬᠤ ᠲᠣᠭᠲᠠᠴᠠ ᠶ᠋ᠢ ᠬᠡᠷᠡᠭᠵᠢᠭᠦᠯᠵᠦ ᠂ ᠬᠡᠷᠡᠭ ᠢ᠋ ᠦᠨᠡᠯᠡᠨ ᠪᠠᠢᠴᠠᠭᠠᠬᠤ ᠶ᠋ᠢ ᠴᠢᠩᠭᠠᠳᠬᠠᠨ ᠂ ᠬᠥᠭᠵᠢᠭᠦᠯᠦᠯᠲᠡ ᠥᠭᠡᠷᠡᠴᠢᠯᠡᠯᠲᠡ ᠶ᠋ᠢᠨ ᠬᠡᠷᠡᠭ ᠢ᠋ ᠵᠠᠳᠠᠯᠬᠤ ᠲᠣᠭᠲᠠᠴᠠ ᠶ᠋ᠢ ᠭᠦᠨᠵᠡᠭᠡᠢᠷᠡᠭᠦᠯᠵᠦ ᠂ ᠰᠤᠳᠤᠯᠭᠠᠨ ᠤ᠋ ᠲᠥᠷᠥᠯ ᠦ᠋ᠨ ᠬᠡᠷᠡᠭ ᠢ᠋ ᠲᠠᠰᠤᠯᠤᠨ ᠲᠣᠭᠲᠠᠭᠠᠬᠤ ᠳᠦᠷᠢᠮ ᠦ᠋ᠨ ᠵᠢᠯᠣᠭᠣᠳᠤᠯᠭ᠎ᠠ ᠶ᠋ᠢ ᠨᠠᠢᠷᠠᠭᠤᠯᠤᠨ ᠂ ᠠᠳᠠᠯᠢ ᠲᠥᠷᠥᠯ ᠦ᠋ᠨ ᠬᠡᠷᠡᠭ ᠢ᠋ ᠲᠠᠰᠤᠯᠤᠨ ᠲᠣᠭᠲᠠᠭᠠᠬᠤ ᠭᠡᠮ ᠬᠡᠮᠵᠢᠶ᠎ᠡ ᠶ᠋ᠢ ᠨᠢᠭᠡᠳᠬᠡᠨ᠎ᠡ ᠃ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶ᠋ᠢᠨ ᠳᠦᠷᠢᠮ ᠢ᠋ ᠪᠥᠬᠥ ᠲᠠᠯ᠎ᠠ ᠪᠠᠷ ᠣᠨᠣᠪᠴᠢᠲᠠᠢ ᠨᠠᠢᠳᠠᠪᠤᠷᠢᠵᠢᠭᠤᠯᠵᠤ ᠂ ᠬᠠᠤᠯᠢ ᠴᠠᠭᠠᠵᠠ ᠶ᠋ᠢᠨ ᠰᠢᠭᠦᠨ ᠲᠠᠰᠤᠯᠤᠯᠲᠠ ᠶ᠋ᠢᠨ ᠬᠠᠷᠢᠭᠤᠴᠠᠯᠭ᠎ᠠ ᠶ᠋ᠢ ᠪᠣᠳᠠᠲᠠᠢᠵᠢᠭᠤᠯᠵᠤ ᠂ 《 ᠬᠢᠨᠠᠨ ᠤᠩᠰᠢᠬᠤ ᠳᠦᠷᠢᠮ 》 ᠢ᠋ ᠨᠠᠢᠳᠠᠪᠤᠷᠢᠵᠢᠭᠤᠯᠬᠤ ᠶ᠋ᠢ ᠠᠬᠢᠭᠤᠯᠵᠤ ᠂ ᠬᠡᠷᠡᠭ ᠢ᠋ ᠭᠦᠢᠴᠡᠳᠬᠡᠬᠦ ᠴᠢᠨᠠᠷ ᠴᠢᠨᠰᠠᠭ᠎ᠠ ᠪᠠ ᠦᠷ᠎ᠡ ᠠᠰᠢᠭ ᠢ᠋ ᠳᠡᠭᠡᠭᠰᠢᠯᠡᠭᠦᠯᠬᠦ ᠶ᠋ᠢ ᠠᠬᠢᠭᠤᠯᠤᠨ᠎ᠠ ᠃ ᠵᠠᠷᠭᠤ ᠶ᠋ᠢᠨ ᠬᠣᠢᠨᠠᠬᠢ ᠵᠠᠰᠠᠯᠲᠠ ᠶ᠋ᠢᠨ ᠲᠣᠭᠲᠠᠴᠠ ᠶ᠋ᠢ ᠲᠡᠭᠦᠯᠳᠡᠷᠵᠢᠭᠦᠯᠵᠦ ᠂ ᠲᠠᠰᠤᠯᠤᠭᠰᠠᠨ ᠤ᠋ ᠳᠠᠷᠠᠭᠠᠬᠢ ᠮᠠᠳᠠᠭ ᠲᠠᠢ ᠠᠰᠠᠭᠤᠳᠠᠯ ᠢ᠋ ᠲᠠᠢᠯᠪᠤᠷᠢᠯᠠᠬᠤ ᠪᠠ ᠰᠢᠭᠦᠨ ᠲᠠᠰᠤᠯᠤᠭᠰᠠᠨ ᠤ᠋ ᠳᠠᠷᠠᠭᠠᠬᠢ ᠡᠶᠡᠳᠡᠭᠦᠯᠬᠦ ᠶ᠋ᠢ ᠴᠢᠩᠭᠠᠳᠬᠠᠵᠤ ᠂ ᠬᠣᠶᠠᠳᠤᠭᠠᠷ ᠰᠢᠭᠦᠯᠲᠡ ᠶ᠋ᠢᠨ ᠵᠠᠷᠭᠤᠯᠳᠤᠬᠤ ᠠ᠋ᠴᠠ ᠡᠮᠦᠨᠡᠬᠢ ᠡᠶᠡᠳᠡᠭᠦᠯᠬᠦ ᠲᠣᠭᠲᠠᠴᠠ ᠂ ᠮᠠᠭᠤ ᠰᠠᠨᠠᠭ᠎ᠠ ᠪᠠᠷ ᠵᠠᠷᠭᠤᠯᠳᠤᠬᠤ ᠶ᠋ᠢ ᠰᠡᠷᠭᠡᠢᠯᠡᠬᠦ ᠵᠡᠷᠭᠡ ᠠᠵᠢᠯ ᠤ᠋ᠨ ᠲᠣᠭᠲᠠᠴᠠ ᠶ᠋ᠢ ᠪᠠᠢᠭᠤᠯᠵᠤ ᠂ ᠡᠯ᠎ᠡ ᠶᠠᠪᠤᠴᠠ ᠶ᠋ᠢᠨ ᠵᠠᠩᠭᠢᠯᠠᠭ᠎ᠠ ᠴᠡᠭ ᠳᠦ ᠲᠤᠬᠠᠢ ᠶ᠋ᠢᠨ ᠬᠥᠮᠦᠨ ᠦ᠌ ᠰᠡᠵᠢᠭᠯᠡᠯ ᠢ᠋ ᠠᠷᠢᠯᠭᠠᠨ ᠂ 《 ᠨᠢᠭᠡ ᠯᠡ ᠤᠳᠠᠭ᠎ᠠ ᠳ᠋ᠤ᠌ ᠰᠢᠢᠳᠪᠦᠷᠢᠯᠡᠬᠦ 》 ᠪᠠᠷ ᠴᠢᠷᠮᠠᠢᠨ᠎ᠠ ᠃ ᠭᠦᠢᠴᠡᠳᠬᠡᠬᠦ ᠬᠡᠷᠡᠭ ᠦ᠋ᠨ ᠬᠠᠮᠢᠶᠠᠷᠤᠯᠲᠠ ᠶ᠋ᠢ ᠴᠢᠩᠭᠠᠳᠬᠠᠵᠤ ᠂ ᠡᠶᠡᠳᠡᠭᠦᠯᠬᠦ ᠪᠠ ᠭᠦᠢᠴᠡᠳᠬᠡᠬᠦ ᠶ᠋ᠢᠨ ᠵᠣᠯᠭᠠᠯᠲᠠ ᠶ᠋ᠢ ᠴᠢᠩᠭᠠᠳᠬᠠᠵᠤ ᠂ ᠭᠦᠢᠴᠡᠳᠬᠡᠬᠦ ᠡᠴᠡ ᠡᠮᠦᠨ᠎ᠡ ᠲᠤᠰᠬᠠᠢ ᠲᠤᠰᠢᠶᠠᠯᠲᠠᠨ ᠲᠣᠬᠢᠷᠠᠭᠤᠯᠤᠨ ᠲᠤᠰ ᠬᠡᠷᠡᠭ ᠦ᠋ᠨ ᠬᠠᠮᠢᠶᠠᠷᠤᠯᠲᠠ ᠶ᠋ᠢ ᠴᠢᠩᠭᠠᠳᠬᠠᠵᠤ ᠂ ᠬᠡᠷᠡᠭ ᠢ᠋ ᠳᠠᠭᠤᠰᠬᠠᠬᠤ ᠶ᠋ᠢ ᠬᠦᠴᠦᠯᠡᠨ ᠠᠬᠢᠭᠤᠯᠵᠤ ᠂ ᠭᠦᠢᠴᠡᠳᠬᠡᠬᠦ ᠬᠡᠷᠡᠭ ᠦ᠋ᠨ ᠨᠡᠮᠡᠭᠳᠡᠯ ᠢ᠋ ᠬᠣᠷᠢᠭᠯᠠᠬᠤ ᠬᠡᠷᠡᠭᠲᠡᠢ ᠃ ᠭᠦᠢᠴᠡᠳᠬᠡᠬᠦ ᠳ᠋ᠦ᠍ ᠬᠦᠴᠢᠷᠲᠡᠢ ᠪᠠᠢᠬᠤ ᠶᠡᠷᠦᠩᠬᠡᠢᠯᠡᠨ ᠵᠠᠰᠠᠬᠤ ᠶᠡᠬᠡ ᠪᠠᠢᠷᠢᠰᠢᠯ ᠢ᠋ ᠭᠦᠨᠵᠡᠭᠡᠢ ᠪᠠᠢᠭᠤᠯᠵᠤ ᠂ 《 ᠰᠢᠭᠦᠬᠦ ᠬᠣᠷᠢᠶ᠎ᠠ + N 》 ᠥᠨᠳᠥᠷ ᠪᠦᠲᠦᠮᠵᠢᠲᠡᠢ ᠭᠦᠢᠴᠡᠳᠬᠡᠬᠦ ᠬᠣᠯᠪᠣᠭᠠᠯᠠᠨ ᠬᠥᠳᠡᠯᠦᠯᠴᠡᠬᠦ ᠲᠣᠭᠲᠠᠴᠠ ᠶ᠋ᠢ ᠲᠡᠭᠦᠯᠳᠡᠷᠵᠢᠭᠦᠯᠵᠦ ᠂ 《 ᠳᠣᠲᠣᠭᠠᠳᠤ ᠶ᠋ᠢ ᠬᠠᠮᠠᠭᠠᠯᠠᠬᠤ + ᠰᠢᠭᠦᠬᠦ ᠬᠣᠷᠢᠶ᠎ᠠ 》 ᠬᠥᠮᠦᠨ ᠢ ᠪᠠᠢᠴᠠᠭᠠᠵᠦ ᠶᠠᠭᠤᠮ᠎ᠠ ᠡᠷᠢᠬᠦ ᠬᠠᠮᠵᠢᠯᠴᠠᠭᠠᠨ ᠤ᠋ ᠲᠣᠭᠲᠠᠴᠠ ᠶ᠋ᠢ ᠪᠠᠢᠭᠤᠯᠵᠤ ᠂ 《 ᠭᠦᠢᠴᠡᠳᠬᠡᠬᠦ 110 》 ᠠᠵᠢᠯ ᠤ᠋ᠨ ᠬᠡᠯᠪᠡᠷᠢ ᠶ᠋ᠢ ᠳᠡᠯᠭᠡᠷᠡᠭᠦᠯᠵᠦ ᠂ ᠭᠦᠢᠴᠡᠳᠬᠡᠬᠦ ᠦᠷ᠎ᠡ ᠪᠦᠲᠦᠮᠵᠢ ᠪᠠ ᠣᠯᠠᠨ ᠲᠦᠮᠡᠨ ᠦ᠌ ᠬᠠᠨᠤᠮᠵᠢ ᠶ᠋ᠢᠨ ᠬᠡᠮᠵᠢᠶ᠎ᠡ ᠶ᠋ᠢ ᠦᠷᠭᠦᠯᠵᠢᠯᠡᠨ ᠨᠡᠮᠡᠭᠳᠡᠭᠦᠯᠦᠨ᠎ᠡ ᠃
《 ᠨᠡᠢᠯᠡᠮᠡᠯ ᠨᠢᠳᠤᠷᠭ᠎ᠠ 》 ᠶ᠋ᠢ ᠰᠠᠢᠲᠤᠷ ᠭᠠᠷᠭᠠᠵᠤ ᠂ ᠬᠦᠴᠦ ᠪᠡᠨ ᠲᠥᠪᠯᠡᠷᠡᠭᠦᠯᠦᠨ 《ᠡᠬᠢ ᠶᠢᠨ ᠬᠤᠷᠠᠮᠳᠤᠯ ᠢ ᠦᠭᠡᠢᠰᠭᠡᠬᠦ》 ᠢ᠋ ᠳᠠᠭᠠᠷᠢᠨ ᠰᠢᠪᠲᠤᠯᠪᠠ ᠃ 《 ᠲᠥᠰᠦᠯ 》 ᠳ᠋ᠦ᠍ ᠳᠤᠷᠠᠳᠤᠭᠰᠠᠨ ᠨᠢ ᠂ 《 ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠳᠦᠷᠢᠮ 》 ᠢ᠋ ᠪᠥᠬᠥ ᠲᠠᠯ᠎ᠠ ᠪᠠᠷ ᠨᠠᠢᠳᠠᠪᠤᠷᠢᠵᠢᠭᠤᠯᠵᠤ ᠂ ᠰᠢᠨ᠎ᠡ ᠴᠠᠭ ᠦᠶ᠎ᠡ ᠶ᠋ᠢᠨ 《 ᠹᠧᠩ ᠴᠢᠶᠣᠤ ᠶ᠋ᠢᠨ ᠲᠤᠷᠰᠢᠯᠭ᠎ᠠ 》 ᠶ᠋ᠢ ᠪᠠᠷᠢᠮᠲᠠᠯᠠᠨ ᠬᠥᠭᠵᠢᠭᠦᠯᠬᠦ ᠪᠣᠯᠤᠨ 《 ᠫᠦ᠍ ᠵᠢᠶᠠᠩ ᠤ᠋ᠨ ᠲᠤᠷᠰᠢᠯᠭ᠎ᠠ 》 ᠶ᠋ᠢ ᠳᠡᠯᠭᠡᠷᠡᠭᠦᠯᠦᠨ ᠬᠡᠷᠡᠭᠯᠡᠬᠦ ᠶ᠋ᠢ ᠨᠢᠭᠲᠠ ᠤᠶᠠᠯᠳᠤᠭᠤᠯᠵᠤ ᠂ ᠣᠯᠠᠨ ᠲᠦᠮᠡᠨ ᠦ᠌ ᠪᠠᠴᠢᠮ ᠬᠦᠴᠢᠷ ᠲᠠᠢ ᠰᠠᠨᠠᠭ᠎ᠠ ᠵᠣᠪᠠᠵᠤ ᠪᠠᠢᠭ᠎ᠠ ᠵᠦᠢᠯ ᠢ᠋ ᠦᠨᠡᠨ ᠰᠡᠳᠬᠢᠯ ᠢ᠋ᠶ᠋ᠡᠷ ᠢ᠋ᠶ᠋ᠡᠨ ᠰᠢᠢᠳᠪᠦᠷᠢᠯᠡᠵᠦ ᠂ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠤᠴᠢᠷ ᠢ᠋ ᠮᠥᠨ ᠴᠢᠨᠠᠷ ᠤ᠋ᠨ ᠲᠠᠯ᠎ᠠ ᠠ᠋ᠴᠠ ᠰᠢᠢᠳᠪᠦᠷᠢᠯᠡᠬᠦ ᠶ᠋ᠢ ᠠᠬᠢᠭᠤᠯᠵᠤ ᠂ ᠵᠠᠬᠢᠳᠠᠯ ᠰᠤᠷᠪᠤᠯᠵᠢᠯᠠᠭ᠎ᠠ ᠶ᠋ᠢᠨ ᠳᠠᠷᠤᠭᠳᠠᠮᠠᠯ ᠬᠡᠷᠡᠭ ᠢ᠋ ᠡᠬᠢ ᠡᠭᠦᠰᠦᠯ ᠡᠴᠡ ᠨᠢ ᠪᠠᠭᠠᠰᠬᠠᠬᠤ ᠬᠡᠷᠡᠭᠲᠡᠢ ᠃ ᠵᠠᠬᠢᠳᠠᠯ ᠰᠤᠷᠪᠤᠯᠵᠢᠯᠠᠯ ᠤ᠋ᠨ ᠠᠵᠢᠯ ᠤ᠋ᠨ ᠬᠠᠷᠢᠭᠤᠴᠠᠯᠭ᠎ᠠ ᠶ᠋ᠢ ᠪᠣᠳᠠᠲᠠᠢᠵᠢᠭᠤᠯᠵᠤ ᠂ 《 ᠬᠠᠷᠢᠭᠤᠴᠠᠯᠭ᠎ᠠ ᠶ᠋ᠢ ᠪᠦᠬᠦ ᠲᠠᠯ᠎ᠠ ᠪᠠᠷ ᠪᠣᠳᠠᠲᠠᠢᠵᠢᠭᠤᠯᠵᠤ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠯ ᠤ᠋ᠨ ᠬᠡᠷᠡᠭ ᠢ᠋ ᠬᠢᠨᠠᠨ ᠪᠠᠢᠴᠠᠭᠠᠵᠤ ᠠᠷᠢᠯᠭᠠᠬᠤ ᠠᠵᠢᠯ ᠢ᠋ ᠵᠢᠷᠤᠮᠵᠢᠭᠤᠯᠬᠤ ᠲᠤᠬᠠᠢ ᠠᠷᠪᠠᠨ ᠵᠦᠢᠯ ᠦ᠋ᠨ ᠲᠣᠭᠲᠠᠭᠠᠯ 》 ᠢ᠋ ᠴᠢᠩᠭ᠎ᠠ ᠨᠠᠢᠳᠠᠪᠤᠷᠢᠵᠢᠭᠤᠯᠵᠤ ᠂ ᠤᠳᠤᠷᠢᠳᠤᠯᠭ᠎ᠠ ᠶ᠋ᠢᠨ 《 ᠵᠠᠩᠭᠢᠯᠠᠭ᠎ᠠ ᠶ᠋ᠢᠨ ᠴᠥᠭᠡᠨ ᠲᠣᠭ᠎ᠠ 》 ᠶ᠋ᠢ ᠲᠦᠯᠬᠢᠨ ᠠᠬᠢᠭᠤᠯᠵᠤ ᠠᠷᠢᠯᠭᠠᠬᠤ ᠦᠢᠯᠡᠳᠦᠯ ᠢ᠋ ᠭᠦᠢᠴᠡᠳ ᠪᠠᠳᠠᠷᠠᠭᠤᠯᠤᠨ ᠂ ᠵᠠᠬᠢᠳᠠᠯ ᠰᠤᠷᠪᠤᠯᠵᠢᠯᠠᠯ ᠤ᠋ᠨ ᠠᠵᠢᠯ ᠤ᠋ᠨ ᠬᠠᠷᠢᠭᠤᠴᠠᠯᠭ᠎ᠠ ᠶ᠋ᠢ ᠲᠠᠰᠤᠷᠠᠯᠲᠠ ᠦᠭᠡᠢ ᠪᠣᠳᠠᠲᠠᠢᠵᠢᠭᠤᠯᠵᠤ ᠂ ᠠᠰᠠᠭᠤᠳᠠᠯ ᠢ᠋ ᠪᠦᠲᠦᠮᠵᠢᠲᠡᠢ ᠰᠢᠢᠳᠪᠦᠷᠢᠯᠡᠬᠦ ᠂ ᠵᠥᠷᠢᠴᠡᠯ ᠢ᠋ ᠲᠤᠢᠯᠪᠤᠷᠢᠲᠠᠢ ᠰᠢᠢᠳᠪᠦᠷᠢᠯᠡᠬᠦ ᠶ᠋ᠢ ᠲᠦᠯᠬᠢᠨ ᠠᠬᠢᠭᠤᠯᠤᠨ᠎ᠠ ᠃ ᠠᠩᠬ᠎ᠠ ᠵᠠᠬᠢᠳᠠᠯ ᠠᠩᠬ᠎ᠠ ᠰᠤᠷᠪᠤᠯᠵᠢᠯᠠᠭ᠎ᠠ ᠶ᠋ᠢ ᠨᠠᠮᠳᠠᠭᠤᠯᠬᠤ ᠶ᠋ᠢ ᠪᠠᠲᠤᠲᠠᠢ ᠬᠡᠷᠡᠭᠵᠢᠭᠦᠯᠵᠦ ᠂ ᠠᠩᠬ᠎ᠠ ᠰᠢᠢᠳᠪᠦᠷᠢᠯᠡᠬᠦ ᠬᠠᠷᠢᠭᠤᠴᠠᠯᠭ᠎ᠠ ᠶ᠋ᠢᠨ ᠳᠦᠷᠢᠮ ᠢ᠋ ᠴᠢᠩᠭᠠᠳᠬᠠᠵᠤ ᠂ 《 ᠭᠤᠷᠪᠠ ᠶ᠋ᠢ ᠪᠣᠳᠠᠲᠠᠢ ᠳ᠋ᠤ᠌ ᠬᠦᠷᠭᠡᠵᠦ ᠨᠢᠭᠡ ᠶ᠋ᠢ ᠰᠢᠢᠳᠪᠦᠷᠢᠯᠡᠬᠦ 》 ᠠᠵᠢᠯ ᠤ᠋ᠨ ᠱᠠᠭᠠᠷᠳᠠᠯᠭ᠎ᠠ ᠶᠣᠰᠣᠭᠠᠷ ᠂ ᠬᠠᠤᠯᠢ ᠶᠣᠰᠣᠭᠠᠷ ᠲᠥᠷᠥ ᠶ᠋ᠢᠨ ᠪᠣᠳᠣᠯᠭ᠎ᠠ ᠶᠢ ᠴᠠᠭ ᠲᠤᠬᠠᠢ ᠳ᠋ᠤᠨᠢ ᠣᠯᠠᠨ ᠲᠦᠮᠡᠨ ᠦ᠌ ᠬᠠᠤᠯᠢ ᠶᠣᠰᠣᠨ ᠤ᠋ ᠱᠠᠭᠠᠷᠳᠠᠯᠭ᠎ᠠ ᠶᠢ ᠰᠢᠢᠳᠪᠦᠷᠢᠯᠡᠵᠦ ᠂ 《 ᠣᠯᠠᠨ ᠲᠦᠮᠡᠨ ᠢ᠋ ᠬᠠᠮᠤᠭ ᠣᠯᠠᠨ ᠳ᠋ᠠᠭᠠᠨ ᠨᠢᠭᠡ ᠤᠳᠠᠭ᠎ᠠ ᠰᠤᠷᠪᠤᠯᠵᠢᠯᠠᠬᠤ 》 ᠶ᠋ᠢ ᠴᠢᠷᠮᠠᠢᠨ ᠪᠡᠶᠡᠯᠡᠭᠦᠯᠦᠨ᠎ᠡ ᠃ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤᠨ ᠵᠠᠰᠠᠯᠲᠠ ᠶᠢ ᠳᠠᠬᠢᠨ ᠳᠠᠪᠲᠠᠨ ᠬᠢᠵᠦ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ 《 ᠶᠡᠬᠡᠪᠡᠷ ᠰᠤᠷᠪᠤᠯᠵᠢᠯᠠᠬᠤ ᠂ ᠶᠡᠬᠡᠪᠡᠷ ᠵᠢᠭᠰᠠᠭᠠᠨ ᠪᠠᠢᠴᠠᠭᠠᠬᠤ ᠂ ᠶᠡᠬᠡᠪᠡᠷ ᠨᠠᠮᠳᠠᠭᠤᠯᠬᠤ 》 ᠠᠵᠢᠯᠯᠠᠭ᠎ᠠ ᠶ᠋ᠢ ᠭᠦᠨᠵᠡᠭᠡᠢ ᠥᠷᠨᠢᠭᠦᠯᠵᠦ ᠂ 《 ᠨᠠᠮ ᠤ᠋ᠨ ᠪᠠᠢᠭᠤᠯᠤᠯᠲᠠ + ᠵᠠᠬᠢᠳᠠᠯ ᠰᠤᠷᠪᠤᠯᠵᠢᠯᠠᠭ᠎ᠠ 》 ᠂ 《 ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠬᠣᠷᠢᠶ᠎ᠠ + ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶ᠎ᠠ + ᠰᠢᠭᠦᠬᠦ ᠬᠣᠷᠢᠶ᠎ᠠ + N 》 ᠣᠯᠠᠨ ᠡᠰᠢᠲᠦ ᠬᠠᠮᠲᠤᠷᠠᠨ ᠬᠥᠳᠡᠯᠦᠯᠴᠡᠵᠦ ᠰᠢᠢᠳᠪᠦᠷᠢᠯᠡᠬᠦ ᠬᠡᠯᠪᠡᠷᠢ ᠶ᠋ᠢ ᠬᠡᠷᠡᠭᠯᠡᠨ ᠂ 《 ᠵᠠᠬᠢᠳᠠᠯ ᠰᠤᠷᠪᠤᠯᠵᠢᠯᠠᠭ᠎ᠠ ᠶ᠋ᠢᠨ ᠳᠠᠷᠤᠭᠳᠠᠮᠠᠯ ᠬᠡᠷᠡᠭ ᠢ᠋ ᠠᠷᠢᠯᠭᠠᠬᠤ ᠠᠵᠢᠯᠯᠠᠭ᠎ᠠ ᠶᠢ ᠰᠠᠢᠨ ᠳᠤᠷ᠎ᠠ ᠡᠴᠡ ᠢᠯᠡᠴᠢᠯᠡᠨ ᠨᠡᠢᠲᠡᠯᠡᠬᠦ 》 ᠶ᠋ᠢ ᠥᠷᠨᠢᠭᠦᠯᠵᠦ ᠂ ᠣᠯᠠᠨ ᠲᠦᠮᠡᠨ ᠦ᠌ ᠬᠦᠴᠢᠷ ᠵᠣᠪᠠᠯᠠᠩ ᠢ᠋ ᠲᠣᠬᠢᠲᠠᠢ ᠰᠢᠢᠳᠪᠦᠷᠢᠯᠡᠨ᠎ᠡ ᠃ 《 ᠵᠠᠬᠢᠲᠠᠯ ᠪᠠᠢᠪᠠᠯ ᠵᠠᠪᠠᠯ ᠬᠠᠷᠢᠭᠤᠯᠲᠠ ᠥᠭᠬᠦ》 ᠱᠠᠭᠠᠷᠳᠠᠯᠭ᠎ᠠ ᠶ᠋ᠢ ᠨᠠᠢᠳᠠᠪᠤᠷᠢᠵᠢᠭᠤᠯᠵᠤ ᠂ ᠪᠥᠬᠥ ᠶᠠᠪᠤᠴᠠ ᠳ᠋ᠤ᠌ ᠪᠢᠲᠡᠭᠦᠮᠵᠢᠯᠡᠭᠰᠡᠨ ᠣᠷᠴᠢᠨ ᠲᠣᠭᠣᠷᠢᠨ ᠤ᠋ ᠬᠠᠮᠢᠶᠠᠷᠤᠯᠲᠠ ᠶ᠋ᠢᠨ ᠲᠣᠭᠲᠠᠴᠠ ᠶ᠋ᠢ ᠪᠠᠢᠭᠤᠯᠤᠨ ᠂ ᠵᠠᠬᠢᠳᠠᠯ ᠰᠤᠷᠪᠤᠯᠵᠢᠯᠠᠯ ᠤ᠋ᠨ ᠬᠢᠨᠠᠨ ᠪᠠᠢᠴᠠᠭᠠᠵᠤ ᠨᠠᠮᠳᠠᠭᠤᠯᠤᠨ ᠰᠢᠢᠳᠪᠦᠷᠢᠯᠡᠬᠦ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠦᠨ᠎ᠡ ᠃ ᠵᠠᠬᠢᠳᠠᠯ ᠰᠤᠷᠪᠤᠯᠵᠢᠯᠠᠯ ᠤ᠋ᠨ ᠣᠷᠣᠯᠠᠨ ᠭᠦᠢᠴᠡᠳᠬᠡᠬᠦ ᠶ᠋ᠢ ᠯᠠᠪᠳᠠᠭᠤᠨ ᠪᠠᠲᠤᠲᠠᠢ ᠠᠬᠢᠭᠤᠯᠵᠤ ᠂ ᠵᠠᠬᠢᠳᠠᠯ ᠰᠤᠷᠪᠤᠯᠵᠢᠯᠠᠯ ᠤ᠋ᠨ ᠣᠷᠣᠯᠠᠨ ᠭᠦᠢᠴᠡᠳᠬᠡᠬᠦ ᠰᠠᠭᠠᠳ ᠥᠬᠡᠢ ᠨᠡᠪᠲᠡᠷᠡᠬᠦ ᠵᠠᠮ ᠢ᠋ ᠪᠠᠢᠭᠤᠯᠵᠤ ᠂ 《 ᠳᠥᠭᠥᠮ ᠵᠠᠬᠢᠳᠠᠯ ᠰᠤᠷᠪᠤᠯᠵᠢᠯᠠᠯ ᠤ᠋ᠨ ᠳᠠᠷᠤᠢᠬᠠᠨ ᠭᠦᠢᠴᠡᠳᠬᠡᠬᠦ ᠂ ᠡᠩ ᠦ᠋ᠨ ᠵᠠᠬᠢᠳᠠᠯ ᠰᠤᠷᠪᠤᠯᠵᠢᠯᠠᠯ ᠤ᠋ᠨ ᠲᠦᠷᠭᠡᠨ ᠭᠦᠢᠴᠡᠳᠬᠡᠬᠦ ᠂ ᠬᠦᠴᠢᠷ ᠲᠦᠪᠡᠭᠲᠡᠢ ᠵᠠᠬᠢᠳᠠᠯ ᠰᠤᠷᠪᠤᠯᠵᠢᠯᠠᠯ ᠤ᠋ᠨ ᠬᠢᠨᠠᠯᠲᠠ ᠲᠠᠯᠪᠢᠨ ᠭᠦᠢᠴᠡᠳᠭᠡᠬᠦ 》 ᠬᠤᠷᠳᠤᠴᠠ ᠶ᠋ᠢ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ ᠠᠵᠢᠯ ᠤ᠋ᠨ ᠲᠣᠭᠲᠠᠴᠠ ᠶ᠋ᠢ ᠪᠦᠬᠦ ᠲᠠᠯ᠎ᠠ ᠪᠠᠷ ᠶᠠᠪᠤᠭᠤᠯᠵᠤ ᠂ ᠬᠠᠷᠢᠶ᠎ᠠ ᠭᠠᠵᠠᠷ ᠤ᠋ᠨ ᠲᠠᠲᠠᠬᠤ ᠬᠦᠴᠦᠨ ᠢ᠋ ᠨᠡᠮᠡᠭᠳᠡᠭᠦᠯᠵᠦ ᠂ ᠵᠠᠬᠢᠳᠠᠯ ᠰᠤᠷᠪᠤᠯᠵᠢᠯᠠᠯ ᠤ᠋ᠨ ᠬᠡᠷᠡᠭ ᠤᠴᠢᠷ ᠢ ᠮᠥᠨ ᠴᠢᠨᠠᠷ ᠪᠦᠬᠦᠢ ᠠᠷᠢᠯᠭᠠᠬᠤ ᠶ᠋ᠢ ᠲᠦᠯᠬᠢᠨ ᠠᠬᠢᠭᠤᠯᠤᠨ᠎ᠠ ᠃
