ᠪᠥᠬᠥ ᠬᠣᠲᠠ ᠶ᠋ᠢᠨ ᠰᠢᠭᠦᠬᠦ ᠬᠣᠷᠢᠶ᠎ᠠ ᠨᠢᠭᠡ ᠴᠣᠭᠴᠠᠵᠢᠯᠠᠭᠰᠠᠨ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ 《 ᠵᠠᠷᠭᠤ ᠶᠢᠨ ᠢᠷᠡᠯᠳᠡ ᠶᠢ ᠠᠷᠢᠯᠭᠠᠬᠤ ᠂ ᠵᠠᠬᠢᠳᠠᠯ ᠰᠤᠷᠪᠤᠯᠵᠢᠯᠠᠭ᠎ᠠ ᠶᠢᠨ ᠡᠬᠢ ᠰᠤᠷᠪᠤᠯᠵᠢ ᠶᠢ ᠦᠭᠡᠢᠰᠭᠡᠬᠦ ᠂ ᠡᠬᠢ ᠶᠢᠨ ᠬᠤᠷᠠᠮᠳᠠᠯ ᠢ ᠰᠢᠢᠳᠪᠦᠷᠢᠯᠡᠬᠦ 》 ᠭᠤᠷᠪᠠᠨ ᠡᠬᠢ ᠰᠤᠷᠪᠤᠯᠵᠢ ᠶ᠋ᠢ ᠬᠠᠮᠲᠤᠪᠠᠷ ᠵᠠᠰᠠᠬᠤ ᠠᠵᠢᠯ ᠢ᠋ ᠠᠬᠢᠭᠤᠯᠬᠤ ᠳᠠᠢᠴᠢᠯᠠᠯᠲᠠ ᠪᠠᠢᠷᠢᠯᠠᠭᠤᠯᠤᠯᠲᠠ ᠶ᠋ᠢᠨ ᠬᠤᠷᠠᠯ ᠬᠤᠷᠠᠯᠳᠤᠪᠠ
ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠬᠥᠮᠦᠵᠢᠯ ᠢ᠋ ᠭᠦᠨᠵᠡᠭᠡᠢ ᠥᠷᠨᠢᠭᠦᠯᠵᠦ ᠂ ᠶᠡᠷᠦᠩᠬᠡᠢ ᠱᠦᠵᠢ ᠰᠢ ᠵᠢᠨ ᠫᠢᠩ ᠦ᠋ᠨ ᠠᠷᠠᠳ ᠤ᠋ᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠢ᠋ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶ᠋ᠢ ᠨᠠᠷᠢᠨ ᠬᠢᠨᠠᠮᠠᠭᠠᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠰᠠᠭᠤᠳᠠᠯ ᠢ᠋ ᠡᠬᠢ ᠡᠭᠦᠰᠦᠯ ᠡᠴᠡ ᠨᠢ ᠵᠠᠰᠠᠬᠤ ᠶ᠋ᠢ ᠤᠯᠠᠮ ᠨᠢᠭᠡ ᠠᠯᠬᠤᠮ ᠴᠢᠩᠭᠠᠳᠬᠠᠵᠤ ᠂ ᠵᠥᠷᠢᠴᠡᠯ ᠵᠢᠭᠤᠷᠠᠯᠳᠤᠭᠠᠨ ᠢ᠋ ᠴᠠᠭ ᠲᠤᠬᠠᠢ ᠳ᠋ᠤᠨᠢ ᠦᠨᠳᠦᠰᠦᠨ ᠱᠠᠲᠤ ᠂ ᠨᠠᠬᠢᠶᠠᠯᠠᠵᠤ ᠪᠠᠢᠭ᠎ᠠ ᠦᠶ᠎ᠡ ᠳ᠋ᠦ᠍ᠨᠢ ᠨᠠᠮᠳᠠᠭᠤᠯᠬᠤ ᠶ᠋ᠢᠨ ᠲᠥᠯᠥᠭᠡ ᠂ 11 ᠰᠠᠷ᠎ᠠ ᠶ᠋ᠢᠨ 10 ᠤ᠋ ᠡᠳᠦᠷ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠨᠢᠭᠡ ᠴᠤᠬᠴᠠᠵᠢᠭᠤᠯᠤᠬᠰᠠᠨ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ 《ᠵᠠᠷᠭᠤ ᠶᠢᠨ ᠢᠷᠡᠯᠳᠡ ᠶᠢ ᠠᠷᠢᠯᠭᠠᠬᠤ ᠂ ᠵᠠᠬᠢᠳᠠᠯ ᠰᠤᠷᠪᠤᠯᠵᠢᠯᠠᠭ᠎ᠠ ᠶᠢᠨ ᠡᠬᠢ ᠰᠤᠷᠪᠤᠯᠵᠢ ᠶᠢ ᠦᠭᠡᠢᠰᠭᠡᠬᠦ ᠂ ᠡᠬᠢ ᠶᠢᠨ ᠬᠤᠷᠠᠮᠳᠠᠯ ᠢ ᠰᠢᠢᠳᠪᠦᠷᠢᠯᠡᠬᠦ 》 ᠭᠤᠷᠪᠠᠨ ᠡᠬᠢ ᠰᠤᠷᠪᠤᠯᠵᠢ ᠶ᠋ᠢ ᠬᠠᠮᠲᠤᠪᠠᠷ ᠵᠠᠰᠠᠬᠤ ᠠᠵᠢᠯ ᠢ᠋ ᠳᠠᠢᠴᠢᠯᠠᠨ ᠪᠠᠢᠷᠢᠯᠠᠭᠤᠯᠬᠤ ᠬᠤᠷᠠᠯ ᠢ᠋ ᠬᠤᠷᠠᠯᠳᠤᠭᠤᠯᠪᠠ ᠃ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠬᠤᠷᠠᠯ ᠡᠷᠬᠢᠯᠡᠪᠡ ᠃
ᠬᠤᠷᠠᠯ ᠠ᠋ᠴᠠ 《 ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠨᠢᠭᠡ ᠴᠣᠭᠴᠠᠵᠢᠯᠠᠭᠰᠠᠨ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ〈ᠵᠠᠷᠭᠤ ᠶᠢᠨ ᠢᠷᠡᠯᠳᠡ ᠶᠢ ᠠᠷᠢᠯᠭᠠᠬᠤ ᠂ ᠵᠠᠬᠢᠳᠠᠯ ᠰᠤᠷᠪᠤᠯᠵᠢᠯᠠᠭ᠎ᠠ ᠶᠢᠨ ᠡᠬᠢ ᠰᠤᠷᠪᠤᠯᠵᠢ ᠶᠢ ᠦᠭᠡᠢᠰᠭᠡᠬᠦ ᠂ ᠡᠬᠢ ᠶᠢᠨ ᠬᠤᠷᠠᠮᠳᠠᠯ ᠢ ᠰᠢᠢᠳᠪᠦᠷᠢᠯᠡᠬᠦ 〉ᠭᠤᠷᠪᠠᠨ ᠡᠬᠢ ᠰᠤᠷᠪᠤᠯᠵᠢ ᠶ᠋ᠢ ᠬᠠᠮᠲᠤᠪᠠᠷ ᠵᠠᠰᠠᠬᠤ ᠶ᠋ᠢ ᠠᠬᠢᠭᠤᠯᠬᠤ ᠠᠵᠢᠯ ᠤ᠋ᠨ ᠲᠥᠰᠦᠯ 》 ᠢ᠋ ᠤᠩᠰᠢᠨ ᠲᠠᠶ᠋ᠢᠯᠪᠤᠷᠢᠯᠠᠭ᠋ᠤ ᠶ᠋ᠢᠨ ᠬᠠᠮᠲᠤ ᠂ ᠬᠣᠯᠪᠣᠭᠳᠠᠯ ᠪᠦᠬᠦᠢ ᠭᠣᠣᠯᠳᠠᠯᠭ᠎ᠠ ᠲᠠᠢ ᠠᠵᠢᠯ ᠳ᠋ᠤ᠌ ᠪᠠᠢᠷᠢᠯᠠᠭᠤᠯᠤᠯᠲᠠ ᠬᠢᠵᠡᠢ ᠃
ᠬᠤᠷᠠᠯ ᠠ᠋ᠴᠠ ᠴᠢᠬᠤᠴᠢᠯᠠᠭᠰᠠᠨ ᠨᠢ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠂ ᠠᠵᠢᠯ ᠤ᠋ᠨ ᠪᠣᠳᠠᠲᠤ ᠪᠠᠢᠳᠠᠯ ᠲᠠᠢ ᠨᠢᠭᠲᠠ ᠤᠶᠠᠯᠳᠤᠭᠤᠯᠵᠤ ᠂ ᠡᠯ᠎ᠡ ᠵᠦᠢᠯ ᠦ᠋ᠨ ᠠᠵᠢᠯ ᠤ᠋ᠨ ᠡᠭᠦᠷᠭᠡ ᠶ᠋ᠢᠨ ᠪᠠᠭᠤᠷᠠᠢ ᠲᠠᠯ᠎ᠠ ᠪᠠ ᠳᠣᠪᠣᠢᠮ᠎ᠠ ᠠᠰᠠᠭᠤᠳᠠᠯ ᠢ᠋ ᠴᠢᠩᠭ᠎ᠠ ᠠᠩᠬᠠᠷᠴᠤ ᠂ ᠡᠬᠢᠯᠡᠯᠳᠡ ᠶᠢᠨ ᠬᠡᠰᠡᠭ ᠤᠨ ᠰᠡᠷᠭᠡᠢᠯᠡᠬᠦ ᠠᠵᠢᠯ ᠪᠣᠯᠬᠤ 《 ᠵᠠᠷᠭᠤ ᠶᠢᠨ ᠢᠷᠡᠯᠲᠡ ᠶ᠋ᠢ ᠠᠷᠢᠯᠭᠠᠬᠤ 》 ᠶᠢ ᠰᠠᠢᠬᠠᠨ ᠡᠬᠢᠯᠡᠭᠦᠯᠵᠦ ᠂ 《 ᠵᠠᠬᠢᠳᠠᠯ ᠰᠤᠷᠪᠤᠯᠵᠢᠯᠠᠭ᠎ᠠ ᠶᠢᠨ ᠡᠬᠢ ᠰᠤᠷᠪᠤᠯᠵᠢ ᠶᠢ ᠦᠭᠡᠢᠰᠭᠡᠬᠦ 》ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ ᠂ ᠬᠦᠴᠦ ᠪᠡᠨ ᠲᠥᠪᠯᠡᠷᠡᠭᠦᠯᠦᠨ ᠪᠣᠭᠣᠮᠲᠠ ᠰᠢᠪᠲᠤᠯᠬᠤ 《ᠡᠬᠢ ᠶᠢᠨ ᠬᠤᠷᠠᠮᠳᠠᠯ ᠢ ᠰᠢᠢᠳᠪᠦᠷᠢᠯᠡᠬᠦ 》 ᠭᠤᠷᠪᠠᠨ ᠶᠡᠬᠡ ᠬᠠᠷᠠᠯᠲᠠ ᠡᠭᠦᠷᠭᠡ ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠥᠷᠨᠢᠭᠦᠯᠵᠦ ᠂ 15 ᠵᠦᠢᠯ ᠦ᠋ᠨ ᠭᠣᠣᠯᠳᠠᠯᠭ᠎ᠠ ᠲᠠᠢ ᠠᠵᠢᠯ ᠪᠠ 34 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶ᠋ᠢ ᠰᠠᠢᠲᠤᠷ ᠨᠠᠢᠳᠠᠪᠤᠷᠢᠵᠢᠭᠤᠯᠵᠤ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠭᠤᠷᠪᠠᠨ ᠡᠬᠢ ᠰᠤᠷᠪᠤᠯᠵᠢ ᠶ᠋ᠢ ᠬᠠᠮᠲᠤᠪᠠᠷ ᠵᠠᠰᠠᠬᠤ ᠰᠢᠨ᠎ᠡ ᠬᠡᠪ ᠵᠠᠭᠪᠤᠷ ᠢ᠋ ᠰᠡᠳᠬᠢᠯ ᠨᠢᠭᠡᠳᠦᠨ ᠬᠦᠴᠦ ᠪᠡᠨ ᠲᠥᠪᠯᠡᠷᠡᠭᠦᠯᠦᠨ ᠠᠬᠢᠭᠤᠯᠵᠤ ᠂ ᠵᠥᠷᠢᠴᠡᠯ ᠵᠢᠭᠤᠷᠠᠯᠳᠤᠭᠠᠨ ᠭᠠᠷᠬᠤ ᠶᠢ ᠤᠷᠢᠳᠴᠢᠯᠠᠨ ᠰᠡᠷᠭᠡᠢᠯᠡᠬᠦ ᠂ ᠵᠠᠷᠭᠤ ᠶ᠋ᠢᠨ ᠳᠤᠮᠳᠠ ᠰᠢᠢᠳᠪᠦᠷᠢᠯᠡᠬᠦ ᠂ ᠦᠯᠦ ᠮᠡᠳᠡᠭᠳᠡᠮ᠎ᠡ ᠰᠢᠢᠳᠪᠦᠷᠢᠯᠡᠬᠦ ᠶᠢ ᠠᠬᠢᠭᠤᠯᠬᠤ ᠭᠡᠵᠦ ᠴᠢᠬᠤᠯᠠᠴᠢᠯᠠᠪᠠ ᠃ 《 ᠡᠮᠦᠨ᠎ᠡ ᠲᠠᠯ᠎ᠠ ᠶᠢ ᠰᠡᠷᠭᠡᠢᠯᠡᠬᠦ 》 ᠪᠠᠷ ᠭᠣᠣᠯᠳᠠᠯᠭ᠎ᠠ ᠪᠣᠯᠭᠠᠨ ᠂ 《 ᠤᠴᠢᠷ ᠶᠠᠪᠤᠳᠠᠯ ᠢ᠋ ᠰᠢᠢᠳᠪᠦᠷᠢᠯᠡᠬᠦ 》 ᠪᠠᠷ ᠬᠠᠷᠠᠯᠲᠠ ᠪᠣᠯᠭᠠᠵᠤ ᠂ ᠠᠵᠢᠯ ᠤ᠋ᠨ ᠰᠡᠳᠬᠢᠴᠡ ᠪᠣᠯᠤᠨ ᠠᠵᠢᠯ ᠤ᠋ᠨ ᠭᠣᠣᠯᠳᠠᠯᠭ᠎ᠠ ᠪᠠᠨ ᠲᠣᠳᠣᠷᠬᠠᠢᠯᠠᠵᠤ ᠂ ᠠᠵᠢᠯ ᠤ᠋ᠨ ᠡᠭᠦᠷᠭᠡ ᠪᠡᠨ ᠣᠨᠣᠪᠴᠢᠲᠠᠢ ᠲᠣᠭᠲᠠᠭᠠᠨ ᠂ 《ᠬᠡᠷᠪᠡ ᠪᠢ ᠵᠠᠭᠠᠯᠳᠤᠯᠭ᠎ᠠ ᠬᠢᠪᠡᠯ 》 ᠭᠡᠬᠦ ᠦᠵᠡᠯ ᠤᠬᠠᠮᠰᠠᠷ ᠢ᠋ᠶ᠋ᠠᠷ ᠡᠯ᠎ᠡ ᠵᠦᠢᠯ ᠦ᠋ᠨ ᠭᠣᠣᠯᠳᠠᠯᠭ᠎ᠠ ᠲᠠᠢ ᠠᠵᠢᠯ ᠢ᠋ ᠪᠦᠬᠦ ᠬᠦᠴᠦᠨ ᠢ᠋ᠶ᠋ᠡᠷ ᠢ᠋ᠶ᠋ᠡᠨ ᠰᠠᠢᠲᠤᠷ ᠬᠢᠵᠦ ᠂ ᠠᠷᠠᠳ ᠣᠯᠠᠨ ᠤ᠋ ᠬᠠᠤᠯᠢ ᠶᠣᠰᠣᠨ ᠤ᠋ ᠬᠦᠰᠡᠯ ᠱᠠᠭᠠᠷᠳᠠᠯᠭ᠎ᠠ ᠶ᠋ᠢ ᠬᠦᠴᠦᠯᠡᠨ ᠰᠠᠢᠲᠤᠷ ᠰᠢᠢᠳᠪᠦᠷᠢᠯᠡᠵᠦ ᠂ ᠰᠠᠢᠲᠤᠷ ᠬᠠᠷᠢᠭᠤ ᠲᠤᠰᠬᠠᠵᠤ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠯ ᠤ᠋ᠨ ᠠᠵᠢᠯ ᠤ᠋ᠨ ᠪᠣᠳᠠᠲᠤ ᠦᠷ᠎ᠡ ᠪᠦᠲᠦᠮᠵᠢ ᠪᠡᠷ ᠭᠣᠣᠯ ᠰᠡᠳᠦᠪᠲᠦ ᠬᠥᠮᠦᠵᠢᠯ ᠦ᠋ᠨ ᠦᠷ᠎ᠡ ᠪᠦᠲᠦᠮᠵᠢ ᠶ᠋ᠢ ᠰᠢᠯᠭᠠᠨ ᠪᠠᠢᠴᠠᠭᠠᠬᠤ ᠬᠡᠷᠡᠭᠲᠡᠢ ᠃
ᠬᠤᠷᠠᠯ ᠠ᠋ᠴᠠ ᠱᠠᠭᠠᠷᠳᠠᠭᠰᠠᠨ ᠨᠢ ᠂ ᠨᠢᠭᠡ ᠳ᠋ᠦ᠍ 《 ᠵᠠᠷᠭᠤ ᠶᠢᠨ ᠢᠷᠡᠯᠳᠡ ᠶᠢ ᠠᠷᠢᠯᠭᠠᠬᠤ 》 ᠶ᠋ᠢ ᠪᠣᠳᠠᠲᠠᠢ ᠳ᠋ᠤ᠌ ᠨᠠᠢᠳᠠᠪᠤᠷᠢᠵᠢᠭᠤᠯᠬᠤ ᠬᠡᠷᠡᠭᠲᠡᠢ ᠃ 《 ᠰᠡᠳᠬᠢᠯ ᠬᠣᠯᠪᠣᠬᠤ ᠰᠢᠭᠦᠬᠦ ᠲᠢᠩᠬᠢᠮ 》 ᠦ᠋ᠨ ᠴᠢᠳᠠᠮᠵᠢ ᠶ᠋ᠢ ᠴᠢᠩᠭᠠᠳᠬᠠᠬᠤ ᠂ 《 ᠳᠥᠷᠪᠡᠨ ᠨᠢᠭᠡ 》 ᠶ᠋ᠢᠨ ᠠᠵᠢᠯ ᠤ᠋ᠨ ᠲᠣᠭᠲᠠᠴᠠ ᠶ᠋ᠢ ᠨᠠᠢᠳᠠᠪᠤᠷᠢᠵᠢᠭᠤᠯᠬᠤ ᠂ ᠵᠠᠷᠭᠤ ᠶ᠋ᠢᠨ ᠪᠤᠰᠤ ᠵᠢᠭᠤᠷᠠᠯᠳᠤᠭᠠᠨ ᠢ᠋ ᠰᠢᠢᠳᠪᠦᠷᠢᠯᠡᠬᠦ ᠵᠢᠯᠣᠭᠣᠳᠤᠯᠭ᠎ᠠ ᠶ᠋ᠢ ᠴᠢᠩᠭᠠᠳᠬᠠᠬᠤ ᠂ ᠬᠠᠤᠯᠢ ᠴᠠᠭᠠᠵᠠ ᠶ᠋ᠢᠨ ᠠᠰᠠᠭᠤᠳᠠᠯ ᠢ᠋ ᠡᠬᠢ ᠡᠭᠦᠰᠦᠯ ᠡᠴᠡ ᠨᠢ ᠨᠠᠷᠢᠯᠢᠭ ᠣᠨᠣᠪᠴᠢᠲᠠᠢ ᠵᠠᠰᠠᠬᠤ ᠵᠡᠷᠭᠡ ᠲᠠᠯ᠎ᠠ ᠪᠠᠷ ᠳᠠᠬᠢᠨ ᠬᠦᠴᠦ ᠪᠡᠨ ᠲᠠᠯᠪᠢᠵᠤ ᠂ ᠵᠥᠷᠢᠴᠡᠯ ᠵᠢᠭᠤᠷᠠᠯᠳᠤᠭᠠᠨ ᠢ᠋ ᠦᠨᠡᠨ ᠬᠦ᠌ ᠨᠠᠬᠢᠶᠠᠯᠠᠵᠤ ᠪᠠᠢᠭ᠎ᠠ ᠦᠶ᠎ᠡ ᠂ ᠵᠠᠷᠭᠤ ᠵᠠᠭᠠᠯᠳᠤᠯᠭ᠎ᠠ ᠬᠢᠬᠦ ᠡᠴᠡ ᠡᠮᠦᠨ᠎ᠡ ᠰᠢᠢᠳᠪᠦᠷᠢᠯᠡᠵᠦ ᠂ ᠠᠷᠠᠳ ᠣᠯᠠᠨ ᠤ᠋ ᠬᠦᠴᠢᠷ ᠵᠣᠪᠠᠯᠠᠩ ᠢ᠋ ᠰᠢᠢᠳᠪᠦᠷᠢᠯᠡᠵᠦ ᠥᠭᠬᠦ ᠬᠡᠷᠡᠭᠲᠡᠢ ᠃ ᠬᠣᠶᠠᠷ ᠲᠤ᠌ ᠂ 《ᠡᠬᠢ ᠶᠢᠨ ᠬᠤᠷᠠᠮᠳᠠᠯ ᠢ ᠰᠢᠢᠳᠪᠦᠷᠢᠯᠡᠬᠦ 》 ᠶ᠋ᠢ ᠪᠣᠳᠠᠲᠠᠢ ᠨᠠᠢᠳᠠᠪᠤᠷᠢᠵᠢᠭᠤᠯᠬᠤ ᠬᠡᠷᠡᠭᠲᠡᠢ ᠃ ᠬᠡᠷᠡᠭ ᠦ᠋ᠨ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠲᠠᠯ᠎ᠠ ᠪᠠᠷ ᠬᠦᠴᠦ ᠲᠠᠯᠪᠢᠵᠤ ᠂ ᠭᠣᠭᠴᠤᠭ᠎ᠠ ᠪᠦᠷᠢ ᠶᠢ ᠬᠢᠨᠠᠮᠠᠭᠠᠢ᠂ ᠨᠠᠷᠢᠯᠢᠭ ᠰᠠᠢᠨ ᠠᠳᠭᠤᠬᠤ ᠬᠡᠷᠡᠭᠲᠡᠢ ᠃ ᠡᠶᠡᠳᠡᠭᠦᠯᠬᠦ ᠠᠵᠢᠯ ᠢ᠋ ᠴᠢᠩᠭᠠᠳᠬᠠᠵᠤ ᠂ ᠡᠶᠡᠳᠡᠭᠦᠯᠬᠦ ᠠᠵᠢᠯ ᠢ᠋ ᠵᠠᠷᠭᠤ ᠬᠢᠬᠦ ᠡᠴᠡ ᠡᠮᠦᠨ᠎ᠡ ᠂ ᠵᠠᠷᠭᠤᠯᠳᠤᠬᠤ ᠳᠤᠮᠳᠠ ᠂ ᠰᠢᠭᠦᠨ ᠲᠠᠰᠤᠯᠤᠭᠰᠠᠨ ᠤ᠋ ᠳᠠᠷᠠᠭ᠎ᠠ ᠂ ᠭᠦᠢᠴᠡᠳᠬᠡᠬᠦ ᠂ ᠵᠠᠬᠢᠳᠠᠯ ᠰᠤᠷᠪᠤᠯᠵᠢᠯᠠᠯ ᠤ᠋ᠨ ᠡᠯ᠎ᠡ ᠵᠠᠩᠭᠢᠯᠠᠭ᠎ᠠ ᠳ᠋ᠤ᠌ ᠲᠤᠤᠱᠯᠠᠭᠤᠯᠵᠤ ᠂ ᠲᠠᠰᠤᠯᠤᠯᠲᠠ ᠶ᠋ᠢ ᠬᠦᠯᠢᠶᠡᠨ ᠠᠪᠴᠤ ᠵᠠᠷᠭᠤ ᠵᠣᠭᠰᠣᠭᠠᠬᠤ ᠪᠠᠷ ᠴᠢᠷᠮᠠᠢᠬᠤ ᠬᠡᠷᠡᠭᠲᠡᠢ ᠃ ᠭᠤᠷᠪᠠ ᠳ᠋ᠤ᠌ ᠂ 《ᠡᠬᠢ ᠶᠢᠨ ᠬᠤᠷᠠᠮᠳᠠᠯ ᠢ ᠰᠢᠢᠳᠪᠦᠷᠢᠯᠡᠬᠦ 》 ᠶ᠋ᠢ ᠪᠣᠳᠠᠲᠠᠢ ᠨᠠᠢᠳᠠᠪᠤᠷᠢᠵᠢᠭᠤᠯᠬᠤ ᠬᠡᠷᠡᠭᠲᠡᠢ ᠃ ᠠᠩᠬᠠᠨ ᠤ᠋ ᠵᠠᠬᠢᠳᠠᠯ ᠰᠤᠷᠪᠤᠯᠵᠢᠯᠠᠯ ᠢ᠋ ᠠᠷᠢᠯᠭᠠᠬᠤ ᠠᠵᠢᠯ ᠢ᠋ ᠴᠢᠩᠭᠠᠳᠬᠠᠵᠤ ᠂ ᠠᠩᠬ᠎ᠠ ᠬᠦᠯᠢᠶᠡᠨ ᠠᠪᠬᠤ ᠶᠢᠨ ᠳᠠᠭᠤ ᠰᠢᠢᠳᠪᠦᠷᠢᠯᠡᠬᠦ ᠂ ᠵᠠᠷᠭᠤ ᠶᠢ ᠬᠦᠯᠢᠶᠡᠨ ᠠᠪᠤᠮᠠᠭᠴᠠ ᠳᠠᠷᠤᠢ ᠭᠦᠢᠴᠡᠳᠬᠡᠬᠦ ᠂ ᠮᠥᠷᠳᠡᠨ ᠬᠢᠨᠠᠨ ᠭᠦᠢᠴᠡᠳᠬᠡᠬᠦ ᠶ᠋ᠢ ᠨᠠᠢᠳᠠᠪᠤᠷᠢᠵᠢᠭᠤᠯᠵᠤ ᠂ ᠨᠢᠭᠡ ᠯᠡ ᠤᠳᠠᠭ᠎ᠠ ᠲᠤᠲᠤᠷ᠎ᠠ ᠰᠢᠢᠳᠪᠦᠷᠢᠯᠡᠬᠦ ᠨᠣᠷᠮ᠎ᠠ ᠪᠠ ᠣᠯᠠᠨ ᠲᠦᠮᠡᠨ ᠦ᠌ ᠰᠡᠳᠬᠢᠯ ᠬᠠᠨᠤᠮᠵᠢᠲᠠᠢ ᠪᠠᠢᠬᠤ ᠨᠣᠷᠮ᠎ᠠ ᠶ᠋ᠢ ᠳᠡᠭᠡᠭᠰᠢᠯᠡᠭᠦᠯᠬᠦ ᠬᠡᠷᠡᠭᠲᠡᠢ ᠃ 《 ᠶᠡᠬᠡᠪᠡᠷ ᠰᠤᠷᠪᠤᠯᠵᠢᠯᠠᠬᠤ ᠂ ᠶᠡᠬᠡᠪᠡᠷ ᠪᠠᠢᠴᠠᠭᠠᠬᠤ ᠂ ᠶᠡᠬᠡᠪᠡᠷ ᠰᠢᠢᠳᠪᠦᠷᠢᠯᠡᠬᠦ 》 ᠠᠵᠢᠯᠯᠠᠭ᠎ᠠ ᠶ᠋ᠢ ᠰᠠᠢᠲᠤᠷ ᠥᠷᠨᠢᠭᠦᠯᠵᠦ ᠂ ᠠᠵᠤ ᠠᠬᠤᠢᠯᠠᠯ ᠢ᠋ᠶ᠋ᠠᠷ ᠰᠤᠷᠪᠤᠯᠵᠢᠯᠠᠨ ᠶᠠᠪᠤᠬᠤ ᠂ ᠦᠨᠳᠦᠰᠦᠨ ᠱᠠᠲᠤᠨ ᠳ᠋ᠤ᠌ ᠬᠦᠷᠴᠦ ᠰᠤᠷᠪᠤᠯᠵᠢᠯᠠᠬᠤ ᠂ ᠨᠡᠢᠭᠡᠮ ᠲᠣᠭᠣᠷᠢᠭ ᠲᠤ᠌ ᠬᠦᠷᠴᠦ ᠰᠤᠷᠪᠤᠯᠵᠢᠯᠠᠬᠤ ᠪᠠᠷ ᠳᠠᠮᠵᠢᠭᠤᠯᠤᠨ ᠂ ᠬᠡᠷᠡᠭ ᠤᠨ ᠢᠷᠡᠯᠳᠡ ᠶᠢᠨ ᠬᠣᠣᠷ ᠬᠥᠨᠦᠭᠡᠯ ᠢ᠋ ᠴᠠᠭ ᠲᠤᠬᠠᠢ ᠳ᠋ᠤᠨᠢ ᠡᠵᠡᠮᠰᠢᠬᠦ ᠪᠠ ᠰᠢᠢᠳᠪᠦᠷᠢᠯᠡᠵᠦ ᠂ ᠵᠥᠷᠢᠴᠡᠯ ᠵᠢᠭᠤᠷᠠᠯᠳᠤᠭᠠᠨ ᠢ᠋ ᠦᠨᠡᠨᠬᠦ ᠪᠠᠭ᠎ᠠ ᠳᠡᠭᠡᠷ᠎ᠡ ᠨᠢ ᠰᠡᠷᠭᠡᠢᠯᠡᠵᠦ ᠂ ᠡᠷᠲᠡ ᠡᠴᠡ ᠰᠢᠢᠳᠪᠦᠷᠢᠯᠡᠬᠦ ᠬᠡᠷᠡᠭᠲᠡᠢ ᠃
ᠬᠤᠷᠠᠯ ᠨᠢ ᠸᠢᠳᠢᠣ᠋ ᠬᠤᠷᠠᠯ ᠤ᠋ᠨ ᠬᠡᠯᠪᠡᠷᠢ ᠪᠡᠷ ᠬᠤᠷᠠᠯᠳᠤᠪᠠ ᠃ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠂ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠵᠢᠴᠢ ᠵᠠᠬᠢᠳᠠᠯ ᠰᠤᠷᠪᠤᠯᠵᠢᠯᠠᠭ᠎ᠠ ᠶ᠋ᠢᠨ ᠲᠠᠰᠤᠭ ᠤ᠋ᠨ ᠺᠠᠲᠷ ᠴᠠᠭᠳᠠᠭ᠎ᠠ ᠬᠤᠷᠠᠯ ᠤ᠋ᠨ ᠭᠣᠣᠯ ᠲᠠᠯᠠᠪᠠᠢ ᠳ᠋ᠤ᠌ ᠤᠷᠤᠯᠴᠠᠵᠦ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠂ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠥᠢ ᠬᠥᠮᠦᠰ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠤᠯᠴᠠᠭᠰᠠᠨ ᠪᠠᠢᠨ᠎ᠠ᠃
ᠦᠨᠡᠯᠡᠬᠦ 0ᠦᠨᠡᠯᠡᠯᠲᠡ᠎ᠲᠠᠢ