ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠶ᠋ᠢ ᠠᠬᠢᠭᠤᠯᠵᠤ ᠂ ᠨᠠᠮ ᠤ᠋ᠨ ᠡᠭᠦᠷ ᠦ᠋ᠨ ᠨᠠᠮ ᠤ᠋ᠨ ᠪᠠᠢᠭᠤᠯᠤᠯᠲᠠ ᠶ᠋ᠢᠨ ᠬᠥᠲᠥᠯᠦᠨ ᠳᠠᠭᠠᠭᠤᠯᠬᠤ ᠦᠢᠯᠡᠳᠦᠯ ᠢ᠋ ᠦᠨᠡᠨᠬᠦ ᠴᠢᠩᠭᠠᠳᠬᠠᠵᠤ ᠂ ᠨᠠᠮᠴᠢ ᠴᠢᠨᠠᠷ ᠤ᠋ᠨ ᠪᠣᠯᠪᠠᠰᠤᠷᠠᠯ ᠢ᠋ ᠳᠠᠪᠲᠠᠨ ᠪᠣᠯᠪᠠᠰᠤᠷᠠᠭᠤᠯᠵᠤ ᠂ ᠨᠠᠮ ᠤ᠋ᠨ ᠡᠭᠦᠷ ᠦ᠋ᠨ ᠨᠢᠭᠲᠠᠷᠠᠯ ᠤ᠋ᠨ ᠬᠦᠴᠦᠨ ᠂ ᠲᠥᠪᠯᠡᠷᠡᠯ ᠦ᠋ᠨ ᠬᠦᠴᠦᠨ ᠢ᠋ ᠴᠢᠩᠭᠠᠳᠬᠠᠬᠤ ᠶ᠋ᠢᠨ ᠲᠥᠯᠥᠭᠡ ᠂ 11 ᠰᠠᠷ᠎ᠠ ᠶ᠋ᠢᠨ 14 ᠦ᠌ ᠦᠳᠡ ᠶ᠋ᠢᠨ ᠬᠣᠢᠨ᠎ᠠ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠵᠣᠬᠢᠶᠠᠨ ᠪᠠᠢᠭᠤᠯᠬᠤ ᠬᠣᠷᠢᠶᠠᠨ ᠤ᠋ ᠤᠳᠤᠷᠢᠳᠤᠯᠭ᠎ᠠ ᠂ ᠨᠠᠮ ᠤ᠋ᠨ ᠡᠭᠦᠷ ᠦ᠋ᠨ ᠱᠦᠵᠢ ᠪᠠ ᠨᠠᠮ ᠤ᠋ᠨ ᠭᠡᠰᠢᠭᠦᠨ ᠺᠠᠲᠷ ᠴᠠᠭᠳᠠᠭ᠎ᠠ ᠣᠷᠳᠣᠰ ᠤ᠋ᠨ ᠬᠤᠪᠢᠰᠬᠠᠯ ᠤ᠋ᠨ ᠲᠡᠦᠬᠡ ᠶ᠋ᠢᠨ ᠮᠦᠽᠧᠢ ᠳ᠋ᠦ᠍ ᠬᠦᠷᠴᠦ 《 ᠨᠠᠮ ᠤ᠋ᠨ ᠠᠴᠢ ᠡᠨᠡᠷᠢᠯ ᠳ᠋ᠦ᠍ ᠲᠠᠯᠠᠷᠬᠠᠬᠤ ᠂ ᠨᠠᠮ ᠤ᠋ᠨ ᠦᠭᠡ ᠶ᠋ᠢ ᠰᠣᠨᠣᠰᠬᠤ ᠂ ᠨᠠᠮ ᠢ᠋ᠶ᠋ᠠᠨ ᠳᠠᠭᠠᠬᠤ 》 ᠭᠣᠣᠯ ᠰᠡᠳᠦᠪᠲᠦ ᠨᠠᠮ ᠤ᠋ᠨ ᠡᠳᠦᠷ ᠦ᠋ᠨ ᠠᠵᠢᠯᠯᠠᠭ᠎ᠠ ᠥᠷᠨᠢᠭᠦᠯᠪᠡ ᠃
ᠣᠷᠳᠣᠰ ᠤ᠋ᠨ ᠬᠤᠪᠢᠰᠬᠠᠯ ᠤ᠋ᠨ ᠲᠡᠦᠬᠡ ᠶ᠋ᠢᠨ ᠮᠦᠽᠧᠢ ᠳ᠋ᠦ᠍ ᠬᠦᠷᠴᠦ ᠂ 《 ᠭᠠᠢᠬᠠᠮᠰᠢᠭᠲᠤ ᠣᠨ ᠰᠠᠷ᠎ᠠ᠂ ᠭᠡᠷᠡᠯ ᠰᠠᠴᠤᠷᠠᠩᠭᠤᠢ ᠲᠡᠦᠬᠡᠨ ᠥᠩᠭᠡᠷᠡᠯᠲᠡ ︱ ᠣᠷᠳᠣᠰ ᠤ᠋ᠨ ᠬᠤᠪᠢᠰᠬᠠᠯ ᠤ᠋ᠨ ᠲᠡᠦᠬᠡ 》 ᠶ᠋ᠢᠨ ᠦᠵᠡᠭᠦᠯᠦᠯᠭᠡ ᠶ᠋ᠢ ᠲᠣᠭᠣᠷᠢᠨ ᠦᠵᠡᠵᠦ ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠣᠷᠳᠣᠰ ᠣᠷᠣᠨ ᠤ᠋ ᠬᠤᠪᠢᠰᠬᠠᠯ ᠢ᠋ ᠤᠳᠤᠷᠢᠳᠤᠨ ᠳᠠᠷᠪᠠᠭᠤᠯ ᠢ᠋ᠶ᠋ᠠᠨ ᠪᠣᠰᠬᠠᠨ ᠂ ᠳᠤᠮᠳᠠᠳᠤ ᠤᠯᠤᠰ ᠤ᠋ᠨ ᠡᠪ ᠬᠠᠮᠲᠤ ᠨᠠᠮ ᠣᠷᠳᠣᠰ ᠤ᠋ᠨ ᠡᠯ᠎ᠡ ᠦᠨᠳᠦᠰᠦᠲᠡᠨ ᠦ᠌ ᠠᠷᠠᠳ ᠲᠦᠮᠡᠨ ᠢ᠋ ᠤᠳᠤᠷᠢᠳᠤᠨ ᠶᠠᠫᠣᠨ ᠢ᠋ ᠡᠰᠡᠷᠭᠦᠴᠡᠬᠦ ᠪᠠ ᠳᠤᠮᠳᠠᠳᠤ ᠤᠯᠤᠰ ᠤ᠋ᠨ ᠡᠪ ᠬᠠᠮᠲᠤ ᠨᠠᠮ ᠣᠷᠳᠣᠰ ᠣᠷᠣᠨ ᠢ᠋ ᠤᠳᠤᠷᠢᠳᠤᠨ ᠪᠦᠬᠦ ᠲᠠᠯ᠎ᠠ ᠪᠠᠷ ᠴᠢᠯᠥᠭᠡᠯᠡᠭᠳᠡᠭᠰᠡᠨ ᠲᠡᠦᠬᠡᠨ ᠠᠬᠢᠴᠠ ᠶ᠋ᠢ ᠣᠢᠯᠠᠭᠠᠵᠤ ᠂ ᠡᠯ᠎ᠡ ᠦᠵᠡᠭᠦᠯᠦᠯᠭᠡ ᠶ᠋ᠢᠨ ᠲᠢᠩᠬᠢᠮ ᠲᠡᠦᠬᠡ ᠶ᠋ᠢᠨ ᠳᠤᠷᠠᠰᠬᠠᠯᠲᠤ ᠵᠦᠢᠯᠡᠰ ᠂ ᠱᠤᠭᠤᠮᠠᠯ ᠰᠡᠢᠯᠦᠮᠡᠯ ᠂ ᠲᠣᠰᠣᠨ ᠵᠢᠷᠤᠭ ᠵᠡᠷᠭᠡ ᠶ᠋ᠢ ᠠᠰᠢᠭᠯᠠᠨ ᠣᠷᠳᠣᠰ ᠤ᠋ᠨ ᠥᠩᠭᠡ ᠭᠡᠷᠡᠯᠲᠡᠢ ᠬᠤᠪᠢᠰᠬᠠᠯ ᠤ᠋ᠨ ᠶᠠᠪᠤᠴᠠ ᠶ᠋ᠢ ᠦᠵᠡᠭᠦᠯᠪᠡ᠃
ᠡᠨᠡ ᠤᠳᠠᠭᠠᠨ ᠤ᠋《 ᠨᠠᠮ ᠤ᠋ᠨ ᠠᠴᠢ ᠡᠨᠡᠷᠢᠯ ᠳ᠋ᠦ᠍ ᠲᠠᠯᠠᠷᠬᠠᠬᠤ ᠂ ᠨᠠᠮ ᠤ᠋ᠨ ᠦᠭᠡ ᠶ᠋ᠢ ᠰᠣᠨᠣᠰᠬᠤ ᠂ ᠨᠠᠮ ᠢ᠋ᠶ᠋ᠠᠨ ᠳᠠᠭᠠᠬᠤ 》 ᠭᠣᠣᠯ ᠰᠡᠳᠦᠪᠲᠦ ᠨᠠᠮ ᠤ᠋ᠨ ᠡᠳᠦᠷ ᠦ᠋ᠨ ᠠᠵᠢᠯᠯᠠᠭ᠎ᠠ ᠪᠠᠷ ᠳᠠᠮᠵᠢᠨ᠂ ᠨᠠᠮ ᠤ᠋ᠨ ᠭᠡᠰᠢᠭᠦᠨ ᠺᠠᠲᠷ ᠴᠠᠭᠳᠠᠭ᠎ᠠ ᠨᠠᠷ ᠬᠤᠪᠢᠰᠬᠠᠯ ᠤ᠋ᠨ ᠠᠬᠠᠮᠠᠳ ᠦᠶ᠎ᠡ ᠶ᠋ᠢᠨ ᠬᠢᠨ ᠦ᠌ ᠡᠷᠬᠢᠮ ᠳᠡᠭᠡᠳᠦ ᠢᠲᠡᠭᠡᠯ ᠵᠣᠷᠢᠭ ᠪᠣᠯᠤᠨ ᠠᠷᠠᠳ ᠤ᠋ᠨ ᠲᠥᠯᠥᠭᠡ ᠵᠢᠳᠬᠦᠬᠦ ᠰᠡᠳᠬᠢᠯᠭᠡ ᠶ᠋ᠢ ᠭᠦᠨᠵᠡᠭᠡᠢ ᠣᠢᠯᠠᠭᠠᠵᠤ ᠂ ᠬᠦᠰᠡᠯᠡᠩ ᠢᠲᠡᠭᠡᠯ ᠪᠢᠰᠢᠷᠡᠯ ᠢ᠋ᠶ᠋ᠡᠨ ᠤᠯᠠᠮ ᠪᠠᠲᠤᠳᠬᠠᠵᠠᠢ ᠃ ᠣᠯᠠᠨ ᠢ᠋ᠶ᠋ᠠᠷ ᠢ᠋ᠶ᠋ᠠᠨ ᠵᠠᠯᠭ᠎ᠠ ᠵᠠᠯᠭ᠎ᠠ ᠪᠡᠷ ᠢᠯᠡᠷᠬᠡᠢᠯᠡᠭᠰᠡᠨ ᠨᠢ ᠂ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭᠠᠨ ᠤ᠋ ᠭᠣᠣᠯ ᠰᠡᠳᠦᠪᠲᠦ ᠰᠤᠷᠭᠠᠨ ᠬᠥᠮᠦᠵᠢᠯ ᠢ᠋ ᠰᠤᠷᠤᠯᠴᠠᠨ ᠲᠤᠤᠱᠯᠠᠭᠤᠯᠬᠤ ᠶᠠᠪᠤᠴᠠ ᠳᠤᠮᠳᠠ ᠬᠠᠤᠯᠢ ᠴᠠᠭᠠᠵᠠ ᠨᠢ ᠠᠷᠠᠳ ᠤ᠋ᠨ ᠲᠥᠯᠥᠭᠡ ᠪᠠᠢᠬᠤ ᠣᠢᠯᠠᠭᠠᠭᠳᠠᠬᠤᠨ ᠢ᠋ ᠦᠢᠯᠡᠳᠦᠯᠭᠡᠵᠢᠭᠦᠯᠵᠦ ᠂ ᠰᠡᠳᠬᠢᠯ ᠢ᠋ᠶ᠋ᠡᠨ ᠨᠢᠭᠡᠳᠬᠡᠨ ᠬᠦᠴᠦ ᠪᠡᠨ ᠬᠠᠮᠳᠣᠳᠬᠠᠨ ᠬᠥᠭᠵᠢᠯᠲᠡ ᠶ᠋ᠢ ᠠᠬᠢᠭᠤᠯᠵᠤ ᠂ ᠴᠥᠬᠥᠷᠡᠰᠢ ᠦᠭᠡᠢ ᠨᠠᠢᠳᠠᠪᠤᠷᠢᠵᠢᠭᠤᠯᠤᠯᠲᠠ ᠶ᠋ᠢ ᠠᠳᠬᠤᠵᠤ ᠂ ᠠᠵᠢᠯ ᠤ᠋ᠨ ᠪᠠᠢᠷᠢ ᠳ᠋ᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠵᠦ ᠂ ᠬᠤᠪᠢᠰᠬᠠᠯ ᠤ᠋ᠨ ᠠᠬᠠᠮᠠᠳ ᠦᠶ᠎ᠡ ᠶ᠋ᠢᠨ ᠬᠢᠨ ᠦ᠌ ᠲᠡᠮᠡᠴᠡᠯ ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶ᠋ᠢ ᠤᠯᠠᠮᠵᠢᠯᠠᠨ ᠪᠠᠳᠠᠷᠠᠭᠤᠯᠵᠤ ᠂ ᠬᠠᠤᠯᠢ ᠴᠠᠭᠠᠵᠠ ᠶ᠋ᠢᠨ ᠬᠡᠷᠡᠭ ᠨᠢᠭᠡᠪᠦᠷᠢ ᠳ᠋ᠦ᠍ ᠲᠥᠪ ᠭᠣᠣᠯᠴᠢ ᠰᠢᠳᠤᠷᠭᠤ ᠶᠣᠰᠣ ᠶ᠋ᠢ ᠢᠯᠡᠷᠡᠭᠦᠯᠬᠦ ᠪᠡᠷ ᠴᠢᠷᠮᠠᠢᠨ᠎ᠠ ᠭᠡᠵᠦ ᠢᠯᠡᠷᠬᠡᠢᠯᠡᠭᠰᠡᠨ ᠪᠠᠢᠨ᠎ᠠ ᠃
ᠦᠨᠡᠯᠡᠬᠦ 0ᠦᠨᠡᠯᠡᠯᠲᠡ᠎ᠲᠠᠢ