《 ᠭᠤᠷᠪᠠᠨ ᠡᠬᠢ ᠡᠭᠦᠰᠦᠯ ᠦ᠋ᠨ ᠬᠠᠮᠲᠤᠪᠠᠷ ᠵᠠᠰᠠᠬᠤ 》 ᠳ᠋ᠤ᠌ ᠬᠦᠴᠦ ᠪᠡᠨ ᠨᠢᠭᠡᠳᠭᠡᠵᠦ ᠂ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠶ᠋ᠢᠨ ᠰᠢᠨ᠎ᠡ ᠴᠠᠭ ᠦᠶ᠎ᠡ ᠶ᠋ᠢᠨ 《 ᠹᠧᠩ ᠴᠢᠶᠣᠤ ᠶ᠋ᠢᠨ ᠲᠤᠷᠰᠢᠯᠭ᠎ᠠ 》 ᠶ᠋ᠢ ᠦᠢᠯᠡᠳᠦᠯᠭᠡᠵᠢᠭᠦᠯᠦᠭᠰᠡᠨ ᠰᠢᠨ᠎ᠡ ᠪᠠᠢᠳᠠᠯ ᠢ᠋ ᠵᠢᠷᠤᠭᠯᠠᠵᠠᠢ ᠃ ᠳᠠᠷᠠᠭᠠᠴᠢ ᠶ᠋ᠢᠨ ᠠᠯᠬᠤᠮ ᠳ᠋ᠤ᠌ ᠂ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠡᠬᠡ ᠤᠯᠤᠰ ᠤ᠋ᠨ ᠤᠮᠠᠷᠠᠲᠤ ᠬᠢᠯᠢ ᠶ᠋ᠢᠨ ᠠᠮᠤᠷ ᠲᠣᠭᠲᠠᠭᠤᠨ ᠤ᠋ ᠬᠠᠯᠬᠠᠪᠴᠢ ᠶ᠋ᠢ ᠪᠠᠲᠤ ᠴᠣᠭᠴᠠᠯᠠᠬᠤ ᠴᠢᠬᠤᠯᠠ ᠡᠭᠦᠷᠭᠡ ᠲᠡᠢ ᠨᠢᠭᠲᠠ ᠤᠶᠠᠯᠳᠤᠭᠤᠯᠤᠨ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠰᠠᠭᠤᠳᠠᠯ ᠢ᠋ ᠡᠬᠢ ᠡᠭᠦᠰᠦᠯ ᠡᠴᠡ ᠨᠢ ᠵᠠᠰᠠᠬᠤ ᠶ᠋ᠢ ᠤᠯᠠᠮ ᠨᠢᠭᠡ ᠠᠯᠬᠤᠮ ᠴᠢᠩᠭᠠᠳᠬᠠᠵᠤ ᠂ ᠪᠦᠬᠦ ᠬᠡᠯᠬᠢᠶᠡᠰᠦ ᠶ᠋ᠢᠨ ᠵᠥᠷᠢᠴᠡᠯ ᠵᠢᠭᠤᠷᠠᠯᠳᠤᠭᠠᠨ ᠢ᠋ ᠡᠬᠢ ᠡᠭᠦᠰᠦᠯ ᠡᠴᠡ ᠨᠢ ᠰᠡᠷᠭᠡᠢᠯᠡᠬᠦ ᠪᠠ ᠮᠥᠨ ᠴᠢᠨᠠᠷᠵᠢᠭᠤᠯᠬᠤ ᠶ᠋ᠢ ᠪᠣᠳᠠᠲᠠᠢ ᠠᠳᠬᠤᠵᠤ ᠂ ᠣᠯᠠᠨ ᠲᠦᠮᠡᠨ ᠦ᠌ ᠬᠠᠤᠯᠢ ᠶᠣᠰᠣᠨ ᠤ᠋ ᠡᠷᠬᠡ ᠠᠰᠢᠭ ᠢ᠋ ᠨᠡᠩ ᠰᠠᠢᠲᠤᠷ ᠬᠠᠮᠠᠭᠠᠯᠠᠵᠤ ᠂ ᠵᠠᠬᠢᠳᠠᠯ ᠰᠤᠷᠪᠤᠯᠵᠢᠯᠠᠭ᠎ᠠ ᠶ᠋ᠢᠨ ᠲᠦᠭᠰᠢᠭᠦᠷᠢ ᠶ᠋ᠢ ᠰᠡᠷᠭᠡᠢᠯᠡᠨ ᠠᠷᠢᠯᠭᠠᠵᠤ ᠂ ᠨᠡᠢᠭᠡᠮ ᠦ᠋ᠨ ᠡᠶ᠎ᠡ ᠵᠣᠬᠢᠴᠠᠯ ᠲᠣᠭᠲᠠᠭᠤᠨ ᠢ᠋ ᠠᠬᠢᠭᠤᠯᠤᠨ᠎ᠠ ᠃
ᠦᠨᠡᠯᠡᠬᠦ 0ᠦᠨᠡᠯᠡᠯᠲᠡ᠎ᠲᠠᠢ